ᠬᠤᠷᠲᠤᠨ ᠠᠯᠬᠤᠬᠤ ᠶᠢᠨ 8 ᠠᠰᠢᠭ ᠲᠠᠢ ᠲᠠᠯ᠎ᠠ
ᠨᠡᠶᠢᠲᠡᠯᠡᠭᠰᠡᠨ ᠴᠠᠭ᠄
2021/3/30
     ᠤᠢᠢᠷ᠎ᠠ ᠳᠤ᠂ ︽ᠠᠮᠧᠷᠢᠺᠠ ᠶᠢᠨ ᠠᠵᠢᠯ ᠠᠴᠠ ᠪᠠᠨ ᠠᠮᠠᠷᠠᠭᠰᠠᠳ ᠤᠨ ᠨᠡᠶᠢᠭᠡᠮᠯᠢᠭ ᠤᠨ ᠰᠡᠳᠬᠦᠯ︾ ᠨᠢ ᠬᠤᠷᠲᠤᠨ ᠠᠯᠬᠤᠵᠦ ᠪᠡᠶ᠎ᠡ ᠴᠢᠬᠢᠷᠠᠭᠵᠢᠭᠤᠯᠬᠤ ᠶᠢᠨ 8 ᠰᠠᠶᠢᠨ ᠲᠠᠯ᠎ᠠ ᠶᠢ ᠰᠤᠲᠤᠯᠭᠠᠨ ᠢᠶᠠᠷ ᠲᠠᠮᠵᠢᠨ ᠳ᠋ᠦᠩᠨᠡᠵᠦ ᠭᠠᠷᠭᠠᠪᠠ᠃ ᠭᠡᠷ ᠤᠨ ᠭᠠᠲᠠᠭ᠎ᠠ᠂ ᠡᠰᠡᠬᠦᠯ᠎ᠡ ᠭᠡᠷ ᠲᠤᠲᠤᠷ᠎ᠠ ᠪᠠᠨ ᠤᠷᠲᠤ ᠬᠤᠭᠤᠴᠠᠭ᠎ᠠ ᠬᠤᠷᠲᠤᠨ ᠠᠯᠬᠤᠬᠤ ᠨᠢ ᠪᠦᠷ ᠡᠷᠡᠬᠦᠯ ᠮᠡᠨᠲᠦ ᠳᠤ ᠠᠰᠢᠬᠲᠠᠢ ᠪᠠᠶᠢᠲᠠᠭ᠃ ᠬᠡᠪᠡᠴᠦ ᠰᠤᠷᠭᠤᠭ ᠠᠭᠠᠷ ᠢ ᠠᠮᠢᠰᠬᠤᠯᠯᠠᠨ᠂ ᠡᠬᠡ ᠪᠠᠶᠢᠭᠠᠯᠢ ᠲᠠᠢ ᠤᠢᠢᠷᠠᠲᠤᠵᠦ᠂ ᠬᠦᠳᠡᠭᠡ ᠭᠠᠲᠠᠭ᠎ᠠ ᠬᠦᠳᠡᠯᠭᠡᠭᠡᠨ ᠬᠢᠬᠦ ᠨᠢ ᠭᠡᠷ ᠲᠤᠲᠤᠷᠠᠬᠢ ᠪᠡᠶ᠎ᠡ ᠶᠢᠨ ᠲᠠᠮᠢᠷ ᠠᠴᠠ ᠨᠡᠩ ᠠᠰᠢᠬᠲᠠᠢ ᠭᠡᠵᠦ ᠰᠤᠲᠤᠯᠤᠭᠠᠴᠢᠳ ᠦᠵᠡᠵᠦ ᠪᠤᠢ᠃     ᠲᠦᠭᠰᠢᠬᠦᠷᠢ ᠶᠢ ᠪᠠᠭᠠᠰᠬᠠᠨ᠎ᠠ᠃ 40 ᠨᠠᠰᠦᠨ ᠠᠴᠠ ᠲᠡᠭᠡᠭᠰᠢᠬᠢ ᠬᠦᠮᠦᠰ ᠡᠲᠦᠷ ᠪᠦᠷᠢ 8000 ᠠᠯᠬᠤᠮ ᠠᠴᠠ ᠢᠯᠡᠬᠦᠦ ᠠᠯᠬᠤᠪᠠᠯ᠂ ᠡᠲᠦᠷ ᠲᠤ 4000 ᠠᠯᠬᠤᠮ ᠠᠯᠬᠤᠬᠰᠠᠨ ᠬᠦᠮᠦᠨ ᠠᠴᠠ ᠡᠷᠳᠡ ᠨᠠᠰᠤ ᠪᠠᠷᠠᠬᠤ ᠲᠦᠭᠰᠢᠬᠦᠷᠢ ᠨᠢ 51% ᠪᠠᠷ ᠪᠠᠭᠤᠷᠠᠨ᠎ᠠ᠃     ᠴᠡᠭᠡᠵᠢᠯᠡᠬᠦ ᠴᠢᠲᠠᠪᠦᠷᠢ ᠶᠢ ᠲᠡᠭᠡᠭᠰᠢᠯᠡᠬᠦᠯᠦᠨ᠎ᠡ᠃ ᠬᠤᠷᠲᠤᠨ ᠠᠯᠬᠤᠬᠤ ᠨᠢ ᠶᠡᠭᠡ ᠲᠠᠷᠢᠬᠢᠨ ᠤ ᠡᠷᠬᠢᠯᠳᠡ ᠶᠢ ᠢᠳᠡᠪᠬᠢᠵᠢᠬᠦᠯᠵᠦ ᠴᠡᠬᠡᠵᠢᠯᠡᠬᠦ ᠴᠢᠲᠠᠪᠦᠷᠢ ᠶᠢ ᠨᠡᠮᠡᠭᠳᠡᠬᠦᠯᠳᠡᠭ ᠪᠠᠶᠢᠨ᠎ᠠ᠃ ᠭᠠᠷᠠᠭ ᠪᠦᠷᠢ 3 ᠤᠲᠠᠭ᠎ᠠ᠂ ᠤᠲᠠᠭ᠎ᠠ ᠪᠦᠷᠢ 35 ᠮᠢᠨᠦ᠋ᠲ ᠠᠯᠬᠤᠬᠤ ᠨᠢ ᠴᠡᠭᠡᠵᠢᠯᠡᠬᠦ ᠴᠢᠲᠠᠪᠦᠷᠢ ᠶᠢ ᠲᠡᠭᠡᠭᠰᠢᠯᠡᠬᠦᠯᠵᠦ᠂ ᠠᠩᠬᠠᠷᠤᠯ ᠢ ᠨᠡᠩ ᠲᠦᠪᠯᠡᠷᠡᠬᠦᠯᠳᠡᠭ᠃     ᠮᠠᠷᠢᠶ᠎ᠠ ᠶᠢ ᠰᠢᠭᠤᠷᠠᠭᠤᠯᠤᠨ᠎ᠠ᠃ ᠤᠷᠲᠤ ᠬᠤᠭᠤᠴᠠᠭ᠎ᠠ ᠬᠤᠷᠲᠤᠨ ᠠᠯᠬᠤᠬᠤ ᠨᠢ ᠪᠡᠶ᠎ᠡ ᠶᠢᠨ ᠲᠤᠲᠤᠭᠠᠲᠦᠬᠢ ᠦᠬᠡᠬᠦ ᠶᠢ ᠪᠠᠭᠠᠰᠬᠠᠲᠠᠭ᠃ ᠰᠤᠲᠤᠯᠭᠠᠨ ᠭᠡᠷᠡᠴᠢᠯᠡᠭᠰᠡᠨ ᠨᠢ ᠠᠯᠪᠠᠨ ᠠᠵᠢᠯ ᠲᠠᠢ ᠬᠦᠮᠦᠰ 15 ᠮᠢᠨᠦ᠋ᠲ ᠰᠤᠯᠠ ᠠᠯᠬᠤᠯᠠᠬᠤ ᠨᠢ ᠨᠢᠭᠡᠨᠳᠡ ᠢᠳᠡᠭᠰᠡᠨ ᠴᠤᠺᠤᠯᠠᠳ᠋ ᠤᠨ ᠺᠠᠯᠤᠷᠢ ᠶᠢ ᠬᠠᠭᠠᠰ ᠢᠶᠠᠷ ᠪᠠᠭᠤᠷᠠᠭᠤᠯᠲᠠᠭ ᠪᠠᠶᠢᠨ᠎ᠠ᠃     ᠬᠠᠷᠠᠭ᠎ᠠ ᠶᠢ ᠰᠠᠶᠢᠵᠢᠷᠠᠭᠤᠯᠤᠨ᠎ᠠ᠃ ᠡᠲᠦᠷ ᠪᠦᠷᠢ 1 ᠴᠠᠭ ᠠᠯᠬᠤᠪᠠᠯ ᠴᠠᠭᠠᠨ ᠬᠠᠷᠠᠩ ᠪᠤᠯᠬᠤ ᠲᠦᠭᠰᠢᠬᠦᠷᠢ ᠶᠢ ᠪᠠᠭᠤᠷᠠᠭᠤᠯᠲᠠᠭ᠃ ᠲᠠᠮᠢᠷ ᠤᠨ ᠬᠦᠳᠡᠯᠭᠡᠭᠡᠨ ᠳᠤ ᠤᠷᠤᠯᠴᠠᠬᠤ ᠲᠤᠷ᠎ᠠ ᠦᠬᠡᠢ ᠬᠦᠮᠦᠰ ᠲᠠᠢ ᠬᠠᠷᠢᠴᠠᠭᠤᠯᠪᠠᠯ᠂ ᠬᠤᠷᠲᠤᠨ ᠠᠯᠬᠤᠬᠤ ᠶᠢ ᠪᠠᠷᠢᠮᠲᠠᠯᠠᠭᠰᠠᠭᠠᠷ ᠢᠷᠡᠭᠰᠡᠨ ᠬᠦᠮᠦᠰ ᠤᠨ ᠴᠡᠩᠭᠡᠷ ᠬᠠᠷᠠᠩ ᠡᠪᠡᠳᠴᠢᠨ ᠳᠤ ᠨᠡᠷᠪᠡᠭᠳᠡᠬᠦ ᠨᠤᠷᠮ᠎ᠠ ᠨᠢ 73% ᠪᠠᠷ ᠲᠤᠤᠷ᠎ᠠ ᠪᠠᠶᠢᠲᠠᠭ᠃     ᠨᠦᠢᠷ ᠢ ᠰᠠᠶᠢᠵᠢᠷᠠᠭᠤᠯᠤᠨ᠎ᠠ᠃ ᠡᠷᠳᠡ ᠪᠤᠰᠴᠦ 30 ᠮᠢᠨᠦ᠋ᠲ ᠠᠯᠬᠤᠪᠠᠯ᠂ 50 — 75 ᠨᠠᠰᠦᠨ ᠤ ᠡᠮᠡᠭᠳᠡᠶᠢᠴᠤᠳ ᠤᠨ ᠨᠦᠢᠷ ᠬᠤᠯᠵᠢᠬᠤ ᠨᠤᠷᠮ᠎ᠠ ᠶᠢ 70 % ᠪᠠᠷ ᠪᠠᠭᠤᠷᠠᠭᠤᠯᠲᠠᠭ᠃     ᠲᠠᠷᠤᠭᠠᠰᠦ ᠶᠢ ᠬᠦᠡᠭᠭᠡᠯᠡᠨ᠎ᠡ᠃ 60 — 90 ᠨᠠᠰᠦᠨ ᠤ ᠬᠦᠮᠦᠰ ᠲᠤ ᠴᠢᠭᠯᠡᠬᠦᠯᠦᠭᠰᠡᠨ ᠨᠢᠬᠡᠨ ᠰᠤᠲᠤᠯᠭᠠᠨ ᠳᠤ᠂ ᠬᠤᠷᠲᠤᠨ ᠠᠯᠬᠤᠯᠠᠬᠤ ᠨᠢ ᠲᠠᠷᠢᠬᠢ ᠶᠢ ᠰᠡᠷᠬᠦᠭᠡᠵᠦ᠂ ᠰᠡᠳᠬᠢᠯ ᠤᠨ ᠲᠠᠷᠤᠭᠠᠰᠦ ᠶᠢ ᠬᠦᠡᠭᠭᠡᠯᠡᠳᠡᠭ ᠪᠠᠶᠢᠨ᠎ᠠ᠃     ᠭᠠᠨᠭ᠍ᠰᠠᠷᠠᠬᠤ ᠡᠪᠡᠳᠴᠢᠨ ᠠᠴᠠ ᠰᠡᠷᠭᠡᠶᠢᠯᠡᠨ᠎ᠡ᠃ ᠡᠲᠦᠷ ᠪᠦᠷᠢ 1 ᠴᠠᠭ ᠠᠯᠬᠤᠬᠤ ᠨᠢ ᠭᠠᠩᠰᠠᠷᠠᠬᠤ ᠡᠪᠡᠳᠴᠢᠨ ᠳᠤ ᠨᠡᠷᠪᠡᠭᠳᠡᠬᠦ ᠲᠦᠭᠰᠢᠬᠦᠷᠢ ᠶᠢ 20% ᠪᠠᠷ ᠪᠠᠭᠤᠷᠠᠭᠤᠯᠲᠠᠭ ᠪᠠᠶᠢᠨ᠎ᠠ᠃     ᠡᠴᠦᠰ ᠲᠤᠨᠢ ᠲᠤᠯᠲᠠᠯ᠎ᠠ ᠪᠠᠷᠢᠮᠲᠠᠯᠠᠬᠤ ᠰᠠᠶᠢᠨ ᠲᠠᠳᠬᠠᠯ ᠲᠠᠢ ᠪᠤᠯᠵᠤ ᠴᠢᠳᠠᠨ᠎ᠠ᠃ ᠢᠮᠠᠭᠳᠠ ᠬᠤᠷᠲᠤᠨ ᠠᠯᠬᠤᠬᠤ ᠶᠢ ᠪᠠᠷᠢᠮᠳᠠᠯᠠᠬᠤ ᠨᠢ ᠪᠡᠶ᠎ᠡ ᠮᠠᠬᠠᠪᠤᠳ ᠢ ᠴᠢᠬᠢᠷᠠᠬᠵᠢᠭᠤᠯᠬᠤ ᠶᠢᠨ ᠬᠠᠮᠲᠦ ᠪᠡᠶ᠎ᠡ ᠪᠠᠨ ᠲᠠᠭᠠᠭᠠᠬᠤ ᠴᠢᠲᠠᠪᠦᠷᠢ ᠶᠢ ᠲᠡᠭᠡᠭᠰᠢᠯᠡᠬᠦᠯᠳᠡᠭ᠃ ᠬᠤᠷᠲᠤᠨ ᠠᠯᠬᠤᠬᠤ ᠰᠠᠶᠢᠨ ᠲᠠᠳᠬᠠᠯ ᠲᠠᠢ ᠬᠦᠮᠦᠰ ᠶᠠᠮᠠᠷ ᠶᠠᠪᠤᠲᠠᠯ ᠳᠤ ᠴᠦ ︽ᠲᠠᠪᠤᠰᠤ ᠶᠢ ᠬᠢᠪᠡᠯ ᠠᠭᠤᠰᠲᠠᠯ᠎ᠠ᠂ ᠠᠵᠢᠯ ᠢ ᠬᠢᠪᠡᠯ ᠲᠠᠭᠤᠰᠲᠠᠯ᠎ᠠ︾ ᠵᠤᠷᠢᠭ ᠰᠠᠨᠠᠭ᠎ᠠ ᠪᠠᠷ ᠢᠮᠠᠭᠳᠠ ᠪᠠᠷᠢᠮᠲᠠᠯᠠᠵᠦ ᠲᠡᠶᠢᠯᠬᠦ ᠪᠤᠯᠤᠨ᠎ᠠ᠃
 
ᠢᠷᠡᠯᠲᠡ᠄ ᠲᠣᠮᠳᠠᠳᠤ ᠣᠯᠣᠰ ᠤᠨ ᠮᠣᠩᠭᠤᠯ ᠬᠡᠯᠡᠨ ᠦ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18004690号