ᠰᠤᠷᠭᠠᠨ ᠬᠥᠮᠦᠵᠢᠯ ᠤᠨ ᠶᠠᠮᠤᠨ ᠠᠴᠠ ᠰᠤᠷᠭᠠᠨ ᠬᠥᠮᠦᠵᠢᠯ ᠤᠨ ᠰᠢᠰᠲ᠋ᠧᠮ ᠤᠨ ᠬᠢᠨ ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ 4 ᠲᠠᠯ᠎ᠠ ᠪᠠᠷ ᠰᠠᠶᠢᠲᠤᠷ ᠬᠢᠬᠦ ᠲᠤᠬᠠᠢ ᠪᠢᠴᠢᠭ ᠮᠠᠲ᠋ᠧᠷᠢᠶᠠᠯ ᠪᠠᠭᠤᠯᠭᠠᠪᠠ
ᠨᠡᠶᠢᠲᠡᠯᠡᠭᠰᠡᠨ ᠴᠠᠭ᠄
2021/5/28
    5 ᠰᠠᠷ᠎ᠠ ᠶᠢᠨ 21 ᠤ ᠡᠳᠦᠷ᠂ ᠰᠤᠷᠭᠠᠨ ᠬᠥᠮᠦᠵᠢᠯ ᠤᠨ ᠶᠠᠮᠤᠨ ᠠᠴᠠ ᠮᠡᠳᠡᠭᠳᠡᠯ ᠳᠠᠷᠤᠮᠠᠯᠯᠠᠨ ᠲᠠᠷᠬᠠᠭᠠᠵᠤ᠂ ᠰᠤᠷᠭᠠᠨ ᠬᠥᠮᠦᠵᠢᠯ ᠤᠨ ᠰᠢᠰᠲ᠋ᠧᠮ ᠤᠨ ᠬᠢᠨ ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠦᠨᠡᠨ ᠬᠦ ᠰᠠᠶᠢᠲᠤᠷ ᠬᠢᠬᠦ ᠲᠤᠬᠠᠶ ᠪᠠᠶᠢᠷᠢᠯᠠᠭᠤᠯᠪᠠ᠃ ᠪᠣᠳᠠᠲᠠᠶ ᠠᠭᠤᠯᠭ᠎ᠠ ᠶᠢ ᠬᠠᠮᠲᠤ ᠳᠤ ᠪᠠᠨ ᠦᠵᠡᠵᠡᠭᠡᠶ᠎ᠡ᠃     ᠮᠡᠳᠡᠭᠳᠡᠯ ᠳᠤ᠂ ᠡᠯ᠎ᠡ ᠭᠠᠵᠠᠷ ᠤᠨ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠪᠣᠯᠤᠨ ᠳᠡᠭᠡᠳᠦ ᠰᠤᠷᠭᠠᠭᠤᠯᠢ ᠶᠢᠨ ᠬᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠪᠠᠶᠢᠩᠭᠤᠵᠢᠭᠤᠯᠬᠤ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠶ᠃ ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠵᠦ ᠪᠠᠶᠢᠭ᠎ᠠ ᠪᠠᠶᠢᠳᠠᠯ ᠢ ᠰᠡᠷᠭᠡᠭ ᠢᠶᠠᠷ ᠲᠠᠨᠢᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠨᠡ ᠬᠦ ᠬᠥᠪᠴᠢ ᠶᠢ ᠴᠠᠭ ᠢᠮᠠᠭᠲᠠ ᠴᠢᠩᠭᠠᠯᠠᠵᠤ᠂ ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ ᠠᠴᠠ ᠣᠶᠢᠷ᠎ᠠ ᠳᠤ ᠳᠠᠷᠤᠮᠠᠯᠯᠠᠨ ᠲᠠᠷᠬᠠᠭᠠᠭᠰᠠᠨ ︽ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠲᠥᠰᠦᠯ ︵ᠨᠠᠢᠮᠠᠳᠤᠭᠠᠷ ᠬᠡᠪᠯᠡᠯ︶ ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ︾ ᠪᠣᠯᠤᠨ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠰᠤᠷᠭᠠᠨ ᠬᠥᠮᠦᠵᠢᠯ ᠤᠨ ᠶᠠᠮᠤᠨ ᠤ ᠬᠠᠮᠲᠤᠷᠠᠨ ᠳᠠᠷᠤᠮᠠᠯᠯᠠᠨ ᠲᠠᠷᠬᠠᠭᠠᠭᠰᠠᠨ ︽ᠳᠡᠭᠡᠳᠦ ᠰᠤᠷᠭᠠᠭᠤᠯᠢ᠂ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠪᠠ ᠬᠡᠦᠬᠡᠳ ᠰᠠᠭᠠᠲᠠᠭᠤᠯᠬᠤ ᠪᠠᠶᠢᠭᠤᠯᠤᠮᠵᠢ ᠶᠢᠨ ᠬᠠᠪᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭᠠᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠮᠡᠷᠭᠡᠵᠢᠯ ᠤᠨ ᠲᠥᠰᠦᠯ ︵ᠭᠤᠷᠪᠠᠳᠤᠭᠠᠷ ᠬᠡᠪᠯᠡᠯ︶ ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ︾ ᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ︽ᠬᠥᠮᠦᠨ︾ ︽ᠪᠣᠳᠠᠰ︾ ᠪᠣᠯᠤᠨ ᠣᠷᠴᠢᠨ ᠲᠣᠭᠤᠷᠢᠨ ᠢ ᠵᠡᠷᠭᠡ ᠪᠠᠷ ᠪᠠᠶᠢᠴᠠᠭᠠᠬᠤ᠂ ᠬᠠᠮᠲᠤ ᠪᠠᠷ ᠰᠡᠷᠭᠡᠶᠢᠯᠡᠬᠦ ᠪᠠ ᠣᠯᠠᠨ ᠡᠪᠡᠳᠴᠢᠨ ᠢ ᠬᠠᠮᠲᠤ ᠪᠠᠷ ᠰᠡᠷᠭᠡᠶᠢᠯᠡᠬᠦ ᠵᠡᠷᠭᠡ ᠰᠤᠷᠭᠠᠭᠤᠯᠢ ᠶᠢᠨ ᠬᠦᠷᠢᠶᠡᠨ ᠤ ᠪᠠᠶᠢᠩᠭᠤᠵᠢᠭᠰᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠪᠣᠳᠤᠯᠭ᠎ᠠ ᠶᠢ ᠪᠥᠬᠦ ᠲᠠᠯ᠎ᠠ ᠪᠠᠷ ᠨᠠᠷᠢᠯᠢᠭ ᠨᠠᠶᠢᠳᠠᠪᠤᠷᠢᠵᠢᠭᠤᠯᠬᠤ ᠬᠡᠷᠡᠭᠲᠡᠢ᠃ ᠰᠢᠨ᠎ᠡ ᠴᠠᠭ ᠦᠶ᠎ᠡ ᠶᠢᠨ ᠰᠤᠷᠭᠠᠭᠤᠯᠢ ᠶᠢᠨ ᠬᠦᠷᠢᠶᠡᠨ ᠤ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠭᠦᠨᠵᠡᠭᠡᠢ ᠥᠷᠨᠢᠭᠦᠯᠵᠦ᠂ ᠰᠤᠷᠭᠠᠭᠤᠯᠢ ᠶᠢᠨ ᠬᠦᠷᠢᠶᠡᠨ ᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠶᠢ ᠴᠢᠩᠭᠠᠳᠬᠠᠵᠤ᠂ ᠭᠤᠣᠯᠳᠠᠯᠭᠠᠲᠠᠢ ᠲᠠᠯᠠᠪᠤᠷ᠂ ᠵᠠᠩᠭᠢᠯᠠᠭ᠎ᠠ ᠶᠢᠨ ᠭᠤᠭᠴᠤᠭᠠᠨ ᠤ ᠣᠷᠴᠢᠨ ᠲᠣᠭᠤᠷᠢᠨ ᠢ ᠪᠠᠶᠢᠴᠠᠭᠠᠬᠤ ᠪᠠ ᠠᠷᠢᠭᠤᠳᠬᠠᠬᠤ ᠶᠢ ᠴᠢᠩᠭᠠᠳᠬᠠᠬᠤ ᠬᠡᠷᠡᠭᠲᠡᠢ᠃ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠬᠠᠮᠢᠶᠠᠷᠤᠯᠲᠠ ᠪᠣᠯᠤᠨ ᠦᠢᠯᠡᠴᠢᠯᠡᠭᠡᠨ ᠤ ᠪᠠᠲᠤᠯᠠᠭ᠎ᠠ ᠶᠢ ᠴᠢᠩᠭᠠᠳᠬᠠᠵᠤ᠂ ᠪᠠᠭᠰᠢ ᠰᠤᠷᠤᠭᠴᠢᠳ ᠤᠨ ᠪᠡᠶ᠎ᠡ ᠰᠡᠳᠬᠢᠯ ᠤᠨ ᠡᠷᠡᠭᠦᠯ ᠮᠡᠨᠳᠦ᠂ ᠰᠤᠷᠭᠠᠭᠤᠯᠢ ᠶᠢᠨ ᠬᠦᠷᠢᠶᠡᠨ ᠤ ᠡᠶ᠎ᠡ ᠵᠣᠬᠢᠴᠠᠩᠭᠤᠢ ᠲᠣᠭᠲᠠᠭᠤᠨ ᠪᠠᠶᠢᠬᠤ ᠶᠢ ᠪᠠᠲᠤᠯᠠᠬᠤ ᠬᠡᠷᠡᠭᠲᠡᠢ᠃ ᠮᠡᠳᠡᠭᠡ ᠵᠠᠩᠭᠢᠴᠢᠯᠠᠯᠲᠠ ᠶᠢᠨ ᠠᠷᠭ᠎ᠠ ᠪᠠᠷᠢᠯ ᠢ ᠭᠦᠢᠴᠡᠳ ᠬᠡᠷᠡᠭᠯᠡᠨ ᠪᠠᠭᠰᠢ ᠰᠤᠷᠤᠭᠴᠢᠳ ᠤᠨ ᠡᠷᠡᠭᠦᠯ ᠮᠡᠨᠳᠦ ᠶᠢᠨ ᠪᠠᠶᠢᠳᠠᠯ ᠢ ᠣᠨᠣᠪᠴᠢᠲᠠᠶ ᠡᠵᠡᠮᠰᠢᠵᠦ᠂ ᠪᠠᠭᠰᠢ ᠰᠤᠷᠤᠭᠴᠢᠳ ᠢ ᠬᠥᠲᠥᠯᠥᠨ ᠵᠢᠯᠣᠭᠤᠳᠴᠤ ᠡᠷᠡᠭᠦᠯ ᠮᠡᠨᠳᠦ ᠶᠢᠨ ᠪᠠᠶᠢᠴᠠᠭᠠᠯᠲᠠ ᠬᠢᠬᠦ ᠶᠢ ᠰᠠᠨᠠᠭᠠᠴᠢᠯᠠᠭ᠎ᠠ ᠠᠴᠠ ᠪᠠᠨ ᠴᠢᠩᠭᠠᠳᠬᠠᠨ᠂ ᠰᠡᠵᠢᠭᠯᠡᠯᠲᠡᠶ ᠡᠪᠡᠳᠴᠢᠨ ᠤ ᠪᠠᠶᠢᠳᠠᠯ ᠢ ᠴᠠᠭ ᠲᠤᠬᠠᠶ ᠳᠤ ᠨᠢ ᠰᠤᠷᠭᠠᠭᠤᠯᠢ ᠳᠤ ᠮᠡᠳᠡᠭᠦᠯᠵᠦ᠂ ᠲᠣᠭᠲᠠᠭᠰᠠᠨ ᠡᠮᠴᠢᠯᠡᠭᠡᠨ ᠤ ᠪᠠᠶᠢᠭᠤᠯᠤᠮᠵᠢ ᠳᠤ ᠬᠦᠷᠴᠦ ᠰᠢᠯᠭᠠᠨ ᠪᠠᠶᠢᠴᠠᠭᠠᠬᠤ ᠬᠡᠷᠡᠭᠲᠡᠶ ᠭᠡᠵᠦ ᠱᠠᠭᠠᠷᠳᠠᠪᠠ᠃     ᠮᠡᠳᠡᠭᠳᠡᠯ ᠳᠤ᠂ ᠡᠯ᠎ᠡ ᠭᠠᠵᠠᠷ ᠤᠨ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠪᠣᠯᠤᠨ ᠳᠡᠭᠡᠳᠦ ᠰᠤᠷᠭᠠᠭᠤᠯᠢ ᠶᠢᠨ ᠬᠢᠨ ᠴᠤᠭᠯᠠᠷᠠᠯ ᠤᠨ ᠴᠢᠨᠠᠷᠲᠠᠶ ᠬᠢᠵᠢᠭ ᠤᠨ ᠪᠠᠶᠢᠳᠠᠯ ᠢ ᠠᠷᠭᠠᠴᠠᠬᠤ ᠴᠢᠳᠠᠪᠤᠷᠢ ᠪᠠᠨ ᠦᠨᠡᠨ ᠬᠦ ᠳᠡᠭᠡᠭᠰᠢᠯᠡᠭᠦᠯᠬᠦ ᠬᠡᠷᠡᠭᠲᠡᠶ᠃ ︽ᠡᠩ ᠤᠨ ᠦᠶ᠎ᠡ ᠪᠠ ᠲᠠᠶᠢᠯᠠᠯᠳᠤᠭᠠᠨ ᠤ ᠦᠶ᠎ᠡ ᠶᠢ ᠤᠶᠠᠯᠳᠤᠭᠤᠯᠬᠤ︾ ᠶᠢ ᠪᠠᠷᠢᠮᠲᠠᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠤᠳᠤᠷᠢᠳᠬᠤ ᠪᠠᠶᠢᠭᠤᠯᠤᠮᠵᠢ᠂ ᠪᠠᠴᠢᠮ ᠪᠠᠶᠢᠳᠠᠯ ᠢ ᠠᠷᠭᠠᠴᠠᠬᠤ ᠲᠣᠭᠲᠠᠴᠠ᠂ ᠵᠢᠯᠣᠭᠤᠳᠬᠤ ᠰᠢᠰᠲ᠋ᠧᠮ ᠤᠨ ᠬᠡᠪ ᠤᠨ ᠠᠵᠢᠯᠯᠠᠭ᠎ᠠ ᠶᠢ ᠪᠠᠲᠤᠯᠠᠬᠤ ᠬᠡᠷᠡᠭᠲᠡᠢ᠃ ᠲᠤᠬᠠᠶ ᠶᠢᠨ ᠭᠠᠵᠠᠷ ᠤᠨ ᠡᠷᠡᠭᠦᠯ ᠬᠠᠮᠠᠭᠠᠯᠠᠯ ᠡᠷᠡᠭᠦᠯ ᠮᠡᠨᠳᠦ᠂ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠵᠡᠷᠭᠡ ᠰᠠᠯᠠᠭ᠎ᠠ ᠮᠥᠴᠢᠷ ᠯᠦᠭᠡ ᠬᠠᠮᠵᠢᠯᠴᠠᠭ᠎ᠠ ᠪᠠᠨ ᠴᠢᠩᠭᠠᠳᠬᠠᠵᠤ᠂ ᠴᠤᠭᠯᠠᠷᠠᠯ ᠤᠨ ᠴᠢᠨᠠᠷᠲᠠᠶ ᠬᠢᠵᠢᠭ ᠤᠨ ᠪᠠᠶᠢᠳᠠᠯ ᠪᠠ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠲᠡᠭᠦᠯᠳᠡᠷᠵᠢᠭᠦᠯᠵᠦ᠂ ᠬᠥᠮᠦᠨ ᠤ ᠬᠦᠴᠦᠨ᠂ ᠡᠳ᠋ ᠪᠣᠳᠠᠰ᠂ ᠪᠠᠶᠢᠴᠠᠭᠠᠬᠤ ᠴᠢᠳᠠᠪᠤᠷᠢ ᠵᠡᠷᠭᠡ ᠶᠢ ᠨᠥᠭᠡᠴᠡᠯᠡᠬᠦ ᠠᠵᠢᠯ ᠢ ᠤᠷᠢᠳᠴᠢᠯᠠᠨ ᠰᠠᠶᠢᠲᠤᠷ ᠬᠢᠵᠦ᠂ ᠣᠯᠠᠨ ᠲᠠᠯᠠᠪᠤᠷ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢ ᠥᠷᠨᠢᠭᠦᠯᠬᠦ ᠬᠡᠷᠡᠭᠲᠡᠶ᠃ ᠴᠤᠭᠯᠠᠷᠠᠯ ᠤᠨ ᠴᠢᠨᠠᠷᠲᠠᠶ ᠬᠢᠵᠢᠭ ᠤᠨ ᠪᠠᠶᠢᠳᠠᠯ ᠭᠠᠷᠪᠠᠯ᠂ ᠰᠤᠷᠭᠠᠭᠤᠯᠢ ᠶᠢᠨ ᠬᠦᠷᠢᠶ᠎ᠡ ᠶᠢ ᠪᠢᠲᠡᠭᠦᠮᠵᠢᠯᠡᠨ ᠬᠠᠮᠢᠶᠠᠷᠬᠤ᠂ ᠰᠦᠯᠵᠢᠶᠡᠨ ᠭᠠᠳᠠᠨᠠᠬᠢ ᠵᠢᠭᠠᠨ ᠰᠤᠷᠭᠠᠯᠲᠠ ᠶᠢ ᠵᠣᠭᠰᠣᠭᠠᠬᠤ᠂ ᠰᠦᠯᠵᠢᠶᠡᠨ ᠤ ᠵᠢᠭᠠᠨ ᠰᠤᠷᠭᠠᠯᠲᠠ ᠶᠢᠨ ᠪᠡᠯᠡᠳᠬᠡᠯ ᠲᠥᠰᠦᠯ ᠢ ᠡᠬᠢᠯᠡᠭᠦᠯᠬᠦ ᠵᠡᠷᠭᠡ ᠠᠷᠭ᠎ᠠ ᠬᠡᠮᠵᠢᠶ᠎ᠡ ᠶᠢ ᠠᠪᠬᠤ ᠬᠡᠷᠡᠭᠲᠡᠢ᠃ ᠭᠤᠣᠯᠳᠠᠯᠭᠠᠲᠠᠢ ᠬᠥᠮᠦᠰ ᠢ ᠲᠤᠰᠠᠭᠠᠷᠯᠠᠵᠤ ᠰᠢᠯᠵᠢᠭᠦᠯᠦᠨ ᠲᠡᠭᠡᠭᠡᠪᠦᠷᠢᠯᠡᠵᠦ ᠠᠪᠤᠷᠠᠨ ᠵᠠᠰᠠᠬᠤ᠂ ᠰᠢᠯᠵᠢᠭᠦᠯᠦᠨ ᠲᠣᠬᠢᠷᠠᠭᠤᠯᠬᠤ ᠵᠢᠴᠢ ᠪᠥᠬᠦ ᠠᠵᠢᠯᠲᠠᠨ ᠤ ᠪᠥᠭᠡᠮ ᠬᠦᠴᠢᠯ ᠤᠨ ᠪᠠᠶᠢᠴᠠᠭᠠᠯᠲᠠ  ᠶᠢ ᠵᠢᠭᠰᠠᠭᠠᠨ ᠪᠠᠶᠢᠴᠠᠭᠠᠬᠤ ᠵᠡᠷᠭᠡ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠢ ᠬᠠᠮᠵᠢᠯᠴᠠᠨ ᠰᠠᠶᠢᠲᠤᠷ ᠬᠢᠬᠦ ᠬᠡᠷᠡᠭᠲᠡᠢ ᠭᠡᠵᠦ ᠴᠢᠬᠤᠯᠠᠴᠢᠯᠠᠪᠠ᠃     ᠮᠡᠳᠡᠭᠳᠡᠯ ᠳᠤ᠂ ᠡᠯ᠎ᠡ ᠭᠠᠵᠠᠷ ᠤᠨ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠪᠣᠯᠤᠨ ᠳᠡᠭᠡᠳᠦ ᠰᠤᠷᠭᠠᠭᠤᠯᠢ ᠶᠢᠨ ᠬᠢᠨ ᠰᠤᠷᠭᠠᠨ ᠬᠥᠮᠦᠵᠢᠯ ᠤᠨ ᠰᠢᠰᠲ᠋ᠧᠮ ᠤᠨ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠬᠢᠬᠦ ᠶᠢ ᠦᠷᠭᠦᠯᠵᠢᠯᠡᠨ ᠠᠬᠢᠭᠤᠯᠬᠤ ᠬᠡᠷᠡᠭᠲᠡᠶ᠃ ᠲᠤᠬᠠᠶ ᠶᠢᠨ ᠭᠠᠵᠠᠷ ᠤᠨ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠬᠢᠬᠦ ᠲᠥᠷᠥ ᠶᠢᠨ ᠪᠣᠳᠣᠯᠭ᠎ᠠ ᠶᠢᠨ ︽ᠬᠠᠤᠯᠢ ᠲᠣᠭᠲᠠᠭᠠᠯ ᠶᠣᠰᠤ ᠪᠠᠷ ᠪᠠᠶᠢᠳᠠᠯ ᠢ ᠮᠡᠳᠡᠬᠦ᠂ ᠵᠥᠪᠰᠢᠶᠡᠷᠡᠬᠦ᠂ ᠰᠠᠶᠢᠨ ᠳᠤᠷ᠎ᠠ ᠠᠴᠠ ᠪᠠᠨ ᠪᠠᠶᠢᠬᠤ︾ ᠶᠢ ᠪᠠᠷᠢᠮᠲᠠᠯᠠᠵᠤ᠂ ᠤᠬᠠᠭᠤᠯᠵᠤ ᠬᠥᠲᠥᠯᠥᠨ ᠵᠢᠯᠣᠭᠤᠳᠬᠤ ᠪᠠ ᠵᠣᠬᠢᠶᠠᠨ ᠪᠠᠶᠢᠭᠤᠯᠵᠤ ᠳᠠᠶᠢᠴᠢᠯᠠᠬᠤ ᠡᠷᠴᠢᠮ ᠢᠶᠠᠨ ᠴᠢᠩᠭᠠᠷᠠᠭᠤᠯᠤᠨ᠂ ᠸᠠᠺᠼᠢᠨ ᠤ ᠲᠠᠷᠢᠯᠭ᠎ᠠ ᠬᠢᠬᠦ ᠨᠥᠬᠦᠴᠡᠯ ᠳᠤ ᠨᠡᠶᠢᠴᠡᠬᠦ ᠪᠠᠭᠰᠢ ᠰᠤᠷᠤᠭᠴᠢᠳ ᠢ ᠬᠥᠲᠥᠯᠥᠨ ᠵᠢᠯᠣᠭᠤᠳᠴᠤ ᠲᠠᠷᠢᠯᠭ᠎ᠠ ᠬᠢᠬᠦ ᠬᠦᠰᠡᠯ ᠪᠠ ᠲᠠᠷᠢᠯᠭ᠎ᠠ ᠬᠢᠬᠦ ᠨᠣᠷᠮ᠎ᠠ ᠶᠢ ᠳᠡᠭᠡᠭᠰᠢᠯᠡᠭᠦᠯᠵᠦ᠂ ᠸᠠᠺᠼᠢᠨ ᠤ ᠲᠠᠷᠢᠯᠭ᠎ᠠ ᠬᠢᠬᠦ ᠦᠢᠯᠡᠴᠢᠯᠡᠭᠡᠨ ᠤ ᠪᠠᠲᠤᠯᠠᠭ᠎ᠠ ᠶᠢ ᠠᠮᠤᠷ ᠲᠦᠪᠰᠢᠨ ᠡᠮᠬᠢ ᠵᠢᠷᠤᠮᠲᠠᠢ ᠬᠠᠮᠵᠢᠯᠴᠠᠨ ᠰᠠᠶᠢᠲᠤᠷ ᠬᠢᠬᠦ ᠬᠡᠷᠡᠭᠲᠡᠶ ᠭᠡᠵᠦ ᠱᠠᠭᠠᠷᠳᠠᠪᠠ᠃     ᠮᠡᠳᠡᠭᠳᠡᠯ ᠳᠤ᠂ ᠡᠯ᠎ᠡ ᠭᠠᠵᠠᠷ ᠤᠨ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠪᠣᠯᠤᠨ ᠳᠡᠭᠡᠳᠦ ᠰᠤᠷᠭᠠᠭᠤᠯᠢ ᠶᠢᠨ ᠬᠢᠨ ᠴᠢᠬᠤᠯᠠ ᠶᠡᠭᠡ ᠠᠵᠢᠯᠯᠠᠭᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠨᠠᠷᠢᠨ ᠨᠢᠮᠪᠠᠶ ᠰᠠᠶᠢᠲᠤᠷ ᠬᠢᠬᠦ ᠬᠡᠷᠡᠭᠲᠡᠶ᠃ ᠡᠩ ᠤᠨ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠪᠥᠬᠦ ᠤᠯᠤᠰ ᠤᠨ ᠨᠢᠭᠡᠳᠦᠯᠲᠡᠢ ᠰᠢᠯᠭᠠᠯᠲᠠ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠳᠡᠭᠦᠰᠬᠦ ᠪᠠ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ᠂ ᠤᠷᠠᠯᠢᠭ ᠤᠨ ᠰᠢᠯᠭᠠᠯᠲᠠ ᠵᠡᠷᠭᠡ ᠴᠢᠬᠤᠯᠠ ᠶᠡᠭᠡ ᠰᠢᠯᠭᠠᠯᠲᠠ ᠪᠠ ᠰᠤᠷᠭᠠᠭᠤᠯᠢ ᠶᠢᠨ ᠪᠠᠶᠠᠷ᠂ ᠲᠡᠭᠦᠰᠬᠦ ᠶᠣᠰᠣᠯᠠᠯ᠂ ᠲᠣᠮᠣ ᠬᠡᠯᠪᠡᠷᠢ ᠶᠢᠨ ᠬᠤᠷᠠᠯ᠂ ᠤᠷᠤᠯᠳᠤᠭᠠᠨ ᠵᠡᠷᠭᠡ ᠠᠵᠢᠯᠯᠠᠭᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠨᠢᠭᠡᠳᠦᠯᠲᠡᠶ ᠲᠥᠯᠥᠪᠵᠢᠭᠦᠯᠦᠨ ᠰᠠᠶᠢᠲᠤᠷ ᠬᠢᠬᠦ ᠬᠡᠷᠡᠭᠲᠡᠶ᠃ ᠬᠠᠷᠢᠶ᠎ᠠ ᠣᠷᠣᠨ ᠤ ᠬᠠᠮᠢᠶᠠᠷᠤᠯᠲᠠ᠂ ᠬᠠᠤᠯᠢ ᠳᠦᠷᠢᠮ ᠶᠣᠰᠤ ᠪᠠᠷ ᠰᠢᠨᠵᠢᠯᠡᠬᠦ ᠤᠬᠠᠭᠠᠨᠴᠢ᠂ ᠨᠠᠷᠢᠯᠢᠭ ᠣᠨᠣᠪᠴᠢᠲᠠᠶ ᠪᠠᠶᠢᠬᠤ ᠶᠢ ᠪᠠᠷᠢᠮᠲᠠᠯᠠᠵᠤ᠂ ᠲᠣᠮᠣ ᠬᠡᠯᠪᠡᠷᠢ ᠶᠢᠨ ᠠᠵᠢᠯᠯᠠᠭᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠥᠰᠦᠯ ᠪᠠ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠲᠣᠭᠲᠠᠭᠠᠵᠤ᠂ ᠴᠢᠬᠤᠯᠠ ᠵᠦᠢᠯ᠂ ᠭᠤᠣᠯᠳᠠᠯᠭᠠᠲᠠᠢ ᠲᠠᠯᠠᠪᠤᠷ ᠪᠠ ᠵᠠᠩᠭᠢᠯᠠᠭ᠎ᠠ ᠶᠢᠨ ᠭᠤᠭᠴᠤᠭ᠎ᠠ ᠶᠢ ᠴᠢᠩᠭ᠎ᠠ ᠠᠩᠬᠠᠷᠴᠤ᠂ ᠪᠡᠯᠡᠳᠬᠡᠯ ᠲᠥᠰᠦᠯ ᠤᠨ ᠬᠡᠷᠡᠭᠵᠢᠭᠦᠯᠵᠦ ᠪᠣᠯᠬᠤᠶᠢᠴᠠ ᠴᠢᠨᠠᠷ ᠢ ᠴᠢᠩᠭᠠᠳᠬᠠᠬᠤ ᠬᠡᠷᠡᠭᠲᠡᠶ᠃ ᠠᠵᠢᠯᠯᠠᠭ᠎ᠠ ᠳᠤ ᠣᠷᠣᠯᠴᠠᠬᠤ ᠬᠥᠮᠦᠰ ᠤᠨ ᠡᠷᠡᠭᠦᠯ ᠮᠡᠨᠳᠤ ᠶᠢᠨ ᠪᠠᠶᠢᠴᠠᠭᠠᠯᠲᠠ ᠪᠣᠯᠤᠨ ᠬᠢᠵᠢᠭ ᠢ ᠰᠡᠷᠭᠡᠶᠢᠯᠡᠬᠦ ᠵᠢᠯᠤᠭᠤᠳᠤᠯᠭ᠎ᠠ ᠶᠢ ᠴᠢᠩᠭᠠᠳᠬᠠᠵᠤ᠂ ᠠᠵᠢᠯᠯᠠᠭᠠᠨ ᠤ ᠬᠥᠮᠦᠨ ᠤ ᠲᠤᠭ᠎ᠠ᠂ ᠪᠢᠲᠡᠭᠦᠮᠵᠢᠲᠦ ᠲᠠᠯᠠᠪᠤᠷ ᠤᠨ ᠠᠵᠢᠯᠯᠠᠭ᠎ᠠ ᠳᠠᠬᠢ ᠬᠥᠮᠦᠨ ᠤ ᠲᠤᠭ᠎ᠠ ᠶᠢ ᠴᠢᠩᠭ᠎ᠠ ᠬᠢᠵᠠᠭᠠᠷᠯᠠᠬᠤ ᠬᠡᠷᠡᠭᠲᠡᠢ ᠭᠡᠵᠦ ᠴᠢᠬᠤᠯᠠᠴᠢᠯᠠᠪᠠ᠃
 
ᠢᠷᠡᠯᠲᠡ᠄ ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18004690号