ᠲᠦᠩᠯᠢᠶᠣᠤ ᠬᠤᠲᠠ ᠶᠢᠨ ᠪᠡᠶ᠎ᠡ ᠶᠢᠨ ᠲᠠᠮᠢᠷ ᠤᠨ ᠲᠣᠪᠴᠢᠶ᠎ᠠ ᠠᠶᠤᠯᠭᠦᠶ ᠦᠢᠯᠡᠳᠪᠦᠷᠢᠯᠡᠯ ᠤᠨ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/4/22
    4 ᠳ᠋ᠤᠭᠡᠷ ᠰᠠᠷ᠎ᠠ ᠶᠢᠨ 20 ᠤ ᠡᠳᠦᠷ᠂ ᠲᠦᠩᠯᠢᠶᠣᠤ ᠬᠤᠲᠠ ᠶᠢᠨ ᠪᠡᠶ᠎ᠡ ᠶᠢᠨ ᠲᠠᠮᠢᠷ ᠤᠨ ᠲᠣᠪᠴᠢᠶ᠎ᠠ ᠠᠶᠤᠯ ᠥᠬᠡᠶ ᠦᠢᠯᠡᠳᠪᠦᠷᠢᠯᠡᠯ ᠤᠨ ᠠᠵᠢᠯ ᠤᠨ ᠬᠤᠷᠠᠯ ᠬᠤᠷᠠᠯᠳᠤᠭᠤᠯᠪᠠ᠃ ᠲᠦᠩᠯᠢᠶᠣᠤ ᠬᠤᠲᠠ ᠶᠢᠨ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠲᠢᠶᠠᠨ ᠶᠧ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃     ᠬᠤᠷᠠᠯ ᠠᠴᠠ ᠲᠦᠩᠯᠢᠶᠣᠤ ᠬᠤᠲᠠ ᠶᠢᠨ ᠠᠶᠤᠯ ᠥᠬᠡᠶ ᠦᠢᠯᠡᠳᠪᠦᠷᠢᠯᠡᠯ ᠤᠨ ᠵᠥᠪᠯᠡᠯ ᠤᠨ ᠠᠯᠪᠠᠨ ᠬᠡᠷ ᠪᠣᠯᠤᠨ ᠲᠦᠩᠯᠢᠶᠣᠤ ᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠲᠥᠪ ᠤᠨ ᠵᠢᠯᠣᠭᠤᠳᠬᠤ ᠭᠠᠵᠠᠷ ᠤᠨ ᠡᠮᠴᠢᠯᠡᠭᠡᠨ ᠤ ᠰᠡᠷᠭᠡᠶᠢᠯᠡᠨ ᠡᠵᠡᠮᠳᠡᠬᠦ ᠳᠤᠭᠤᠶᠢᠯᠠᠩ ᠤᠨ ᠪᠡᠶ᠎ᠡ ᠶᠢᠨ ᠲᠠᠮᠢᠷ ᠤᠨ ᠤᠷᠤᠯᠳᠤᠭᠠᠨ ᠤ ᠲᠤᠬᠠᠶ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠳᠡᠭᠡᠳᠦ ᠱᠠᠲᠤᠨ ᠤ ᠠᠶᠤᠯ ᠥᠬᠡᠶ ᠦᠢᠯᠡᠳᠪᠦᠷᠢᠯᠡᠯ ᠤᠨ ᠲᠤᠬᠠᠶ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠪᠠ᠃     ᠬᠤᠷᠠᠯ ᠠᠴᠠ᠂ ᠠᠶᠤᠯᠭᠦᠢ ᠦᠢᠯᠡᠳᠪᠦᠷᠢᠯᠡᠯ ᠤᠨ ᠰᠡᠷᠡᠮᠵᠢ ᠶᠢᠨ ᠬᠤᠩᠬᠤ ᠶᠢ ᠡᠷᠬᠡᠪᠰᠢ ᠪᠠᠶᠢᠩᠭᠤ ᠳᠤᠤᠭᠠᠷᠭᠠᠵᠤ᠂ ᠴᠥᠬᠦᠷᠡᠰᠢ ᠦᠭᠡᠢ ᠠᠳᠬᠤᠬᠤ ᠬᠡᠷᠡᠭᠲᠡᠢ᠂ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠬᠠᠷᠢᠭᠤᠴᠠᠯᠭ᠎ᠠ ᠡᠭᠦᠷᠭᠡᠯᠡᠵᠦ᠂ ᠴᠢᠳᠠᠪᠤᠷᠢ ᠪᠠᠨ ᠳᠡᠭᠡᠭᠰᠢᠯᠡᠭᠦᠯᠵᠦ᠂ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ᠠᠯᠮᠠᠶᠢᠷᠠᠨ ᠲᠠᠶᠢᠪᠤᠰᠢᠷᠠᠬᠤ ᠦᠵᠡᠯ ᠰᠠᠨᠠᠭ᠎ᠠ ᠶᠢ ᠲᠡᠪᠴᠢᠵᠦ᠂ ᠠᠶᠤᠯᠭᠦᠢ ᠦᠢᠯᠡᠳᠪᠦᠷᠢᠯᠡᠯ ᠤᠨ ᠬᠥᠪᠴᠢ ᠶᠢ ᠴᠠᠭ ᠢᠮᠠᠭᠲᠠ ᠴᠢᠩᠭᠠᠯᠠᠵᠤ᠂ ᠠᠮᠤᠷ ᠲᠦᠪᠰᠢᠨ ᠤ ᠤᠬᠠᠮᠰᠠᠷ ᠪᠣᠯᠤᠨ ᠠᠮᠤᠷ ᠲᠦᠪᠰᠢᠨ ᠤ ᠠᠶᠤᠯ ᠲᠦᠭᠰᠢᠭᠦᠷᠢ ᠶᠢ ᠰᠡᠷᠭᠡᠶᠢᠯᠡᠬᠦ ᠴᠢᠳᠠᠪᠤᠷᠢ ᠪᠠᠨ ᠲᠠᠰᠤᠷᠠᠯᠲᠠ ᠦᠭᠡᠢ ᠴᠢᠩᠭᠠᠳᠬᠠᠬᠤ ᠬᠡᠷᠡᠭᠲᠡᠢ᠃ ᠠᠵᠢᠯ ᠤᠨ ᠭᠤᠣᠯᠳᠠᠯᠭ᠎ᠠ ᠪᠠᠨ ᠲᠤᠪᠤᠶᠢᠯᠭᠠᠵᠤ᠂ ᠲᠤᠬᠠᠶᠢᠯᠠᠭᠰᠠᠨ ᠠᠵᠢᠯ ᠢᠶᠠᠨ ᠠᠶᠤᠯᠭᠦᠢ ᠦᠢᠯᠡᠳᠪᠦᠷᠢᠯᠡᠯ ᠲᠠᠢ ᠨᠢᠭᠲᠠ ᠤᠶᠠᠯᠳᠤᠭᠤᠯᠵᠤ᠂ ᠤᠯᠠᠨ ᠲᠦᠮᠡᠨ ᠤ ᠠᠰᠢᠭ ᠲᠤᠰᠠ ᠶᠢ ᠳᠡᠭᠡᠳᠦᠯᠡᠬᠦ ᠶᠢ ᠪᠠᠷᠢᠮᠲᠠᠯᠠᠵᠤ᠂ ᠵᠣᠷᠢᠯᠲᠠ ᠶᠢᠨ ᠤᠬᠠᠮᠰᠠᠷ ᠢᠶᠠᠨ ᠴᠢᠩᠭᠠᠳᠬᠠᠵᠤ᠂ ᠭᠤᠣᠯᠳᠠᠯᠭ᠎ᠠ ᠲᠠᠢ ᠣᠷᠣᠨ ᠪᠠᠶᠢᠷᠢ ᠶᠢᠨ ᠠᠮᠤᠷ ᠲᠦᠪᠰᠢᠨ ᠢ ᠴᠢᠩᠭᠠᠳᠬᠠᠵᠤ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ᠂ ᠰᠤᠷᠤᠭᠴᠢᠳ ᠤᠨ ᠠᠮᠤᠷ ᠲᠦᠪᠰᠢᠨ ᠪᠠ ᠢᠳᠡᠭᠡᠨ ᠤ ᠠᠮᠤᠷ ᠲᠦᠪᠰᠢᠨ ᠢ ᠰᠠᠶᠢᠲᠤᠷ ᠠᠳᠬᠤᠬᠤ ᠬᠡᠷᠡᠭᠲᠡᠢ᠃ ᠪᠡᠶ᠎ᠡ ᠶᠢᠨ ᠲᠠᠮᠢᠷ ᠤᠨ ᠠᠵᠢᠯᠯᠠᠭ᠎ᠠ ᠥᠷᠨᠢᠭᠦᠯᠬᠦ ᠳᠤ ᠪᠡᠯᠡᠳᠬᠡᠯ ᠲᠥᠰᠦᠯ ᠲᠠᠢ ᠪᠠᠶᠢᠬᠤ ᠬᠡᠷᠡᠭᠲᠡᠢ ᠪᠥᠭᠡᠳ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠮᠢᠶ᠎ᠠ ᠪᠦᠬᠦᠢ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠢ᠃ ᠪᠡᠶ᠎ᠡ ᠶᠢᠨ ᠲᠠᠮᠢᠷ ᠤᠨ ᠲᠠᠯᠠᠪᠠᠶ ᠣᠷᠳᠣᠨ ᠤ ᠬᠠᠮᠢᠶᠠᠷᠤᠯᠲᠠ ᠶᠢ ᠴᠢᠩᠭᠠᠳᠬᠠᠵᠤ᠂ ᠡᠯ᠎ᠡ ᠲᠠᠯᠠᠪᠠᠶ ᠣᠷᠳᠣᠨ ᠤ ᠠᠮᠤᠷ ᠲᠦᠪᠰᠢᠨ ᠤ ᠬᠠᠮᠢᠶᠠᠷᠤᠯᠲᠠ ᠶᠢ ᠪᠣᠳᠠᠲᠠᠶᠢᠵᠢᠭᠤᠯᠵᠤ᠂ ᠠᠮᠤᠷ ᠲᠦᠪᠰᠢᠨ ᠤ ᠲᠣᠭᠤᠷᠢᠨ ᠪᠠᠶᠢᠴᠠᠭᠠᠯᠲᠠ ᠶᠢ ᠪᠣᠳᠠᠲᠠᠶᠢᠵᠢᠭᠤᠯᠵᠤ᠂ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠢ ᠪᠣᠳᠠᠲᠠᠶᠢᠵᠢᠭᠤᠯᠵᠤ᠂ ᠡᠯ᠎ᠡ ᠲᠥᠷᠥᠯ ᠤᠨ ᠲᠠᠯᠠᠪᠠᠶ ᠣᠷᠳᠣᠨ ᠤ ᠠᠵᠢᠯᠯᠠᠭᠠᠨ ᠤ ᠠᠮᠤᠷ ᠲᠦᠪᠰᠢᠨ ᠢ ᠪᠠᠲᠤᠯᠠᠬᠤ ᠬᠡᠷᠡᠭᠲᠡᠶ᠃ ᠪᠡᠶ᠎ᠡ ᠶᠢᠨ ᠲᠠᠮᠢᠷ ᠤᠨ ᠱᠠᠩᠨᠠᠯᠲᠤ ᠰᠤᠭᠤᠯᠤᠭ᠎ᠠ ᠶᠢᠨ ᠬᠥᠮᠥᠷᠭᠡᠯᠡᠨ ᠬᠠᠳᠠᠭᠠᠯᠠᠬᠤ᠂ ᠲᠡᠭᠡᠭᠡᠪᠦᠷᠢᠯᠡᠬᠦ ᠪᠠ ᠪᠣᠷᠣᠯᠠᠭᠤᠯᠤᠨ ᠬᠤᠳᠠᠯᠳᠤᠬᠤ ᠶᠢᠨ ᠠᠶᠤᠯ ᠦᠭᠡᠶ ᠶᠢ ᠴᠢᠩᠭᠠᠳᠬᠠᠵᠤ᠂ ᠭᠠᠯ ᠤᠨ ᠠᠶᠤᠯ ᠵᠡᠷᠭᠡ ᠡᠯ᠎ᠡ ᠲᠥᠷᠥᠯ ᠤᠨ ᠠᠶᠤᠯ ᠦᠭᠡᠶ ᠶᠢᠨ ᠠᠳᠡᠯ ᠭᠠᠷᠬᠤ ᠶᠢ ᠵᠣᠭᠰᠣᠭᠠᠬᠤ ᠬᠡᠷᠡᠭᠲᠡᠶ ᠭᠡᠵᠡᠢ᠃     ᠬᠤᠷᠠᠯ ᠠᠴᠠ᠂ ᠡᠯ᠎ᠡ ᠰᠠᠯᠠᠭ᠎ᠠ ᠲᠠᠰᠤᠭ ᠤᠨ ᠬᠤᠶᠠᠳᠤᠭᠠᠷ ᠳᠡᠰ ᠤᠨ ᠨᠢᠭᠡᠴᠢ ᠶᠢᠨ ᠬᠢᠨ ᠠᠵᠢᠯ ᠲᠦᠷᠦᠯ ᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ᠂ ᠲᠤᠬᠠᠶᠢᠯᠠᠭᠰᠠᠨ ᠠᠵᠢᠯ ᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ᠂ ᠦᠢᠯᠡᠳᠪᠦᠷᠢᠯᠡᠯ ᠡᠵᠡᠩᠨᠡᠯᠲᠡ ᠶᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ᠂ ᠠᠶᠤᠯᠭᠦᠢ ᠦᠢᠯᠡᠳᠪᠦᠷᠢᠯᠡᠯ ᠢ ᠴᠢᠩᠭ᠎ᠠ ᠠᠳᠬᠤᠬᠤ ᠶᠢ ᠪᠡᠶᠡᠯᠡᠭᠦᠯᠵᠦ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠠᠶᠢᠩᠭᠤᠵᠢᠭᠤᠯᠵᠤ᠂ ᠶᠡᠭᠡ ᠲᠠᠯ᠎ᠠ ᠠᠴᠠ ᠪᠣᠳᠣᠯᠬᠢᠯᠠᠨ᠂ ᠲᠠᠨᠢᠯᠲᠠ ᠪᠠᠨ ᠳᠡᠭᠡᠭᠰᠢᠯᠡᠭᠦᠯᠵᠦ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭᠠᠲᠤ ᠰᠡᠳᠬᠢᠯᠭᠡ ᠪᠣᠯᠤᠨ ᠲᠣᠯᠭᠠᠮ᠎ᠠ ᠪᠤᠳᠤᠯ ᠢᠶᠠᠨ ᠦᠨᠡᠨ ᠬᠦ ᠴᠢᠩᠭᠠᠳᠬᠠᠬᠤ ᠬᠡᠷᠡᠭᠲᠡᠢ ᠭᠡᠪᠡ᠃
 
ᠢᠷᠡᠯᠲᠡ᠄ ᠲᠣᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18004690号