ᠨᠢᠭᠡ᠂ ᠨᠡᠶᠢᠲᠡᠯᠡᠬᠦ ᠶᠢᠨ ᠴᠢᠬᠤᠯᠠ ᠴᠢᠨᠠᠷ | ᠨᠢᠭᠡ ᠳᠤ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ | ᠪᠣᠬᠢᠷᠲᠤᠯ ᠦᠭᠡᠢ ᠬᠥᠭᠵᠢᠯᠲᠡ ᠶᠢ ᠠᠬᠢᠭᠤᠯᠬᠤ ᠬᠡᠷᠡᠭᠴᠡᠭᠡ ᠪᠣᠯᠤᠨ᠎ᠠ᠃ ᠨᠠᠮ ᠤᠨ ᠠᠷᠪᠠ ᠶᠢᠰᠦᠳᠦᠭᠡᠷ ᠶᠡᠭᠡ | ᠬᠤᠷᠠᠯ ᠠᠴᠠ᠂ ᠡᠬᠢ ᠪᠠᠶᠠᠯᠢᠭ ᠢ ᠠᠷᠪᠢᠯᠠᠬᠤ ᠪᠠ ᠣᠷᠴᠢᠨ ᠠᠬᠤᠢ ᠶᠢ ᠬᠠᠮᠠᠭᠠᠯᠠᠬᠤ ᠤᠯᠤᠰ ᠤᠨ ᠦᠨᠳᠦᠰᠦᠨ | ᠪᠤᠳᠤᠯᠭ᠎ᠠ ᠶᠢ ᠪᠠᠷᠢᠮᠲᠠᠯᠠᠵᠤ᠂ ᠪᠣᠬᠢᠷᠲᠤᠯ ᠦᠭᠡᠢ ᠦᠢᠯᠡᠳᠪᠦᠷᠢᠯᠡᠯ ᠪᠠ ᠬᠡᠷᠡᠭᠯᠡᠭᠡ ᠶᠢᠨ ᠬᠠᠤᠯᠢ ᠴᠠᠭᠠᠵᠠ ᠶᠢᠨ | ᠲᠦᠷᠢᠮ ᠪᠠ ᠲᠦᠷᠦ ᠶᠢᠨ ᠪᠤᠳᠤᠯᠭ᠎ᠠ ᠶᠢᠨ ᠤᠳᠤᠷᠢᠳᠤᠮᠵᠢ ᠶᠢ ᠲᠦᠷᠭᠡᠳᠬᠡᠨ ᠪᠠᠶᠢᠭᠤᠯᠵᠤ᠂ ᠪᠣᠬᠢᠷᠲᠤᠯ ᠦᠭᠡᠢ | ᠬᠥᠭᠵᠢᠯᠲᠡ ᠶᠢᠨ ᠠᠷᠭ᠎ᠠ ᠮᠠᠶ᠋ᠢᠭ ᠪᠠ ᠠᠮᠢᠳᠤᠷᠠᠯ ᠤᠨ ᠠᠷᠭ᠎ᠠ ᠮᠠᠶ᠋ᠢᠭ ᠢ ᠪᠤᠢ ᠪᠣᠯᠭᠠᠵᠤ᠂ ᠠᠷᠠᠳ ᠤᠯᠠᠨ ᠳᠤ ᠰᠠᠶᠢᠨ | ᠰᠠᠶᠢᠬᠠᠨ ᠦᠢᠯᠡᠳᠪᠦᠷᠢᠯᠡᠯ ᠠᠮᠢᠳᠤᠷᠠᠯ ᠤᠨ ᠣᠷᠴᠢᠨ ᠨᠥᠬᠦᠴᠡᠯ ᠢ ᠡᠭᠦᠳᠴᠦ ᠥᠭᠬᠦ ᠬᠡᠷᠡᠭᠲᠡᠢ ᠭᠡᠵᠦ ᠳᠤᠷᠠᠳᠤᠨ | ᠭᠠᠷᠭᠠᠪᠠ᠃ ᠶᠡᠷᠦᠩᠬᠡᠢ ᠱᠦᠵᠢ ᠰᠢ ᠶᠢᠨ ᠫᠢᠩ ᠭᠤᠷᠪᠠ ᠤᠳᠠᠭ᠎ᠠ ᠥᠪᠥᠷ ᠮᠣᠩᠭᠤᠯ ᠤᠨ ᠲᠥᠯᠥᠭᠡᠯᠡᠭᠴᠢᠳ ᠤᠨ | ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠭᠰᠠᠨ ᠪᠥᠭᠡᠳ ᠴᠢᠬᠤᠯᠠ ᠵᠢᠭᠠᠪᠤᠷᠢ ᠥᠭᠴᠦ᠂ ᠠᠮᠢ ᠠᠬᠤᠢ ᠶᠢ | ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭᠵᠢᠭᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ | ᠬᠥᠭᠵᠢᠯᠲᠡ ᠶᠢᠨ ᠰᠢᠨ᠎ᠡ ᠵᠠᠮ ᠢᠶᠠᠷ ᠵᠠᠮᠨᠠᠬᠤ ᠶᠢ ᠪᠠᠷᠢᠮᠲᠠᠯᠠᠵᠤ᠂ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ | ᠲᠦᠪᠰᠢᠨ ᠤ ᠬᠠᠯᠬᠠᠪᠴᠢ ᠶᠢ ᠪᠠᠶᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ ᠨᠢᠳᠤᠨᠤᠨ ᠤ 75 ᠳ᠋ᠤᠭᠠᠷ | ᠬᠤᠭᠤᠴᠠᠭᠠᠨ ᠤ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠶᠡᠭᠡ ᠬᠤᠷᠠᠯ ᠤᠨ ᠠᠮᠢᠳᠤ ᠪᠣᠳᠠᠰ ᠤᠨ ᠤᠯᠠᠨ | ᠶᠠᠩᠵᠤᠲᠤ ᠴᠢᠨᠠᠷ ᠤᠨ ᠲᠦᠷᠦᠭᠦᠴᠦᠳ ᠤᠨ ᠬᠤᠷᠠᠯ ᠳᠡᠭᠡᠷ᠎ᠡ᠂ ᠲᠡᠷᠢᠭᠦᠯᠡᠭᠴᠢ ᠰᠢ ᠶᠢᠨ ᠫᠢᠩ ᠨᠡᠩ ᠬᠦᠴᠦᠲᠡᠢ | ᠲᠦᠷᠦ ᠶᠢᠨ ᠪᠤᠳᠤᠯᠭ᠎ᠠ ᠪᠠ ᠠᠷᠭ᠎ᠠ ᠬᠡᠮᠵᠢᠶ᠎ᠡ ᠠᠪᠴᠤ᠂ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ | ᠭᠠᠳᠠᠭᠰᠢᠯᠠᠭᠤᠯᠤᠯᠲᠠ ᠶᠢ 2030 ᠣᠨ ᠳᠤ ᠤᠷᠬᠢᠯ ᠬᠡᠮᠵᠢᠭᠳᠡᠯ ᠳᠤ ᠬᠦᠷᠭᠡᠵᠦ᠂ 2060 ᠣᠨ ᠳᠤ | ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠶᠢ ᠪᠡᠶᠡᠯᠡᠭᠦᠯᠦᠨ᠎ᠡ ᠭᠡᠵᠦ ᠲᠥᠪ ᠴᠢᠩᠭ᠎ᠠ ᠪᠠᠷ ᠠᠮᠠᠯᠳᠠᠪᠠ᠂ ᠡᠨᠡ ᠪᠣᠯ | ᠮᠠᠨ ᠤ ᠤᠯᠤᠰ ᠤᠨ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠶᠢᠨ ᠶᠡᠷᠦᠩᠬᠡᠢ | ᠲᠠᠶᠢᠴᠢᠯᠠᠯᠳᠠ ᠶᠢᠨ ᠵᠠᠷᠯᠢᠭ ᠪᠣᠯᠤᠨ᠎ᠠ᠃ 10 ᠰᠠᠷ᠎ᠠ ᠶᠢᠨ 29 ᠤ ᠡᠳᠦᠷ ᠨᠠᠮ ᠤᠨ ᠠᠷᠪᠠ ᠶᠢᠰᠦᠳᠦᠭᠡᠷ | ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠠᠴᠠ ︽ᠤᠯᠤᠰ ᠠᠷᠠᠳ ᠤᠨ ᠠᠵᠤ ᠠᠬᠤᠶ | ᠪᠠ ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠪᠠ 2035 | ᠣᠨ ᠤ ᠠᠯᠤᠰ ᠤᠨ ᠬᠠᠷᠠᠯᠲᠠ ᠶᠢ ᠲᠣᠭᠲᠠᠭᠠᠬᠤ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ | ᠬᠤᠷᠢᠶᠠᠨ ᠤ ᠰᠠᠨᠠᠭᠤᠯᠭ᠎ᠠ︾ ᠶᠢ ᠪᠠᠲᠤᠯᠠᠵᠤ᠂ ︽ᠪᠣᠬᠢᠷᠲᠤᠯ ᠥᠬᠡᠶ ᠬᠥᠭᠵᠢᠯᠲᠡ ᠶᠢ ᠠᠬᠢᠭᠤᠯᠵᠤ᠂ ᠬᠥᠮᠦᠨ | ᠬᠢᠭᠡᠳ ᠪᠠᠶᠢᠭᠠᠯᠢ ᠶᠢᠨ ᠡᠶ᠎ᠡ ᠵᠣᠬᠢᠴᠠᠯ ᠲᠠᠢ ᠪᠠᠷ ᠬᠠᠮᠲᠤ ᠣᠷᠣᠰᠢᠬᠤ ᠶᠢ ᠠᠬᠢᠭᠤᠯᠵᠤ᠂ ᠪᠣᠬᠢᠷᠲᠤᠯ ᠥᠬᠡᠶ | ᠪᠠᠷᠢᠯᠭ᠎ᠠ ᠶᠢ ᠬᠥᠭᠵᠢᠭᠦᠯᠵᠦ᠂ ᠪᠣᠬᠢᠷᠲᠤᠯ ᠥᠬᠡᠶ ᠠᠮᠢᠳᠤᠷᠠᠯ ᠢ ᠡᠭᠦᠳᠦᠨ ᠪᠠᠶᠢᠭᠤᠯᠬᠤ ᠠᠵᠢᠯᠯᠠᠭ᠎ᠠ ᠶᠢ ᠥᠷᠨᠢᠭᠦᠯᠵᠦ᠂ | ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠡᠷᠴᠢᠮ ᠢ ᠪᠠᠭᠤᠷᠠᠭᠤᠯᠤᠨ᠎ᠠ︾ ᠭᠡᠵᠦ ᠵᠢᠭᠠᠵᠤ ᠭᠠᠷᠭᠠᠪᠠ᠃ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠳᠤᠭᠠᠷ ᠬᠤᠭᠤᠴᠠᠭᠠᠨ ᠤ ᠠᠷᠪᠠᠨ ᠭᠤᠷᠪᠠᠳᠤᠭᠠᠷ ᠪᠥᠬᠦᠳᠡ | ᠬᠤᠷᠠᠯ ᠠᠴᠠ ᠪᠠᠲᠤᠯᠠᠭᠰᠠᠨ ︽ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠠᠷᠪᠠᠨ | ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠪᠠ 2035 ᠣᠨ ᠤ ᠠᠯᠤᠰ ᠤᠨ ᠬᠠᠷᠠᠯᠲᠠ ᠶᠢ ᠲᠣᠭᠲᠠᠭᠠᠬᠤ | ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠠᠨᠠᠭᠤᠯᠭ᠎ᠠ︾ ᠳᠤ ᠴᠤ | ᠪᠣᠬᠢᠷᠲᠤᠯ ᠥᠬᠡᠶ ᠪᠠᠷᠢᠯᠭ᠎ᠠ ᠶᠢ ᠳᠡᠯᠭᠡᠷᠡᠭᠦᠯᠬᠦ ᠶᠢ ᠪᠣᠬᠢᠷᠲᠤᠯ ᠥᠬᠡᠶ ᠳᠤᠤᠷ᠎ᠠ ᠨᠡᠭᠦᠷᠡᠰᠦᠲᠥ᠋ᠷᠥᠭᠴᠢᠲᠦ | ᠬᠥᠭᠵᠢᠯᠲᠡ ᠶᠢ ᠲᠦᠷᠭᠡᠳᠬᠡᠨ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠭᠠᠵᠠᠶ᠃ ᠪᠠᠶᠢᠳᠠᠯ ᠪᠣᠯᠤᠨ ᠡᠭᠦᠷᠭᠡ ᠨᠢ | ᠪᠠᠷᠢᠯᠭ᠎ᠠ ᠶᠢᠨ ᠡᠨᠧᠷᠭᠢ ᠠᠷᠪᠢᠯᠠᠵᠤ ᠬᠤᠷᠣᠭᠳᠠᠯ ᠢ ᠪᠠᠭᠠᠰᠬᠠᠬᠤ ᠳᠤ ᠨᠡᠩ ᠥᠨᠳᠥᠷ ᠱᠠᠭᠠᠷᠳᠠᠯᠭ᠎ᠠ ᠳᠤᠷᠠᠳᠤᠭᠰᠠᠨ | ᠪᠠᠶᠢᠨ᠎ᠠ᠃ | ᠬᠤᠶᠠᠷ ᠲᠤ ᠪᠠᠷᠢᠯᠭ᠎ᠠ ᠶᠢᠨ ᠡᠨᠧᠷᠭᠢ ᠠᠷᠪᠢᠯᠠᠬᠤ ᠪᠠ ᠪᠣᠬᠢᠷᠲᠤᠯ ᠦᠭᠡᠶ ᠪᠠᠷᠢᠯᠭ᠎ᠠ ᠶᠢᠨ ᠬᠠᠮᠢᠶᠠᠷᠤᠯᠲᠠ ᠶᠢ | ᠲᠦᠯᠬᠢᠨ ᠠᠬᠢᠭᠤᠯᠬᠤ ᠱᠠᠭᠠᠷᠳᠠᠯᠭ᠎ᠠ ᠪᠣᠯᠤᠨ᠎ᠠ᠃ ᠣᠳᠣᠬᠠᠨ ᠳᠤ᠂ ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ | ᠬᠤᠷᠣᠭᠳᠠᠭᠤᠯᠭ᠎ᠠ ᠶᠢᠨ ︽ᠬᠤᠶᠠᠷ ᠢ ᠬᠢᠵᠠᠭᠠᠷᠯᠠᠬᠤ︾ ᠡᠭᠦᠷᠭᠡ ᠲᠦᠢᠯ ᠤᠨ ᠬᠠᠲᠠᠭᠤ ᠪᠡᠷᠬᠡ ᠪᠠᠶᠢᠨ᠎ᠠ᠂ ᠳᠠᠷᠠᠭ᠎ᠠ | ᠠᠯᠬᠤᠮ ᠳᠤ ᠪᠦᠬᠦ ᠨᠡᠶᠢᠭᠡᠮ ᠤᠨ ᠡᠨᠧᠷᠭᠢ ᠶᠢᠨ ᠬᠤᠷᠣᠭᠳᠠᠭᠤᠯᠭ᠎ᠠ ᠶᠢᠨ ᠶᠡᠷᠦᠩᠬᠡᠶ ᠬᠡᠮᠵᠢᠶ᠎ᠡ ᠪᠣᠯᠤᠨ ᠡᠷᠴᠢᠮ ᠢ | ᠤᠯᠠᠮ ᠨᠢᠭᠡ ᠠᠯᠬᠤᠮ ᠴᠢᠩᠭᠠᠯᠠᠵᠤ᠂ ᠠᠵᠤ ᠦᠢᠯᠡᠳᠪᠦᠷᠢ᠂ ᠪᠠᠷᠢᠯᠭ᠎ᠠ᠂ ᠵᠠᠮ ᠬᠠᠷᠢᠯᠴᠠᠭ᠎ᠠ ᠵᠡᠷᠭᠡ ᠬᠦᠷᠢᠶᠡᠨ ᠤ | ᠡᠨᠧᠷᠭᠢ ᠠᠷᠪᠢᠯᠠᠬᠤ ᠶᠢ ᠬᠦᠴᠦᠲᠡᠶ ᠠᠳᠬᠤᠨ᠎ᠠ᠃ ᠮᠠᠨ ᠤ ᠣᠷᠣᠨ ᠤ ᠠᠭᠤᠷ ᠠᠮᠢᠰᠬᠤᠯ ᠬᠠᠬᠢᠷ ᠬᠦᠢᠲᠡᠨ᠂ | ᠳᠤᠯᠠᠭᠠᠯᠠᠭ᠎ᠠ ᠶᠢᠨ ᠬᠤᠭᠤᠴᠠᠭ᠎ᠠ ᠤᠷᠲᠤ᠂ ᠨᠢᠭᠡᠨᠲᠡ ᠪᠠᠶᠢᠭ᠎ᠠ ᠪᠠᠷᠢᠯᠭ᠎ᠠ ᠶᠢᠨ ᠡᠨᠧᠷᠭᠢ ᠶᠢᠨ ᠬᠤᠷᠣᠭᠳᠠᠯ ᠨᠡᠯᠢᠶᠡᠳ | ᠥᠨᠳᠥᠷ᠂ ᠪᠣᠬᠢᠷᠲᠤᠯ ᠦᠭᠡᠶ ᠪᠠᠷᠢᠯᠭ᠎ᠠ ᠶᠢᠨ ᠬᠥᠭᠵᠢᠯᠲᠡ ᠶᠢᠨ ᠶᠠᠰᠤ ᠴᠢᠨᠠᠷ ᠳᠣᠣᠷ᠎ᠠ᠂ ᠳᠠᠬᠢᠨ ᠡᠭᠦᠰᠴᠦ ᠪᠣᠯᠬᠤ | ᠡᠨᠧᠷᠭᠢ ᠶᠢᠨ ᠪᠠᠷᠢᠯᠭ᠎ᠠ ᠶᠢᠨ ᠬᠡᠷᠡᠭᠯᠡᠯᠲᠡ ᠶᠢᠨ ᠨᠣᠷᠮ᠎ᠠ ᠨᠡᠯᠢᠶᠡᠳ ᠳᠣᠣᠷ᠎ᠠ᠂ ᠪᠠᠷᠢᠯᠭ᠎ᠠ ᠶᠢᠨ ᠡᠨᠧᠷᠭᠢ ᠠᠷᠪᠢᠯᠠᠬᠤ | ᠮᠡᠷᠭᠡᠵᠢᠯ ᠬᠠᠷᠢᠴᠠᠩᠭᠤᠶ ᠬᠤᠴᠣᠷᠤᠩᠭᠤᠶ᠂ ᠪᠠᠷᠢᠯᠭ᠎ᠠ ᠶᠢᠨ ᠠᠵᠤ ᠦᠢᠯᠡᠳᠪᠦᠷᠢᠵᠢᠯᠲᠡ ᠶᠢᠨ ᠰᠠᠭᠤᠷᠢ ᠨᠢᠮᠭᠡᠨ | ᠪᠦᠭᠡᠳ ᠬᠡᠪ ᠴᠢᠨᠠᠷ ᠢᠶᠠᠷ ᠠᠨᠠᠶ ᠪᠠᠶᠢᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠬᠦ᠂ | ᠠᠷᠠᠳ ᠣᠯᠠᠨ ᠤ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠬᠠᠩᠭᠠᠬᠤ ᠬᠦᠰᠡᠯ ᠡᠷᠡᠮᠡᠯᠵᠡᠯ ᠯᠦᠭᠡ ᠪᠠᠰᠠ | ᠨᠡᠯᠢᠶᠡᠳ ᠶᠡᠭᠡ ᠵᠥᠷᠢᠶ᠎ᠡ ᠲᠠᠢ ᠪᠠᠶᠢᠵᠤ᠂ ᠮᠥᠨ ᠬᠦ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠳᠤᠲᠠᠭᠤᠳᠠᠯ | ᠪᠣᠯᠤᠨ᠎ᠠ᠃ 2019 ᠣᠨ ᠳᠤ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶ᠎ᠠ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ | ᠬᠡᠷᠡᠭᠯᠡᠭᠡᠨ ᠤ ᠪᠠᠷᠢᠯᠭ᠎ᠠ ᠶᠢᠨ ᠡᠨᠧᠷᠭᠢ ᠠᠷᠪᠢᠯᠠᠬᠤ ᠪᠠ ᠪᠣᠬᠢᠷᠲᠤᠯ ᠥᠬᠡᠶ ᠪᠠᠷᠢᠯᠭ᠎ᠠ ᠶᠢ ᠬᠥᠭᠵᠢᠭᠦᠯᠬᠦ ᠲᠦᠷᠢᠮ︾ ᠢ | ᠨᠡᠶᠢᠲᠡᠯᠡᠵᠦ᠂ ᠮᠡᠳᠡᠭᠳᠡᠯ ᠨᠡᠶᠢᠲᠡᠯᠡᠵᠦ ᠬᠡᠷᠡᠭᠵᠢᠭᠦᠯᠬᠦ ᠡᠭᠦᠷᠭᠡ ᠶᠢᠨ ᠠᠵᠢᠯ ᠤᠨ ᠬᠤᠪᠢᠶᠠᠷᠢᠯᠠᠯ ᠳᠤ᠂ ᠥᠪᠡᠷᠲᠡᠭᠡᠨ | ᠵᠠᠰᠠᠬᠤ ᠣᠷᠣᠨ ᠤ ᠵᠠᠰᠠᠭ ᠤᠨ ᠣᠷᠳᠣᠨ ᠠᠴᠠ ᠬᠤᠯᠪᠣᠭᠳᠠᠯ ᠪᠥᠬᠦᠶ ᠰᠠᠯᠠᠭ᠎ᠠ ᠮᠥᠴᠢᠷ ᠪᠣᠯᠤᠨ ᠭᠠᠵᠠᠷ ᠣᠷᠣᠨ ᠢ | ᠵᠣᠬᠢᠶᠠᠨ ᠪᠠᠶᠢᠭᠤᠯᠵᠤ ᠨᠠᠶᠢᠳᠠᠪᠤᠷᠢᠵᠢᠭᠤᠯᠬᠤ ᠬᠡᠷᠡᠭᠲᠡᠶ ᠭᠡᠵᠦ ᠱᠠᠭᠠᠷᠳᠠᠪᠠ᠃ ᠣᠷᠣᠨ ᠨᠤᠲᠤᠭ ᠤᠨ ᠴᠢᠨᠠᠷᠲᠠᠶ ᠬᠠᠤᠯᠢ | ᠲᠣᠭᠲᠠᠭᠠᠯ ᠯᠤᠭ᠎ᠠ ᠬᠠᠷᠢᠯᠴᠠᠨ ᠲᠥᠬᠦᠷᠵᠢᠭᠦᠯᠦᠭᠰᠡᠨ ᠲᠥᠷᠥ ᠶᠢᠨ ᠪᠣᠳᠣᠯᠭ᠎ᠠ ᠶᠢᠨ ᠴᠢᠨᠠᠷᠲᠠᠶ ᠪᠢᠴᠢᠭ ᠮᠠᠲ᠋ᠧᠷᠢᠶᠠᠯ ᠢ | ᠲᠣᠭᠲᠠᠭᠠᠵᠤ᠂ ᠪᠥᠬᠦ ᠴᠤᠪᠤᠷᠠᠯ ᠡᠯ᠎ᠡ ᠰᠠᠯᠠᠭ᠎ᠠ ᠮᠥᠴᠢᠷ ᠡᠯ᠎ᠡ ᠭᠤᠭᠴᠤᠭ᠎ᠠ ᠶᠢᠨ ᠬᠠᠷᠢᠭᠤᠴᠠᠯᠭ᠎ᠠ ᠶᠢ ᠤᠯᠠᠮ ᠨᠢᠭᠡ | ᠠᠯᠬᠤᠮ ᠲᠣᠳᠣᠷᠬᠠᠶᠢᠯᠠᠨ᠂ ᠲᠥᠷᠥ ᠶᠢᠨ ᠪᠣᠳᠣᠯᠭ᠎ᠠ ᠶᠢᠨ ᠰᠢᠰᠲ᠋ᠧᠮᠵᠢ᠂ ᠬᠠᠮᠢᠶᠠᠷᠤᠯᠲᠠ ᠶᠢᠨ ᠰᠢᠰᠲ᠋ᠧᠮᠵᠢ᠂ | ᠮᠡᠷᠭᠡᠵᠢᠯ ᠤᠨ ᠰᠢᠰᠲ᠋ᠧᠮᠵᠢ ᠶᠢ ᠲᠡᠭᠦᠯᠳᠡᠷᠵᠢᠭᠦᠯᠵᠦ᠂ ᠪᠠᠷᠢᠯᠭ᠎ᠠ ᠶᠢᠨ ᠡᠨᠧᠷᠭᠢ ᠠᠷᠪᠢᠯᠠᠬᠤ ᠪᠠ ᠪᠣᠬᠢᠷᠲᠤᠯ ᠥᠬᠡᠶ | ᠪᠠᠷᠢᠯᠭ᠎ᠠ ᠶᠢᠨ ᠬᠠᠷᠠᠯᠲᠠᠲᠤ ᠡᠭᠦᠷᠭᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ ᠪᠣᠯ ᠵᠠᠰᠠᠭ ᠤᠨ ᠣᠷᠳᠣᠨ ᠪᠠ ᠵᠠᠬ᠎ᠠ | ᠳᠡᠯᠭᠡᠭᠦᠷ ᠤᠨ ︽ᠬᠤᠶᠠᠷ ᠭᠠᠷ︾ ᠤᠨ ᠦᠢᠯᠡᠳᠤᠯ ᠢ ᠪᠠᠳᠠᠷᠠᠭᠤᠯᠤᠨ᠂ ᠡᠨᠧᠷᠭᠢ ᠠᠷᠪᠢᠯᠠᠬᠤ ᠪᠠ ᠪᠣᠬᠢᠷᠲᠤᠯ ᠥᠬᠡᠶ | ᠪᠠᠷᠢᠯᠭ᠎ᠠ ᠶᠢᠨ ᠰᠢᠨ᠎ᠡ ᠬᠥᠭᠵᠢᠯᠲᠡ ᠶᠢ ᠬᠦᠴᠦ ᠪᠠᠨ ᠬᠠᠮᠲᠤᠳᠬᠠᠨ ᠠᠬᠢᠭᠤᠯᠬᠤ ᠶᠢᠨ ᠴᠢᠬᠤᠯᠠ ᠪᠥᠬᠦᠶ ᠰᠣᠩᠭᠤᠯᠲᠠ | ᠪᠣᠯᠤᠨ᠎ᠠ᠃ | ᠬᠤᠶᠠᠷ᠂ ᠲᠤᠭᠤᠷᠪᠢᠨ ᠪᠢᠴᠢᠬᠦ ᠦᠨᠳᠦᠰᠦᠯᠡᠯ | ︽ᠶᠠᠰᠤ ᠴᠢᠨᠠᠷ ᠢ ᠪᠠᠲᠤᠯᠠᠬᠤ ᠰᠢᠰᠲ᠋ᠧᠮᠵᠢ ᠶᠢ ᠲᠡᠭᠦᠯᠳᠡᠷᠵᠢᠭᠦᠯᠵᠦ ᠪᠠᠷᠢᠯᠭ᠎ᠠ ᠶᠢᠨ ᠠᠵᠢᠯ ᠤᠨ ᠶᠠᠰᠤ ᠴᠢᠨᠠᠷ ᠢ | ᠳᠡᠭᠡᠭᠰᠢᠯᠡᠭᠦᠯᠬᠦ ᠲᠤᠬᠠᠶ ᠣᠷᠣᠨ ᠰᠠᠭᠤᠴᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ ᠤ | ᠵᠢᠯᠣᠭᠤᠳᠬᠤ ᠰᠠᠨᠠᠯ ᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ᠤᠯᠠᠮᠵᠢᠯᠠᠨ ᠶᠠᠪᠤᠭᠤᠯᠬᠤ | ᠮᠡᠳᠡᠭᠳᠡᠯ︾ ︵ᠲᠥᠷᠥ ᠠᠯᠪᠠᠨ ᠵᠠᠬᠢᠳᠠᠯ ﹇2019﹈ 92 ᠳ᠋ᠤᠭᠠᠷ ᠲᠣᠭᠠᠲᠤ︶᠂ ︽ᠣᠷᠣᠨ ᠰᠠᠭᠤᠴᠠ ᠪᠠ | ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ | ᠵᠥᠪᠯᠡᠯ ᠰᠤᠷᠭᠠᠨ ᠬᠥᠮᠦᠵᠢᠯ ᠤᠨ ᠶᠠᠮᠤᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ ᠠᠷᠠᠳ ᠤᠨ | ᠪᠠᠩᠬᠢ ᠤᠯᠤᠰ ᠤᠨ ᠬᠠᠮᠢᠶᠠᠷᠤᠯᠲᠠ ᠶᠢᠨ ᠲᠣᠪᠴᠢᠶ᠎ᠠ ᠶᠢᠨ ᠪᠠᠩᠬᠢ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ | ᠵᠥᠪᠯᠡᠯ ︿ᠪᠣᠬᠢᠷᠲᠤᠯ ᠥᠬᠡᠶ ᠪᠠᠷᠢᠯᠭ᠎ᠠ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢᠨ ᠲᠥᠰᠦᠯ ᠢ ᠳᠠᠷᠤᠮᠠᠯᠯᠠᠨ | ᠶᠠᠪᠤᠭᠤᠯᠬᠤ ᠲᠤᠬᠠᠶ ᠮ᠊ ᠡᠳᠡᠭᠳᠡᠯ﹀︾ ︵ᠪᠥᠲᠥᠭᠡᠨ ᠪᠠᠶᠢᠭᠤᠯᠬᠤ ᠪᠠᠷᠢᠮᠵᠢᠶ᠎ᠠ ﹇2020﹈ 65 ᠳ᠋ᠤᠭᠠᠷ | ᠲᠣᠭᠠᠲᠤ︶᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠬᠡᠷᠡᠭᠯᠡᠭᠡᠨ ᠤ ᠪᠠᠷᠢᠯᠭ᠎ᠠ ᠶᠢᠨ | ᠡᠨᠧᠷᠭᠢ ᠠᠷᠪᠢᠯᠠᠬᠤ ᠪᠠ ᠪᠣᠬᠢᠷᠲᠤᠯ ᠥᠬᠡᠶ ᠪᠠᠷᠢᠯᠭ᠎ᠠ ᠶᠢ ᠬᠥᠭᠵᠢᠭᠦᠯᠬᠦ ᠲᠦᠷᠢᠮ︾ ᠵᠡᠷᠭᠡ ᠬᠠᠤᠯᠢ ᠴᠠᠭᠠᠵᠠ ᠬᠠᠤᠯᠢ | ᠲᠣᠭᠲᠠᠭᠠᠯ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠪᠠᠷᠢᠯᠭ᠎ᠠ ᠶᠢᠨ ᠡᠨᠧᠷᠭᠢ ᠠᠷᠪᠢᠯᠠᠬᠤ ᠪᠠ ᠪᠣᠬᠢᠷᠲᠤᠯ ᠥᠬᠡᠶ ᠪᠠᠷᠢᠯᠭ᠎ᠠ ᠶᠢᠨ ᠬᠥᠭᠵᠢᠯᠲᠡ ᠶᠢᠨ ᠬᠡᠷᠡᠭᠵᠢᠭᠦᠯᠬᠦ | ᠰᠠᠨᠠᠯ︾ ︵ᠳᠣᠷᠣᠭᠰᠢ ︽ᠬᠡᠷᠡᠭᠵᠢᠭᠦᠯᠬᠦ ᠰᠠᠨᠠᠯ︾ ᠭᠡᠵᠦ ᠲᠣᠪᠴᠢᠯᠠᠨ᠎ᠠ︶ ᠢ ᠦᠨᠳᠦᠰᠦᠯᠡᠨ᠂ ᠥᠪᠡᠷᠲᠡᠭᠡᠨ | ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ | ᠶᠢᠨ ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠬᠡᠷᠡᠭᠯᠡᠭᠡᠨ ᠤ ᠪᠠᠷᠢᠯᠭ᠎ᠠ ᠶᠢᠨ | ᠡᠨᠧᠷᠭᠢ ᠠᠷᠪᠢᠯᠠᠬᠤ ᠪᠠ ᠪᠣᠬᠢᠷᠲᠤᠯ ᠥᠬᠡᠶ ᠪᠠᠷᠢᠯᠭ᠎ᠠ ᠶᠢᠨ ᠬᠥᠭᠵᠢᠯᠲᠡ ᠶᠢᠨ ᠲᠦᠷᠢᠮ﹀ ᠢ ᠬᠡᠷᠡᠭᠵᠢᠭᠦᠯᠬᠦ ᠲᠤᠬᠠᠶ | ᠮᠡᠳᠡᠭᠳᠡᠯ︾ ︵ᠥᠪᠥᠷ ᠪᠠᠶᠢᠩᠭᠤ ᠶᠢᠨ ᠬᠥᠮᠦᠨ ᠲᠠᠷᠬᠠᠭᠠᠭᠰᠠᠨ ﹇2019﹈ 27 ᠳ᠋ᠤᠭᠠᠷ ᠲᠣᠭᠠᠲᠤ︶ ᠵᠢᠴᠢ | ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢᠨ ᠲᠣᠭᠲᠠᠭᠠᠯ ᠤᠨ ᠲᠥᠬᠦᠷ ᠪᠢᠴᠢᠭ ᠮᠠᠲ᠋ᠧᠷᠢᠶᠠᠯ ᠪᠣᠯᠭᠠᠪᠠ᠂ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ 2021 ᠣᠨ ᠤ 4 | ᠳ᠋ᠤᠭᠡᠷ ᠰᠠᠷ᠎ᠠ ᠶᠢᠨ 15 ᠤ ᠡᠳᠦᠷ ᠳᠠᠷᠤᠮᠠᠯᠯᠠᠨ ᠲᠠᠷᠬᠠᠭᠠᠪᠠ᠃ | ᠭᠤᠷᠪᠠ᠂ ᠭᠤᠣᠯ ᠠᠭᠤᠯᠭ᠎ᠠ | ︽ᠬᠡᠷᠡᠭᠵᠢᠭᠦᠯᠬᠦ ᠰᠠᠨᠠᠯ︾ ᠢ ᠭᠤᠷᠪᠠᠨ ᠬᠡᠰᠡᠭ ᠬᠤᠪᠢᠶᠠᠪᠠ᠃ | ᠨᠢᠭᠡᠳᠦᠭᠡᠷ ᠬᠡᠰᠡᠭ ᠢᠶᠠᠷ ᠶᠡᠷᠦᠩᠬᠡᠶ ᠱᠠᠭᠠᠷᠳᠠᠯᠭ᠎ᠠ ᠪᠣᠯᠭᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ | ᠪᠣᠬᠢᠷᠲᠤᠯ ᠥᠬᠡᠶ᠂ ᠳᠤᠤᠷ᠎ᠠ ᠨᠡᠭᠦᠷᠡᠰᠦᠲᠥ᠋ᠷᠥᠭᠴᠢᠲᠦ ᠬᠢᠭᠡᠳ ᠦᠷᠭᠦᠯᠵᠢᠯᠡᠬᠦ ᠬᠥᠭᠵᠢᠯᠲᠡ ᠪᠠᠷ ᠭᠤᠤᠯ ᠰᠢᠵᠢᠮ | ᠪᠣᠯᠭᠠᠭᠰᠠᠨ ᠵᠢᠯᠣᠭᠤᠳᠬᠤ ᠦᠵᠡᠯ ᠰᠠᠨᠠᠭ᠎ᠠ ᠪᠣᠯᠤᠨ ᠦᠨᠳᠦᠰᠦᠨ ᠵᠠᠷᠴᠢᠮ ᠢ ᠪᠠᠷᠢᠮᠲᠠᠯᠠᠬᠤ ᠬᠡᠷᠡᠭᠲᠡᠶ᠃ 2022 | ᠣᠨ᠂ 2025 ᠣᠨ ᠤ ᠪᠠᠷᠢᠯᠭ᠎ᠠ ᠶᠢᠨ ᠡᠨᠧᠷᠭᠢ ᠠᠷᠪᠢᠯᠠᠬᠤ ᠪᠠ ᠪᠣᠬᠢᠷᠲᠤᠯ ᠦᠭᠡᠢ ᠪᠠᠷᠢᠯᠭ᠎ᠠ ᠶᠢᠨ | ᠭᠤᠣᠯᠳᠠᠯᠭ᠎ᠠ ᠲᠠᠢ ᠬᠥᠭᠵᠢᠯᠲᠡ ᠶᠢᠨ ᠬᠦᠷᠢᠶᠡᠨ ᠤ ᠭᠤᠣᠯ ᠬᠠᠷᠠᠯᠲᠠ ᠶᠢ ᠲᠣᠭᠲᠠᠭᠠᠪᠠ᠃ | ᠬᠤᠶᠠᠳᠤᠭᠠᠷ ᠬᠡᠰᠡᠭ ᠨᠢ ︽ᠭᠤᠣᠯᠳᠠᠯᠭ᠎ᠠ ᠲᠠᠢ ᠡᠭᠦᠷᠭᠡ︾ ᠪᠣᠯᠤᠨ᠎ᠠ᠂ ᠰᠢᠨ᠎ᠡ ᠪᠠᠷ ᠪᠠᠶᠢᠭᠤᠯᠬᠤ | ᠪᠠᠷᠢᠯᠭ᠎ᠠ ᠶᠢᠨ ᠡᠨᠧᠷᠭᠢ ᠶᠢᠨ ᠠᠰᠢᠭᠯᠠᠮᠵᠢ ᠶᠢ ᠳᠡᠭᠡᠭᠰᠢᠯᠡᠭᠦᠯᠬᠦ᠂ ᠪᠣᠬᠢᠷᠲᠤᠯ ᠦᠭᠡᠢ ᠪᠠᠷᠢᠯᠭ᠎ᠠ ᠶᠢ ᠬᠡᠪᠴᠢᠶᠡᠵᠢᠭᠦᠯᠦᠨ | ᠬᠥᠭᠵᠢᠭᠦᠯᠬᠦ᠂ ᠪᠠᠷᠢᠯᠭ᠎ᠠ ᠶᠢᠨ ᠠᠵᠤ ᠦᠢᠯᠡᠳᠪᠦᠷᠢᠵᠢᠯᠲᠡ ᠶᠢᠨ ᠬᠥᠭᠵᠢᠯᠲᠡ ᠶᠢ ᠠᠬᠢᠭᠤᠯᠬᠤ᠂ ᠨᠢᠭᠡᠨᠲᠡ ᠪᠠᠶᠢᠭ᠎ᠠ | ᠪᠠᠷᠢᠯᠭ᠎ᠠ ᠶᠢᠨ ᠡᠨᠧᠷᠭᠢ ᠠᠷᠪᠢᠯᠠᠬᠤ ᠥᠭᠡᠷᠡᠴᠢᠯᠡᠯᠲᠡ᠂ ᠪᠣᠬᠢᠷᠲᠤᠯ ᠦᠭᠡᠢ ᠪᠠᠷᠢᠯᠭ᠎ᠠ ᠶᠢᠨ ᠮᠠᠲ᠋ᠧᠷᠢᠶᠠᠯ ᠢ | ᠳᠡᠯᠭᠡᠷᠡᠭᠦᠯᠦᠨ ᠬᠡᠷᠡᠭᠯᠡᠬᠦ᠂ ᠳᠠᠬᠢᠯᠲᠠ ᠡᠨᠧᠷᠭᠢ ᠶᠢᠨ ᠰᠤᠷᠪᠤᠯᠵᠢ ᠶᠢᠨ ᠪᠠᠷᠢᠯᠭ᠎ᠠ ᠶᠢᠨ ᠬᠡᠷᠡᠭᠯᠡᠯᠲᠡ᠂ ᠪᠣᠬᠢᠷᠲᠤᠯ ᠦᠭᠡᠢ | ᠪᠠᠷᠢᠯᠭ᠎ᠠ ᠶᠢᠨ ᠠᠵᠢᠯ ᠢ ᠥᠷᠨᠢᠭᠦᠯᠬᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠡᠭᠦᠳᠦᠯᠲᠡ ᠶᠢ ᠴᠢᠩᠭᠠᠳᠬᠠᠬᠤ | ᠵᠡᠷᠭᠡ 8 ᠵᠦᠢᠯ ᠤᠨ ᠭᠤᠣᠯᠳᠠᠯᠭ᠎ᠠ ᠲᠠᠢ ᠬᠥᠭᠵᠢᠯᠲᠡ ᠶᠢᠨ ᠬᠦᠷᠢᠶᠡᠨ ᠤ 17 ᠭᠤᠣᠯᠳᠠᠯᠭ᠎ᠠ ᠲᠠᠢ ᠡᠭᠦᠷᠭᠡ ᠶᠢ | ᠲᠣᠭᠲᠠᠭᠠᠪᠠ᠃ ᠡᠯ᠎ᠡ ᠲᠠᠯ᠎ᠠ ᠶᠢᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠪᠦᠲᠦᠭᠡᠨ | ᠪᠠᠶᠢᠭᠤᠯᠤᠯᠲᠠ ᠶᠢᠨ ᠪᠠᠷᠢᠯᠭ᠎ᠠ ᠶᠢᠨ ᠦᠨᠳᠦᠰᠦᠨ ᠳᠡᠰ ᠳᠠᠷᠠᠭᠠᠯᠠᠯ ᠪᠣᠯᠤᠨ ᠬᠠᠷᠢᠭᠤᠴᠠᠯᠭ᠎ᠠ ᠶᠢᠨ ᠱᠠᠭᠠᠷᠳᠠᠯᠭ᠎ᠠ ᠲᠠᠢ | ᠤᠶᠠᠯᠳᠤᠭᠤᠯᠤᠨ᠂ ᠡᠯ᠎ᠡ ᠰᠠᠯᠠᠭ᠎ᠠ ᠮᠥᠴᠢᠷ᠂ ᠡᠯ᠎ᠡ ᠨᠢᠭᠡᠴᠡ ᠶᠢᠨ ᠪᠠᠷᠢᠯᠭ᠎ᠠ ᠶᠢᠨ ᠡᠨᠧᠷᠭᠢ ᠠᠷᠪᠢᠯᠠᠬᠤ ᠪᠠ | ᠪᠣᠬᠢᠷᠲᠤᠯ ᠦᠭᠡᠶ ᠪᠠᠷᠢᠯᠭ᠎ᠠ ᠶᠢᠨ ᠬᠥᠭᠵᠢᠯᠲᠡ ᠳᠠᠬᠢ ᠭᠤᠤᠯ ᠬᠠᠷᠢᠭᠤᠴᠠᠯᠭ᠎ᠠ ᠡᠭᠦᠷᠭᠡ ᠶᠢ ᠲᠣᠳᠣᠷᠬᠠᠶᠢᠯᠠᠵᠤ᠂ ᠡᠯ᠎ᠡ | ᠲᠠᠯ᠎ᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠡᠮᠬᠢ ᠵᠢᠷᠤᠮ ᠲᠠᠢ ᠵᠣᠯᠭᠠᠭᠤᠯᠤᠭᠰᠠᠨ ᠪᠢᠲᠡᠭᠦᠦ | ᠮᠠᠶ᠋ᠢᠭ ᠤᠨ ᠬᠠᠮᠢᠶᠠᠷᠤᠯᠲᠠ ᠶᠢ ᠪᠣᠶ ᠪᠣᠯᠭᠠᠬᠤ ᠬᠡᠷᠡᠭᠲᠡᠶ᠃ | ᠭᠤᠷᠪᠠᠳᠤᠭᠠᠷ ᠬᠡᠰᠡᠭ ᠨᠢ ︽ᠪᠠᠲᠤᠯᠠᠭ᠎ᠠ ᠶᠢᠨ ᠠᠷᠭ᠎ᠠ ᠬᠡᠮᠵᠢᠶ᠎ᠡ︾ ᠪᠣᠯᠤᠨ᠎ᠠ᠂ ᠨᠢᠭᠡ ᠳᠤ ᠵᠣᠬᠢᠶᠠᠨ | ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠂ ᠲᠢᠩᠬᠢᠮ ᠤᠨ ᠬᠤᠭᠤᠷᠣᠨᠳᠣ ᠬᠠᠮᠲᠤᠷᠠᠭᠰᠠᠨ ᠬᠤᠷᠠᠯ ᠤᠨ | ᠳᠦᠷᠢᠮ ᠢ ᠪᠠᠶᠢᠭᠤᠯᠵᠤ᠂ ᠪᠠᠷᠢᠯᠭ᠎ᠠ ᠶᠢᠨ ᠡᠨᠧᠷᠭᠢ ᠠᠷᠪᠢᠯᠠᠬᠤ ᠪᠠ ᠪᠣᠬᠢᠷᠲᠤᠯ ᠦᠭᠡᠶ ᠪᠠᠷᠢᠯᠭ᠎ᠠ ᠶᠢᠨ | ᠬᠥᠭᠵᠢᠯᠲᠡ ᠶᠢᠨ ᠠᠵᠢᠯ ᠢ ᠨᠢᠭᠡᠳᠦᠯᠲᠡᠶ ᠲᠥᠯᠥᠪᠯᠡᠨ ᠲᠦᠯᠬᠢᠨ ᠠᠬᠢᠭᠤᠯᠤᠨ᠎ᠠ︔ ᠬᠤᠶᠠᠷ ᠲᠤ ᠪᠥᠲᠥᠭᠡᠨ | ᠪᠠᠶᠢᠭᠤᠯᠤᠯᠲᠠ ᠶᠢᠨ ᠪᠠᠷᠢᠯᠭ᠎ᠠ ᠶᠢᠨ ᠪᠥᠬᠦ ᠶᠠᠪᠤᠴᠠ ᠳᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠲᠥᠷᠥᠯ | ᠵᠦᠢᠯ ᠪᠠᠶᠢᠭᠤᠯᠬᠤ᠂ ᠲᠥᠯᠥᠪᠵᠢᠭᠦᠯᠬᠦ᠂ ᠭᠠᠵᠠᠷ ᠬᠡᠷᠡᠭᠯᠡᠬᠦ᠂ ᠵᠢᠷᠤᠭᠯᠠᠨ ᠲᠥᠯᠥᠪᠯᠡᠬᠦ᠂ ᠵᠢᠷᠤᠭ ᠬᠢᠨᠠᠬᠤ᠂ ᠪᠠᠷᠢᠯᠭ᠎ᠠ | ᠪᠠᠷᠢᠬᠤ᠂ ᠪᠠᠶᠢᠴᠠᠭᠠᠨ ᠬᠡᠮᠵᠢᠬᠦ᠂ ᠰᠢᠯᠭᠠᠨ ᠠᠪᠬᠤ᠂ ᠦᠨᠡᠯᠡᠬᠦ ᠵᠡᠷᠭᠡ ᠪᠦᠬᠦ ᠶᠠᠪᠤᠴᠠ ᠶᠢᠨ ᠬᠢᠨᠠᠯᠲᠠ | ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠵᠤ᠂ ᠨᠡᠭᠡᠭᠡᠨ ᠬᠥᠭᠵᠢᠭᠦᠯᠵᠦ ᠪᠦᠲᠦᠭᠡᠨ ᠪᠠᠶᠢᠭᠤᠯᠬᠤ᠂ ᠬᠠᠶᠢᠨ | ᠪᠠᠶᠢᠴᠠᠭᠠᠵᠤ ᠵᠢᠷᠤᠭᠯᠠᠨ ᠲᠥᠯᠥᠪᠯᠡᠬᠦ᠂ ᠪᠠᠷᠢᠯᠭ᠎ᠠ ᠶᠢᠨ ᠵᠢᠷᠤᠭ ᠢ ᠬᠢᠨᠠᠨ ᠪᠠᠶᠢᠴᠠᠭᠠᠬᠤ᠂ ᠪᠠᠷᠢᠯᠭ᠎ᠠ ᠪᠠᠷᠢᠬᠤ᠂ ᠬᠢᠨᠠᠨ | ᠬᠠᠮᠢᠶᠠᠷᠬᠤ ᠵᠡᠷᠭᠡ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠡᠯ᠎ᠡ ᠲᠠᠯ᠎ᠠ ᠶᠢᠨ ᠭᠤᠣᠯ ᠴᠣᠭᠴᠠ ᠶᠢᠨ | ᠪᠠᠷᠢᠯᠭ᠎ᠠ ᠶᠢᠨ ᠡᠨᠧᠷᠭᠢ ᠠᠷᠪᠢᠯᠠᠬᠤ ᠪᠠ ᠪᠣᠬᠢᠷᠲᠤᠯ ᠦᠭᠡᠶ ᠪᠠᠷᠢᠯᠭ᠎ᠠ ᠶᠢᠨ ᠬᠠᠮᠢᠶ᠎ᠠ ᠪᠦᠬᠦᠢ ᠬᠠᠤᠯᠢ ᠲᠣᠭᠲᠠᠭᠠᠯ | ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ᠂ ᠪᠠᠷᠢᠮᠵᠢᠶ᠎ᠠ ᠨᠢ ᠵᠢᠷᠤᠮᠵᠢᠯ ᠲᠠᠢ ᠪᠠᠶᠢᠬᠤ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠤᠨ᠎ᠠ᠃ ᠭᠤᠷᠪᠠ ᠳᠤ ᠤᠷᠮᠠᠰᠢᠭᠤᠯᠬᠤ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠵᠦ᠂ ᠭᠠᠶᠢᠯᠢ | ᠰᠦᠢᠳᠭᠡᠯ ᠢ ᠬᠠᠰᠤᠵᠤ ᠬᠡᠯᠲᠦᠷᠢᠭᠦᠯᠬᠦ ᠪᠠ ᠰᠢᠯᠢᠳᠡᠭ ᠢ ᠰᠢᠯᠭᠠᠷᠠᠭᠤᠯᠵᠤ ᠰᠢᠨ᠎ᠡ ᠶᠢ ᠡᠭᠦᠳᠬᠦ ᠲᠥᠷᠥ ᠶᠢᠨ | ᠪᠣᠳᠣᠯᠭ᠎ᠠ ᠶᠢ ᠦᠷᠭᠦᠯᠵᠢᠯᠡᠨ ᠨᠠᠶᠢᠳᠠᠪᠤᠷᠢᠵᠢᠭᠤᠯᠵᠤ᠂ ᠵᠦᠶ ᠶᠣᠰᠣᠨ ᠤ ᠮᠥᠩᠭᠦᠨ ᠭᠦᠢᠯᠭᠡᠭᠡᠨ ᠤ ᠬᠥᠭᠵᠢᠯᠲᠡ ᠶᠢ | ᠰᠠᠶᠢᠲᠤᠷ ᠬᠢᠨ᠎ᠠ᠃ ᠳᠥᠷᠪᠡ ᠳᠤ ᠬᠠᠷᠢᠭᠤᠴᠠᠯᠭ᠎ᠠ ᠶᠢᠨ ᠬᠢᠨᠠᠨ ᠰᠢᠯᠭᠠᠯᠲᠠ ᠶᠢ ᠴᠢᠩᠭᠠᠳᠬᠠᠨ᠎ᠠ᠃ ᠠᠭᠠᠷ ᠮᠠᠨᠳᠠᠯ ᠤᠨ | ᠪᠣᠬᠢᠷᠲᠤᠯ ᠢ ᠰᠡᠷᠭᠡᠶᠢᠯᠡᠨ ᠵᠠᠰᠠᠬᠤ᠂ ᠡᠨᠧᠷᠭᠢ ᠶᠢᠨ ᠬᠤᠷᠣᠭᠳᠠᠯ ᠤᠨ ᠶᠡᠷᠦᠩᠬᠡᠶ ᠬᠡᠮᠵᠢᠶ᠎ᠡ ᠪᠠ | ᠬᠦᠴᠦᠯᠡᠴᠡ ᠶᠢᠨ ︽ᠬᠤᠶᠠᠷ ᠢ ᠬᠢᠵᠠᠭᠠᠷᠯᠠᠬᠤ︾᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ | ᠬᠠᠷᠢᠭᠤᠴᠠᠯᠭ᠎ᠠ ᠶᠢᠨ ᠬᠠᠷᠠᠯᠲᠠ ᠶᠢ ᠰᠢᠯᠭᠠᠨ ᠬᠢᠨᠠᠬᠤ ᠶᠢ ᠨᠠᠶᠢᠳᠠᠪᠤᠷᠢᠵᠢᠭᠤᠯᠵᠤ᠂ ᠬᠢᠨᠠᠯᠲᠠ ᠲᠠᠯᠪᠢᠵᠤ | ᠪᠠᠶᠢᠴᠠᠭᠠᠬᠤ ᠶᠢ ᠴᠢᠩᠭᠠᠳᠬᠠᠨ᠂ ᠬᠠᠷᠠᠯᠲᠠ ᠶᠢᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠦᠨᠡᠨᠬᠦ ᠪᠠᠲᠤᠯᠠᠨ᠎ᠠ᠃ |