ᠭᠦᠯ ᠪᠦᠮᠪᠦᠭᠡ ᠶᠢᠨ ᠬᠦᠳᠡᠯᠭᠡᠭᠡᠨ ᠳᠤ ᠢᠳᠡᠪᠬᠢᠳᠠᠢ ᠤᠷᠤᠯᠴᠠᠶ᠎ᠠ
ᠨᠡᠶᠢᠲᠡᠯᠡᠭᠰᠡᠨ ᠴᠠᠭ᠄
2021/4/6
    ᠬᠦᠯ ᠪᠦᠮᠪᠦᠭᠡ ᠨᠢ ᠬᠦᠮᠦᠰ ᠤᠨ ᠪᠡᠶ᠎ᠡ ᠮᠠᠬᠠᠪᠤᠳ ᠤᠨ ᠴᠢᠳᠠᠪᠬᠢ ᠶᠢ ᠰᠢᠯᠭᠠᠬᠤ ᠳᠠᠮᠢᠷ ᠤᠨ ᠬᠦᠳᠡᠯᠭᠡᠭᠡᠨ ᠪᠤᠯᠬᠤ ᠶᠤᠮ᠃ ᠠᠶᠤᠯᠳᠤ ᠴᠢᠨᠠᠷ ᠢᠶᠠᠷ ᠦᠨᠳᠦᠷ ᠭᠡᠵᠤ ᠤᠯᠠᠩᠬᠢ ᠭᠡᠷ ᠤᠨ ᠠᠬᠠᠮᠠᠳ ᠪᠠ ᠵᠠᠯᠠᠭᠤᠴᠤᠳ ᠪᠠᠭᠠᠴᠤᠳ ᠬᠦᠯ ᠪᠦᠮᠪᠦᠭᠡ ᠶᠢᠨ ᠬᠦᠳᠡᠯᠭᠡᠭᠡᠨ ᠳᠤ ᠤᠷᠤᠯᠴᠠᠬᠤ ᠠᠴᠠ ᠳᠠᠳᠠᠭᠠᠯᠵᠠᠳᠠᠭ᠃ ᠭᠡᠪᠡᠴᠦ ᠬᠦᠯ ᠪᠦᠮᠪᠦᠭᠡ ᠨᠢ ᠪᠡᠶ᠎ᠡ ᠮᠠᠬᠠᠪᠤᠳ ᠢ ᠶᠡᠭᠡ ᠪᠠᠷ ᠳᠠᠪᠳᠠᠨ ᠪᠤᠯᠪᠠᠰᠤᠷᠠᠭᠤᠯᠬᠤ ᠪᠠᠷ ᠪᠠᠷᠠᠬᠤ ᠦᠭᠡᠢ᠂ ᠬᠡᠦᠬᠡᠳ ᠤᠨ ᠤᠶᠤᠨ ᠰᠠᠨᠠᠭ᠎ᠠ ᠶᠢ ᠴᠦ ᠬᠦᠮᠦᠵᠢᠭᠦᠯᠵᠤ ᠴᠢᠳᠠᠳᠠᠭ ᠶᠤᠮ᠃     ᠬᠦᠯ ᠪᠦᠮᠪᠦᠭᠡ ᠨᠢ ᠪᠡᠶ᠎ᠡ ᠮᠠᠬᠠᠪᠤᠳ ᠤᠨ ᠬᠡᠪ ᠴᠢᠨᠠᠷ ᠤᠨ ᠲᠠᠯ᠎ᠠ ᠶᠢᠨ ᠱᠠᠭᠠᠷᠳᠠᠯᠭ᠎ᠠ ᠮᠠᠰᠢ ᠦᠨᠳᠦᠷ ᠪᠠᠶᠢᠵᠤ᠂ ᠬᠤᠷᠳᠤᠨ ᠬᠦᠶᠦᠯᠳᠡ᠂ ᠪᠡᠶ᠎ᠡ ᠶᠢᠨ ᠬᠦᠨᠳᠦᠴᠡ ᠪᠠᠨ ᠡᠵᠡᠮᠳᠡᠬᠦ ᠴᠢᠳᠠᠪᠤᠷᠢ᠂ ᠪᠤᠰᠢᠭᠤ ᠱᠠᠯᠠᠮᠠᠭᠠᠢ ᠠᠯᠬᠤᠭ᠎ᠠ᠂ ᠳᠡᠮᠡᠴᠡᠯᠳᠦᠭᠡᠨ ᠤ ᠳᠤᠮᠳᠠᠬᠢ ᠬᠦᠴᠦᠨ ᠴᠢᠳᠠᠯ ᠤᠨ ᠬᠡᠪ ᠪᠤᠯᠪᠠᠰᠤᠷᠠᠯ ᠵᠢᠴᠢ ᠳᠠᠪᠠᠭᠤ ᠰᠠᠶᠢᠨ ᠳᠡᠰᠪᠦᠷᠢ ᠳᠡᠪᠴᠢᠶᠡᠷᠢ ᠪᠤᠯᠤᠨ ᠤᠶᠠᠨ ᠴᠢᠨᠠᠷ ᠪᠠᠶᠢᠬᠤ ᠭᠡᠷᠡᠭᠳᠡᠢ᠃ ᠬᠦᠯ ᠪᠦᠮᠪᠦᠭᠡ ᠶᠢᠨ ᠪᠤᠯᠪᠠᠰᠤᠷᠠᠯ ᠳᠤᠮᠳᠠ᠂ ᠰᠢᠨᠵᠢᠯᠡᠬᠦ ᠤᠬᠠᠭᠠᠨᠴᠢ ᠪᠤᠯᠪᠠᠰᠤᠷᠠᠯ ᠤᠨ ᠠᠷᠭ᠎ᠠ᠂ ᠵᠤᠬᠢᠰᠳᠠᠢ ᠵᠢᠭᠠᠨ ᠰᠤᠷᠭᠠᠯᠳᠠ ᠶᠢᠨ ᠠᠷᠭ᠎ᠠ ᠨᠢ ᠬᠡᠦᠬᠡᠳ ᠤᠨ ᠪᠠᠶ᠎ᠠ ᠮᠠᠬᠠᠪᠤᠳ ᠤᠨ ᠬᠡᠪ ᠴᠢᠨᠠᠷ ᠤᠨ ᠲᠠᠯ᠎ᠠ ᠶᠢᠨ ᠳᠠᠪᠠᠭᠤᠯᠢᠭ ᠢ ᠤᠯᠠᠮ ᠢᠶᠠᠷ ᠪᠠᠳᠠᠷᠠᠭᠤᠯᠵᠤ᠂ ᠬᠡᠦᠬᠡᠳ ᠤᠨ ᠪᠠᠶ᠎ᠠ ᠮᠠᠬᠠᠪᠤᠳ ᠤᠨ ᠬᠡᠪ ᠪᠤᠯᠪᠠᠰᠤᠷᠠᠯ ᠤᠨ ᠬᠦᠷᠦᠯᠴᠡᠬᠦ ᠦᠭᠡᠢ ᠲᠠᠯ᠎ᠠ ᠶᠢ ᠰᠠᠶᠢᠵᠢᠷᠠᠭᠤᠯᠵᠤ᠂ ᠪᠡᠶ᠎ᠠ ᠮᠠᠬᠠᠪᠤᠳ ᠤᠨ ᠬᠡᠪ ᠴᠢᠨᠠᠷ ᠢ ᠪᠦᠬᠦ ᠲᠠᠯ᠎ᠠ ᠪᠠᠷ ᠳᠡᠭᠡᠭᠰᠢᠯᠡᠭᠦᠯᠵᠤ ᠴᠢᠳᠠᠨ᠎ᠠ᠃ ᠬᠦᠯ ᠪᠦᠮᠪᠦᠭᠡ ᠶᠢᠨ ᠪᠤᠯᠪᠠᠰᠤᠷᠠᠯ ᠢᠶᠠᠷ ᠳᠠᠮᠵᠢᠨ ᠬᠦᠮᠦᠨ ᠤ ᠪᠡᠶ᠎ᠡ ᠶᠢᠨ ᠰᠢᠨ᠎ᠡ ᠬᠠᠭᠤᠴᠢᠨ ᠤ ᠰᠤᠯᠢᠯᠴᠠᠭ᠎ᠠ ᠶᠢ ᠠᠭᠢᠭᠤᠯᠵᠤ᠂ ᠠᠮᠢᠰᠬᠤᠯ ᠤᠨ ᠰᠢᠰᠲ᠋ᠧᠮ᠂ ᠵᠢᠷᠦᠬᠡᠨ ᠤ ᠠᠵᠢᠯᠯᠠᠭ᠎ᠠ ᠵᠡᠷᠭᠡ ᠶᠢ ᠰᠠᠶᠢᠵᠢᠷᠠᠭᠤᠯᠵᠤ᠂ ᠢᠳᠡᠭᠡᠨ ᠤ ᠲᠤᠷᠠᠰᠢᠯ ᠢ ᠨᠡᠮᠡᠭᠳᠡᠭᠦᠯᠦᠨ ᠰᠢᠩᠭᠡᠭᠡᠯᠳᠡ ᠶᠢ ᠳᠡᠭᠡᠭᠰᠢᠯᠡᠭᠦᠯᠳᠡᠭ ᠶᠤᠮ᠃ ᠮᠦᠨ ᠴᠦ ᠬᠡᠦᠬᠡᠳ ᠤᠨ ᠪᠤᠯᠴᠢᠩ᠂ ᠰᠢᠷᠪᠦᠰᠦ ᠶᠢᠨ ᠴᠢᠳᠠᠯ ᠵᠡᠷᠭᠡ ᠳᠤ ᠮᠠᠰᠢ ᠰᠠᠶᠢᠨ ᠪᠤᠯᠪᠠᠰᠤᠷᠠᠯ ᠤᠨ ᠦᠢᠯᠡᠳᠦᠯ ᠲᠠᠢ ᠪᠠᠶᠢᠳᠠᠭ᠃     ᠬᠦᠯ ᠪᠦᠮᠪᠦᠭᠡ ᠪᠤᠯ ᠡᠰᠡᠷᠭᠦᠴᠡᠯᠳᠦᠬᠦ ᠴᠢᠨᠠᠷ ᠢᠶᠠᠷ ᠮᠠᠰᠢ ᠴᠢᠩᠭ᠎ᠠ ᠪᠦᠯᠬᠦᠮ ᠨᠡᠶᠢᠳᠡ ᠶᠢᠨ ᠤᠷᠤᠯᠳᠤᠭᠠᠨ ᠤ ᠲᠦᠷᠦᠯ ᠪᠤᠯᠤᠨ᠎ᠠ᠃ ᠶᠠᠭ ᠡᠨᠡ ᠬᠦ ᠬᠤᠷᠴᠠ ᠰᠢᠷᠦᠬᠦᠨ ᠦᠷᠢᠰᠦᠯᠳᠦᠭᠡᠨ ᠲᠠᠢ᠂ ᠪᠠᠰᠠ ᠪᠦᠯᠬᠦᠮᠳᠡᠨ ᠬᠠᠮᠵᠢᠯᠴᠠᠬᠤ ᠤᠷᠴᠢᠨ ᠳᠤᠮᠳᠠ ᠬᠡᠦᠬᠡᠳ ᠤᠨ ᠵᠤᠷᠢᠭ ᠰᠠᠨᠠᠭ᠎ᠠ ᠪᠤᠯᠤᠨ ᠦᠷᠢᠰᠦᠯᠳᠦᠬᠦ ᠤᠬᠠᠮᠰᠠᠷ ᠬᠠᠳᠠᠭᠤᠵᠢᠵᠤ᠂ ᠢᠳᠡᠪᠬᠢ ᠦᠭᠡᠳᠡᠷᠬᠡᠭ᠂ ᠵᠤᠷᠢᠭ ᠲᠠᠢ ᠳᠡᠮᠡᠴᠡᠬᠦ᠂ ᠬᠦᠴᠢᠷ ᠪᠡᠷᠬᠡ ᠠᠴᠠ ᠠᠶᠤᠬᠤ ᠦᠭᠡᠢ᠂ ᠳᠡᠰᠪᠦᠷᠢ ᠳᠡᠪᠴᠢᠶᠡᠷᠢ ᠲᠠᠢ ᠵᠤᠷᠢᠭ ᠰᠠᠨᠠᠭ᠎ᠠ ᠶᠢ ᠬᠦᠮᠦᠵᠢᠭᠦᠯᠬᠦ ᠳᠤ ᠠᠰᠢᠬᠳᠠᠢ ᠪᠠᠶᠢᠳᠠᠭ᠃ ᠡᠭᠦᠨ ᠤ ᠬᠠᠮᠳᠤ᠂ ᠬᠦᠯ ᠪᠦᠮᠪᠦᠭᠡ ᠶᠢᠨ ᠤᠷᠤᠯᠳᠤᠭᠠᠨ ᠤ ᠪᠠᠶᠢᠳᠠᠯ ᠬᠤᠷᠤᠮᠬᠠᠨ ᠵᠠᠭᠤᠷ᠎ᠠ ᠬᠤᠪᠢᠷᠠᠬᠤ᠂ ᠮᠠᠰᠢ ᠪᠤᠳᠤᠯᠢᠶᠠᠨᠳᠠᠢ ᠤᠴᠢᠷ ᠠᠴᠠ ᠳᠠᠮᠢᠷᠴᠢᠨ ᠤ ᠰᠡᠳᠬᠢᠬᠦᠢ᠂ ᠠᠵᠢᠬᠯᠠᠯᠳᠠ᠂ ᠮᠠᠭᠠᠳᠯᠠᠯᠳᠠ᠂ ᠬᠠᠷᠢᠭᠤ ᠲᠤᠰᠬᠠᠯ ᠵᠡᠷᠭᠡ ᠶᠢᠨ ᠴᠢᠳᠠᠪᠤᠷᠢ ᠶᠢᠨ ᠱᠠᠭᠠᠷᠳᠠᠯᠭ᠎ᠠ ᠬᠠᠷᠢᠴᠠᠩᠭᠤᠢ ᠦᠨᠳᠦᠷ ᠪᠠᠶᠢᠳᠠᠭ᠃ ᠤᠷᠳᠤ ᠬᠤᠭᠤᠴᠠᠭᠠᠨ ᠤ ᠬᠦᠯ ᠪᠦᠮᠪᠦᠭᠡ ᠶᠢᠨ ᠪᠤᠯᠪᠠᠰᠤᠷᠠᠯ ᠨᠢ ᠬᠡᠦᠬᠡᠳ ᠢ ᠰᠢᠯᠢᠳᠡᠭ ᠬᠦᠯ ᠪᠦᠮᠪᠦᠭᠡ ᠶᠢᠨ ᠳᠠᠮᠢᠷᠴᠢᠨ ᠪᠤᠯᠭᠠᠵᠤ ᠴᠢᠳᠠᠬᠤ ᠦᠭᠡᠢ ᠮᠠᠭᠠᠳ᠃ ᠭᠡᠪᠡᠴᠦ ᠬᠡᠦᠬᠡᠳ ᠤᠨ ᠰᠡᠳᠬᠢᠭᠦᠢ ᠶᠢ ᠨᠡᠩ ᠬᠤᠷᠴᠠ ᠰᠡᠷᠬᠡᠭ᠂ ᠮᠠᠭᠠᠳᠯᠠᠬᠤ ᠴᠢᠳᠠᠪᠤᠷᠢ ᠨᠡᠩ ᠤᠨᠤᠪᠴᠢᠳᠠᠢ᠂ ᠬᠠᠷᠠᠭ᠎ᠠ ᠨᠡᠩ ᠦᠷᠭᠡᠨ᠂ ᠵᠤᠷᠢᠭ ᠨᠡᠩ ᠪᠠᠳᠤ ᠪᠤᠯᠭᠠᠵᠤ ᠴᠢᠳᠠᠨ᠎ᠠ᠃ ᠨᠡᠶᠢᠭᠡᠮ ᠤᠨ ᠤᠷᠴᠢᠨ ᠳᠤ ᠵᠤᠬᠢᠴᠠᠬᠤ ᠴᠢᠳᠠᠪᠤᠷᠢ ᠪᠤᠯᠤᠨ ᠦᠷᠢᠰᠦᠯᠳᠦᠬᠦ ᠴᠢᠳᠠᠪᠦᠷᠢ ᠵᠡᠷᠭᠡ ᠪᠦᠬᠦ ᠲᠠᠯ᠎ᠠ ᠶᠢᠨ ᠶᠡᠷᠦᠩᠬᠡᠶᠢᠯᠡᠭᠰᠡᠨ ᠬᠡᠪ ᠴᠢᠨᠠᠷ ᠬᠦᠭᠵᠢᠯᠲᠠ ᠲᠠᠢ ᠪᠤᠯᠬᠤ ᠪᠠ ᠳᠡᠭᠡᠭᠰᠢᠯᠡᠳᠡᠭ ᠶᠤᠮ᠃     ᠬᠦᠯ ᠪᠦᠮᠪᠦᠭᠡ ᠪᠤᠯ ᠪᠦᠯᠬᠦᠮ ᠨᠡᠶᠢᠳᠡ ᠶᠢᠨ ᠲᠦᠷᠦᠯ ᠵᠦᠢᠯ᠂ ᠪᠤᠯᠪᠠᠰᠤᠷᠠᠯ ᠳᠤᠮᠳᠠ ᠴᠢᠩᠭ᠎ᠠ ᠨᠢᠬᠳᠠ ᠤᠯᠠᠨ ᠨᠡᠶᠢᠳᠡ ᠶᠢᠨ ᠦᠵᠡᠯ ᠪᠤᠯᠤᠨ ᠵᠤᠬᠢᠶᠠᠨ ᠪᠠᠶᠢᠭᠤᠯᠤᠯᠳᠠ ᠶᠢᠨ ᠴᠢᠨᠠᠷ᠂ ᠰᠠᠬᠢᠯᠭ᠎ᠠ ᠪᠠᠳᠤ ᠶᠢᠨ ᠴᠢᠨᠠᠷ ᠢ ᠳᠠᠪᠳᠠᠨ ᠪᠤᠯᠪᠠᠰᠤᠷᠠᠭᠤᠯᠵᠤ᠂ ᠬᠡᠦᠬᠡᠳ ᠤᠨ ᠡᠷᠡᠯᠬᠡᠭ ᠵᠤᠷᠢᠬᠳᠠᠢ᠂ ᠳᠡᠰᠪᠦᠷᠢ ᠳᠡᠪᠴᠢᠶᠡᠷᠢ᠂ ᠬᠤᠷᠴᠠ ᠰᠡᠷᠭᠡᠭ᠂ ᠡᠷᠡᠰ ᠰᠢᠭᠤᠷᠬᠠᠢ᠂ ᠵᠤᠬᠢᠴᠠᠬᠤ ᠳᠤ ᠪᠠᠨ ᠰᠠᠶᠢᠨ᠂ ᠳᠠᠪᠰᠢᠬᠤ ᠵᠤᠷᠢᠭ ᠲᠠᠢ᠂ ᠰᠢᠳᠠᠷᠠᠰᠢ ᠦᠭᠡᠢ ᠵᠤᠷᠢᠭ ᠰᠠᠨᠠᠭ᠎ᠠ ᠶᠢ ᠬᠦᠮᠦᠵᠢᠭᠦᠯᠵᠤ ᠴᠢᠳᠠᠨ᠎ᠠ᠃ ᠬᠦᠯ ᠪᠦᠮᠪᠦᠭᠡ ᠶᠢᠨ ᠬᠦᠳᠡᠯᠭᠡᠭᠡᠨ ᠨᠢ ᠬᠡᠦᠬᠡᠳ ᠤᠨ ᠦᠰᠦᠨ ᠪᠤᠶᠢᠵᠢᠯᠳᠠ᠂ ᠵᠠᠩ ᠴᠢᠨᠠᠷ ᠤᠨ ᠬᠦᠮᠦᠵᠢᠯ ᠳᠤ ᠡᠶᠢᠮᠦ ᠤᠯᠠᠨ ᠰᠠᠶᠢᠨ ᠦᠢᠯᠡᠳᠦᠯ ᠲᠠᠢ ᠪᠤᠯᠬᠤᠷ᠂ ᠬᠡᠦᠬᠡᠳ ᠤᠳ ᠢᠶᠠᠨ ᠬᠦᠯ ᠪᠦᠮᠪᠦᠭᠡ ᠶᠢᠨ ᠬᠦᠳᠡᠯᠭᠡᠭᠡᠨ ᠳᠤ ᠢᠯᠡᠭᠦᠦ ᠤᠷᠤᠯᠴᠠᠭᠤᠯᠤᠶ᠎ᠠ︕ ᠵᠠᠯᠠᠭᠤᠴᠤᠳ ᠪᠠᠭᠠᠴᠤᠳ ᠮᠢᠨᠢ ᠭᠦᠯ ᠪᠦᠮᠪᠦᠭᠡ ᠶᠢᠨ ᠬᠦᠳᠡᠯᠭᠡᠭᠡᠨ ᠳᠤ ᠤᠷᠤᠯᠴᠠᠵᠤ᠂ ᠨᠡᠩ ᠡᠷᠡᠭᠦᠯ ᠪᠡᠶ᠎ᠡ ᠰᠠᠷᠠᠭᠤᠯ ᠤᠬᠠᠭᠠᠨ ᠲᠠᠢ ᠦᠰᠦᠨ ᠪᠤᠶᠢᠵᠢᠶ᠎ᠡ︕
 
ᠢᠷᠡᠯᠲᠡ᠄ ᠲᠣᠮᠳᠠᠳᠣ ᠣᠯᠣᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18004690号