2020 ᠤᠨ ᠪᠣᠯ ︽13.5︾ ᠤᠨ ᠰᠢᠪᠲᠤᠷᠠᠭᠠᠨ ᠤ ᠵᠢᠯ ᠪᠣᠯᠤᠨ᠎ᠠ᠂ ᠰᠢᠨ᠎ᠡ ᠲᠢᠲᠢᠮᠯᠢᠭ ᠠᠭᠤᠰᠬᠢᠨ | ᠦᠷᠪᠢᠰᠦᠯ ᠤᠨ ᠬᠢᠵᠢᠭ ᠤᠨ ᠨᠥᠯᠥᠭᠡ ᠪᠠ ᠨᠠᠷᠢᠨ ᠪᠤᠳᠤᠯᠢᠶᠠᠨᠲᠠᠶ ᠬᠤᠪᠢᠷᠠᠯᠲᠠ ᠶᠡᠬᠡᠲᠡᠶ ᠤᠯᠤᠰ ᠤᠨ ᠳᠣᠲᠣᠭᠠᠳᠤ | ᠭᠠᠳᠠᠭᠠᠳᠤ ᠶᠢᠨ ᠪᠠᠶᠢᠳᠠᠯ ᠤᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ | ᠣᠷᠳᠣᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ | ᠢᠳᠡᠪᠬᠢᠲᠡᠶ ᠲᠥᠯᠥᠪᠵᠢᠭᠦᠯᠵᠦ᠂ ᠠᠵᠢᠯ ᠣᠯᠭᠤᠯᠲᠠ ᠶᠢ ᠠᠬᠢᠭᠤᠯᠬᠤ ᠪᠠ ᠰᠠᠭᠤᠭᠠᠯᠢ ᠠᠷᠠᠳ ᠤᠨ ᠣᠷᠣᠯᠭ᠎ᠠ ᠶᠢ | ᠪᠠᠲᠤᠯᠠᠬᠤ ᠶᠢ ᠢᠮᠠᠭᠲᠠ ᠲᠣᠪᠤᠶᠢᠮ᠎ᠠ ᠪᠠᠶᠢᠷᠢᠨ ᠳᠤ ᠲᠠᠯᠪᠢᠭᠰᠠᠭᠠᠷ ᠢᠷᠡᠪᠡ᠃ ᠠᠵᠢᠯ ᠣᠯᠭᠤᠯᠲᠠ ᠶᠢᠨ | ᠦᠢᠯᠡᠴᠢᠯᠡᠭᠡ ᠶᠢ ᠲᠠᠰᠤᠷᠠᠯᠲᠠ ᠥᠬᠡᠶ ᠴᠢᠩᠭᠠᠳᠬᠠᠵᠤ᠂ ᠠᠵᠤ ᠠᠬᠤᠶᠢᠯᠠᠯ ᠢ ᠲᠤᠰᠠᠯᠠᠵᠤ ᠠᠵᠢᠯ ᠤᠨ ᠪᠠᠶᠢᠷᠢ ᠶᠢ | ᠲᠣᠭᠲᠠᠪᠤᠷᠢᠵᠢᠭᠤᠯᠬᠤ᠂ ︽ᠬᠠᠰᠤᠬᠤ ᠬᠡᠯᠲᠦᠷᠢᠭᠦᠯᠬᠦ ᠬᠤᠶᠢᠰᠢᠯᠠᠭᠤᠯᠬᠤ ᠪᠤᠴᠠᠭᠠᠬᠤ ᠨᠥᠬᠦᠪᠥᠷᠢᠯᠡᠬᠦ︾ ᠵᠡᠷᠭᠡ | ᠣᠯᠠᠨ ᠵᠦᠢᠯ ᠤᠨ ᠲᠥᠷᠥ ᠶᠢᠨ ᠪᠣᠳᠣᠯᠭ᠎ᠠ ᠶᠢ ᠨᠡᠶᠢᠲᠡᠯᠡᠵᠦ᠂ ᠠᠵᠢᠯ ᠦᠢᠯᠡᠳᠪᠦᠷᠢᠯᠡᠯ ᠢᠶᠠᠨ ᠰᠡᠷᠭᠦᠭᠡᠬᠦ᠂ | ᠬᠤᠳᠠᠯᠳᠤᠭ᠎ᠠ ᠵᠠᠬ᠎ᠠ ᠳᠡᠯᠭᠡᠭᠦᠷ ᠢᠶᠠᠨ ᠰᠡᠷᠭᠦᠭᠡᠬᠦ ᠶᠢ ᠡᠮᠬᠢ ᠵᠢᠷᠤᠮ ᠲᠠᠢ ᠠᠬᠢᠭᠤᠯᠵᠤ᠂ ᠠᠵᠤ ᠠᠬᠤᠶᠢᠯᠠᠯ ᠤᠨ | ᠦᠢᠯᠡᠳᠪᠦᠷᠢᠯᠡᠯ ᠡᠵᠡᠩᠨᠡᠯᠲᠡ ᠶᠢᠨ ᠥᠪᠡᠷ ᠤᠨ ᠥᠷᠲᠡᠭ ᠢ ᠦᠨᠡᠨ ᠬᠦ ᠪᠠᠭᠤᠷᠠᠭᠤᠯᠵᠤ᠂ ᠴᠠᠯᠢᠩ ᠤᠨ | ᠲᠣᠭᠲᠠᠭᠤᠨ ᠢᠶᠠᠷ ᠨᠡᠮᠡᠭᠳᠡᠬᠦ ᠳᠤ ᠨᠥᠬᠦᠴᠡᠯ ᠪᠦᠷᠢᠯᠳᠦᠭᠦᠯᠵᠦ ᠥᠭᠪᠡ᠃ | 2020 ᠣᠨ ᠳᠤ᠂ ᠥᠪᠥᠷ ᠮᠣᠩᠭᠤᠯ ᠤᠨ ᠬᠤᠲᠠ ᠪᠠᠯᠭᠠᠰᠤᠨ ᠤ ᠬᠤᠪᠢ ᠶᠢᠨ ᠡᠵᠡᠩᠨᠡᠯᠲᠡ ᠶᠢᠨ ᠪᠤᠰᠤ | ᠨᠢᠭᠡᠴᠢ ᠳᠤ ᠠᠵᠢᠯ ᠣᠯᠤᠭᠰᠠᠳ ᠤᠨ ᠵᠢᠯ ᠤᠨ ᠳᠤᠮᠳᠠᠴᠢ ᠴᠠᠯᠢᠩ ᠨᠢ 85310 ᠲᠥᠭᠦᠷᠢᠭ ᠲᠤ ᠬᠦᠷᠴᠦ᠂ | ᠳᠡᠭᠡᠷ᠎ᠡ ᠵᠢᠯ ᠤᠨ ᠬᠢ ᠠᠴᠠ 4747 ᠲᠥᠭᠦᠷᠢᠭ ᠨᠡᠮᠡᠭᠳᠡᠵᠦ᠂ 5.9 % ᠪᠠᠷ ᠳᠡᠭᠡᠭᠰᠢᠯᠡᠪᠡ᠃ ᠦᠨ᠎ᠡ ᠬᠠᠩᠰᠢ ᠶᠢᠨ | ᠬᠦᠴᠦᠨ ᠵᠦᠢᠯ ᠢ ᠭᠠᠷᠭᠠᠪᠠᠯ᠂ ᠳᠤᠮᠳᠠᠴᠢ ᠴᠠᠯᠢᠩ ᠨᠢ ᠪᠤᠳᠠᠳᠠᠢ ᠪᠠᠷ 4.2 % ᠨᠡᠮᠡᠭᠳᠡᠪᠡ︔ ᠬᠤᠳᠠ | ᠪᠠᠯᠭᠠᠰᠤᠨ ᠤ ᠬᠤᠪᠢ ᠶᠢᠨ ᠡᠵᠡᠩᠨᠡᠯᠲᠡ ᠶᠢᠨ ᠨᠢᠭᠡᠴᠢ ᠳᠤ ᠠᠵᠢᠯ ᠤᠯᠤᠭᠰᠠᠳ ᠤᠨ ᠵᠢᠯ ᠤᠨ ᠳᠤᠮᠳᠠᠴᠢ ᠴᠠᠯᠢᠩ ᠨᠢ | 47566 ᠲᠥᠭᠦᠷᠢᠭ ᠲᠤ ᠬᠦᠷᠴᠦ᠂ ᠳᠡᠭᠡᠷ᠎ᠡ ᠵᠢᠯ ᠤᠨ ᠬᠢ ᠠᠴᠠ 4075 ᠲᠥᠭᠦᠷᠢᠭ ᠨᠡᠮᠡᠭᠳᠡᠵᠦ᠂ 9.4 | % ᠪᠠᠷ ᠳᠡᠭᠡᠭᠰᠢᠯᠡᠪᠡ᠂ ᠦᠨ᠎ᠡ ᠬᠠᠩᠰᠢ ᠶᠢᠨ ᠬᠦᠴᠦᠨ ᠵᠦᠢᠯ ᠢ ᠭᠠᠷᠭᠠᠪᠠᠯ᠂ ᠳᠤᠮᠳᠠᠴᠢ ᠴᠠᠯᠢᠩ ᠨᠢ ᠪᠤᠳᠠᠳᠠᠢ ᠪᠠᠷ | 7.7 % ᠨᠡᠮᠡᠭᠳᠡᠵᠡᠢ᠃ ᠬᠤᠲᠠ ᠪᠠᠯᠭᠠᠰᠤᠨ ᠤ ᠬᠤᠪᠢ ᠶᠢᠨ ᠡᠵᠡᠩᠨᠡᠯᠲᠡ ᠶᠢᠨ ᠪᠤᠰᠤ ᠨᠢᠭᠡᠴᠢ ᠪᠠ ᠬᠤᠲᠠ | ᠪᠠᠯᠭᠠᠰᠤᠨ ᠤ ᠬᠤᠪᠢ ᠶᠢᠨ ᠡᠵᠡᠩᠨᠡᠯᠲᠡ ᠶᠢᠨ ᠨᠢᠭᠡᠴᠢ ᠶᠢᠨ ᠳᠤᠮᠳᠠᠴᠢ ᠴᠠᠯᠢᠩ ᠤᠨ ᠪᠣᠳᠠᠲᠠᠶ ᠨᠡᠮᠡᠭᠳᠡᠯ ᠨᠢ ᠠᠵᠤ | ᠠᠬᠤᠶ ᠶᠢᠨ ᠨᠡᠮᠡᠭᠳᠡᠯ ᠠᠴᠠ ᠲᠣᠰ ᠲᠤᠰ 4.0 ᠪᠠ 7.5 ᠵᠠᠭᠤᠨ ᠤ ᠴᠡᠭ ᠲᠦᠷᠭᠡᠨ ᠪᠠᠶᠢᠪᠠ᠃ | ᠨᠢᠭᠡ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢᠨ ᠦᠷ᠎ᠡ ᠪᠦᠲᠦᠮᠵᠢ | ᠢᠯᠡᠳᠲᠡ ᠪᠠᠶᠢᠵᠤ᠂ ᠤᠯᠠᠮᠵᠢᠯᠠᠯᠲᠤ ᠲᠤᠯᠭᠠᠭᠤᠷᠢ ᠠᠵᠤ ᠦᠢᠯᠡᠰ ᠨᠢ ᠠᠵᠢᠯ ᠲᠥᠷᠥᠯ ᠤᠨ ᠴᠠᠯᠢᠩ ᠢ ᠳᠠᠶᠢᠴᠢᠯᠠᠨ | ᠳᠠᠭᠠᠭᠤᠯᠪᠠ | 2020 ᠣᠨ ᠳᠤ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠦᠷᠭᠦᠯᠵᠢᠯᠡᠨ ᠬᠦᠴᠦᠯᠡᠨ | ᠴᠢᠷᠮᠠᠶᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠢᠯ ᠦᠢᠯᠡᠳᠪᠦᠷᠢᠯᠡᠯ ᠢᠶᠠᠨ ᠰᠡᠷᠭᠦᠭᠡᠬᠦ ᠶᠢ | ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ᠥᠪᠥᠷ ᠮᠣᠩᠭᠤᠯ ᠤᠨ ᠡᠨᠧᠷᠭᠢ ᠶᠢᠨ ᠠᠵᠤ ᠠᠬᠤᠶ ᠨᠢ | ᠨᠡᠭᠦᠷᠡᠰᠦᠨ ᠤ ᠦᠢᠯᠡᠳᠪᠦᠷᠢᠯᠡᠬᠦ ᠴᠢᠳᠠᠪᠤᠷᠢ᠂ ᠴᠠᠬᠢᠯᠭᠠᠨ ᠬᠦᠴᠦᠨ ᠤ ᠮᠠᠰᠢᠨ ᠴᠣᠭᠴᠠᠯᠠᠪᠤᠷᠢ᠂ ᠰᠠᠯᠬᠢᠨ ᠬᠦᠴᠦᠨ ᠤ | ᠴᠠᠬᠢᠯᠭᠠᠨ ᠤ ᠮᠠᠰᠢᠨ ᠴᠣᠭᠴᠠᠯᠠᠪᠤᠷᠢ᠂ ᠴᠠᠬᠢᠯᠭᠠᠨ ᠭᠠᠷᠭᠠᠬᠤ ᠬᠡᠮᠵᠢᠶ᠎ᠡ᠂ ᠭᠠᠳᠠᠭᠰᠢ ᠬᠦᠷᠭᠡᠬᠦ ᠨᠡᠭᠦᠷᠡᠰᠦ᠂ ᠭᠠᠳᠠᠭᠰᠢ | ᠬᠦᠷᠭᠡᠬᠦ ᠴᠠᠬᠢᠯᠭᠠᠨ ᠤ ᠬᠡᠮᠵᠢᠶ᠎ᠡ ᠵᠡᠷᠭᠡ ︽ᠪᠥᠬᠦ ᠤᠯᠤᠰ ᠤᠨ ᠵᠢᠷᠭᠤᠭᠠᠨ ᠲᠡᠷᠢᠭᠦᠨ︾ ᠢ ᠪᠡᠶᠡᠯᠡᠭᠦᠯᠪᠡ᠃ ᠪᠥᠬᠦ | ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠨᠢ ᠠᠳᠠᠯᠢ | ᠬᠤᠭᠤᠴᠠᠭᠠᠨ ᠤ ᠬᠢ ᠠᠴᠠ 0.7 % ᠪᠠᠷ ᠨᠡᠮᠡᠭᠳᠡᠪᠡ᠂ ᠡᠭᠦᠨ ᠳᠤ᠄ ᠬᠠᠷ᠎ᠠ ᠲᠡᠮᠦᠷᠯᠢᠭ ᠤᠨ ᠠᠭᠤᠷᠬᠠᠶ ᠶᠢᠨ ᠰᠢᠯᠢᠨ | ᠰᠤᠩᠭᠤᠬᠤ ᠦᠢᠯᠡᠰ ᠠᠳᠠᠯᠢ ᠬᠤᠭᠤᠴᠠᠭᠠᠨ ᠤ ᠬᠢ ᠠᠴᠠ 33.8 % ᠪᠠᠷ ᠨᠡᠮᠡᠭᠳᠡᠵᠦ᠂ ᠳᠡᠭᠡᠳᠦ ᠮᠡᠷᠭᠡᠵᠢᠯ ᠤᠨ | ᠦᠢᠯᠡᠳᠭᠡᠯ ᠤᠨ ᠦᠢᠯᠡᠰ ᠠᠳᠠᠯᠢ ᠬᠤᠭᠤᠴᠠᠭᠠᠨ ᠤ ᠬᠢ ᠠᠴᠠ 16.4 % ᠪᠠᠷ ᠨᠡᠮᠡᠭᠳᠡᠵᠦ᠂ ᠴᠠᠬᠢᠯᠭᠠᠨ ᠬᠦᠴᠦᠨ᠂ | ᠢᠯᠴᠢ ᠶᠢᠨ ᠬᠦᠴᠦᠨ᠂ ᠰᠢᠲᠠᠮᠠᠬᠠᠶ ᠬᠡᠶ ᠵᠢᠴᠢ ᠤᠰᠤᠨ ᠤ ᠦᠢᠯᠡᠳᠪᠦᠷᠢᠯᠡᠯ ᠬᠠᠩᠭᠠᠯᠭ᠎ᠠ ᠶᠢᠨ ᠦᠢᠯᠡᠰ ᠠᠳᠠᠯᠢ | ᠬᠤᠭᠤᠴᠠᠭᠠᠨ ᠤ ᠬᠢ ᠠᠴᠠ 3.7 % ᠪᠠᠷ ᠨᠡᠮᠡᠭᠳᠡᠵᠦ᠂ ᠬᠠᠮᠢᠶ᠎ᠠ ᠪᠥᠬᠦᠶ ᠠᠵᠢᠯ ᠲᠥᠷᠥᠯ ᠤᠨ ᠴᠠᠯᠢᠩ ᠤᠨ | ᠥᠰᠥᠯᠲᠡ ᠢᠯᠡᠳᠲᠡ ᠪᠣᠯᠪᠠ᠃ | ᠠᠭᠤᠷᠬᠠᠶ ᠮᠠᠯᠲᠠᠬᠤ ᠦᠢᠯᠡᠰ ᠤᠨ ᠳᠤᠮᠳᠠᠴᠢ ᠴᠠᠯᠢᠩ ᠨᠢ ᠬᠠᠮᠤᠭ ᠤᠨ ᠥᠨᠳᠥᠷ ᠮᠥᠷᠲᠡᠭᠡᠨ ᠦᠷᠭᠦᠯᠵᠢᠯᠡᠨ | ᠨᠡᠯᠢᠶᠡᠳ ᠲᠦᠷᠭᠡᠨ ᠢᠶᠠᠷ ᠨᠡᠮᠡᠭᠳᠡᠵᠦ ᠪᠠᠶᠢᠨ᠎ᠠ᠃ ᠬᠤᠲᠠ ᠪᠠᠯᠭᠠᠰᠤᠨ ᠤ ᠬᠤᠪᠢ ᠶᠢᠨ ᠡᠵᠡᠩᠨᠡᠯᠲᠡ ᠶᠢᠨ ᠪᠤᠰᠤ | ᠨᠢᠭᠡᠴᠢ ᠪᠠ ᠬᠤᠲᠠ ᠪᠠᠯᠭᠠᠰᠤᠨ ᠤ ᠬᠤᠪᠢ ᠶᠢᠨ ᠡᠵᠡᠩᠨᠡᠯᠲᠡ ᠶᠢᠨ ᠨᠢᠭᠡᠴᠢ ᠶᠢᠨ ᠠᠭᠤᠷᠬᠠᠶ ᠮᠠᠯᠲᠠᠬᠤ ᠦᠢᠯᠡᠰ ᠤᠨ | ᠵᠢᠯ ᠤᠨ ᠳᠤᠮᠳᠠᠴᠢ ᠴᠠᠯᠢᠩ ᠨᠢ ᠲᠤᠰ ᠲᠤᠰ 133615 ᠲᠥᠭᠦᠷᠢᠭ ᠪᠠ 69794 ᠲᠥᠭᠦᠷᠢᠭ ᠲᠤ ᠬᠦᠷᠴᠦ᠂ | ᠴᠥᠮ ᠠᠵᠢᠯ ᠲᠥᠷᠥᠯ ᠤᠨ ᠲᠡᠷᠢᠭᠦᠨ ᠳᠤ ᠣᠷᠣᠪᠠ᠃ ᠠᠵᠢᠯ ᠲᠥᠷᠥᠯ ᠤᠨ ᠳᠤᠮᠳᠠᠴᠢ ᠴᠠᠯᠢᠩ ᠤᠨ ᠨᠡᠮᠡᠭᠳᠡᠯ ᠤᠨ | ᠬᠤᠷᠳᠤᠴᠠ ᠲᠣᠰ ᠲᠣᠰ 11.2 % ᠪᠠ 14.1 % ᠪᠠᠶᠢᠵᠤ᠂ ᠲᠣᠰ ᠲᠣᠰ ᠪᠥᠬᠦ ᠣᠷᠣᠨ ᠤ ᠳᠤᠮᠳᠠᠴᠢ ᠬᠢᠷᠢ | ᠲᠦᠪᠰᠢᠨ ᠠᠴᠠ 5.3 ᠪᠠ 6.7 ᠵᠠᠭᠤᠨ ᠤ ᠴᠡᠭ ᠲᠦᠷᠭᠡᠨ ᠪᠣᠯᠪᠠ᠃ ᠦᠢᠯᠡᠳᠭᠡᠯ ᠤᠨ ᠦᠢᠯᠡᠰ ᠤᠨ ᠳᠤᠮᠳᠠᠴᠢ | ᠴᠠᠯᠢᠩ ᠲᠣᠭᠲᠠᠭᠤᠨ ᠢᠶᠠᠷ ᠨᠡᠮᠡᠭᠳᠡᠵᠦ᠂ ᠳᠡᠭᠡᠳᠦ ᠮᠡᠷᠭᠡᠵᠢᠯ ᠤᠨ ᠦᠢᠯᠡᠳᠭᠡᠯ ᠤᠨ ᠦᠢᠯᠡᠰ ᠪᠠ ᠲᠣᠨᠣᠭᠯᠠᠯ | ᠦᠢᠯᠡᠳᠬᠦ ᠦᠢᠯᠡᠰ ᠤᠨ ᠳᠠᠶᠢᠴᠢᠯᠠᠬᠤ ᠦᠢᠯᠡᠳᠦᠯ ᠢᠯᠡᠳᠲᠡ ᠪᠣᠯᠪᠠ᠃ 2020 ᠣᠨ ᠳᠤ᠂ ᠥᠪᠥᠷ | ᠮᠣᠩᠭᠤᠯ ᠤᠨ ᠦᠢᠯᠡᠳᠭᠡᠯ ᠤᠨ ᠦᠢᠯᠡᠰ ᠤᠨ ᠨᠡᠮᠡᠭᠳᠡᠯ ᠥᠷᠲᠡᠭ ᠨᠢ 8.4 % ᠪᠠᠷ ᠨᠡᠮᠡᠭᠳᠡᠵᠦ᠂ ᠲᠣᠨᠤᠭ | ᠲᠥᠬᠦᠭᠡᠷᠦᠮᠵᠢ ᠦᠢᠯᠡᠳᠬᠦ ᠦᠢᠯᠡᠰ ᠤᠨ ᠨᠡᠮᠡᠭᠳᠡᠯ ᠨᠢ 38.1% ᠳᠤ ᠬᠦᠷᠴᠦ᠂ ᠬᠡᠪᠴᠢᠶᠡᠵᠢᠯ ᠠᠴᠠ ᠳᠡᠭᠡᠭᠰᠢᠬᠢ | ᠠᠵᠤ ᠦᠢᠯᠡᠳᠪᠦᠷᠢ ᠠᠴᠠ ᠲᠣᠰ ᠲᠣᠰ 7.7 ᠪᠠ 37.4 ᠵᠠᠭᠤᠨ ᠤ ᠴᠡᠭ ᠲᠦᠷᠭᠡᠨ ᠪᠣᠯᠪᠠ᠃ | ᠡᠨᠡ ᠬᠦ ᠦᠢᠯᠡᠳᠦᠯ ᠤᠨ ᠳᠤᠤᠷ᠎ᠠ᠂ ᠪᠦᠬᠦ ᠣᠷᠣᠨ ᠤ ᠴᠠᠬᠢᠯᠭᠠᠨ ᠮᠠᠰᠢᠨ ᠲᠤᠨᠤᠭᠯᠠᠯ ᠪᠠ ᠪᠠᠭᠠᠵᠢ ᠬᠡᠷᠡᠭᠰᠡᠯ | ᠦᠢᠯᠡᠳᠬᠦ ᠦᠢᠯᠡᠰ᠂ ᠲᠤᠰᠬᠠᠶ ᠲᠤᠨᠤᠭ ᠲᠥᠬᠦᠭᠡᠷᠦᠮᠵᠢ ᠦᠢᠯᠡᠳᠬᠦ ᠦᠢᠯᠡᠰ᠂ ᠬᠡᠮᠵᠢᠭᠦᠷ ᠪᠠᠭᠠᠵᠢ ᠦᠢᠯᠡᠳᠬᠦ | ᠦᠢᠯᠡᠰ ᠪᠠ ᠲᠡᠮᠦᠷ ᠵᠠᠮ᠂ ᠣᠩᠭᠤᠴᠠ ᠰᠠᠯ᠂ ᠠᠭᠠᠷ ᠰᠠᠨᠰᠠᠷ ᠤᠨ ᠠᠶᠠᠯᠠᠯ ᠵᠢᠴᠢ ᠪᠤᠰᠤᠳ ᠲᠡᠭᠡᠭᠡᠪᠦᠷᠢ ᠶᠢᠨ | ᠲᠥᠬᠦᠭᠡᠷᠦᠮᠵᠢ ᠦᠢᠯᠡᠳᠬᠦ ᠦᠢᠯᠡᠰ ᠤᠨ ᠴᠠᠯᠢᠩ ᠤᠨ ᠬᠢᠷᠢ ᠲᠦᠪᠰᠢᠨ ᠨᠡᠯᠢᠶᠡᠳ ᠲᠦᠷᠭᠡᠨ ᠨᠡᠮᠡᠭᠳᠡᠪᠡ᠃ ᠠᠵᠢᠯ | ᠲᠥᠷᠥᠯ ᠤᠨ ᠳᠤᠮᠳᠠᠴᠢ ᠴᠠᠯᠢᠩ ᠤᠨ ᠨᠡᠮᠡᠭᠳᠡᠯ ᠤᠨ ᠬᠤᠷᠳᠤᠴᠠ ᠲᠣᠰ ᠲᠣᠰ 23.6 %᠂ 19.7 %᠂ 13.2 | % ᠪᠠ 9.8 % ᠳᠤ ᠬᠦᠷᠴᠦ᠂ ᠦᠢᠯᠡᠳᠭᠡᠯ ᠤᠨ ᠦᠢᠯᠡᠰ ᠤᠨ ᠳᠤᠮᠳᠠᠴᠢ ᠴᠠᠯᠢᠩ ᠤᠨ ᠨᠡᠮᠡᠭᠳᠡᠯ ᠤᠨ | ᠬᠤᠷᠳᠤᠴᠠ ᠠᠴᠠ ᠲᠣᠰ ᠲᠣᠰ 15.8᠂ 11.9᠂ 5.4 ᠪᠠ 2.0 ᠵᠠᠭᠤᠨ ᠤ ᠴᠡᠭ ᠲᠦᠷᠭᠡᠨ ᠪᠣᠯᠪᠠ᠃ | ᠴᠠᠬᠢᠯᠭᠠᠨ ᠬᠦᠴᠦ᠂ ᠢᠯᠴᠢ ᠶᠢᠨ ᠬᠦᠴᠦ᠂ ᠰᠢᠲᠠᠮᠠᠬᠠᠶ ᠬᠡᠶ ᠵᠢᠴᠢ ᠤᠰᠤᠨ ᠤ ᠦᠢᠯᠡᠳᠪᠦᠷᠢᠯᠡᠯ ᠪᠠ | ᠬᠠᠩᠭᠠᠯᠭ᠎ᠠ ᠶᠢᠨ ᠦᠢᠯᠡᠰ ᠨᠢ ᠦᠢᠯᠡᠳᠪᠦᠷᠢᠯᠡᠯ ᠪᠣᠷᠣᠯᠠᠭᠤᠯᠭ᠎ᠠ ᠶᠢᠨ ᠬᠦᠴᠦᠨ ᠤ ᠳᠠᠶᠢᠴᠢᠯᠠᠯ ᠳᠤᠤᠷ᠎ᠠ᠂ ᠴᠠᠯᠢᠩ ᠤᠨ | ᠬᠢᠷᠢ ᠲᠦᠪᠰᠢᠨ ᠨᠢ ᠡᠮᠦᠨ᠎ᠡ ᠡᠩᠨᠡᠬᠡᠨ ᠳᠤ ᠣᠷᠣᠪᠠ᠃ 2020 ᠣᠨ ᠳᠤ᠂ ᠪᠥᠬᠦ ᠣᠷᠣᠨ ᠤ ᠴᠠᠬᠢᠯᠭᠠᠨ | ᠬᠦᠴᠦᠨ᠂ ᠢᠯᠴᠢ ᠶᠢᠨ ᠬᠦᠴᠦᠨ᠂ ᠰᠢᠲᠠᠮᠠᠬᠠᠶ ᠬᠡᠶ ᠵᠢᠴᠢ ᠤᠰᠤᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ | ᠦᠢᠯᠡᠰ ᠤᠨ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠨᠢ ᠠᠳᠠᠯᠢ ᠬᠤᠭᠤᠴᠠᠭᠠᠨ ᠤ ᠬᠢ ᠠᠴᠠ 12.4 | % ᠪᠠᠷ ᠨᠡᠮᠡᠭᠳᠡᠵᠦ᠂ ᠴᠠᠬᠢᠯᠭᠠᠨ ᠭᠠᠷᠭᠠᠭᠰᠠᠨ ᠬᠡᠮᠵᠢᠶ᠎ᠡ ᠨᠢ ᠠᠳᠠᠯᠢ ᠬᠤᠭᠤᠴᠠᠭᠠᠨ ᠤ ᠬᠢ ᠠᠴᠠ 3.9 % ᠪᠠᠷ | ᠨᠡᠮᠡᠭᠳᠡᠪᠡ᠃ ᠬᠤᠲᠠ ᠪᠠᠯᠭᠠᠰᠤᠨ ᠤ ᠬᠤᠪᠢ ᠶᠢᠨ ᠡᠵᠡᠩᠨᠡᠯᠲᠡ ᠶᠢᠨ ᠪᠤᠰᠤ ᠨᠢᠭᠡᠴᠢ ᠪᠠ ᠬᠤᠲᠠ ᠪᠠᠯᠭᠠᠰᠤᠨ ᠤ | ᠬᠤᠪᠢ ᠶᠢᠨ ᠡᠵᠡᠩᠨᠡᠯᠲᠡ ᠶᠢᠨ ᠨᠢᠭᠡᠴᠢ ᠶᠢᠨ ᠠᠵᠢᠯ ᠲᠥᠷᠥᠯ ᠤᠨ ᠳᠤᠮᠳᠠᠴᠢ ᠴᠠᠯᠢᠩ ᠨᠢ ᠲᠤᠰ ᠲᠤᠰ 113878 | ᠲᠥᠭᠦᠷᠢᠭ ᠪᠠ 55177 ᠲᠥᠭᠦᠷᠢᠭ ᠲᠤ ᠬᠦᠷᠴᠦ᠂ ᠡᠯ᠎ᠡ ᠠᠵᠢᠯ ᠲᠥᠷᠥᠯ ᠤᠨ ᠬᠢᠨ ᠤ ᠬᠤᠶᠠᠳᠤᠭᠠᠷ ᠪᠠ | ᠳᠥᠷᠪᠡᠳᠦᠭᠡᠷ ᠲᠤ ᠣᠷᠣᠪᠠ᠃ ᠡᠭᠦᠨ ᠳᠤ᠂ ᠲᠥᠷᠥ ᠶᠢᠨ ᠪᠣᠳᠣᠯᠭ᠎ᠠ ᠶᠢᠨ ᠳᠡᠮᠵᠢᠯᠭᠡ ᠪᠣᠯᠤᠨ ᠠᠵᠤ ᠦᠢᠯᠡᠰ ᠤᠨ | ᠪᠦᠲᠦᠴᠡ ᠶᠢᠨ ᠰᠢᠯᠢᠳᠡᠭᠵᠢᠭᠦᠯᠦᠯᠲᠡ ᠶᠢᠨ ᠠᠬᠢᠭᠤᠯᠬᠤ ᠦᠢᠯᠡᠳᠦᠯ ᠢᠶᠠᠷ ᠰᠠᠯᠬᠢᠨ ᠬᠦᠴᠦᠨ ᠤ ᠴᠠᠬᠢᠯᠭᠠᠨ ᠤ ᠠᠵᠢᠯ | ᠲᠥᠷᠥᠯ ᠤᠨ ᠬᠥᠭᠵᠢᠯᠲᠡ ᠶᠢᠨ ᠪᠠᠶᠢᠳᠠᠯ ᠲᠣᠭᠲᠠᠭᠤᠨ ᠢᠶᠠᠷ ᠰᠠᠶᠢᠵᠢᠷᠠᠪᠠ᠃ ᠪᠥᠬᠦ ᠵᠢᠯ ᠤᠨ ᠰᠠᠯᠬᠢᠨ ᠬᠦᠴᠦᠨ ᠢᠶᠠᠷ | ᠴᠠᠬᠢᠯᠭᠠᠨ ᠭᠠᠷᠭᠠᠭᠰᠠᠨ ᠬᠡᠮᠵᠢᠶ᠎ᠡ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 4.7% ᠪᠠᠷ ᠨᠡᠮᠡᠭᠳᠡᠵᠦ᠂ | ᠠᠵᠢᠯ ᠲᠥᠷᠥᠯ ᠤᠨ ᠳᠤᠮᠳᠠᠴᠢ ᠴᠠᠯᠢᠩ ᠨᠢ ᠠᠳᠠᠯᠢ ᠬᠤᠭᠤᠴᠠᠭᠠᠨ ᠤ ᠬᠢ ᠠᠴᠠ 16.9% ᠪᠠᠷ ᠨᠡᠮᠡᠭᠳᠡᠪᠡ᠃ | ᠬᠤᠶᠠᠷ᠂ ᠰᠢᠨ᠎ᠡ ᠪᠠᠷ ᠬᠦᠭᠵᠢᠭᠰᠡᠨ ᠦᠢᠯᠡᠴᠢᠯᠡᠭᠡᠨ ᠤ ᠦᠢᠯᠡᠰ ᠥᠷᠨᠢᠭᠦᠨ ᠬᠥᠭᠵᠢᠵᠦ᠂ ᠴᠠᠯᠢᠩ ᠤᠨ ᠬᠢᠷᠢ | ᠲᠦᠪᠰᠢᠨ ᠨᠡᠯᠢᠶᠡᠳ ᠲᠦᠷᠭᠡᠨ ᠨᠡᠮᠡᠭᠳᠡᠪᠡ | ︽13.5︾ ᠤᠨ ᠲᠥᠯᠥᠪᠵᠢᠭᠦᠯᠭᠡ ᠶᠢᠨ ᠬᠤᠭᠤᠴᠠᠭᠠᠨ ᠳᠤ᠂ ᠮᠠᠨ ᠤ ᠣᠷᠣᠨ ᠠᠵᠤ ᠦᠢᠯᠡᠰ ᠤᠨ | ᠪᠦᠲᠦᠴᠡ ᠪᠠᠨ ᠦᠷᠭᠦᠯᠵᠢᠯᠡᠨ ᠰᠢᠯᠢᠳᠡᠭᠵᠢᠭᠦᠯᠵᠦ᠂ ᠡᠵᠡᠩᠨᠡᠯᠲᠡ ᠶᠢᠨ ᠪᠠᠶᠢᠳᠠᠯ ᠤᠨ ᠬᠥᠭᠵᠢᠯᠲᠡ ᠳᠤ ᠲᠠᠰᠤᠷᠠᠯᠲᠠ | ᠥᠬᠡᠶ ᠰᠢᠨ᠎ᠡ ᠶᠢ ᠡᠭᠦᠳᠦᠨ᠂ ᠠᠵᠤ ᠦᠢᠯᠡᠰ ᠤᠨ ᠠᠭᠤᠰᠤᠯᠴᠠᠯ ᠢ ᠲᠦᠷᠭᠡᠳᠬᠡᠨ ᠠᠬᠢᠭᠤᠯᠵᠤ᠂ ᠭᠤᠷᠪᠠᠳᠤᠭᠠᠷ | ᠠᠵᠤ ᠦᠢᠯᠡᠰ ᠢᠯᠠᠩᠭᠤᠶ᠎ᠠ ᠰᠢᠨ᠎ᠡ ᠪᠠᠷ ᠬᠥᠭᠵᠢᠭᠰᠡᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠨᠡᠯᠢᠶᠡᠳ | ᠲᠦᠷᠭᠡᠨ ᠪᠣᠯᠪᠠ᠃ 2020 ᠣᠨ ᠳᠤ᠂ ᠪᠥᠬᠦ ᠣᠷᠣᠨ ᠤ ᠭᠤᠷᠪᠠᠳᠤᠭᠠᠷ ᠠᠵᠤ ᠦᠢᠯᠡᠰ ᠤᠨ ᠨᠡᠮᠡᠭᠳᠡᠯ | ᠥᠷᠲᠡᠭ ᠤᠨ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ ᠲᠠᠬᠢ ᠡᠵᠡᠯᠡᠬᠦ ᠬᠤᠪᠢ ᠶᠢᠨ ᠵᠢᠩ 48. | 9 % ᠳᠤ ᠬᠦᠷᠴᠦ᠂ ᠰᠢᠨ᠎ᠡ ᠪᠠᠷ ᠬᠥᠭᠵᠢᠭᠰᠡᠨ ᠦᠢᠯᠡᠴᠢᠯᠡᠭᠡᠨ ᠤ ᠦᠢᠯᠡᠰ ᠤᠨ ᠬᠡᠪᠴᠢᠶ᠎ᠡ ᠦᠷᠭᠦᠯᠵᠢᠯᠡᠨ | ᠪᠤᠵᠠᠭᠠᠶᠢᠷᠠᠪᠠ᠃ ᠬᠢᠵᠢᠭ ᠤᠨ ᠪᠠᠶᠢᠳᠠᠯ ᠤᠨ ᠨᠦᠯᠦᠭᠡᠯᠡᠯ ᠳᠤᠤᠷ᠎ᠠ᠂ ᠰᠦᠯᠵᠢᠶᠡᠨ ᠳᠡᠭᠡᠷ᠎ᠡ ᠠᠵᠢᠯᠯᠠᠬᠤ᠂ | ᠰᠦᠯᠵᠢᠶᠡᠨ ᠳᠡᠭᠡᠷ᠎ᠡ ᠡᠳ᠋ ᠬᠦᠷᠦᠩᠭᠡ ᠠᠬᠤᠶᠢᠯᠠᠬᠤ᠂ ᠵᠥᠪᠯᠡᠯᠭᠡ ᠥᠭᠬᠦ ᠦᠢᠯᠡᠴᠢᠯᠡᠭᠡ᠂ ᠢᠨᠲ᠋ᠧᠷ ᠰᠦᠯᠵᠢᠶᠡᠨ ᠤ | ᠵᠠᠷ ᠮᠡᠳᠡᠭᠡ ᠵᠡᠷᠭᠡ ᠰᠢᠨ᠎ᠡ ᠬᠡᠷᠡᠭᠯᠡᠭᠡ ᠶᠢᠨ ᠬᠡᠷᠡᠭᠴᠡᠭᠡ ᠦᠷᠭᠦᠯᠵᠢᠯᠡᠨ ᠨᠡᠮᠡᠭᠳᠡᠵᠦ᠂ ᠮᠡᠳᠡᠭᠡ ᠵᠠᠩᠭᠢ ᠳᠠᠮᠵᠢᠭᠤᠯᠬᠤ | ᠦᠢᠯᠡᠰ᠂ ᠮᠥᠩᠭᠦᠨ ᠬᠦᠢᠯᠭᠡᠭᠡᠨ ᠤ ᠦᠢᠯᠡᠰ᠂ ᠬᠤᠳᠠᠯᠳᠤᠭᠠᠨ ᠤ ᠶᠠᠪᠤᠳᠠᠯ ᠤᠨ ᠦᠢᠯᠡᠴᠢᠯᠡᠭᠡᠨ ᠤ ᠦᠢᠯᠡᠰ ᠵᠡᠷᠭᠡ | ᠰᠢᠨ᠎ᠡ ᠪᠠᠷ ᠬᠥᠭᠵᠢᠭᠰᠡᠨ ᠦᠢᠯᠡᠴᠢᠯᠡᠭᠡᠨ ᠤ ᠠᠵᠢᠯ ᠲᠥᠷᠥᠯ ᠤᠨ ᠨᠡᠯᠢᠶᠡᠳ ᠲᠦᠷᠭᠡᠨ ᠬᠥᠭᠵᠢᠬᠦ ᠶᠢ ᠳᠠᠶᠢᠴᠢᠯᠠᠵᠤ᠂ | ᠴᠠᠯᠢᠩ ᠤᠨ ᠬᠢᠷᠢ ᠲᠦᠪᠰᠢᠨ ᠢ ᠢᠯᠡᠳᠲᠡ ᠳᠡᠭᠡᠭᠰᠢᠯᠡᠭᠦᠯᠪᠡ᠃ 2020 ᠣᠨ ᠳᠤ᠂ ᠪᠥᠬᠦ ᠣᠷᠣᠨ ᠤ ᠬᠤᠲᠠ | ᠪᠠᠯᠭᠠᠰᠤ ᠶᠢᠨ ᠬᠤᠪᠢ ᠶᠢᠨ ᠡᠵᠡᠩᠨᠡᠯᠲᠡ ᠶᠢᠨ ᠪᠤᠰᠤ ᠨᠢᠭᠡᠴᠢ ᠳᠠᠬᠢ ᠰᠤᠹᠲ ᠪᠠ ᠮᠡᠳᠡᠭᠡ ᠵᠠᠩᠭᠢ ᠶᠢᠨ ᠮᠡᠷᠭᠡᠵᠢᠯ ᠤᠨ | ᠦᠢᠯᠡᠴᠢᠯᠡᠭᠡᠨ ᠤ ᠦᠢᠯᠡᠰ᠂ ᠲᠦᠷᠢᠶᠡᠰᠦᠯᠡᠬᠦ ᠦᠢᠯᠡᠰ᠂ ᠬᠤᠳᠠᠯᠳᠤᠭᠠᠨ ᠤ ᠶᠠᠪᠤᠳᠠᠯ ᠤᠨ ᠦᠢᠯᠡᠴᠢᠯᠡᠭᠡᠨ ᠤ ᠦᠢᠯᠡᠰ | ᠪᠠ ᠵᠤᠭᠤᠰ ᠮᠥᠩᠭᠦᠨ ᠬᠦᠢᠯᠭᠡᠭᠡᠨ ᠤ ᠦᠢᠯᠡᠴᠢᠯᠡᠭᠡᠨ ᠤ ᠦᠢᠯᠡᠰ ᠤᠨᠴᠠᠯᠢᠩ ᠤᠨ ᠨᠡᠮᠡᠭᠳᠡᠯ ᠤᠨ ᠬᠤᠷᠳᠤᠴᠠ | ᠨᠡᠯᠢᠶᠡᠳ ᠲᠦᠷᠭᠡᠨ ᠪᠣᠯᠪᠠ᠃ ᠠᠵᠢᠯ ᠲᠥᠷᠥᠯ ᠤᠨ ᠳᠤᠮᠳᠠᠴᠢ ᠴᠠᠯᠢᠩ ᠨᠢ ᠠᠳᠠᠯᠢ ᠬᠤᠭᠤᠴᠠᠭᠠᠨ ᠤ ᠬᠢ ᠠᠴᠠ | ᠲᠣᠰ ᠲᠣᠰ 11.7%᠂ 10.7%᠂ 10.1% ᠪᠠ 7.2% ᠢᠶᠠᠷ ᠨᠡᠮᠡᠭᠳᠡᠪᠡ︔ ᠬᠤᠲᠠ ᠪᠠᠯᠭᠠᠰᠤᠨ ᠤ | ᠬᠤᠪᠢ ᠶᠢᠨ ᠡᠵᠡᠩᠨᠡᠯᠲᠡ ᠶᠢᠨ ᠨᠢᠭᠡᠴᠢ ᠳᠠᠬᠢ ᠮᠡᠳᠡᠭᠡ ᠵᠠᠩᠭᠢ ᠳᠠᠮᠵᠢᠭᠤᠯᠬᠤ ᠦᠢᠯᠡᠰ᠂ ᠮᠥᠩᠭᠦᠨ ᠭᠦᠢᠯᠭᠡᠭᠡᠨ ᠤ | ᠦᠢᠯᠡᠰ ᠪᠠ ᠲᠦᠷᠢᠶᠡᠰᠦᠯᠡᠯ ᠬᠤᠳᠠᠯᠳᠤᠭᠠᠨ ᠤ ᠶᠠᠪᠤᠳᠠᠯ ᠤᠨ ᠦᠢᠯᠡᠴᠢᠯᠡᠭᠡᠨ ᠤ ᠦᠢᠯᠡᠰ ᠤᠨ ᠳᠤᠮᠳᠠᠴᠢ ᠴᠠᠯᠢᠩ ᠨᠢ | ᠠᠳᠠᠯᠢ ᠬᠤᠭᠤᠴᠠᠭᠠᠨ ᠤ ᠬᠢ ᠠᠴᠠ ᠲᠣᠰ ᠲᠣᠰ 12.7 %᠂ 41.2 % ᠪᠠ 16.8 % ᠪᠠᠷ ᠨᠡᠮᠡᠭᠳᠡᠵᠦ᠂ | ᠴᠥᠮ ᠪᠥᠬᠦ ᠣᠷᠣᠨ ᠤ ᠳᠤᠮᠳᠠᠴᠢ ᠬᠢᠷᠢ ᠲᠦᠪᠰᠢᠨ ᠠᠴᠠ ᠥᠨᠳᠥᠷ ᠪᠣᠯᠪᠠ᠃ | ᠡᠭᠦᠨ ᠤ ᠬᠠᠮᠲᠤ᠂ ᠮᠠᠨ ᠤ ᠣᠷᠣᠨ ᠤ ᠤᠯᠠᠮᠵᠢᠯᠠᠯᠲᠤ ᠦᠢᠯᠡᠴᠢᠯᠡᠭᠡᠨ ᠤ ᠦᠢᠯᠡᠰ ᠬᠢᠵᠢᠭ ᠤᠨ ᠲᠠᠭᠠᠷᠢᠯᠲᠠ ᠶᠢ | ᠨᠡᠯᠢᠶᠡᠳ ᠬᠦᠷᠲᠡᠵᠦ᠂ ᠬᠥᠭᠵᠢᠯᠲᠡ ᠶᠢᠨ ᠬᠠᠨᠳᠤᠰᠢ ᠨᠢ ᠤᠳᠠᠭᠠᠰᠢᠷᠠᠵᠤ᠂ ᠬᠠᠮᠢᠶ᠎ᠠ ᠪᠥᠬᠦᠶ ᠠᠵᠢᠯ ᠲᠥᠷᠥᠯ ᠤᠨ | ᠳᠤᠮᠳᠠᠴᠢ ᠴᠠᠯᠢᠩ ᠤᠨ ᠨᠡᠮᠡᠭᠳᠡᠯ ᠤᠨ ᠬᠤᠷᠳᠤᠴᠠ ᠨᠢ ᠪᠠᠭᠤᠷᠠᠪᠠ᠃ ᠡᠭᠦᠨ ᠳᠤ᠂ ᠬᠤᠲᠠ ᠪᠠᠯᠭᠠᠰᠤᠨ ᠤ | ᠬᠤᠪᠢ ᠶᠢᠨ ᠡᠵᠡᠩᠨᠡᠯᠲᠡ ᠶᠢᠨ ᠪᠤᠰᠤ ᠨᠢᠭᠡᠴᠢ ᠶᠢᠨ ᠪᠠᠭᠤᠳᠠᠯ ᠢᠳᠡᠭᠡᠨ ᠤᠮᠳᠠᠭᠠᠨ ᠤ ᠦᠢᠯᠡᠰ ᠪᠠ ᠰᠠᠭᠤᠭᠠᠯᠢ | ᠠᠷᠠᠳ ᠤᠨ ᠦᠢᠯᠡᠴᠢᠯᠡᠭᠡᠨ ᠤ ᠦᠢᠯᠡᠰ ᠤᠨ ᠳᠤᠮᠳᠠᠴᠢ ᠴᠠᠯᠢᠩ ᠨᠢ ᠠᠳᠠᠯᠢ ᠬᠤᠭᠤᠴᠠᠭᠠᠨ ᠤ ᠬᠢ ᠠᠴᠠ ᠲᠣᠰ ᠲᠣᠰ | 0.5 % ᠪᠠ 6.0 % ᠪᠠᠷ ᠪᠠᠭᠤᠷᠠᠵᠤ᠂ ᠬᠤᠲᠠ ᠪᠠᠯᠭᠠᠰᠤᠨ ᠤ ᠬᠤᠪᠢ ᠶᠢᠨ ᠡᠵᠡᠩᠨᠡᠯᠲᠡ ᠶᠢᠨ ᠨᠢᠭᠡᠴᠢ ᠶᠢᠨ | ᠳᠤᠮᠳᠠᠴᠢ ᠴᠠᠯᠢᠩ ᠨᠢ ᠲᠣᠰ ᠲᠣᠰ 3.8 % ᠪᠠ 0.7 % ᠪᠠᠷ ᠪᠠᠭᠤᠷᠠᠪᠠ᠃ | ᠭᠤᠷᠪᠠ᠂ ᠰᠣᠶᠣᠯ ᠰᠤᠷᠭᠠᠨ ᠬᠥᠮᠦᠵᠢᠯ᠂ ᠡᠷᠡᠭᠦᠯ ᠬᠠᠮᠠᠭᠠᠯᠠᠯ ᠤᠨ ᠬᠦᠷᠢᠶᠡᠨ ᠳᠠᠬᠢ ᠵᠠᠷᠤᠯᠭ᠎ᠠ ᠨᠡᠮᠡᠭᠳᠡᠵᠦ᠂ | ᠴᠠᠯᠢᠩ ᠤᠨ ᠣᠷᠣᠯᠭ᠎ᠠ ᠲᠣᠭᠲᠠᠭᠤᠨ ᠢᠶᠠᠷ ᠳᠡᠭᠡᠭᠰᠢᠯᠡᠪᠡ | 2020 ᠣᠨ ᠳᠤ᠂ ᠬᠢᠵᠢᠭ ᠤᠨ ᠪᠠᠶᠢᠳᠠᠯ ᠤᠨ ᠨᠥᠯᠥᠭᠡ ᠠᠴᠠ ᠪᠣᠯᠵᠣ᠂ ᠮᠠᠨ ᠤ ᠣᠷᠣᠨ ᠤ ᠡᠯ᠎ᠡ | ᠲᠥᠷᠥᠯ ᠤᠨ ᠰᠣᠶᠣᠯ ᠪᠡᠶ᠎ᠡ ᠶᠢᠨ ᠲᠠᠮᠢᠷ ᠵᠤᠭ᠎ᠠ ᠴᠡᠩᠭᠡᠯ ᠤᠨ ᠲᠠᠯᠠᠪᠤᠷ ᠤᠨ ᠡᠵᠡᠩᠨᠡᠯᠲᠡ ᠶᠢ ᠵᠣᠭᠰᠣᠭᠠᠬᠤ᠂ | ᠰᠤᠷᠭᠠᠭᠤᠯᠢ ᠶᠢᠨ ᠬᠢᠴᠢᠶᠡᠯ ᠰᠡᠷᠭᠦᠭᠡᠬᠦ ᠶᠢ ᠬᠤᠶᠢᠰᠢᠯᠠᠭᠤᠯᠬᠤ᠂ ᠡᠮᠨᠡᠯᠭᠡ ᠶᠢᠨ ᠬᠤᠷᠢᠶᠠᠨ ᠤ ᠡᠭᠦᠳᠡᠨ ᠡᠮᠨᠡᠯᠭᠡ ᠶᠢᠨ | ᠡᠪᠡᠳᠴᠢᠨ ᠦᠵᠡᠬᠦ ᠬᠡᠮᠵᠢᠶ᠎ᠡ ᠶᠢ ᠪᠠᠭᠠᠰᠬᠠᠵᠤ᠂ ᠰᠣᠶᠣᠯ ᠪᠡᠶ᠎ᠡ ᠶᠢᠨ ᠲᠠᠮᠢᠷ ᠵᠤᠭ᠎ᠠ ᠴᠡᠩᠭᠡᠯ᠂ ᠰᠤᠷᠭᠠᠨ ᠬᠥᠮᠦᠵᠢᠯ᠂ | ᠡᠷᠡᠭᠦᠯ ᠬᠠᠮᠠᠭᠠᠯᠠᠯ ᠵᠡᠷᠭᠡ ᠬᠦᠷᠢᠶᠡᠨ ᠳᠤ ᠴᠥᠮ ᠢᠯᠡᠳᠲᠡ ᠨᠥᠯᠥᠭᠡ ᠦᠵᠡᠭᠦᠯᠪᠡ᠃ ᠡᠯ᠎ᠡ ᠱᠠᠲᠤᠨ ᠤ ᠵᠠᠰᠠᠭ ᠤᠨ | ᠣᠷᠳᠣᠨ ᠬᠤᠯᠪᠣᠭᠳᠠᠯ ᠪᠥᠬᠦᠶ ᠬᠦᠷᠢᠶᠡᠨ ᠳᠠᠬᠢ ᠪᠠᠯᠠ ᠣᠷᠣᠭᠤᠯᠤᠯᠲᠠ ᠪᠠ ᠪᠥᠲᠥᠭᠡᠨ ᠪᠠᠶᠢᠭᠤᠯᠤᠯᠲᠠ ᠪᠠᠨ | ᠦᠷᠭᠦᠯᠵᠢᠯᠡᠨ ᠴᠢᠩᠭᠠᠳᠬᠠᠵᠤ᠂ ᠰᠠᠭᠤᠷᠢ ᠰᠤᠷᠭᠠᠨ ᠬᠥᠮᠦᠵᠢᠯ ᠪᠠ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ | ᠪᠣᠯᠪᠠᠰᠤᠷᠠᠯ ᠢ ᠶᠡᠭᠡ ᠪᠠᠷ ᠬᠥᠭᠵᠢᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠡᠷᠡᠭᠦᠯ ᠬᠠᠮᠠᠭᠠᠯᠠᠯ | ᠡᠷᠡᠭᠦᠯ ᠮᠡᠨᠳᠦ ᠶᠢᠨ ᠦᠢᠯᠡᠰ ᠤᠨ ᠥᠭᠡᠷᠡᠴᠢᠯᠡᠯᠲᠡ ᠬᠥᠭᠵᠢᠯᠲᠡ ᠶᠢ ᠨᠢᠭᠡᠳᠦᠯᠲᠡᠶ ᠲᠥᠯᠥᠪᠵᠢᠭᠦᠯᠵᠦ᠂ ᠰᠣᠶᠣᠯ | ᠪᠡᠶ᠎ᠡ ᠶᠢᠨ ᠲᠠᠮᠢᠷ ᠵᠢᠭᠤᠯᠴᠢᠯᠠᠯ ᠤᠨ ᠲᠥᠷᠥᠯ ᠵᠦᠢᠯ ᠤᠨ ᠨᠡᠭᠡᠭᠡᠨ ᠬᠦᠭᠵᠢᠬᠦᠯᠦᠯᠲᠡ ᠪᠠ ᠪᠥᠲᠥᠭᠡᠨ | ᠪᠠᠶᠢᠭᠤᠯᠤᠯᠲᠠ ᠶᠢ ᠴᠢᠩᠭᠠᠳᠬᠠᠵᠤ᠂ ᠠᠵᠢᠯ ᠲᠥᠷᠥᠯ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ | ᠠᠬᠢᠭᠤᠯᠪᠠ᠃ | 2020 ᠣᠨ ᠳᠤ᠂ ᠪᠥᠬᠦ ᠣᠷᠣᠨ ᠤ ᠡᠩ ᠤᠨ ᠣᠯᠠᠨ ᠨᠡᠶᠢᠲᠡ ᠶᠢᠨ ᠲᠥᠰᠦᠪ ᠤᠨ ᠵᠠᠷᠤᠯᠭ᠎ᠠ ᠳᠠᠬᠢ | ᠰᠤᠷᠭᠠᠨ ᠬᠥᠮᠦᠵᠢᠯ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠬᠢᠭᠡᠳ | ᠵᠠᠭᠤᠴᠢᠯᠠᠭᠤᠷ ᠤᠨ ᠵᠠᠷᠤᠯᠭ᠎ᠠ ᠲᠣᠰ ᠲᠣᠰ ᠳᠡᠭᠡᠷ᠎ᠡ ᠵᠢᠯ ᠤᠨ ᠬᠢ ᠠᠴᠠ 5.2 %᠂ 16.4 % ᠪᠠ 3.6 | % ᠪᠠᠷ ᠨᠡᠮᠡᠭᠳᠡᠵᠦ᠂ ᠴᠥᠮ ᠪᠥᠬᠦ ᠣᠷᠣᠨ ᠤ ᠡᠩ ᠤᠨ ᠲᠥᠰᠦᠪ ᠤᠨ ᠵᠠᠷᠤᠯᠭ᠎ᠠ ᠶᠢᠨ ᠳᠤᠮᠳᠠᠴᠢ ᠨᠡᠮᠡᠭᠳᠡᠯ ᠤᠨ | ᠬᠤᠷᠳᠤᠴᠠ ᠠᠴᠠ ᠥᠨᠳᠥᠷ ᠪᠣᠯᠵᠣ᠂ ᠬᠠᠮᠢᠶ᠎ᠠ ᠪᠥᠬᠦᠶ ᠠᠵᠢᠯ ᠲᠥᠷᠥᠯ ᠤᠨ ᠠᠵᠢᠯᠯᠠᠭᠰᠠᠳ ᠤᠨ ᠴᠠᠯᠢᠩ ᠤᠨ | ᠲᠣᠭᠲᠠᠭᠤᠨ ᠢᠶᠠᠷ ᠨᠡᠮᠡᠭᠳᠡᠬᠦ ᠳᠤ ᠰᠠᠭᠤᠷᠢ ᠲᠠᠯᠪᠢᠪᠠ᠃ 2020 ᠣᠨ ᠳᠤ᠂ ᠪᠥᠬᠦ ᠣᠷᠣᠨ ᠤ ᠬᠤᠲᠠ | ᠪᠠᠯᠭᠠᠰᠤ ᠶᠢᠨ ᠬᠤᠪᠢ ᠶᠢᠨ ᠡᠵᠡᠩᠨᠡᠯᠲᠡ ᠶᠢᠨ ᠪᠤᠰᠤ ᠨᠢᠭᠡᠴᠢ ᠶᠢᠨ ᠰᠤᠷᠭᠠᠨ ᠬᠥᠮᠦᠵᠢᠯ᠂ ᠡᠷᠡᠭᠦᠯ ᠬᠠᠮᠠᠭᠠᠯᠠᠯ ᠪᠠ | ᠨᠡᠶᠢᠭᠡᠮ ᠤᠨ ᠠᠵᠢᠯ᠂ ᠰᠣᠶᠣᠯ᠂ ᠪᠡᠶ᠎ᠡ ᠶᠢᠨ ᠲᠠᠮᠢᠷ ᠪᠠ ᠵᠤᠭ᠎ᠠ ᠴᠡᠩᠭᠡᠯ ᠤᠨ ᠦᠢᠯᠡᠰ ᠲᠤ ᠠᠵᠢᠯ ᠣᠯᠤᠭᠰᠠᠳ ᠤᠨ | ᠳᠤᠮᠳᠠᠴᠢ ᠴᠠᠯᠢᠩ ᠤᠨ ᠨᠡᠮᠡᠭᠳᠡᠯ ᠤᠨ ᠬᠤᠷᠳᠤᠴᠠ ᠨᠢ ᠲᠣᠰ ᠲᠣᠰ 3.5 %᠂ 6.7 % ᠪᠠ 2.8 % | ᠪᠣᠯᠤᠨ᠎ᠠ᠃ | 2020 ᠤᠨ ᠪᠣᠯ ᠥᠪᠥᠷ ᠮᠣᠩᠭᠤᠯ ᠤᠨ ᠠᠵᠤ ᠠᠬᠤᠶ ᠨᠡᠶᠢᠭᠡᠮ ᠤᠨ ᠬᠥᠭᠵᠢᠯᠲᠡ ᠳᠠᠬᠢ ᠲᠦᠢᠯ ᠤᠨ ᠶᠡᠷᠦ | ᠪᠤᠰᠤ ᠶᠢᠨ ᠨᠢᠭᠡ ᠵᠢᠯ ᠪᠣᠯᠤᠨ᠎ᠠ᠂ ᠪᠠᠰᠠ ᠴᠤ ᠠᠵᠢᠯ ᠣᠯᠭᠤᠯᠲᠠ ᠶᠢᠨ ᠣᠷᠣᠯᠭ᠎ᠠ ᠶᠢᠨ ᠬᠤᠪᠢᠶᠠᠷᠢᠯᠠᠯᠲᠠ ᠶᠢᠨ | ᠬᠦᠷᠢᠶᠡᠨ ᠳᠠᠬᠢ ︽ᠵᠢᠷᠭᠤᠭ᠎ᠠ ᠶᠢ ᠲᠣᠭᠲᠠᠪᠤᠷᠢᠵᠢᠭᠤᠯᠬᠤ︾ ᠠᠵᠢᠯ ᠢ ᠪᠥᠬᠦ ᠲᠠᠯ᠎ᠠ ᠪᠠᠷ ᠠᠬᠢᠭᠤᠯᠵᠤ᠂ ︽ | ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠬᠢᠨᠠᠮᠠᠭᠠᠶ ᠨᠠᠶᠢᠳᠠᠪᠤᠷᠢᠵᠢᠭᠤᠯᠤᠭᠰᠠᠨ ᠵᠠᠩᠭᠢᠯᠠᠭ᠎ᠠ ᠶᠢᠨ ᠵᠢᠯ ᠪᠣᠯᠤᠨ᠎ᠠ᠃ | ᠬᠢᠵᠢᠭ ᠤᠨ ᠪᠠᠶᠢᠳᠠᠯ ᠤᠨ ᠨᠦᠯᠦᠭᠡᠯᠡᠯ ᠳᠤᠤᠷ᠎ᠠ᠂ ᠪᠥᠬᠦ ᠣᠷᠣᠨ ᠤ ᠬᠤᠲᠠ ᠪᠠᠯᠭᠠᠰᠤᠨ ᠤ ᠨᠢᠭᠡᠴᠢ ᠳᠤ ᠠᠵᠢᠯ | ᠣᠯᠤᠭᠰᠠᠳ ᠤᠨ ᠵᠢᠯ ᠤᠨ ᠳᠤᠮᠳᠠᠴᠢ ᠴᠠᠯᠢᠩ ᠮᠥᠨ ᠬᠦ ᠲᠣᠭᠲᠠᠭᠤᠨ ᠢᠶᠠᠷ ᠨᠡᠮᠡᠭᠳᠡᠬᠦ ᠶᠢ ᠪᠡᠶᠡᠯᠡᠭᠦᠯᠦᠭᠰᠡᠨ ᠨᠢ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠶ ᠲᠥᠯᠥᠪᠵᠢᠭᠦᠯᠬᠦ ᠲᠠᠯ᠎ᠠ ᠪᠠᠷ | ᠢᠳᠡᠪᠬᠢᠲᠡᠶ ᠦᠷ᠎ᠡ ᠪᠦᠲᠦᠮᠵᠢ ᠣᠯᠤᠭᠰᠠᠨ ᠢ ᠬᠠᠷᠠᠭᠤᠯᠵᠤ ᠪᠠᠶᠢᠨ᠎ᠠ᠃ |