4 ᠰᠠᠷ᠎ᠠ ᠶᠢᠨ 23 ᠤ ᠡᠳᠤᠷ᠂ ᠬᠤᠷᠢᠨ ᠵᠢᠷᠭᠤᠳᠡᠬᠢ ᠳᠡᠯᠡᠬᠡᠶ ᠶᠢᠨ ᠨᠣᠮ ᠤᠩᠰᠢᠬᠤ ᠡᠳᠦᠷᠯᠢᠭ ᠲᠤ ᠦᠪᠦᠷ | ᠮᠤᠩᠭᠤᠯ ᠤᠨ ᠨᠤᠮ ᠤᠨ ᠰᠠᠩ᠂ ᠬᠥᠬᠡᠬᠤᠲᠠ ᠶᠢᠨ ᠨᠣᠮ ᠤᠨ ᠰᠠᠩ᠂ ᠰᠢᠨᠬᠤᠧᠠ ᠨᠤᠮ ᠤᠨ ᠳᠡᠯᠭᠡᠬᠦᠷ ᠵᠡᠷᠭᠡ ᠳᠤ | ᠤᠯᠠᠨ ᠬᠡᠯᠪᠡᠷᠢ ᠶᠢᠨ ᠨᠤᠮ ᠤᠩᠰᠢᠬᠤ ᠰᠢᠷᠢᠰ ᠠᠵᠢᠯᠯᠠᠭ᠎ᠠ ᠶᠠᠪᠤᠭᠳᠠᠪᠠ᠃ | ᠦᠳᠡ ᠶᠢᠨ ᠡᠮᠦᠨᠡᠬᠢ 9 ᠴᠠᠭ ᠠᠴᠠ ᠡᠬᠢᠯᠡᠨ ᠦᠪᠦᠷ ᠮᠤᠩᠭᠤᠯ ᠤᠨ ᠨᠤᠮ ᠤᠨ ᠰᠠᠩ ᠳᠤ ︽ᠪᠤᠤᠬᠢᠶ᠎ᠠ | ᠳᠠᠮᠵᠢᠭᠤᠯᠤᠨ ᠡᠷᠡᠮᠡᠭᠡᠶᠢᠯᠡᠨ ᠤᠷᠤᠭᠰᠢᠯᠠᠶ᠎ᠠ︾ ᠬᠡᠬᠦ ᠭᠤᠤᠯ ᠰᠡᠳᠦᠪᠳᠦ ᠳᠤᠮᠳᠠᠳᠤ ᠤᠯᠤᠰ ᠤᠨ ᠡᠪ ᠬᠠᠮᠳᠤ ᠨᠠᠮ | ᠪᠠᠶᠢᠭᠤᠯᠤᠭᠳᠠᠭᠰᠠᠨ 100 ᠵᠢᠯ ᠤᠨ ᠤᠢ ᠶᠢ ᠪᠠᠶᠠᠷᠯᠠᠨ ᠤᠭᠳᠤᠬᠤ ᠨᠤᠮ ᠪᠢᠴᠢᠭ ᠤᠨ | ᠳᠠᠨᠢᠯᠴᠠᠭᠤᠯᠭ᠎ᠠ᠂ ︽ᠳᠤᠮᠳᠠᠳᠤ ᠤᠯᠤᠰ ᠤᠨ ᠡᠷᠲᠡᠨ ᠤ ᠰᠢᠯᠦᠭ ᠳᠠᠭᠤᠯᠠᠯ ᠤᠨ ᠳᠣᠲᠣᠭᠠᠳᠤ ᠠᠭᠤᠯᠬᠤᠨ ᠤ ᠭᠤᠸ᠎ᠠ | ᠰᠠᠶᠢᠬᠠᠨ ᠤ ᠵᠠᠳᠠᠯᠤᠯᠲᠠ︾ ᠶᠢᠨ ᠳᠠᠶᠢᠯᠤᠮᠵᠢ ᠵᠡᠷᠭᠡ ᠠᠵᠢᠯᠯᠠᠭ᠎ᠠ ᠶᠠᠪᠤᠭᠳᠠᠪᠠ᠃ 10 ᠴᠠᠭ ᠬᠠᠭᠠᠰ ᠤᠨ ᠦᠶ᠎ᠡ ᠪᠠᠷ | ᠂ ᠨᠤᠮ ᠤᠨ ᠰᠠᠩ ᠤᠨ ᠬᠤᠶᠠᠳᠤᠭᠠᠷ ᠳᠠᠪᠬᠤᠷᠯᠢᠭ ᠲᠤ ︽ᠨᠤᠳᠤᠭ ᠤᠨ ᠳᠠᠭᠤᠤ ᠪᠠᠨ ᠳᠠᠭᠤᠯᠠᠵᠤ ᠨᠠᠮ ᠳᠠᠭᠠᠨ | ᠡᠷᠭᠦᠨ ᠪᠠᠷᠢᠶ᠎ᠠ︾ ᠬᠡᠬᠦ ᠳᠠᠭᠤᠤ ᠬᠠᠩᠬᠢᠨᠠᠵᠤ᠂ ᠤᠯᠤᠰ ᠤᠨ ᠲᠤᠭ᠂ ᠨᠠᠮ ᠤᠨ ᠳᠤᠭ ᠠᠳᠬᠤᠬᠰᠠᠨ ᠤᠩᠰᠢᠬᠴᠢᠳ | ᠳᠠᠯ᠎ᠠ ᠳᠠᠯ᠎ᠠ ᠠᠴᠠ ᠬᠦᠷᠦᠯᠴᠡᠨ ᠢᠷᠡᠵᠤ᠂ ᠳᠠᠯᠠᠪᠠᠢ ᠲᠦᠬᠦᠷᠠᠳᠡᠯᠡ ᠵᠤᠭᠰᠤᠵᠤ᠂ ᠬᠤᠪᠢᠰᠬᠠᠯᠳᠤ ᠳᠠᠭᠤᠤ ᠪᠠᠨ | ᠳᠠᠭᠤᠯᠠᠵᠤ ᠨᠤᠮ ᠤᠩᠰᠢᠬᠤ ᠡᠳᠦᠷᠯᠢᠭ ᠢᠶᠠᠨ ᠳᠡᠮᠳᠡᠭᠯᠡᠭᠰᠡᠨ ᠪᠠᠶᠢᠨ᠎ᠠ᠃ | ᠦᠪᠦᠷ ᠮᠤᠩᠭᠤᠯ ᠤᠨ ᠨᠤᠮ ᠤᠨ ᠰᠠᠩ ᠤᠨ ᠰᠢᠷᠢᠰ ᠠᠵᠢᠯᠯᠠᠭ᠎ᠠ ᠳᠤ ᠪᠠᠰᠠ ︽ᠸᠧᠨ ᠶᠢᠨ ᠨᠤᠮ ᠪᠢᠴᠢᠭ ᠤᠨ | ᠱᠠᠩᠨᠠᠯᠳᠤ ᠪᠦᠳᠦᠭᠡᠯ ᠤᠨ ᠦᠵᠡᠭᠦᠯᠭᠡ︾᠂ ︽ᠨᠠᠮ ᠤᠨ ᠠᠴᠢ ᠪᠠᠷ ᠶᠠᠳᠠᠭᠤ ᠠᠴᠠ ᠠᠩᠬᠢᠵᠢᠷᠠᠵᠤ᠂ ᠰᠢᠨ᠎ᠡ ᠴᠠᠭ | ᠦᠶ᠎ᠡ ᠳᠤ ᠡᠷᠡᠮᠡᠭᠡᠶᠢᠯᠡᠨ ᠤᠷᠤᠭᠰᠢᠯᠠᠶ᠎ᠠ︾ ᠬᠡᠬᠦ ᠬᠡᠷᠡᠯ ᠵᠢᠷᠤᠭ ᠤᠨ ᠦᠵᠡᠰᠭᠦᠯᠡᠩ᠂ ᠰᠦᠯᠵᠢᠶᠡᠨ ᠳᠡᠭᠡᠷᠡᠬᠢ ᠰᠢᠯᠦᠭ | ᠳᠠᠭᠤᠯᠠᠯ ᠤᠨ ᠴᠢᠭᠤᠯᠭᠠᠨ᠂ ︽ᠬᠤᠪᠢᠰᠬᠠᠯ ᠤᠨ ᠰᠤᠩᠭᠤᠳᠠᠭ ᠢ ᠤᠩᠰᠢᠵᠤ᠂ ᠬᠤᠪᠢᠰᠬᠠᠯ ᠤᠨ ᠤᠳᠤᠮᠰᠢᠯ ᠢ | ᠵᠠᠯᠭᠠᠮᠵᠢᠯᠠᠶ᠎ᠠ︾ ᠬᠡᠬᠦ ᠪᠦᠳᠦᠭᠡᠯ ᠡᠯᠰᠡᠬᠦ ᠠᠵᠢᠯᠯᠠᠭ᠎ᠠ ᠵᠡᠷᠭᠡ ᠶᠠᠪᠤᠭᠳᠠᠵᠤ᠂ ᠨᠡᠶᠢᠬᠡᠮ ᠳᠠᠶᠠᠭᠠᠷ ᠨᠤᠮ ᠤᠩᠰᠢᠬᠤ | ᠠᠭᠤᠷ ᠠᠮᠢᠰᠬᠤᠯ ᠢ ᠪᠤᠢ ᠪᠤᠯᠭᠠᠬᠤ ᠶᠢ ᠵᠤᠷᠢᠭᠰᠠᠨ ᠪᠠᠶᠢᠨ᠎ᠠ᠃ | ᠬᠦᠬᠡᠬᠤᠳᠠ ᠶᠢᠨ ᠨᠤᠮ ᠤᠨ ᠰᠠᠩ ︽ ᠬᠤᠨ ᠭᠠᠯᠠᠭᠤ ︾ ᠤᠩᠰᠢᠯᠭ᠎ᠠ ᠶᠢᠨ ᠲᠠᠪᠴᠠᠩ ᠳᠤ | ᠲᠦᠰᠢᠭᠯᠡᠨ᠂ ︽ᠴᠡᠯᠡᠭᠡᠷ ᠲᠠᠯ᠎ᠠ ᠶᠢᠨ ᠨᠣᠮ ᠤᠩᠰᠢᠬᠤ ᠤᠯᠠᠷᠢᠯ︾ ᠤᠨ ᠠᠵᠢᠯᠯᠠᠭ᠎ᠠ ᠥᠷᠨᠢᠭᠦᠯᠵᠦ᠂ ᠰᠦᠯᠵᠢᠶᠡᠨ | ᠳᠡᠭᠡᠷᠡᠬᠢ ᠪᠠ ᠠᠬᠤᠢ ᠳᠠᠯᠠᠪᠠᠢ ᠶᠢᠨ ᠰᠢᠷᠢᠰ ᠠᠵᠢᠯᠯᠠᠭ᠎ᠠ ᠪᠠᠷ ᠰᠣᠩᠭᠤᠳᠠᠭ ᠨᠣᠮ ᠤᠩᠰᠢᠬᠤ᠂ ᠲᠣᠭᠠᠴᠢᠯᠠᠭᠰᠠᠨ | ᠨᠣᠮ ᠤᠩᠰᠢᠬᠤ᠂ ᠨᠣᠮ ᠤᠩᠰᠢᠬᠤ ᠶᠢ ᠬᠠᠮᠲᠤ ᠪᠠᠷ ᠡᠳ᠋ᠯᠡᠬᠦ ᠵᠡᠷᠭᠡ ᠭᠤᠤᠯ ᠰᠡᠳᠦᠪᠲᠦ ᠠᠵᠢᠯᠯᠠᠭ᠎ᠠ ᠥᠷᠨᠢᠭᠦᠯᠵᠦ 6 | ᠰᠠᠷ᠎ᠠ ᠶᠢᠨ ᠳᠤᠮᠳᠠᠴᠢ ᠪᠤᠯᠳᠠᠯ᠎ᠠ ᠦᠷᠭᠦᠯᠵᠢᠯᠡᠬᠦ ᠪᠤᠯᠤᠨ᠎ᠠ᠃ ᠡᠭᠦᠨ ᠳᠤ᠂ ︽ᠵᠠᠭᠤᠨ ᠵᠢᠯ ᠤᠨ ᠢᠷᠠᠭᠤ ᠠᠯᠳᠠᠷ ᠢ | ᠤᠯᠠᠮᠵᠢᠯᠠᠨ ᠤᠩᠰᠢᠶ᠎ᠠ︾ ᠬᠡᠬᠦ ᠶᠠᠷᠢᠶ᠎ᠠ ᠢᠯᠡᠳᠬᠡᠯ ᠤᠨ ᠤᠷᠤᠯᠳᠤᠭᠠᠨ᠂ ︽ᠦᠷᠡᠭᠳᠡᠭᠰᠡᠨ ᠪᠠᠭᠠᠲᠤᠷᠴᠤᠳ ᠤᠨ | ᠵᠣᠷᠢᠭ ᠰᠠᠨᠠᠭ᠎ᠠ ᠶᠢ ᠰᠤᠷᠤᠯᠴᠠᠵᠤ ᠴᠠᠭ ᠦᠶ᠎ᠡ ᠶᠢᠨ ᠡᠭᠦᠷᠭᠡᠯᠡᠯ ᠢ ᠪᠢᠴᠢᠭᠯᠡᠶ᠎ᠡ︾ ᠭᠡᠬᠦ ᠰᠣᠩᠭᠤᠳᠠᠭ ᠬᠤᠪᠢᠰᠬᠠᠯᠲᠤ | ᠰᠢᠯᠦᠭ ᠳᠠᠭᠤᠯᠠᠯ ᠤᠨ ᠤᠷᠠᠨ ᠪᠢᠴᠢᠯᠭᠡ ᠶᠢᠨ ᠪᠦᠲᠦᠭᠡᠯ ᠡᠯᠰᠡᠬᠦ ᠠᠵᠢᠯᠯᠠᠭ᠎ᠠ᠂ ︽ᠬᠦᠰᠡᠯ ᠵᠡᠭᠦᠳᠦ ᠨᠣᠮ | ᠤᠩᠰᠢᠬᠤ ᠠᠴᠠ ᠡᠬᠢᠯᠡᠨ᠎ᠡ︾ ᠬᠡᠬᠦ ᠳᠡᠯᠡᠬᠡᠶ ᠶᠢᠨ ᠨᠣᠮ ᠤᠩᠰᠢᠬᠤ ᠡᠳᠦᠷ ᠤᠨ ᠭᠤᠤᠯ ᠰᠡᠳᠦᠪᠲᠦ | ᠦᠵᠡᠭᠦᠯᠭᠡ᠂ ︽ᠳᠤᠮᠳᠠᠳᠤ ᠶᠢᠨ ᠦᠨᠳᠦᠰᠦᠲᠡᠨ ᠤ ᠬᠠᠮᠲᠤ ᠴᠣᠭᠴᠠ ᠶᠢᠨ ᠤᠬᠠᠮᠰᠠᠷ ᠢ ᠪᠠᠲᠤ ᠴᠣᠭᠴᠠᠯᠠᠵᠤ | ᠬᠥᠮᠦᠨ ᠤ ᠠᠮᠢᠳᠤᠷᠠᠯ ᠤᠨ ᠠᠩᠬᠠᠨ ᠤ ᠠᠯᠬᠤᠮ ᠢ ᠰᠠᠶᠢᠲᠤᠷ ᠠᠯᠬᠤᠶ᠎ᠠ︾ ᠬᠡᠬᠦ ᠨᠠᠮ ᠤᠨ ᠲᠡᠦᠬᠡ ᠶᠢ | ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠰᠢᠷᠢᠰ ᠠᠵᠢᠯᠯᠠᠭ᠎ᠠ ᠵᠡᠷᠭᠡ ᠶᠢ ᠪᠠᠭᠳᠠᠭᠠᠪᠠ᠃ | ᠦᠪᠦᠷ ᠮᠤᠩᠭᠤᠯ ᠤᠨ ᠰᠢᠨᠬᠤᠧᠠ ᠨᠤᠮ ᠤᠨ ᠳᠡᠯᠭᠡᠬᠦᠷ ︽ᠬᠤᠪᠢᠰᠬᠠᠯ ᠤᠨ ᠤᠳᠤᠮᠰᠢᠯ ᠢ ᠵᠠᠯᠭᠠᠮᠵᠢᠯᠠᠨ ᠪᠦᠬᠦ | ᠠᠷᠠᠳ ᠨᠤᠮ ᠤᠩᠰᠢᠶ᠎ᠠ︾ ᠬᠡᠬᠦ ᠭᠤᠤᠯ ᠰᠡᠳᠦᠪᠳᠤ ᠠᠵᠢᠯᠯᠠᠭ᠎ᠠ ᠦᠷᠨᠢᠭᠦᠯᠵᠤ᠂ ᠰᠦᠯᠵᠢᠶᠡᠨ ᠳᠡᠭᠡᠷᠡᠬᠢ ᠨᠤᠮ ᠤᠨ | ᠦᠷᠦᠭᠡ᠂ ᠳᠤᠮᠳᠠᠳᠤ ᠶᠢᠨ ᠡᠷᠳᠡᠨ ᠤ ᠰᠢᠯᠦᠭ ᠤᠨ ᠤᠩᠰᠢᠯᠭ᠎ᠠ ᠶᠢᠨ ᠤᠷᠤᠯᠳᠤᠭᠠᠨ᠂ ᠳᠢᠬ ᠲᠤᠬ ᠤᠨ ᠰᠢᠭᠤᠳ | ᠨᠡᠪᠳᠡᠷᠡᠭᠦᠯᠭᠡ ᠵᠡᠷᠭᠡ ᠨᠢ ᠤᠩᠰᠢᠭᠴᠢᠳ ᠤᠨ ᠬᠠᠯᠠᠭᠤᠨ ᠬᠦᠷᠢᠶᠡᠯᠡᠯ ᠢ ᠤᠯᠤᠭᠰᠠᠨ ᠪᠠᠶᠢᠨ᠎ᠠ᠃ |