ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠸᠠᠺᠼᠢᠨ ᠤ ᠲᠠᠷᠢᠯᠭ᠎ᠠ ᠪᠣᠯ ᠰᠢᠨ᠎ᠡ ᠲᠢᠲᠢᠮᠯᠢᠭ ᠠᠭᠤᠰᠬᠢᠨ ᠦᠷᠪᠢᠰᠦᠯ ᠬᠠᠯᠳᠠᠪᠤᠷᠢᠯᠠᠬᠤ ᠶᠢ ᠰᠡᠷᠭᠡᠶᠢᠯᠡᠨ ᠡᠵᠡᠮᠳᠡᠬᠦ ᠬᠠᠮᠤᠭ ᠤᠨ ᠪᠦᠲᠦᠮᠵᠢᠲᠡᠶ ᠠᠷᠭ᠎ᠠ ᠮᠥᠨ
ᠨᠡᠶᠢᠲᠡᠯᠡᠭᠰᠡᠨ ᠴᠠᠭ᠄
2021/4/19
    ︽ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠸᠠᠺᠼᠢᠨ ᠤ ᠲᠠᠷᠢᠯᠭ᠎ᠠ ᠪᠣᠯ ᠰᠢᠨ᠎ᠡ ᠲᠢᠲᠢᠮᠯᠢᠭ ᠠᠭᠤᠰᠬᠢᠨ ᠦᠷᠪᠢᠰᠦᠯ ᠬᠠᠯᠳᠠᠪᠤᠷᠢᠯᠠᠬᠤ ᠶᠢ ᠰᠡᠷᠭᠡᠶᠢᠯᠡᠨ ᠡᠵᠡᠮᠳᠡᠬᠦ ᠬᠠᠮᠤᠭ ᠤᠨ ᠪᠦᠲᠦᠮᠵᠢᠲᠡᠶ ᠠᠷᠭ᠎ᠠ ᠬᠡᠮᠵᠢᠶ᠎ᠡ ᠮᠦᠨ᠂ ᠮᠦᠨ ᠴᠤ ᠬᠠᠮᠤᠭ ᠤᠨ ᠰᠢᠨᠵᠢᠯᠡᠬᠦ ᠤᠬᠠᠭᠠᠨᠴᠢ ᠠᠷᠭ᠎ᠠ ᠪᠣᠳᠣᠯᠭ᠎ᠠ ᠮᠥᠨ︾ ᠭᠡᠵᠤ ᠥᠪᠡᠷᠲᠡᠭᠡᠨ ᠵᠠᠰᠠᠬᠤ ᠣᠷᠣᠨ ᠤ ᠶᠡᠷᠦᠩᠬᠡᠶᠢᠯᠡᠭᠰᠡᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠤᠨ ᠰᠡᠷᠭᠡᠶᠢᠯᠡᠨ ᠡᠵᠡᠮᠳᠡᠬᠦ ᠬᠤᠶᠠᠳᠤᠭᠠᠷ ᠭᠠᠵᠠᠷ ᠤᠨ ᠳᠡᠳ᠋ ᠳᠠᠷᠤᠭ᠎ᠠ ᠶᠠᠨ ᠱᠤᠤ ᠬᠤᠩ ᠢᠯᠡᠷᠬᠡᠶᠢᠯᠡᠪᠡ᠃ ᠳᠡᠯᠡᠬᠡᠢ ᠶᠢᠨ ᠬᠢᠵᠢᠭ ᠤᠨ ᠪᠠᠶᠢᠳᠠᠯ ᠵᠢᠴᠢ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠡᠵᠡᠮᠳᠡᠬᠦ ᠲᠤᠷᠰᠢᠯᠭ᠎ᠠ ᠶᠢ ᠦᠨᠳᠦᠰᠦᠯᠡᠨ᠂ ᠸᠠᠺᠼᠢᠨ ᠤ ᠲᠠᠷᠢᠯᠭ᠎ᠠ ᠶᠢ ᠲᠦᠷᠭᠡᠳᠬᠡᠬᠦ ᠪᠣᠯ ᠣᠳᠣᠬᠠᠨ ᠤ ᠬᠢᠵᠢᠭ ᠢ ᠰᠡᠷᠭᠡᠶᠢᠯᠡᠨ ᠡᠵᠡᠮᠳᠡᠬᠦ ᠬᠦᠴᠦᠲᠡᠶ ᠠᠷᠭ᠎ᠠ ᠪᠠᠷᠢᠯ ᠮᠥᠨ᠃     ︽ᠮᠠᠨ ᠤ ᠤᠯᠤᠰ ᠤᠨ ᠵᠣᠩᠬᠢᠯᠠᠬᠤ ᠤᠯᠠᠨ ᠬᠥᠮᠦᠨ ᠰᠢᠨ᠎ᠡ ᠲᠢᠲᠢᠮᠯᠢᠭ ᠸᠢᠷᠦ᠋ᠰ ᠲᠤ ᠬᠠᠨᠳᠤᠬᠰᠠᠨ ᠦᠯᠦ ᠬᠠᠯᠳᠠᠭᠠᠬᠤ ᠴᠢᠳᠠᠪᠤᠷᠢ ᠦᠬᠡᠢ᠂ ᠰᠢᠨ᠎ᠡ ᠲᠢᠲᠢᠮᠯᠢᠭ ᠸᠢᠷᠦ᠋ᠰ ᠲᠤ ᠠᠮᠠᠷᠬᠠᠨ ᠬᠠᠯᠳᠠᠪᠤᠷᠢᠯᠠᠭᠳᠠᠳᠠᠭ᠃ ᠬᠠᠯᠳᠠᠪᠤᠷᠢᠯᠠᠵᠤ ᠡᠪᠡᠳᠴᠢᠯᠡᠭᠰᠡᠨ ᠤ ᠳᠠᠷᠠᠭ᠎ᠠ ᠵᠠᠷᠢᠮ ᠬᠥᠮᠦᠨ ᠪᠠᠰᠠ ᠬᠦᠨᠳᠦ ᠲᠦᠭᠰᠢᠭᠦᠷᠢᠲᠡᠢ ᠡᠪᠡᠳᠴᠢᠯᠡᠵᠤ᠂ ᠴᠢᠨᠠᠭᠰᠢᠯᠠᠪᠠᠯ ᠦᠬᠦᠬᠦ ᠠᠶᠤᠯ ᠲᠠᠢ ᠪᠣᠯᠳᠠᠭ᠃ ᠸᠠᠺᠼᠢᠨ ᠤ ᠲᠠᠷᠢᠯᠭ᠎ᠠ ᠲᠠᠷᠢᠭᠰᠠᠨ ᠤ ᠳᠠᠷᠠᠭ᠎ᠠ᠂ ᠨᠢᠭᠡ ᠲᠠᠯ᠎ᠠ ᠪᠠᠷ ᠣᠯᠠᠩᠬᠢ ᠬᠥᠮᠦᠰ ᠡᠭᠡᠯᠢᠯᠡᠭᠡ ᠶᠢᠨ ᠴᠢᠳᠠᠪᠤᠷᠢ ᠡᠬᠦᠰᠴᠤ᠂ ᠡᠪᠡᠳᠴᠢᠨ ᠡᠭᠦᠰᠬᠦ᠂ ᠬᠦᠨᠳᠦ ᠡᠪᠡᠳᠴᠢᠨ ᠤᠯᠬᠤ ᠪᠠ ᠥᠭᠦᠬᠦ ᠲᠦᠭᠰᠢᠭᠦᠷᠢ ᠶᠢ ᠪᠦᠲᠦᠮᠵᠢᠲᠡᠶ ᠪᠠᠭᠤᠷᠠᠭᠤᠯᠵᠤ ᠪᠣᠯᠤᠨ᠎ᠠ︔ ᠨᠥᠭᠦᠭᠡ ᠲᠠᠯ᠎ᠠ ᠪᠠᠷ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠸᠠᠺᠼᠢᠨ ᠢ ᠡᠮᠬᠢ ᠵᠢᠷᠤᠮ ᠲᠠᠢ ᠪᠠᠷ ᠳᠠᠷᠢᠬᠤ ᠪᠠᠷ ᠳᠡᠮᠵᠢᠨ᠂ ᠬᠥᠮᠦᠰ ᠤᠨ ᠳᠤᠮᠳᠠ ᠡᠭᠡᠯᠢᠯᠡᠭᠡ ᠶᠢᠨ ᠬᠠᠯᠬᠠᠪᠴᠢ ᠶᠢ ᠠᠯᠬᠤᠮ ᠠᠯᠬᠤᠮ ᠢᠶᠠᠷ ᠪᠠᠶᠢᠭᠤᠯᠵᠤ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠳᠡᠯᠭᠡᠷᠡᠬᠦ ᠶᠢ ᠬᠤᠷᠢᠭᠯᠠᠵᠤ᠂ ᠮᠠᠨ ᠤ ᠤᠯᠤᠰ ᠤᠨ ᠨᠡᠶᠢᠭᠡᠮ ᠠᠵᠤ ᠠᠬᠤᠶ᠂ ᠰᠠᠭᠤᠭᠠᠯᠢ ᠠᠷᠠᠳ ᠤᠨ ᠠᠮᠢᠳᠤᠷᠠᠯ ᠤᠨ ᠬᠡᠪ ᠤᠨ ᠡᠷᠭᠢᠯᠲᠡ ᠶᠢ ᠲᠦᠷᠭᠡᠬᠡᠨ ᠰᠡᠷᠭᠦᠭᠡᠵᠦ ᠪᠣᠯᠤᠨ᠎ᠠ︾ ᠭᠡᠵᠦ ᠶᠠᠨ ᠱᠤᠤ ᠬᠤᠩ ᠬᠡᠯᠡᠨ᠎ᠡ᠃     ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠸᠠᠺᠼᠢᠨ ᠨᠢ ᠬᠥᠮᠦᠨ ᠤ ᠪᠡᠶ᠎ᠡ ᠳᠤ ᠬᠡᠷᠬᠢᠨ ᠦᠢᠯᠡᠳᠦᠯ ᠦᠵᠡᠭᠦᠯᠵᠦ ᠪᠠᠶᠢᠬᠤ ᠪᠣᠶ︖ ᠸᠠᠺᠼᠢᠨ ᠤ ᠲᠠᠷᠢᠯᠭ᠎ᠠ ᠲᠠᠷᠢᠭᠰᠠᠨ ᠤ ᠳᠠᠷᠠᠭ᠎ᠠ ᠬᠥᠮᠦᠨ ᠤ ᠪᠡᠶ᠎ᠡ ᠳᠤ ᠬᠠᠮᠠᠭᠠᠯᠠᠬᠤ ᠴᠢᠨᠠᠷᠲᠠᠶ ᠠᠨᠲ᠋ᠢᠪᠤᠳᠢ ᠡᠭᠦᠰᠴᠦ᠂ ᠵᠠᠷᠢᠮ ᠸᠠᠺᠼᠢᠨ ᠨᠢ ᠪᠠᠰᠠ ᠬᠥᠮᠦᠨ ᠤ ᠪᠡᠶ᠎ᠡ ᠳᠤ ᠡᠰ ᠤᠨ ᠡᠭᠡᠯᠢᠯᠡᠭᠡ ᠡᠭᠦᠰᠭᠡᠵᠦ ᠂ ᠵᠣᠬᠢᠬᠤ ᠡᠭᠡᠯᠢᠯᠡᠭᠡ ᠶᠢᠨ ᠴᠡᠭᠡᠵᠢᠯᠡᠬᠦᠢ ᠶᠢ ᠪᠣᠶ ᠪᠣᠯᠭᠠᠳᠠᠭ᠃ ᠡᠶᠢᠨ ᠬᠦ ᠬᠥᠮᠦᠨ ᠤ ᠪᠡᠶ᠎ᠡ ᠡᠪᠡᠳᠴᠢᠨ ᠢ ᠡᠰᠡᠷᠭᠦᠴᠡᠬᠦ ᠡᠭᠡᠯᠢᠯᠡᠬᠦ ᠴᠢᠳᠠᠪᠤᠷᠢ ᠲᠠᠢ ᠪᠣᠯᠤᠨ᠎ᠠ᠃ ᠰᠢᠨ᠎ᠡ ᠲᠢᠲᠢᠮᠯᠢᠭ ᠠᠭᠤᠰᠬᠢᠨ ᠦᠷᠪᠢᠰᠦᠯ ᠬᠥᠮᠦᠨ ᠤ ᠪᠡᠶ᠎ᠡ ᠳᠤ ᠬᠠᠯᠳᠠᠪᠤᠷᠢᠯᠠᠪᠠᠯ᠂ ᠸᠠᠺᠼᠢᠨ ᠠᠴᠠ ᠡᠭᠦᠰᠦᠭᠰᠡᠨ ᠠᠨᠲ᠋ᠢᠪᠤᠳᠢ᠂ ᠡᠰ ᠤᠨ ᠡᠭᠡᠯᠢᠯᠡᠭᠡ ᠶᠢᠨ ᠭᠠᠷᠭᠠᠭᠰᠠᠨ ᠡᠰ ᠤᠨ ᠡᠯᠧᠮᠧᠨ᠋ᠲ ᠢ ᠢᠯᠭᠠᠨ ᠲᠠᠨᠢᠵᠤ᠂ ᠸᠢᠷᠦ᠋ᠰ ᠢ ᠰᠠᠭᠠᠷᠮᠠᠭᠵᠢᠭᠤᠯᠬᠤ ᠪᠤᠶᠤ ᠤᠰᠠᠳᠬᠠᠵᠤ ᠪᠣᠯᠤᠨ᠎ᠠ᠃ ᠡᠭᠡᠯᠢᠯᠡᠭᠡ ᠶᠢᠨ ᠴᠡᠭᠡᠵᠢᠯᠡᠬᠦᠶ ᠨᠢ ᠪᠠᠰᠠ ᠡᠭᠡᠯᠢᠯᠡᠭᠡ ᠶᠢᠨ ᠰᠢᠰᠲ᠋ᠧᠮ ᠤᠨ ᠦᠢᠯᠡᠳᠤᠯ ᠢ ᠮᠠᠰᠢ ᠲᠦᠷᠭᠡᠨ ᠳᠠᠶᠢᠴᠢᠯᠠᠵᠤ ᠂ ᠸᠢᠷᠦ᠋ᠰ ᠢ ᠪᠡᠶ᠎ᠡ ᠳᠣᠲᠣᠷ᠎ᠠ ᠦᠷᠭᠦᠯᠵᠢᠯᠡᠨ ᠦᠷᠡᠵᠢᠭᠦ ᠶᠢᠨ ᠠᠷᠭ᠎ᠠ ᠦᠭᠡᠢ ᠪᠣᠯᠭᠠᠵᠤ᠂ ᠡᠭᠦᠨ ᠤ ᠤᠯᠠᠮ ᠠᠴᠠ ᠡᠪᠡᠳᠴᠢᠨ ᠢ ᠤᠷᠢᠳᠴᠢᠯᠠᠨ ᠰᠡᠷᠭᠡᠶᠢᠯᠡᠬᠦ ᠵᠣᠷᠢᠯᠭ᠎ᠠ ᠳᠤ ᠬᠦᠷᠳᠡᠭ ᠭᠡᠵᠤ ᠶᠠᠨ ᠱᠤᠤ ᠬᠤᠩ ᠳᠠᠨᠢᠯᠴᠠᠭᠤᠯᠪᠠ᠃     ᠶᠠᠨ ᠱᠤᠤ ᠬᠤᠩ᠂ 60 ᠨᠠᠰᠤ ᠵᠢᠴᠢ 60 ᠨᠠᠰᠤᠨ ᠠᠴᠠ ᠳᠡᠭᠡᠭᠰᠢᠬᠢ ᠬᠥᠮᠦᠰ ᠪᠣᠯ ᠰᠢᠨ᠎ᠡ ᠲᠢᠲᠢᠮᠯᠢᠭ ᠸᠢᠷᠦ᠋ᠰ ᠲᠤ ᠬᠠᠯᠳᠠᠪᠤᠷᠢᠯᠠᠭᠳᠠᠭᠰᠠᠨ ᠤ ᠳᠠᠷᠠᠭᠠᠬᠢ ᠬᠦᠨᠳᠦ ᠡᠪᠡᠳᠴᠢᠲᠡᠨ ᠪᠤᠯᠵᠤ᠂ ᠠᠶᠤᠯ ᠲᠦᠭᠰᠢᠭᠦᠷᠢ ᠶᠡᠬᠡᠲᠡᠢ ᠬᠥᠮᠦᠰ ᠪᠤᠯᠳᠠᠭ᠃ ᠡᠮᠴᠢᠯᠡᠭᠡᠨ ᠤ ᠰᠤᠳᠤᠯᠭᠠᠨ ᠤ ᠲᠤᠭ᠎ᠠ ᠪᠠᠷᠢᠮᠲᠠ ᠳᠤ ᠢᠯᠡᠷᠡᠭᠦᠯᠦᠭᠰᠡᠨ ᠢᠶᠠᠷ᠂ ᠲᠣᠰ ᠪᠦᠯᠦᠭ ᠬᠥᠮᠦᠰ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠸᠠᠺᠼᠢᠨ ᠤ ᠲᠠᠷᠢᠯᠭ᠎ᠠ ᠶᠢᠨ ᠠᠮᠤᠷ ᠲᠦᠪᠰᠢᠨ ᠴᠢᠨᠠᠷ ᠨᠢ ᠨᠡᠯᠢᠶᠡᠳ ᠰᠠᠶᠢᠨ ᠪᠠᠶᠢᠵᠤ᠂ 18 — 59 ᠨᠠᠰᠤᠨ ᠤ ᠬᠥᠮᠦᠰ ᠲᠠᠢ ᠬᠠᠷᠢᠴᠠᠭᠤᠯᠪᠠᠯ᠂ ᠲᠠᠷᠢᠯᠭ᠎ᠠ ᠲᠠᠷᠢᠭᠰᠠᠨ ᠤ ᠳᠠᠷᠠᠭ᠎ᠠ ᠰᠠᠭᠠᠷᠮᠠᠭᠵᠢᠭᠰᠠᠨ ᠠᠨᠲ᠋ᠢᠪᠤᠳᠢ ᠶᠢᠨ ᠬᠡᠮᠵᠢᠶ᠎ᠡ ᠨᠢ ᠵᠢᠭᠠᠬᠠᠨ ᠳᠤᠤᠷ᠎ᠠ ᠪᠣᠯᠪᠠᠴᠤ ᠰᠠᠭᠠᠷᠮᠠᠭᠵᠢᠭᠰᠠᠨ ᠠᠨᠲ᠋ᠢᠪᠤᠳᠢ ᠶᠢᠨ ᠠᠷᠭ᠎ᠠ ᠡᠷᠬᠢᠮᠵᠢ ᠨᠢ ᠠᠳᠠᠯᠢᠪᠲᠤᠷ ᠪᠠᠶᠢᠵᠤ᠂ 60 ᠨᠠᠰᠤᠨ ᠠᠴᠠ ᠳᠡᠭᠡᠭᠰᠢᠬᠢ ᠬᠥᠮᠦᠰ ᠲᠤ ᠪᠠᠰᠠ ᠵᠣᠬᠢᠬᠤ ᠬᠡᠮᠵᠢᠶᠡᠨ ᠤ ᠬᠠᠮᠠᠭᠠᠯᠠᠬᠤ ᠦᠢᠯᠡᠳᠤᠯ ᠦᠵᠡᠭᠦᠯᠬᠦ ᠶᠢ ᠬᠡᠷᠡᠴᠢᠯᠡᠵᠤ ᠪᠤᠢ᠂ ᠡᠶᠢᠮᠦ ᠠᠴᠠ ᠡᠳᠡᠭᠡᠷ ᠬᠦᠮᠦᠰ ᠲᠤ ᠲᠠᠷᠢᠯᠭ᠎ᠠ ᠲᠠᠷᠢᠬᠤ ᠶᠢ ᠰᠠᠨᠠᠭᠤᠯᠵᠤ ᠪᠠᠶᠢᠨ᠎ᠠ ᠭᠡᠵᠤ ᠶᠠᠨ ᠱᠤᠤ ᠬᠤᠩ ᠢᠯᠡᠷᠬᠡᠶᠢᠯᠡᠪᠡ᠃     ︽ᠨᠠᠰᠤᠲᠠᠶᠢᠴᠤᠳ ᠤᠨ ᠰᠠᠭᠤᠷᠢ ᠴᠢᠨᠠᠷᠲᠠᠶ ᠡᠪᠡᠳᠴᠢᠨ ᠪᠠᠶᠢᠬᠤ ᠬᠠᠷᠢᠴᠠᠯ ᠨᠢ ᠨᠡᠯᠢᠶᠡᠳ ᠶᠡᠭᠡ ᠪᠣᠯᠪᠠᠴᠤ ᠪᠠᠰᠠ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠬᠦ ᠳᠤ ᠬᠠᠮᠠᠭᠠᠯᠠᠬᠤ ᠴᠢᠬᠤᠯᠠᠲᠠᠶ ᠭᠤᠤᠯᠳᠠᠯᠭ᠎ᠠ ᠲᠠᠢ ᠬᠥᠮᠦᠰ ᠪᠣᠯᠤᠨ᠎ᠠ᠂ ᠡᠶᠢᠮᠦ ᠠᠴᠠ ᠸᠠᠺᠼᠢᠨ ᠳᠠᠷᠢᠬᠤ ᠶᠠᠪᠤᠴᠠ ᠳᠤ ᠣᠨᠴᠠᠭᠠᠶᠢᠯᠠᠨ ᠠᠩᠬᠠᠷᠬᠤ ᠬᠡᠷᠡᠭᠲᠡᠶ︾᠃ ᠰᠠᠭᠤᠷᠢ ᠴᠢᠨᠠᠷᠲᠠᠶ ᠡᠪᠡᠳᠴᠢᠨ ᠲᠠᠢ ᠨᠠᠰᠤᠲᠠᠶᠢᠴᠤᠳ ᠤᠨ ᠰᠠᠭᠤᠷᠢ ᠴᠢᠨᠠᠷᠲᠠᠶ ᠡᠪᠡᠳᠴᠢᠨ ᠢ ᠡᠮ ᠲᠠᠩ ᠵᠡᠷᠭᠡ ᠡᠩ ᠤᠨ ᠡᠮᠴᠢᠯᠡᠭᠡ ᠪᠠᠷ ᠨᠢᠭᠡᠨᠲᠡ ᠮᠠᠰᠢ ᠰᠠᠶᠢᠨ ᠬᠢᠵᠠᠭᠠᠷᠯᠠᠵᠤ ᠴᠢᠳᠠᠭᠰᠠᠨ ᠪᠠᠶᠢᠪᠠᠯ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠸᠠᠺᠼᠢᠨ ᠳᠠᠷᠢᠵᠤ ᠪᠣᠯᠤᠨ᠎ᠠ︔ ᠬᠡᠷᠪᠡ ᠰᠠᠭᠤᠷᠢ ᠴᠢᠨᠠᠷᠲᠠᠶ ᠡᠪᠡᠳᠴᠢᠨ ᠨᠢ ᠶᠠᠭ ᠲᠦᠷᠭᠡᠨ ᠴᠢᠨᠠᠷᠲᠠᠶ ᠬᠥᠳᠡᠯᠬᠦ ᠬᠤᠭᠤᠴᠠᠭᠠᠨ ᠳᠤ ᠪᠠᠶᠢᠪᠠᠯ᠂ ᠡᠮᠴᠢ ᠶᠢᠨ ᠰᠠᠨᠠᠭᠤᠯᠭ᠎ᠠ ᠶᠢ ᠦᠨᠳᠦᠰᠦᠯᠡᠨ ᠲᠠᠷᠢᠯᠭ᠎ᠠ ᠲᠠᠷᠢᠬᠤ ᠶᠢ ᠬᠤᠶᠢᠰᠢᠯᠠᠭᠤᠯᠬᠤ ᠶᠢ ᠪᠣᠳᠣᠯᠬᠢᠯᠠᠬᠤ ᠬᠡᠷᠡᠭᠳᠡᠢ ᠭᠡᠵᠤ ᠶᠠᠨ ᠱᠤᠤ ᠬᠤᠩ ᠴᠢᠬᠤᠯᠠᠴᠢᠯᠠᠪᠠ᠃    
 
ᠢᠷᠡᠯᠲᠡ᠄ ᠲᠣᠮᠳᠠᠳᠣ ᠣᠯᠣᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18004690号