ᠨᠢᠭᠡ᠂ ᠶᠠᠭᠤᠨ ᠳᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠵᠠᠰᠠᠭ | ᠵᠠᠬᠢᠷᠭᠠᠨ ᠤ ᠰᠶᠢᠳᠪᠦᠷᠢᠲᠦ ᠪᠣᠳᠣᠯᠭ᠎ᠠ ᠲᠣᠭᠲᠠᠭᠠᠬᠤ ᠵᠢᠷᠤᠮᠵᠢᠯᠠᠯ ᠤᠨ ᠲᠤᠭᠲᠠᠭᠠᠯ︾ ᠳᠤ ᠵᠠᠰᠠᠪᠤᠷᠢ ᠣᠷᠣᠭᠤᠯᠬᠤ | ᠪᠣᠶ︖ | ᠬᠠᠷᠢᠭᠤᠯᠲᠠ᠄ ᠵᠠᠰᠠᠭ ᠵᠠᠬᠢᠷᠭᠠᠨ ᠤ ᠴᠢᠬᠤᠯᠠ ᠶᠡᠭᠡ ᠰᠶᠢᠳᠪᠦᠷᠢᠲᠦ ᠪᠣᠳᠣᠯᠭ᠎ᠠ ᠲᠣᠭᠲᠠᠭᠠᠬᠤ ᠵᠢᠷᠤᠮᠵᠢᠯᠠᠯ ᠢ | ᠳᠦᠷᠢᠮᠵᠢᠭᠦᠯᠬᠦ ᠪᠣᠯ ᠬᠠᠤᠯᠢ ᠪᠠᠷ ᠵᠠᠰᠠᠬᠤ ᠵᠠᠰᠠᠭ ᠤᠨ ᠣᠷᠳᠣᠨ ᠢ ᠪᠠᠶᠢᠭᠤᠯᠬᠤ ᠶᠢᠨ ᠵᠠᠶᠢᠯᠠᠰᠢ ᠦᠭᠡᠶ ᠱᠠᠭᠠᠷᠳᠠᠯᠭ᠎ᠠ | ᠮᠥᠨ᠂ ᠨᠡᠶᠢᠭᠡᠮ ᠤᠨ ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ | ᠳᠥᠯᠭᠢᠨ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠃ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠥᠪ | ᠬᠤᠷᠢᠶᠠᠨ ᠤ ᠳᠥᠷᠪᠡᠳᠦᠭᠡᠷ ᠪᠦᠬᠦᠳᠠ ᠬᠤᠷᠠᠯ ᠠᠴᠠ᠂ ᠬᠠᠤᠯᠢ ᠶᠣᠰᠣᠭᠠᠷ ᠰᠢᠢᠳᠪᠦᠷᠢᠲᠦ ᠪᠤᠳᠤᠯᠭ᠎ᠠ ᠲᠣᠭᠲᠠᠭᠠᠬᠤ | ᠲᠣᠭᠲᠠᠴᠠ ᠶᠢ ᠪᠦᠷᠢᠨᠰᠢᠬᠦᠯᠵᠤ᠂ ᠤᠯᠠᠨ ᠨᠡᠶᠢᠲᠡ ᠶᠢ ᠣᠷᠣᠯᠴᠠᠭᠤᠯᠬᠤ᠂ ᠲᠤᠰᠬᠠᠢ ᠮᠡᠷᠭᠡᠵᠢᠯᠲᠡᠨ ᠢᠶᠠᠷ | ᠨᠤᠲᠠᠯᠠᠭᠤᠯᠬᠤ᠂ ᠠᠶᠤᠯ ᠲᠦᠭᠰᠢᠭᠦᠷᠢ ᠶᠢ ᠦᠨᠡᠯᠡᠨ ᠵᠢᠱᠢᠬᠦ᠂ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ᠂ | ᠬᠠᠮᠲᠤ ᠪᠠᠷ ᠶᠠᠷᠢᠯᠴᠠᠨ ᠲᠣᠭᠲᠠᠭᠠᠬᠤ ᠶᠢ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠤᠳᠤᠯᠭ᠎ᠠ | ᠲᠣᠭᠲᠠᠭᠠᠬᠤ ᠶᠢ ᠬᠠᠤᠯᠢ ᠪᠠᠷ ᠲᠣᠭᠲᠠᠭᠠᠭᠰᠠᠨ ᠵᠢᠷᠤᠮᠵᠢᠯᠠᠯ ᠪᠤᠯᠭᠠᠨ᠎ᠠ ᠭᠡᠵᠦ ᠳᠤᠷᠠᠳᠴᠠᠢ᠃ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠵᠠᠰᠠᠭ ᠵᠠᠬᠢᠷᠭᠠᠨ ᠤ ᠰᠶᠢᠳᠪᠦᠷᠢᠲᠦ ᠪᠣᠳᠣᠯᠭ᠎ᠠ | ᠲᠣᠭᠲᠠᠭᠠᠬᠤ ᠵᠢᠷᠤᠮᠵᠢᠯᠠᠯ ᠤᠨ ᠲᠤᠭᠲᠠᠭᠠᠯ ︾ ︵ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠤ ᠵᠠᠷᠯᠢᠭ 209 ᠳ᠋ᠤᠭᠡᠷ ᠲᠣᠭᠠᠲᠤ᠂ ᠳᠣᠷᠣᠭᠰᠢ ︽ᠵᠢᠷᠤᠮᠵᠢᠯᠠᠯ ᠤᠨ ᠲᠣᠭᠲᠠᠭᠠᠯ | ︾ ᠭᠡᠵᠦ ᠲᠣᠪᠴᠢᠯᠠᠨ᠎ᠠ︶ ᠢ 2015 ᠣᠨ ᠳᠤ ᠨᠡᠶᠢᠲᠡᠯᠡᠵᠦ ᠬᠡᠷᠡᠭᠵᠢᠭᠦᠯᠦᠭᠰᠡᠨ ᠠᠴᠠ ᠨᠠᠰᠢ᠂ ᠥᠪᠡᠷᠲᠡᠭᠡᠨ | ᠵᠠᠰᠠᠬᠤ ᠣᠷᠣᠨ ᠤ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠴᠢᠬᠤᠯᠠ ᠶᠡᠭᠡ ᠵᠠᠰᠠᠭ ᠵᠠᠬᠢᠷᠭᠠᠨ ᠤ | ᠰᠶᠢᠳᠪᠦᠷᠢᠲᠦ ᠪᠣᠳᠣᠯᠭ᠎ᠠ ᠲᠣᠭᠲᠠᠭᠠᠬᠤ ᠶᠠᠪᠤᠴᠠ ᠶᠢ ᠳᠦᠷᠢᠮᠵᠢᠭᠦᠯᠵᠦ᠂ ᠰᠢᠨᠵᠢᠯᠡᠬᠦ ᠤᠬᠠᠭᠠᠨᠴᠢ ᠪᠠᠷ | ᠠᠷᠠᠳᠴᠢᠯᠠᠯ ᠢᠶᠠᠷ ᠬᠠᠤᠯᠢ ᠶᠣᠰᠣᠭᠠᠷ ᠰᠶᠢᠳᠪᠦᠷᠢᠲᠦ ᠪᠣᠳᠣᠯᠭ᠎ᠠ ᠲᠣᠭᠲᠠᠭᠠᠬᠤ ᠶᠢ ᠪᠠᠲᠤᠯᠠᠬᠤ ᠲᠠᠯ᠎ᠠ ᠪᠠᠷ ᠴᠢᠬᠤᠯᠠ | ᠦᠢᠯᠡᠳᠦᠯ ᠪᠠᠳᠠᠷᠠᠭᠤᠯᠪᠠ᠃ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠪᠠ ᠬᠠᠤᠯᠢ ᠪᠠᠷ | ᠤᠯᠤᠰ ᠢᠶᠠᠨ ᠵᠠᠰᠠᠬᠤ ᠪᠥᠬᠦ ᠲᠠᠯ᠎ᠠ ᠪᠠᠷ ᠠᠬᠢᠴᠠ ᠶᠢ ᠲᠠᠰᠤᠷᠠᠯᠲᠠ ᠥᠬᠡᠶ ᠠᠭᠢᠬᠤ ᠶᠢ ᠳᠠᠭᠠᠯᠳᠤᠨ᠂ ᠢᠯᠠᠩᠭᠤᠶ᠎ᠠ | 2019 ᠣᠨ ᠳᠤ ᠲᠥᠷᠥ ᠶᠢᠨ ᠶᠠᠪᠤᠳᠠᠯ ᠤᠨ ᠬᠤᠷᠢᠶ᠎ᠠ ᠠᠴᠠ ︽ᠴᠢᠬᠤᠯᠠ ᠶᠡᠭᠡ ᠵᠠᠰᠠᠭ ᠵᠠᠬᠢᠷᠭᠠᠨ ᠤ | ᠰᠶᠢᠳᠪᠦᠷᠢᠲᠦ ᠪᠣᠳᠣᠯᠭ᠎ᠠ ᠲᠣᠭᠲᠠᠭᠠᠬᠤ ᠵᠢᠷᠤᠮᠵᠢᠯᠠᠯ ᠤᠨ ᠲᠦᠷ ᠬᠡᠷᠡᠭᠵᠢᠭᠦᠯᠬᠦ ᠲᠦᠷᠢᠮ︾ ᠢ ᠨᠡᠶᠢᠲᠡᠯᠡᠵᠦ᠂ | ᠴᠢᠬᠤᠯᠠ ᠶᠡᠭᠡ ᠵᠠᠰᠠᠭ ᠵᠠᠬᠢᠷᠭᠠᠨ ᠤ ᠰᠶᠢᠳᠪᠦᠷᠢᠲᠦ ᠪᠣᠳᠣᠯᠭ᠎ᠠ ᠲᠣᠭᠲᠠᠭᠠᠬᠤ ᠪᠥᠬᠦ ᠶᠠᠪᠤᠴᠠ ᠳᠤ ᠪᠣᠳᠠᠲᠠᠶ | ᠲᠣᠭᠲᠠᠭᠠᠯ ᠭᠠᠷᠭᠠᠵᠤ᠂ ᠵᠢᠷᠤᠮᠵᠢᠯᠠᠯ᠂ ᠪᠠᠷᠢᠮᠵᠢᠶ᠎ᠠ ᠵᠡᠷᠭᠡ ᠲᠠᠯ᠎ᠠ ᠪᠠᠷ ᠴᠥᠮ ᠨᠠᠩ ᠥᠨᠳᠥᠷ ᠱᠠᠭᠠᠷᠳᠠᠯᠭ᠎ᠠ | ᠳᠤᠷᠠᠳᠤᠭᠰᠠᠨ ᠪᠠᠶᠢᠨ᠎ᠠ᠃ ︽ᠵᠢᠷᠤᠮᠵᠢᠯᠠᠯ ᠤᠨ ᠲᠣᠭᠲᠠᠭᠠᠯ︾ ᠳᠤ ᠵᠠᠰᠠᠪᠤᠷᠢ ᠣᠷᠣᠭᠤᠯᠬᠤ ᠨᠢ ᠵᠠᠰᠠᠭ ᠵᠠᠬᠢᠷᠭᠠᠨ ᠤ | ᠰᠶᠢᠳᠪᠦᠷᠢᠲᠦ ᠪᠤᠳᠤᠯᠭ᠎ᠠ ᠶᠢᠨ ᠰᠢᠨᠵᠢᠯᠡᠬᠦ ᠤᠬᠠᠭᠠᠨᠴᠢᠯᠠᠯᠲᠠ᠂ ᠠᠷᠠᠳᠴᠢᠯᠠᠯᠲᠠ᠂ ᠬᠠᠤᠯᠢᠵᠢᠭᠤᠯᠤᠯᠲᠠ ᠶᠢ ᠤᠯᠠᠮ | ᠨᠢᠭᠡ ᠠᠯᠬᠤᠮ ᠲᠦᠯᠬᠢᠨ ᠠᠬᠢᠭᠤᠯᠵᠤ᠂ ᠵᠠᠰᠠᠭ ᠵᠠᠬᠢᠷᠭᠠᠨ ᠤ ᠡᠷᠬᠡ ᠶᠢᠨ ᠬᠢᠵᠠᠭᠠᠷᠯᠠᠯ ᠪᠠ ᠬᠢᠨᠠᠯᠲᠠ ᠶᠢ | ᠴᠢᠩᠭᠠᠳᠬᠠᠨ᠂ ᠵᠠᠰᠠᠭ ᠤᠨ ᠣᠷᠳᠣᠨ ᠤ ᠤᠯᠠᠨ ᠨᠡᠶᠢᠲᠡ ᠶᠢ ᠢᠲᠡᠭᠡᠭᠦᠯᠬᠦ ᠬᠦᠴᠦᠨ ᠪᠠ ᠭᠦᠢᠴᠡᠳᠬᠡᠬᠦ ᠬᠦᠴᠦᠨ ᠢ | ᠳᠡᠭᠡᠭᠰᠢᠯᠡᠭᠦᠯᠵᠦ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠬᠢᠴᠠ ᠶᠢ ᠲᠦᠷᠭᠡᠪᠴᠢᠯᠡᠨ | ᠠᠬᠢᠭᠤᠯᠬᠤ ᠳᠤ ᠲᠦᠢᠯ ᠤᠨ ᠴᠢᠬᠤᠯᠠ ᠪᠣᠳᠠᠲᠤ ᠠᠴᠢ ᠬᠤᠯᠪᠣᠭᠳᠠᠯ ᠲᠠᠢ ᠶᠤᠮ᠃ | ᠬᠤᠶᠠᠷ᠂ ᠶᠠᠮᠠᠷ ᠶᠠᠮᠠᠷ ᠨᠢᠭᠡᠴᠡ ᠨᠢ ︽ᠵᠢᠷᠤᠮᠵᠢᠯᠠᠯ ᠤᠨ ᠲᠣᠭᠲᠠᠭᠠᠯ︾ ᠢ ᠬᠡᠷᠡᠭᠯᠡᠬᠦ ᠪᠤᠢ︖ | ᠬᠠᠷᠢᠭᠤᠯᠲᠠ᠄ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠤᠷᠤᠨ ᠤ ᠳᠣᠲᠣᠷᠠᠬᠢ ᠬᠤᠰᠢᠭᠤ | ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠴᠢᠬᠤᠯᠠ ᠶᠡᠭᠡ ᠵᠠᠰᠠᠭ ᠵᠠᠬᠢᠷᠭᠠᠨ ᠤ | ᠰᠶᠢᠳᠪᠦᠷᠢᠲᠦ ᠪᠣᠳᠣᠯᠭ᠎ᠠ ᠶᠢ ᠲᠣᠭᠲᠠᠭᠠᠬᠤ ᠪᠠ ᠳᠣᠭᠢᠷᠠᠭᠤᠯᠬᠤ ᠶᠠᠪᠤᠴᠠ ᠳᠤ ᠲᠣᠰ ᠲᠣᠭᠲᠠᠭᠠᠯ ᠢ ᠬᠡᠷᠡᠭᠯᠡᠨ᠎ᠡ᠃ | ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠰᠠᠯᠠᠭ᠎ᠠ ᠮᠥᠴᠢᠷ ᠪᠣᠯᠤᠨ | ᠰᠤᠮᠤ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠤ ᠴᠢᠬᠤᠯᠠ ᠶᠡᠭᠡ ᠵᠠᠰᠠᠭ ᠵᠠᠬᠢᠷᠭᠠᠨ ᠤ | ᠰᠶᠢᠳᠪᠦᠷᠢᠲᠦ ᠪᠣᠳᠣᠯᠭ᠎ᠠ ᠲᠣᠭᠲᠠᠭᠠᠬᠤ ᠪᠠ ᠲᠣᠬᠢᠷᠠᠭᠤᠯᠤᠯᠲᠠ ᠬᠢᠬᠦ ᠶᠠᠪᠤᠴᠠ ᠶᠢ ᠲᠣᠰ ᠲᠣᠭᠲᠠᠭᠠᠯ ᠢᠶᠠᠷ ᠯᠠᠪᠯᠠᠯᠲᠠ | ᠪᠣᠯᠭᠠᠨ ᠬᠡᠷᠡᠭᠵᠢᠭᠦᠯᠦᠨ᠎ᠡ᠃ | ᠭᠤᠷᠪᠠ᠂ ᠶᠠᠮᠠᠷ ᠶᠠᠮᠠᠷ ᠤᠴᠢᠷ ᠶᠠᠪᠤᠳᠠᠯ ᠳᠤ ︽ᠵᠢᠷᠤᠮᠵᠢᠯᠠᠯ ᠤᠨ ᠲᠣᠭᠲᠠᠭᠠᠯ︾ ᠶᠣᠰᠣᠭᠠᠷ ᠰᠶᠢᠳᠪᠦᠷᠢᠲᠦ | ᠪᠤᠳᠤᠯᠭ᠎ᠠ ᠲᠣᠭᠲᠠᠭᠠᠬᠤ ᠴᠢᠬᠤᠯᠠᠲᠠᠶ ᠪᠤᠢ︖ | ᠬᠠᠷᠢᠭᠤᠯᠲᠠ᠄ ︽ᠵᠢᠷᠤᠮᠵᠢᠯᠠᠯ ᠤᠨ ᠲᠣᠭᠲᠠᠭᠠᠯ︾ ᠳᠤ ᠴᠢᠬᠤᠯᠠ ᠶᠡᠭᠡ ᠵᠠᠰᠠᠭ ᠵᠠᠬᠢᠷᠭᠠᠨ ᠤ ᠰᠶᠢᠳᠪᠦᠷᠢᠲᠦ | ᠪᠣᠳᠣᠯᠭ᠎ᠠ ᠲᠣᠭᠲᠠᠭᠠᠬᠤ ᠵᠦᠢᠯᠡᠰ ᠤᠨ ᠬᠦᠷᠢᠶ᠎ᠡ ᠬᠡᠪᠴᠢᠶ᠎ᠡ ᠶᠢ ︽ᠵᠢᠭᠰᠠᠭᠠᠨ ᠲᠣᠭᠠᠴᠢᠬᠤ + ᠦᠭᠡᠶᠢᠰᠭᠡᠬᠦ︾ ᠪᠠᠷ | ᠳᠠᠮᠵᠢᠭᠤᠯᠤᠨ᠂ ᠰᠶᠢᠳᠪᠦᠷᠢᠲᠦ ᠪᠣᠳᠣᠯᠭ᠎ᠠ ᠲᠣᠭᠲᠠᠭᠠᠬᠤ ᠪᠠᠶᠢᠭᠤᠯᠭ᠎ᠠ ᠶᠢᠨ ᠲᠤᠰᠢᠶᠠᠯ ᠬᠠᠷᠢᠭᠤᠴᠠᠯᠭ᠎ᠠ ᠶᠢᠨ | ᠡᠷᠬᠡ ᠶᠢᠨ ᠬᠢᠵᠠᠭᠠᠷ ᠪᠠ ᠲᠣᠰ ᠭᠠᠵᠠᠷ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠰᠶᠢᠳᠪᠦᠷᠢᠲᠦ ᠪᠣᠳᠣᠯᠭ᠎ᠠ | ᠲᠣᠭᠲᠠᠭᠠᠬᠤ ᠵᠦᠢᠯᠡᠰ ᠤᠨ ᠭᠠᠷᠴᠠᠭ᠂ ᠪᠠᠷᠢᠮᠵᠢᠶ᠎ᠠ ᠶᠢ ᠲᠣᠭᠲᠠᠭᠠᠵᠤ᠂ ᠠᠳᠠᠯᠢ ᠱᠠᠲᠤᠨ ᠤ ᠨᠠᠮ ᠤᠨ ᠬᠤᠷᠢᠶ᠎ᠠ ᠪᠠᠷ | ᠵᠥᠪᠰᠢᠶᠡᠷᠡᠭᠦᠯᠦᠭᠰᠡᠨ ᠤ ᠳᠠᠷᠠᠭ᠎ᠠ ᠨᠡᠶᠢᠭᠡᠮ ᠳᠤ ᠨᠡᠶᠢᠲᠡᠯᠡᠬᠦ ᠶᠢᠨ ᠬᠠᠮᠲᠤ ᠪᠣᠳᠠᠲᠠᠶ ᠬᠤᠪᠢᠷᠠᠯᠲᠠ ᠶᠢ ᠦᠨᠳᠦᠰᠦᠯᠡᠨ | ᠲᠣᠬᠢᠷᠠᠭᠤᠯᠤᠯᠲᠠ ᠬᠢᠬᠦ ᠶᠢ ᠵᠥᠪᠰᠢᠶᠡᠷᠡᠨ᠎ᠡ᠃ ᠵᠢᠭᠰᠠᠭᠠᠭᠰᠠᠨ ᠵᠦᠢᠯ ᠤᠳ ᠲᠤ᠄ ᠨᠢᠭᠡ ᠳᠤ ᠤᠯᠠᠨ ᠨᠡᠶᠢᠲᠡ ᠶᠢᠨ | ᠦᠢᠯᠡᠴᠢᠯᠡᠭᠡ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠨᠡᠶᠢᠭᠡᠮ ᠤᠨ ᠬᠠᠮᠢᠶᠠᠷᠤᠯᠲᠠ᠂ ᠣᠷᠴᠢᠨ | ᠠᠬᠤᠶ ᠶᠢᠨ ᠬᠠᠮᠠᠭᠠᠯᠠᠯᠲᠠ ᠵᠡᠷᠭᠡ ᠲᠠᠯ᠎ᠠ ᠳᠤ ᠬᠤᠯᠪᠣᠭᠳᠠᠬᠤ ᠴᠢᠬᠤᠯᠠ ᠶᠡᠭᠡ ᠤᠯᠠᠨ ᠨᠡᠶᠢᠲᠡ ᠶᠢᠨ ᠲᠦᠷᠦ ᠶᠢᠨ | ᠪᠤᠳᠤᠯᠭ᠎ᠠ ᠪᠠ ᠠᠷᠭ᠎ᠠ ᠬᠡᠮᠵᠢᠶ᠎ᠡ ᠶᠢ ᠲᠣᠭᠲᠠᠭᠠᠨ᠎ᠠ︔ ᠬᠤᠶᠠᠷ ᠲᠤ ᠠᠵᠤ ᠠᠬᠤᠶ ᠪᠠ ᠨᠡᠶᠢᠭᠡᠮ ᠤᠨ ᠬᠥᠭᠵᠢᠯᠲᠡ | ᠵᠡᠷᠭᠡ ᠲᠠᠯ᠎ᠠ ᠶᠢᠨ ᠴᠢᠬᠤᠯᠠ ᠲᠥᠯᠥᠪᠵᠢᠭᠦᠯᠭᠡ ᠶᠢ ᠲᠣᠭᠲᠠᠭᠠᠨ᠎ᠠ︔ ᠭᠤᠷᠪᠠ ᠳᠤ ᠴᠢᠬᠤᠯᠠ ᠪᠠᠶᠢᠭᠠᠯᠢ ᠶᠢᠨ ᠡᠬᠢ | ᠪᠠᠶᠠᠯᠢᠭ ᠪᠠ ᠰᠣᠶᠣᠯ ᠤᠨ ᠡᠬᠢ ᠪᠠᠶᠠᠯᠢᠭ ᠢ ᠨᠡᠭᠡᠭᠡᠨ ᠠᠰᠢᠭᠯᠠᠵᠦ ᠬᠠᠮᠠᠭᠠᠯᠠᠬᠤ ᠴᠢᠬᠤᠯᠠ ᠶᠡᠭᠡ ᠤᠯᠠᠨ ᠨᠡᠶᠢᠲᠡ ᠶᠢᠨ | ᠲᠦᠷᠦ ᠶᠢᠨ ᠪᠤᠳᠤᠯᠭ᠎ᠠ ᠪᠠ ᠠᠷᠭ᠎ᠠ ᠬᠡᠮᠵᠢᠶ᠎ᠡ ᠶᠢ ᠲᠣᠭᠲᠠᠭᠠᠨ᠎ᠠ︔ ᠲᠦᠷᠪᠡ ᠳᠤ ᠲᠤᠰ ᠵᠠᠰᠠᠭ ᠵᠠᠬᠢᠷᠭᠠᠨ ᠤ | ᠤᠷᠤᠨ ᠳᠤ ᠬᠡᠷᠡᠭᠵᠢᠭᠦᠯᠬᠦ ᠴᠢᠬᠤᠯᠠ ᠶᠡᠭᠡ ᠤᠯᠠᠨ ᠨᠡᠶᠢᠲᠡ ᠶᠢᠨ ᠪᠦᠳᠦᠭᠡᠨ ᠪᠠᠶᠢᠭᠤᠯᠤᠯᠲᠠ ᠶᠢᠨ ᠵᠦᠢᠯᠡᠰ ᠢ | ᠲᠣᠭᠲᠠᠭᠠᠨ᠎ᠠ︔ ᠲᠠᠪᠤ ᠳᠤ ᠠᠵᠤ ᠠᠬᠤᠶ ᠨᠡᠶᠢᠭᠡᠮ ᠤᠨ ᠬᠥᠭᠵᠢᠯᠲᠡ ᠳᠤ ᠴᠢᠬᠤᠯᠠ ᠶᠡᠭᠡ ᠨᠥᠯᠥᠭᠡ ᠦᠵᠡᠭᠦᠯᠬᠦ᠂ | ᠴᠢᠬᠤᠯᠠ ᠶᠡᠭᠡ ᠤᠯᠠᠨ ᠨᠡᠶᠢᠲᠡ ᠶᠢᠨ ᠠᠰᠢᠭ ᠲᠤᠰᠠ ᠪᠤᠶᠤ ᠨᠡᠶᠢᠭᠡᠮ ᠨᠡᠶᠢᠲᠡ ᠶᠢᠨ ᠲᠤᠰ ᠪᠡᠶ᠎ᠡ ᠶᠢᠨ ᠠᠰᠢᠭ | ᠲᠤᠰᠠ ᠳᠤ ᠬᠤᠯᠪᠣᠭᠳᠠᠬᠤ ᠪᠤᠰᠤᠳ ᠴᠢᠬᠤᠯᠠ ᠶᠡᠭᠡ ᠵᠦᠢᠯᠡᠰ ᠢ ᠲᠣᠭᠲᠠᠭᠠᠨ᠎ᠠ᠃ ᠡᠭᠦᠨ ᠤ ᠵᠡᠷᠭᠡ ᠳᠤ᠂ 2 | ᠲᠦᠷᠦᠯ ᠤᠨ ᠤᠴᠢᠷ ᠶᠠᠪᠤᠳᠠᠯ ᠢ ᠲᠤᠳᠤᠷᠬᠠᠢ ᠦᠭᠡᠶᠢᠰᠭᠡᠵᠦ᠂ ᠵᠠᠰᠠᠭ ᠤᠨ ᠣᠷᠳᠣᠨ ᠤ ᠬᠠᠤᠯᠢ ᠲᠣᠭᠲᠠᠭᠠᠬᠤ | ᠰᠶᠢᠳᠪᠦᠷᠢᠲᠦ ᠪᠣᠳᠣᠯᠭ᠎ᠠ ᠵᠢᠴᠢ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠨ ᠰᠶᠢᠳᠪᠦᠷᠢᠯᠡᠬᠦ | ᠰᠶᠢᠳᠪᠦᠷᠢᠲᠦ ᠪᠣᠳᠣᠯᠭ᠎ᠠ ᠳᠤ ᠲᠣᠰ ᠲᠣᠭᠲᠠᠭᠠᠯ ᠢ ᠬᠡᠷᠡᠭᠯᠡᠬᠦ ᠦᠭᠡᠢ ᠭᠡᠵᠦ ᠲᠤᠲᠠᠭᠠᠵᠠᠢ᠃ | ᠲᠦᠷᠪᠡ᠂ ᠪᠤᠢ ᠪᠦᠬᠦᠢ ᠴᠢᠬᠤᠯᠠ ᠶᠡᠭᠡ ᠵᠠᠰᠠᠭ ᠵᠠᠬᠢᠷᠭᠠᠨ ᠤ ᠰᠶᠢᠳᠪᠦᠷᠢᠲᠦ ᠪᠤᠳᠤᠯᠭ᠎ᠠ ᠨᠢ ᠴᠥᠮ ᠡᠷᠬᠡᠪᠰᠢ | ᠤᠯᠠᠨ ᠨᠡᠶᠢᠲᠡ ᠪᠠᠷ ᠢᠶᠠᠨ ᠣᠷᠣᠯᠴᠠᠬᠤ᠂ ᠲᠤᠰᠬᠠᠶ ᠮᠡᠷᠭᠡᠵᠢᠯᠲᠡᠨ ᠢᠶᠠᠷ ᠨᠤᠲᠠᠯᠠᠭᠤᠯᠬᠤ᠂ ᠠᠶᠤᠯ ᠲᠦᠭᠰᠢᠭᠦᠷᠢ ᠶᠢ | ᠦᠨᠡᠯᠡᠨ ᠵᠢᠱᠢᠬᠦ᠂ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ᠂ ᠬᠠᠮᠲᠤ ᠪᠠᠷ ᠶᠠᠷᠢᠯᠴᠠᠨ ᠲᠣᠭᠲᠠᠭᠠᠬᠤ ᠵᠡᠷᠭᠡ | ᠵᠢᠷᠤᠮᠵᠢᠯᠠᠯ ᠢ ᠪᠦᠷᠢᠮᠦᠰᠦᠨ ᠭᠦᠢᠴᠡᠳᠬᠡᠬᠦ ᠬᠡᠷᠡᠭᠲᠡᠶ ᠤᠤ ᠦᠭᠡᠢ ᠤᠤ︖ | ᠬᠠᠷᠢᠭᠤᠯᠲᠠ᠄ ᠣᠯᠠᠨ ᠨᠡᠶᠢᠲᠡ ᠪᠠᠷ ᠢᠶᠠᠨ ᠣᠷᠣᠯᠴᠠᠬᠤ᠂ ᠲᠤᠰᠬᠠᠶ ᠮᠡᠷᠭᠡᠵᠢᠯᠲᠡᠨ ᠢᠶᠠᠷ ᠨᠤᠲᠠᠯᠠᠭᠤᠯᠬᠤ᠂ | ᠠᠶᠤᠯ ᠲᠦᠭᠰᠢᠭᠦᠷᠢ ᠶᠢ ᠦᠨᠡᠯᠡᠨ ᠵᠢᠱᠢᠬᠦ᠂ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ᠂ ᠬᠠᠮᠲᠤ ᠪᠠᠷ | ᠶᠠᠷᠢᠯᠴᠠᠨ ᠲᠣᠭᠲᠠᠭᠠᠬᠤ ᠪᠣᠯ ︽ᠵᠢᠷᠤᠮᠵᠢᠯᠠᠯ ᠤᠨ ᠲᠣᠭᠲᠠᠭᠠᠯ︾ ᠤᠨ ᠨᠢᠭᠡᠨ ᠭᠤᠤᠯ ᠠᠭᠤᠯᠭ᠎ᠠ ᠪᠣᠯᠤᠨ᠎ᠠ᠃ | ᠡᠭᠦᠨ ᠳᠤ ᠣᠯᠠᠨ ᠨᠡᠶᠢᠲᠡ ᠪᠠᠷ ᠢᠶᠠᠨ ᠣᠷᠣᠯᠴᠠᠬᠤ᠂ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ᠂ ᠬᠠᠮᠲᠤ ᠪᠠᠷ | ᠶᠠᠷᠢᠯᠴᠠᠨ ᠲᠣᠭᠲᠠᠭᠠᠬᠤ ᠪᠣᠯ ᠵᠠᠪᠠᠯ ᠥᠩᠭᠡᠷᠡᠭᠡᠬᠦ ᠶᠠᠪᠤᠴᠠ ᠮᠥᠨ᠂ ᠪᠣᠶ ᠪᠥᠬᠦᠶ ᠴᠢᠬᠤᠯᠠ ᠶᠡᠭᠡ ᠵᠠᠰᠠᠭ | ᠵᠠᠬᠢᠷᠭᠠᠨ ᠤ ᠰᠶᠢᠳᠪᠦᠷᠢᠲᠦ ᠪᠣᠳᠣᠯᠭ᠎ᠠ ᠲᠤᠭᠲᠠᠭᠠᠬᠤ ᠳᠤ ᠴᠥᠮ ᠡᠷᠬᠡᠪᠰᠢ ᠭᠦᠢᠴᠡᠳᠭᠡᠬᠦ ᠬᠡᠷᠡᠭᠲᠡᠶ᠃ ᠲᠤᠰᠬᠠᠶ | ᠮᠡᠷᠭᠡᠵᠢᠯᠲᠡᠨ ᠤ ᠨᠤᠲᠠᠯᠠᠯᠲᠠ ᠬᠢᠬᠦ ᠪᠠ ᠠᠶᠤᠯ ᠲᠦᠭᠰᠢᠭᠦᠷᠢ ᠶᠢ ᠦᠨᠡᠯᠡᠨ ᠵᠢᠱᠢᠬᠦ ᠨᠢ ᠵᠠᠪᠠᠯ ᠥᠩᠭᠡᠷᠡᠭᠡᠬᠦ ᠶᠠᠪᠤᠴᠠ | ᠪᠢᠰᠢ᠂ ᠲᠦᠷᠢᠮ ᠳᠤ᠄ ᠲᠤᠰᠬᠠᠶ ᠮᠡᠷᠭᠡᠵᠢᠯ ᠤᠨ ᠴᠢᠨᠠᠷ᠂ ᠮᠡᠷᠭᠡᠵᠢᠯ ᠤᠨ ᠴᠢᠨᠠᠷ ᠢᠶᠠᠷ ᠨᠡᠯᠢᠶᠡᠳ ᠴᠢᠩᠭ᠎ᠠ | ᠰᠶᠢᠳᠪᠦᠷᠢᠲᠦ ᠪᠤᠳᠤᠯᠭ᠎ᠠ ᠲᠣᠭᠲᠠᠭᠠᠬᠤ ᠵᠦᠢᠯᠡᠰ ᠲᠤ ᠲᠤᠰᠬᠠᠶ ᠮᠡᠷᠭᠡᠵᠢᠯᠲᠡᠨ ᠤ ᠨᠤᠲᠠᠯᠠᠯᠲᠠ ᠬᠢᠬᠦ ᠶᠠᠪᠤᠴᠠ ᠶᠢ | ᠭᠦᠢᠴᠡᠳᠬᠡᠬᠦ ᠬᠡᠷᠡᠭᠲᠡᠶ︔ ᠴᠢᠬᠤᠯᠠ ᠶᠡᠭᠡ ᠵᠠᠰᠠᠭ ᠵᠠᠬᠢᠷᠭᠠᠨ ᠤ ᠰᠶᠢᠳᠪᠦᠷᠢᠲᠦ ᠪᠣᠳᠣᠯᠭ᠎ᠠ ᠶᠢᠨ | ᠬᠡᠷᠡᠭᠵᠢᠭᠦᠯᠦᠯᠲᠡ ᠨᠢ ᠨᠡᠶᠢᠭᠡᠮ ᠤᠨ ᠲᠣᠭᠲᠠᠭᠤᠨ ᠪᠠᠶᠢᠳᠠᠯ᠂ ᠠᠮᠢ ᠠᠬᠤᠶ ᠣᠷᠴᠢᠨ ᠲᠣᠭᠤᠷᠢᠨ᠂ ᠣᠯᠠᠨ | ᠨᠡᠶᠢᠲᠡ ᠶᠢᠨ ᠠᠮᠤᠷ ᠲᠦᠪᠰᠢᠨ ᠵᠡᠷᠭᠡ ᠲᠠᠯ᠎ᠠ ᠳᠤ ᠠᠰᠢᠭ ᠥᠬᠡᠶ ᠨᠥᠯᠥᠭᠡ ᠤᠴᠠᠷᠠᠭᠤᠯᠵᠤ ᠮᠡᠳᠡᠬᠦ ᠳᠤ ᠭᠦᠷᠪᠡᠯ᠂ | ᠲᠦᠭᠰᠢᠭᠦᠷᠢ ᠶᠢ ᠦᠨᠡᠯᠡᠨ ᠵᠢᠱᠢᠬᠦ ᠶᠠᠪᠤᠴᠠ ᠶᠢ ᠭᠦᠢᠴᠡᠳᠭᠡᠬᠦ ᠬᠡᠷᠡᠭᠲᠡᠶ ᠭᠡᠵᠠᠢ᠃ | ᠲᠠᠪᠤ᠂ ᠬᠤᠯᠪᠣᠭᠳᠠᠯ ᠪᠦᠬᠦᠢ ᠵᠢᠷᠤᠮᠵᠢᠯᠠᠯ ᠢ ᠭᠦᠢᠴᠡᠳᠬᠡᠬᠦ ᠳᠤ ᠲᠣᠭᠲᠠᠮᠠᠯ ᠳᠡᠰ ᠳᠠᠷᠠᠭᠠᠯᠠᠯ ᠲᠠᠢ ᠤᠤ ᠦᠭᠡᠢ | ᠤᠤ︖ | ᠬᠠᠷᠢᠭᠤᠯᠲᠠ᠄ ᠣᠯᠠᠨ ᠨᠡᠶᠢᠲᠡ ᠪᠠᠷ ᠢᠶᠠᠨ ᠣᠷᠣᠯᠴᠠᠬᠤ᠂ ᠲᠤᠰᠬᠠᠶ ᠮᠡᠷᠭᠡᠵᠢᠯᠲᠡᠨ ᠢᠶᠠᠷ ᠨᠤᠲᠠᠯᠠᠭᠤᠯᠬᠤ᠂ | ᠠᠶᠤᠯ ᠲᠦᠭᠰᠢᠭᠦᠷᠢ ᠶᠢ ᠦᠨᠡᠯᠡᠨ ᠵᠢᠱᠢᠬᠦ᠂ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ᠂ ᠬᠠᠮᠲᠤ ᠪᠠᠷ | ᠶᠠᠷᠢᠯᠴᠠᠨ ᠲᠣᠭᠲᠠᠭᠠᠬᠤ ᠡᠨᠡ ᠲᠠᠪᠤᠨ ᠶᠡᠭᠡ ᠵᠢᠷᠤᠮᠵᠢᠯᠠᠯ ᠪᠣᠯ ᠪᠦᠷᠢᠮᠦᠰᠦᠨ ᠬᠦᠰᠢᠭᠦᠷᠡᠭᠰᠠᠨ ᠶᠠᠪᠤᠴᠠ ᠪᠢᠰᠢ᠂ | ᠴᠢᠬᠤᠯᠠ ᠶᠡᠭᠡ ᠵᠠᠰᠠᠭ ᠵᠠᠬᠢᠷᠭᠠᠨ ᠤ ᠰᠶᠢᠳᠪᠦᠷᠢᠲᠦ ᠪᠣᠳᠣᠯᠭ᠎ᠠ ᠶᠢ ᠡᠬᠢᠯᠡᠭᠦᠯᠦᠭᠰᠡᠨ ᠠᠴᠠ ᠠᠪᠤᠭᠠᠳ ᠲᠣᠭᠲᠠᠭᠠᠬᠤ | ᠬᠦᠷᠲᠡᠯ᠎ᠡ᠂ ᠶᠡᠭᠡ ᠲᠥᠯᠥᠪ ᠰᠶᠢᠳᠪᠦᠷᠢᠲᠦ ᠪᠣᠳᠣᠯᠭ᠎ᠠ ᠶᠢᠨ ᠲᠥᠰᠦᠯ ᠤᠨ ᠪᠦᠷᠢᠯᠳᠦᠬᠦ ᠱᠠᠲᠤ᠂ ᠲᠥᠰᠦᠯ ᠤᠨ | ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ ᠪᠠ ᠬᠠᠮᠲᠤ ᠪᠠᠷ ᠶᠠᠷᠢᠯᠴᠠᠬᠤ ᠱᠠᠲᠤ ᠭᠡᠵᠦ ᠬᠤᠪᠢᠶᠠᠵᠤ ᠪᠣᠯᠤᠨ᠎ᠠ᠃ | ᠣᠯᠠᠨ ᠨᠡᠶᠢᠲᠡ ᠪᠠᠷ ᠢᠶᠠᠨ ᠣᠷᠣᠯᠴᠠᠬᠤ᠂ ᠲᠤᠰᠬᠠᠶ ᠮᠡᠷᠭᠡᠵᠢᠯᠲᠡᠨ ᠢᠶᠠᠷ ᠨᠤᠲᠠᠯᠠᠭᠤᠯᠬᠤ᠂ ᠠᠶᠤᠯ ᠲᠦᠭᠰᠢᠭᠦᠷᠢ ᠶᠢ | ᠦᠨᠡᠯᠡᠨ ᠵᠢᠱᠢᠬᠦ ᠪᠣᠯ ᠰᠶᠢᠳᠪᠦᠷᠢᠲᠦ ᠪᠣᠳᠣᠯᠭ᠎ᠠ ᠶᠢᠨ ᠲᠥᠰᠦᠯ ᠤᠨ ᠪᠦᠷᠢᠯᠳᠦᠬᠦ ᠱᠠᠲᠤᠨ ᠤ ᠵᠢᠷᠤᠮᠵᠢᠯᠠᠯ ᠮᠥᠨ᠂ | ᠡᠨᠡ ᠭᠤᠷᠪᠠ ᠶᠢᠨ ᠬᠤᠭᠤᠷᠣᠨᠳᠣ ᠲᠣᠭᠲᠠᠭᠰᠠᠨ ᠡᠮᠦᠨ᠎ᠡ ᠬᠤᠶᠢᠨᠠᠬᠢ ᠳᠡᠰ ᠳᠠᠷᠠᠭᠠᠯᠠᠯ ᠭᠡᠵᠦ ᠪᠠᠶᠢᠳᠠᠭ ᠥᠬᠡᠶ᠂ | ᠰᠶᠢᠳᠪᠦᠷᠢᠲᠦ ᠪᠣᠳᠣᠯᠭ᠎ᠠ ᠶᠢ ᠳᠠᠭᠠᠭᠠᠨ ᠭᠦᠢᠴᠡᠳᠭᠡᠬᠦ ᠨᠢᠭᠡᠴᠡ ᠨᠢ ᠰᠶᠢᠳᠪᠦᠷᠢᠲᠦ ᠪᠣᠳᠣᠯᠭ᠎ᠠ ᠶᠢᠨ ᠵᠦᠢᠯᠡᠰ ᠤᠨ | ᠣᠨᠴᠠᠯᠢᠭ ᠪᠠ ᠪᠣᠳᠠᠲᠠᠶ ᠬᠡᠷᠡᠭᠴᠡᠭᠡ ᠶᠢ ᠦᠨᠳᠦᠰᠦᠯᠡᠨ ᠡᠵᠡᠮᠰᠢᠵᠦ᠂ ᠵᠠᠷᠢᠮ ᠵᠢᠷᠤᠮᠵᠢᠯᠠᠯ ᠢ ᠳᠠᠬᠢᠨ ᠳᠠᠪᠲᠠᠨ ᠣᠯᠠᠨ | ᠤᠳᠠᠭ᠎ᠠ ᠭᠦᠢᠴᠡᠳᠭᠡᠵᠦ᠂ ᠵᠢᠱᠢᠶᠡᠯᠡᠪᠡᠯ ᠣᠯᠠᠨ ᠤᠳᠠᠭ᠎ᠠ ᠲᠤᠰᠬᠠᠶ ᠮᠡᠷᠭᠡᠵᠢᠯᠲᠡᠨ ᠢᠶᠠᠷ ᠨᠤᠲᠠᠯᠠᠭᠤᠯᠬᠤ | ᠪᠣᠯᠤᠯᠴᠠᠭ᠎ᠠ ᠲᠠᠢ᠃ ᠡᠭᠦᠨ ᠠᠴᠠ ᠭᠠᠳᠠᠨ᠎ᠠ᠂ ᠲᠦᠭᠰᠢᠭᠦᠷᠢ ᠶᠢ ᠦᠨᠡᠯᠡᠨ ᠵᠢᠱᠢᠬᠦ ᠳᠤ ᠣᠯᠠᠨ ᠨᠡᠶᠢᠲᠡ ᠪᠠᠷ ᠢᠶᠠᠨ | ᠣᠷᠣᠯᠴᠠᠬᠤ᠂ ᠲᠤᠰᠬᠠᠶ ᠮᠡᠷᠭᠡᠵᠢᠯᠲᠡᠨ ᠢᠶᠠᠷ ᠨᠤᠲᠠᠯᠠᠭᠤᠯᠬᠤ ᠵᠡᠷᠭᠡ ᠠᠵᠢᠯ ᠲᠠᠢ ᠤᠶᠠᠯᠳᠤᠭᠤᠯᠤᠨ ᠵᠡᠷᠭᠡ ᠪᠠᠷ | ᠵᠣᠬᠢᠶᠠᠨ ᠪᠠᠶᠢᠭᠤᠯᠵᠤ ᠪᠣᠯᠤᠨ᠎ᠠ᠃ ᠰᠶᠢᠳᠪᠦᠷᠢᠲᠦ ᠪᠤᠳᠤᠯᠭ᠎ᠠ ᠶᠢᠨ ᠲᠥᠰᠦᠯ ᠪᠤᠢ ᠪᠣᠯᠤᠭᠰᠠᠨ ᠤ ᠲᠠᠷᠠᠭ᠎ᠠ᠂ ᠬᠠᠤᠯᠢ | ᠶᠣᠰᠣᠴᠢ ᠴᠢᠨᠠᠷ ᠢ ᠬᠢᠨᠠᠨ ᠪᠠᠶᠢᠴᠠᠭᠠᠬᠤ ᠪᠠ ᠬᠠᠮᠲᠤ ᠪᠠᠷ ᠶᠠᠷᠢᠯᠴᠠᠨ ᠲᠣᠭᠲᠠᠭᠠᠬᠤ ᠶᠠᠪᠤᠳᠠᠯ ᠢ ᠲᠡᠰ ᠳᠠᠷᠠᠭᠠᠯᠠᠨ | ᠭᠦᠢᠴᠡᠳᠬᠡᠬᠦ ᠴᠢᠬᠤᠯᠠᠲᠠᠶ᠂ ᠡᠨᠡ ᠬᠤᠶᠠᠷ ᠵᠢᠷᠤᠮᠵᠢᠯᠠᠯ ᠪᠣᠯ ᠵᠠᠪᠠᠯ ᠥᠩᠭᠡᠷᠡᠭᠡᠬᠦ ᠵᠢᠷᠤᠮ ᠪᠤᠯᠤᠨ᠎ᠠ᠃ | ᠠᠩᠬᠠᠷᠤᠭᠤᠰᠢᠲᠠᠶ ᠨᠢ᠂ ᠬᠡᠷᠪᠡ ᠬᠠᠤᠯᠢ ᠶᠣᠰᠣᠴᠢ ᠴᠢᠨᠠᠷ ᠤᠨ ᠬᠢᠨᠠᠨ ᠪᠠᠶᠢᠴᠠᠭᠠᠯᠲᠠ ᠶᠢᠨ ᠳᠤᠮᠳᠠ ᠣᠯᠠᠨ | ᠨᠡᠶᠢᠲᠡ ᠪᠠᠷ ᠢᠶᠠᠨ ᠣᠷᠣᠯᠴᠠᠬᠤ᠂ ᠲᠤᠰᠬᠠᠶ ᠮᠡᠷᠭᠡᠵᠢᠯᠲᠡᠨ ᠢᠶᠠᠷ ᠨᠤᠲᠠᠯᠠᠭᠤᠯᠬᠤ ᠪᠠ ᠲᠦᠭᠰᠢᠭᠦᠷᠢ ᠶᠢ ᠦᠨᠡᠯᠡᠨ | ᠵᠢᠱᠢᠬᠦ ᠵᠢᠷᠤᠮᠵᠢᠯᠡᠯ ᠢ ᠭᠦᠢᠴᠡᠳᠭᠡᠬᠦ ᠶᠣᠰᠣᠲᠠᠶ ᠪᠠᠶᠢᠲᠠᠯ᠎ᠠ ᠭᠦᠢᠴᠡᠳᠭᠡᠭᠰᠡᠨ ᠥᠬᠡᠶ ᠪᠠᠶᠢᠬᠤ ᠶᠢ ᠣᠯᠵᠤ ᠮᠡᠳᠡᠪᠡᠯ᠂ | ᠬᠠᠤᠯᠢ ᠶᠣᠰᠣᠴᠢ ᠴᠢᠨᠠᠷ ᠤᠨ ᠬᠢᠨᠠᠨ ᠪᠠᠶᠢᠴᠠᠭᠠᠯᠲᠠ ᠶᠢ ᠬᠠᠷᠢᠭᠤᠴᠠᠬᠤ ᠰᠠᠯᠠᠭ᠎ᠠ ᠮᠥᠴᠢᠷ ᠠᠴᠠ ᠰᠶᠢᠳᠪᠦᠷᠢᠲᠦ | ᠪᠣᠳᠣᠯᠭ᠎ᠠ ᠶᠢ ᠳᠠᠭᠠᠭᠠᠨ ᠭᠦᠢᠴᠡᠳᠭᠡᠬᠦ ᠨᠢᠭᠡᠴᠡ ᠪᠠᠷ ᠬᠤᠯᠪᠣᠭᠳᠠᠯ ᠪᠥᠬᠦᠶ ᠵᠢᠷᠤᠮᠵᠢᠯᠠᠯ ᠢ ᠨᠥᠬᠦᠪᠥᠷᠢᠯᠡᠨ | ᠭᠦᠢᠴᠡᠳᠭᠡᠭᠦᠯᠬᠦ ᠪᠠᠷ ᠱᠠᠭᠠᠷᠳᠠᠵᠤ ᠪᠣᠯᠤᠨ᠎ᠠ᠃ ᠬᠠᠮᠲᠤ ᠪᠠᠷ ᠶᠠᠷᠢᠯᠴᠠᠨ ᠲᠣᠭᠲᠠᠭᠠᠬᠤ ᠪᠣᠯ ᠲᠠᠪᠤᠨ ᠶᠡᠭᠡ | ᠵᠢᠷᠤᠮᠵᠢᠯᠠᠯ ᠤᠨ ᠳᠣᠲᠣᠷᠠᠬᠢ ᠬᠠᠮᠤᠭ ᠰᠡᠭᠦᠯᠴᠢ ᠶᠢᠨ ᠨᠢᠭᠡ ᠵᠢᠷᠤᠮᠵᠢᠯᠠᠯ ᠪᠣᠯᠤᠨ᠎ᠠ᠂ ᠬᠡᠯᠡᠯᠭᠡᠨ ᠦᠭᠡᠢ ᠬᠠᠮᠲᠤ ᠪᠠᠷ | ᠶᠠᠷᠢᠯᠴᠠᠬᠤ ᠦᠶ᠎ᠡ ᠳᠤ ᠬᠤᠯᠪᠣᠭᠳᠠᠯ ᠪᠦᠬᠦᠢ ᠵᠢᠷᠤᠮᠵᠢᠯᠠᠯ ᠢ ᠳᠠᠬᠢᠵᠤ ᠭᠦᠢᠴᠡᠳᠬᠡᠬᠦ ᠪᠤᠶᠤ ᠨᠥᠬᠦᠪᠥᠷᠢᠯᠡᠨ | ᠭᠦᠢᠴᠡᠳᠭᠡᠭᠦᠯᠬᠦ ᠪᠠᠷ ᠱᠠᠭᠠᠷᠳᠠᠵᠦ ᠪᠤᠯᠤᠨ᠎ᠠ᠃ | ᠵᠢᠷᠭᠤᠭ᠎ᠠ᠂ ︽ᠵᠢᠷᠤᠮᠵᠢᠯᠠᠯ ᠤᠨ ᠲᠣᠭᠲᠠᠭᠠᠯ︾ ᠳᠤ ᠤᠯᠠᠨ ᠨᠡᠶᠢᠲᠡ ᠶᠢᠨ ᠣᠷᠣᠯᠴᠠᠯᠭ᠎ᠠ ᠶᠢᠨ ᠪᠤᠳᠠᠲᠠᠢ | ᠦᠷ᠎ᠡ ᠪᠦᠲᠦᠮᠵᠢᠲᠦ ᠴᠢᠨᠠᠷ ᠢ ᠪᠠᠲᠤᠯᠠᠬᠤ ᠲᠤᠬᠠᠶ ᠶᠠᠮᠠᠷ ᠶᠠᠮᠠᠷ ᠲᠣᠭᠲᠠᠭᠠᠯ ᠭᠠᠷᠭᠠᠭᠰᠠᠨ ᠪᠤᠢ︖ | ᠬᠠᠷᠢᠭᠤᠯᠲᠠ᠄ ᠡᠩ ᠲᠡᠷᠢᠭᠦᠨ ᠳᠤ᠂ ᠣᠯᠠᠨ ᠨᠡᠶᠢᠲᠡ ᠶᠢᠨ ᠰᠠᠨᠠᠯ ᠢ ᠰᠣᠨᠣᠰᠬᠤ ᠠᠷᠭ᠎ᠠ ᠬᠡᠯᠪᠡᠷᠢ ᠪᠠ | ᠠᠷᠭ᠎ᠠ ᠶᠢᠨ ᠲᠠᠯ᠎ᠠ ᠪᠠᠷ᠂ ᠶᠠᠷᠢᠯᠴᠠᠬᠤ ᠬᠤᠷᠠᠯ᠂ ᠭᠡᠷᠡᠴᠢᠯᠡᠯᠲᠡ ᠰᠣᠨᠣᠰᠬᠤ ᠬᠤᠷᠠᠯ᠂ ᠲᠤᠬᠠᠶ ᠶᠢᠨ ᠭᠠᠵᠠᠷ ᠲᠤᠨᠢ | ᠰᠤᠷᠪᠤᠯᠵᠢᠯᠠᠬᠤ᠂ ᠪᠢᠴᠢᠭ ᠢᠶᠠᠷ ᠰᠠᠨᠠᠯ ᠬᠤᠷᠢᠶᠠᠬᠤ᠂ ᠨᠡᠶᠢᠭᠡᠮ ᠨᠡᠶᠢᠲᠡ ᠠᠴᠠ ᠢᠯᠡ ᠪᠠᠷ ᠰᠠᠨᠠᠯ ᠬᠤᠷᠢᠶᠠᠬᠤ᠂ | ᠠᠰᠠᠭᠤᠯᠲᠠ ᠶᠢᠨ ᠬᠠᠭᠤᠳᠠᠰᠤ ᠪᠠᠷ ᠪᠠᠶᠢᠴᠠᠭᠠᠬᠤ᠂ ᠠᠷᠠᠳ ᠤᠨ ᠰᠠᠨᠠᠭ᠎ᠠ ᠶᠢ ᠪᠠᠶᠢᠴᠠᠭᠠᠬᠤ ᠵᠡᠷᠭᠡ ᠣᠯᠠᠨ ᠵᠦᠢᠯ ᠤᠨ | ᠠᠷᠭ᠎ᠠ ᠮᠠᠶ᠋ᠢᠭ ᠢ ᠪᠠᠭᠲᠠᠭᠠᠵᠤ᠂ ᠣᠯᠠᠨ ᠨᠡᠶᠢᠲᠡ ᠶᠢᠨ ᠣᠷᠣᠯᠴᠠᠬᠤ ᠳᠤ ᠲᠥᠬᠦᠮ ᠦᠵᠡᠭᠦᠯᠬᠦ ᠠᠷᠭ᠎ᠠ ᠮᠠᠶ᠋ᠢᠭ ᠢ | ᠠᠪᠬᠤ ᠬᠡᠷᠡᠭᠲᠡᠶ ᠭᠡᠵᠦ ᠱᠠᠭᠠᠷᠳᠠᠵᠠᠶ᠃ ᠰᠶᠢᠳᠪᠦᠷᠢᠲᠦ ᠪᠤᠳᠤᠯᠭ᠎ᠠ ᠶᠢᠨ ᠠᠭᠤᠯᠭ᠎ᠠ ᠪᠠ ᠬᠡᠷᠡᠭᠴᠡᠭᠡ ᠶᠢ ᠦᠨᠳᠦᠰᠦᠯᠡᠨ | ᠂ ᠪᠠᠰᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢ᠂ ᠤᠯᠤᠰ ᠲᠦᠷᠦ ᠶᠢᠨ | ᠵᠥᠪᠯᠡᠯᠭᠡᠨ ᠤ ᠭᠡᠰᠢᠭᠦᠨ ᠵᠢᠴᠢ ᠬᠤᠯᠪᠣᠭᠳᠠᠯ ᠪᠦᠬᠦᠢ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ | ᠰᠠᠨᠠᠯ ᠢ ᠰᠣᠨᠣᠰᠬᠤ ᠬᠡᠷᠡᠭᠲᠡᠶ᠃ ᠢᠯᠠᠩᠭᠤᠶ᠎ᠠ ᠵᠠᠰᠠᠭ ᠵᠠᠬᠢᠷᠭᠠᠨ ᠤ ᠴᠢᠬᠤᠯᠠ ᠶᠡᠭᠡ ᠰᠶᠢᠳᠪᠦᠷᠢᠲᠦ ᠪᠤᠳᠤᠯᠭ᠎ᠠ ᠨᠢ | ᠬᠡᠷᠪᠡ ᠣᠨᠴᠠ ᠲᠣᠭᠲᠠᠭᠰᠠᠨ ᠤᠯᠠᠨ ᠨᠡᠶᠢᠲᠡ ᠶᠢᠨ ᠠᠰᠢᠭ ᠲᠤᠰᠠ ᠳᠤ ᠬᠤᠯᠪᠣᠭᠳᠠᠪᠠᠯ᠂ ᠠᠷᠠᠳ ᠤᠨ ᠪᠦᠯᠬᠦᠮ᠂ | ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠤᠯᠠᠨ ᠲᠦᠮᠡᠨ ᠤ ᠲᠦᠯᠦᠭᠡᠯᠡᠭᠴᠢ ᠶᠢ ᠪᠠᠭᠲᠠᠭᠠᠭᠰᠠᠨ ᠬᠤᠯᠪᠣᠭᠳᠠᠯ | ᠪᠦᠬᠦᠢ ᠣᠨᠴᠠ ᠲᠣᠭᠲᠠᠭᠰᠠᠨ ᠤᠯᠠᠨ ᠨᠡᠶᠢᠲᠡ ᠶᠢᠨ ᠰᠠᠨᠠᠯ ᠢ ᠰᠣᠨᠣᠰᠬᠤ ᠶᠢ ᠱᠠᠭᠠᠷᠳᠠᠳᠠᠭ᠃ ᠲᠠᠷᠠᠭ᠎ᠠ ᠳᠤᠨᠢ᠂ | ᠪᠣᠳᠠᠲᠠᠶ ᠵᠢᠷᠤᠮᠵᠢᠯᠠᠯ ᠤᠨ ᠱᠠᠭᠠᠷᠳᠠᠯᠭ᠎ᠠ ᠶᠢᠨ ᠲᠠᠯ᠎ᠠ ᠪᠠᠷ᠂ ᠵᠢᠱᠢᠶᠡᠯᠡᠪᠡᠯ ᠢᠯᠡ ᠪᠠᠷ ᠰᠠᠨᠠᠯ ᠬᠤᠷᠢᠶᠠᠬᠤ | ᠱᠠᠭᠠᠷᠳᠠᠯᠭ᠎ᠠ ᠨᠢ ᠲᠥᠰᠦᠯ ᠤᠨ ᠲᠤᠬᠠᠶ ᠲᠣᠪᠬᠢᠮᠠᠯ ᠢᠶᠠᠷ ᠪᠠᠷᠠᠬᠤ ᠦᠭᠡᠢ᠂ ᠪᠠᠰᠠ ᠲᠣᠳᠣᠷᠬᠠᠶᠢᠯᠠᠯᠲᠠ ᠶᠢᠨ | ᠲᠠᠯ᠎ᠠ ᠪᠠᠷ ᠴᠥᠮ ᠰᠠᠨᠠᠯ ᠬᠤᠷᠢᠶᠠᠬᠤ ᠬᠡᠷᠡᠭᠲᠡᠶ᠃ ᠰᠠᠨᠠᠯ ᠬᠤᠷᠢᠶᠠᠬᠤ ᠳᠠᠭᠠᠨ ᠵᠠᠷᠴᠢᠮ ᠳᠡᠭᠡᠷ᠎ᠡ ᠪᠠᠨ 30 | ᠡᠳᠦᠷ ᠠᠴᠠ ᠳᠤᠲᠠᠭᠤ ᠪᠠᠶᠢᠵᠤ ᠪᠣᠯᠬᠤ ᠥᠬᠡᠶ᠂ ᠣᠯᠠᠨ ᠨᠡᠶᠢᠲᠡ ᠳᠤ ᠮᠡᠳᠡᠭᠳᠡᠬᠦ ᠳᠤ ᠲᠥᠬᠦᠮ ᠵᠠᠭᠤᠴᠢᠯᠠᠭᠤᠷ ᠪᠠ | ᠠᠷᠭ᠎ᠠ ᠵᠠᠮ ᠢᠶᠠᠷ ᠳᠠᠮᠵᠢᠭᠤᠯᠤᠨ᠂ ᠣᠯᠠᠨ ᠳᠤ ᠣᠶᠢᠯᠠᠭᠠᠭᠤᠯᠤᠨ ᠡᠵᠡᠮᠰᠢᠭᠦᠯᠬᠦ ᠬᠡᠷᠡᠭᠲᠡᠶ᠃ ᠨᠡᠶᠢᠭᠡᠮ ᠨᠡᠶᠢᠲᠡ ᠶᠢᠨ | ᠨᠡᠶᠢᠳᠡᠮ ᠠᠩᠬᠠᠷᠴᠤ ᠪᠠᠶᠢᠭ᠎ᠠ ᠪᠤᠶᠤ ᠲᠤᠰᠬᠠᠶ ᠮᠡᠷᠭᠡᠵᠢᠯ ᠤᠨ ᠴᠢᠨᠠᠷ᠂ ᠮᠡᠷᠭᠡᠵᠢᠯ ᠤᠨ ᠴᠢᠨᠠᠷ ᠢᠶᠠᠷ ᠨᠡᠯᠢᠶᠡᠳ ᠴᠢᠩᠭ᠎ᠠ | ᠴᠢᠬᠤᠯᠠ ᠶᠡᠭᠡ ᠰᠶᠢᠳᠪᠦᠷᠢᠲᠦ ᠪᠤᠳᠤᠯᠭ᠎ᠠ ᠶᠢᠨ ᠵᠦᠢᠯᠡᠰ ᠢ ᠪᠠᠰᠠ ᠰᠣᠨᠢᠨ ᠮᠡᠳᠡᠭᠡ ᠨᠡᠶᠢᠲᠡᠯᠡᠬᠦ ᠬᠤᠷᠠᠯ᠂ ᠲᠤᠰᠬᠠᠶ | ᠮᠡᠷᠭᠡᠵᠢᠯᠲᠡᠨ ᠤ ᠰᠤᠷᠪᠤᠯᠵᠢᠯᠠᠭ᠎ᠠ ᠵᠡᠷᠭᠡ ᠠᠷᠭ᠎ᠠ ᠮᠠᠶ᠋ᠢᠭ ᠢᠶᠠᠷ ᠲᠠᠶᠢᠯᠪᠤᠷᠢᠯᠠᠨ ᠲᠣᠳᠣᠷᠬᠠᠶᠢᠯᠠᠬᠤ ᠬᠡᠷᠡᠭᠲᠡᠶ︔ | ᠭᠡᠷᠡᠴᠢᠯᠡᠯᠲᠡ ᠰᠣᠨᠣᠰᠬᠤ ᠬᠤᠷᠠᠯ ᠳᠤ ᠴᠢᠭᠯᠡᠭᠦᠯᠦᠨ᠂ ︽ᠵᠢᠷᠤᠮᠵᠢᠯᠠᠯ ᠤᠨ ᠲᠣᠭᠲᠠᠭᠠᠯ︾ ᠳᠤ ᠭᠡᠷᠡᠴᠢᠯᠡᠯᠲᠡ | ᠰᠣᠨᠣᠰᠬᠤ ᠬᠤᠷᠠᠯ ᠤᠨ ᠲᠦᠯᠦᠭᠡᠯᠡᠭᠴᠢᠳ ᠢ ᠥᠷᠭᠡᠨ ᠳᠡᠯᠭᠡᠷᠡᠩᠭᠦᠶ ᠴᠢᠨᠠᠷ ᠲᠠᠢ ᠪᠠᠶᠢᠬᠤ ᠶᠢ ᠱᠠᠭᠠᠷᠳᠠᠭᠰᠠᠨ ᠪᠥᠭᠡᠳ | ᠭᠡᠷᠡᠴᠢᠯᠡᠯᠲᠡ ᠰᠣᠨᠣᠰᠬᠤ ᠠᠯᠪᠠᠨ ᠵᠠᠷ ᠤᠨ ᠠᠭᠤᠯᠭ᠎ᠠ ᠪᠠ ᠰᠠᠨᠠᠯ ᠰᠣᠨᠣᠰᠬᠤ ᠬᠤᠷᠠᠯ ᠤᠨ ᠵᠢᠷᠤᠮ ᠢ ᠲᠣᠭᠲᠠᠭᠠᠵᠠᠶ᠃ | | ᠲᠤᠯᠤᠭ᠎ᠠ᠂ ᠰᠶᠢᠳᠪᠦᠷᠢᠲᠦ ᠪᠤᠳᠤᠯᠭ᠎ᠠ ᠲᠣᠭᠲᠠᠭᠠᠬᠤ ᠪᠠᠶᠢᠭᠤᠯᠭ᠎ᠠ ᠨᠢ ᠲᠤᠰᠬᠠᠶ ᠮᠡᠷᠭᠡᠵᠢᠯᠲᠡᠨ ᠤ ᠬᠥᠮᠥᠷᠭᠡ | ᠪᠠᠶᠢᠭᠤᠯᠵᠤ᠂ ᠲᠡᠭᠦᠨ ᠤ ᠳᠣᠲᠣᠷ᠎ᠠ ᠠᠴᠠ ᠲᠤᠰᠬᠠᠶ ᠮᠡᠷᠭᠡᠵᠢᠯᠲᠡᠨ ᠢ ᠰᠣᠩᠭᠤᠨ ᠲᠤᠰᠬᠠᠶ ᠮᠡᠷᠭᠡᠵᠢᠯᠲᠡᠨ ᠢᠶᠠᠷ | ᠨᠤᠲᠠᠯᠠᠭᠤᠯᠵᠤ ᠪᠣᠯᠤᠨ᠎ᠠ ᠤᠤ ᠦᠭᠡᠢ ᠤᠤ︖ | ᠬᠠᠷᠢᠭᠤᠯᠲᠠ᠄ ︽ᠵᠢᠷᠤᠮᠵᠢᠯᠠᠯ ᠤᠨ ᠲᠣᠭᠲᠠᠭᠠᠯ︾ ᠤᠨ ᠬᠤᠷᠢᠨ ᠨᠠᠢᠮᠠᠳᠤᠭᠠᠷ ᠵᠦᠢᠯ ᠤᠨ ᠲᠣᠭᠲᠠᠭᠠᠯ ᠢ | ᠦᠨᠳᠦᠰᠦᠯᠡᠪᠡᠯ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠨᠢ ᠰᠶᠢᠳᠪᠦᠷᠢᠲᠦ | ᠪᠣᠳᠣᠯᠭ᠎ᠠ ᠶᠢᠨ ᠵᠦᠪᠯᠡᠯᠭᠡ ᠥᠭᠴᠦ ᠨᠤᠲᠠᠯᠠᠯᠲᠠ ᠬᠢᠬᠦ ᠲᠤᠰᠬᠠᠶ ᠮᠡᠷᠭᠡᠵᠢᠯᠲᠡᠨ ᠤ ᠬᠥᠮᠥᠷᠭᠡ ᠪᠠᠶᠢᠭᠤᠯᠬᠤ ᠬᠡᠷᠡᠭᠲᠡᠶ︔ | ᠲᠣᠭᠤᠷᠢᠭ ᠲᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠠᠶᠢᠮᠠᠭ ᠤᠨ ᠵᠠᠬᠢᠷᠭ᠎ᠠ ᠪᠠ ᠬᠤᠰᠢᠭᠤ ᠰᠢᠶᠠᠨ ᠤ | ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠬᠡᠷᠡᠭᠴᠡᠭᠡ ᠪᠠᠨ ᠦᠨᠳᠦᠰᠦᠯᠡᠨ ᠰᠶᠢᠳᠪᠦᠷᠢᠲᠦ ᠪᠣᠳᠣᠯᠭ᠎ᠠ ᠶᠢᠨ | ᠵᠦᠪᠯᠡᠯᠭᠡ ᠥᠭᠴᠦ ᠨᠤᠲᠠᠯᠠᠯᠲᠠ ᠬᠢᠬᠦ ᠲᠤᠰᠬᠠᠶ ᠮᠡᠷᠭᠡᠵᠢᠯᠲᠡᠨ ᠤ ᠬᠥᠮᠥᠷᠭᠡ ᠪᠠᠶᠢᠭᠤᠯᠵᠤ ᠪᠣᠯᠤᠨ᠎ᠠ︔ ᠰᠶᠢᠳᠪᠦᠷᠢᠲᠦ | ᠪᠤᠳᠤᠯᠭ᠎ᠠ ᠲᠣᠭᠲᠠᠭᠠᠬᠤ ᠪᠠᠶᠢᠭᠤᠯᠭ᠎ᠠ ᠨᠢ ᠰᠶᠢᠳᠪᠦᠷᠢᠲᠦ ᠪᠤᠳᠤᠯᠭ᠎ᠠ ᠶᠢᠨ ᠵᠥᠪᠯᠡᠯᠭᠡ ᠥᠭᠴᠦ ᠨᠤᠲᠠᠯᠠᠯᠲᠠ ᠬᠢᠬᠦ | ᠲᠤᠰᠬᠠᠶ ᠮᠡᠷᠭᠡᠵᠢᠯᠲᠡᠨ ᠤ ᠬᠥᠮᠥᠷᠭᠡ ᠪᠠᠶᠢᠭᠤᠯᠤᠭᠰᠠᠨ ᠦᠭᠡᠢ ᠪᠠᠶᠢᠪᠠᠯ᠂ ᠳᠡᠭᠡᠳᠦ ᠱᠠᠲᠤᠨ ᠤ ᠵᠠᠰᠠᠭ ᠵᠠᠬᠢᠷᠭᠠᠨ ᠤ | ᠪᠠᠶᠢᠭᠤᠯᠭ᠎ᠠ ᠶᠢᠨ ᠲᠤᠰᠬᠠᠶ ᠮᠡᠷᠭᠡᠵᠢᠯᠲᠡᠨ ᠤ ᠬᠥᠮᠥᠷᠭᠡ ᠶᠢ ᠬᠡᠷᠡᠭᠯᠡᠵᠦ ᠪᠣᠯᠤᠨ᠎ᠠ᠃ | ᠨᠠᠢᠮᠠ᠂ ᠰᠶᠢᠳᠪᠦᠷᠢᠲᠦ ᠪᠤᠳᠤᠯᠭ᠎ᠠ ᠲᠣᠭᠲᠠᠭᠠᠬᠤ ᠪᠠᠶᠢᠭᠤᠯᠭ᠎ᠠ ᠠᠴᠠ ᠰᠶᠢᠳᠪᠦᠷᠢᠲᠦ ᠪᠤᠳᠤᠯᠭ᠎ᠠ | ᠲᠣᠭᠲᠠᠭᠠᠭᠰᠠᠨ ᠤ ᠲᠠᠷᠠᠭ᠎ᠠ ᠦᠨᠡᠯᠡᠨ ᠵᠢᠱᠢᠬᠦ ᠶᠢ ᠵᠣᠬᠢᠶᠠᠨ ᠪᠠᠶᠢᠭᠤᠯᠵᠤ ᠪᠣᠯᠬᠤ ᠪᠠᠶᠢᠳᠠᠯ ᠳᠤ ᠶᠠᠮᠠᠷ ᠶᠠᠮᠠᠷ ᠪᠠᠶᠢᠳᠠᠯ | ᠪᠠᠶᠢᠬᠤ ᠪᠤᠢ︖ | ᠬᠠᠷᠢᠭᠤᠯᠲᠠ᠄ ᠨᠢᠭᠡ ᠳᠤ ᠰᠶᠢᠳᠪᠦᠷᠢᠲᠦ ᠪᠣᠳᠣᠯᠭ᠎ᠠ ᠲᠣᠭᠲᠠᠭᠠᠬᠤ ᠳᠤ ᠦᠨᠳᠦᠰᠦ ᠪᠠᠷᠢᠮᠲᠠ ᠪᠣᠯᠭᠠᠭᠰᠠᠨ | ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ᠂ ᠲᠥᠷᠥ ᠶᠢᠨ ᠪᠣᠳᠣᠯᠭ᠎ᠠ ᠵᠢᠴᠢ ᠪᠤᠰᠤᠳᠴᠢ | ᠪᠠᠶᠢᠳᠠᠯ ᠳᠤ ᠴᠢᠬᠤᠯᠠ ᠶᠡᠭᠡ ᠬᠤᠪᠢᠷᠠᠯᠲᠠ ᠭᠠᠷᠤᠭᠰᠠᠨ︔ ᠬᠤᠶᠠᠷ ᠲᠤ ᠴᠢᠬᠤᠯᠠ ᠶᠡᠭᠡ ᠵᠠᠰᠠᠭ ᠵᠠᠬᠢᠷᠭᠠᠨ ᠤ | ᠰᠶᠢᠳᠪᠦᠷᠢᠲᠦ ᠪᠣᠳᠣᠯᠭ᠎ᠠ ᠶᠢ ᠬᠡᠷᠡᠭᠵᠢᠭᠦᠯᠦᠭᠰᠡᠨ ᠤ ᠳᠠᠷᠠᠭ᠎ᠠ ᠵᠢᠱᠢᠭᠰᠡᠨ ᠦᠷ᠎ᠡ ᠪᠦᠲᠦᠮᠵᠢ ᠳᠤ ᠢᠯᠡᠳᠲᠡ ᠬᠦᠷᠴᠦ | ᠴᠢᠳᠠᠭᠰᠠᠨ ᠥᠬᠡᠶ︔ ᠭᠤᠷᠪᠠ ᠳᠤ ᠠᠷᠠᠳ ᠢᠷᠭᠡᠨ᠂ ᠬᠠᠤᠯᠢ ᠶᠢᠨ ᠬᠥᠮᠦᠨ ᠪᠤᠶᠤ ᠪᠤᠰᠤᠳ ᠵᠣᠬᠢᠶᠠᠨ | ᠪᠠᠶᠢᠭᠤᠯᠤᠯᠲᠠ ᠨᠡᠯᠢᠶᠡᠳ ᠤᠯᠠᠨ ᠰᠠᠨᠠᠯ ᠳᠤᠷᠠᠳᠤᠭᠰᠠᠨ︔ ᠲᠦᠷᠪᠡ ᠳᠤ ᠰᠶᠢᠳᠪᠦᠷᠢᠲᠦ ᠪᠤᠳᠤᠯᠭ᠎ᠠ ᠲᠣᠭᠲᠠᠭᠠᠬᠤ | ᠪᠠᠶᠢᠭᠤᠯᠭ᠎ᠠ ᠠᠴᠠ ᠴᠢᠬᠤᠯᠠᠲᠠᠶ ᠭᠡᠵᠦ ᠦᠵᠡᠭᠰᠡᠨ ᠪᠤᠰᠤᠳ ᠪᠠᠶᠢᠳᠠᠯ ᠤᠳ ᠪᠤᠯᠤᠨ᠎ᠠ᠃ | | | ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ ᠣᠷᠴᠢᠭᠤᠯᠪᠠ |