ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ︽ᠪᠢ ᠣᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠬᠦ︾ ᠪᠤᠳᠠᠳᠦ ᠠᠵᠢᠯ ᠢᠶᠠᠨ ᠨᠡᠶᠢᠳᠡᠯᠡᠪᠡ
ᠨᠡᠶᠢᠲᠡᠯᠡᠭᠰᠡᠨ ᠴᠠᠭ᠄
2021/7/12
    ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠣᠰᠣᠭᠠᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ︽ᠪᠢ ᠣᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠬᠦ︾ ᠦᠢᠯᠡᠳᠦᠯᠭᠡ ᠶᠢᠨ ᠠᠵᠢᠯᠯᠠᠭ᠎ᠠ ᠶᠢ ᠭᠦᠨᠵᠡᠭᠡᠶ ᠥᠷᠨᠢᠭᠦᠯᠬᠦ ᠳᠤᠮᠳᠠ᠂ ᠰᠢ ᠶᠢᠨ ᠫᠢᠩ ᠶᠡᠷᠦᠩᠬᠡᠶ ᠱᠦᠵᠢ ᠶᠢᠨ ᠪᠡᠶ᠎ᠡ ᠶᠢᠨ ᠲᠠᠮᠢᠷ ᠤᠨ ᠠᠵᠢᠯ ᠤᠨ ᠲᠤᠬᠠᠶ ᠴᠢᠬᠤᠯᠠ ᠥᠭᠦᠯᠡᠯᠲᠡ ᠪᠣᠯᠤᠨ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠠᠷᠠᠳ ᠲᠦᠮᠡᠨ ᠢᠶᠠᠷ ᠭᠤᠤᠯ ᠪᠣᠯᠭᠠᠬᠤ ᠦᠵᠡᠯ ᠰᠠᠨᠠᠭ᠎ᠠ ᠶᠢ ᠪᠠᠷᠢᠮᠲᠠᠯᠠᠨ᠂ ᠠᠷᠠᠳ ᠲᠦᠮᠡᠨ ᠤ ᠪᠡᠶ᠎ᠡ ᠴᠢᠭᠢᠷᠠᠭᠵᠢᠭᠤᠯᠬᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ᠂ ᠬᠥᠮᠦᠨ ᠤ ᠪᠥᠬᠦ ᠲᠠᠯ᠎ᠠ ᠶᠢᠨ ᠬᠥᠭᠵᠢᠯᠲᠡ ᠶᠢ ᠠᠬᠢᠭᠤᠯᠬᠤ ᠪᠠᠷ ᠪᠡᠶ᠎ᠡ ᠶᠢᠨ ᠲᠠᠮᠢᠷ ᠤᠨ ᠠᠵᠢᠯ ᠤᠨ ᠡᠬᠢᠯᠡᠯ ᠪᠠ ᠲᠡᠭᠦᠰᠬᠡᠯ ᠪᠣᠯᠭᠠᠵᠤ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠤᠯᠤᠰ ᠤᠨ ᠪᠠᠶᠢᠯᠳᠤᠬᠤ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠡᠷᠡᠭᠦᠯ ᠡᠩᠬᠡ ᠥᠪᠥᠷ ᠮᠣᠩᠭᠤᠯ ᠤᠨ ᠪᠥᠲᠥᠭᠡᠨ  ᠪᠠᠶᠢᠭᠤᠯᠤᠯᠲᠠ  ᠶᠢ  ᠠᠬᠢᠭᠤᠯᠵᠤ᠂ ᠪᠥᠬᠦ  ᠠᠷᠠᠳ  ᠤᠨ  ᠪᠡᠶ᠎ᠡ  ᠴᠢᠭᠢᠷᠠᠭᠵᠢᠭᠤᠯᠬᠤ ︽ᠲᠤᠯᠤᠭᠠᠨ ᠲᠡᠷᠳᠡᠭᠡᠬᠢ︾ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢ ᠭᠤᠤᠯᠳᠠᠯᠭ᠎ᠠ ᠲᠠᠢ ᠬᠡᠷᠡᠭᠵᠢᠭᠦᠯᠦᠨ᠎ᠡ᠃     ᠨᠢᠭᠡ᠂ ᠣᠯᠠᠨ ᠲᠦᠮᠡᠨ ᠤ ᠳᠡᠷᠭᠡᠳᠡᠬᠢ ᠪᠡᠶ᠎ᠡ ᠶᠢᠨ ᠲᠠᠮᠢᠷ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ ᠲᠡᠳᠬᠦᠨ ᠬᠦᠭᠵᠢᠭᠦᠯᠦᠨ᠎ᠡ     ᠪᠣᠳᠠᠲᠤ ᠴᠣᠭᠴᠠᠵᠢᠭᠤᠯᠬᠤ᠂ ᠨᠡᠶᠢᠭᠡᠮᠴᠢᠯᠡᠬᠦ᠂ ᠵᠢᠷᠤᠮᠵᠢᠭᠤᠯᠬᠤ᠂ ᠲᠤᠰᠬᠠᠶᠢᠵᠢᠭᠤᠯᠬᠤ ᠬᠥᠭᠵᠢᠯᠲᠡ ᠶᠢᠨ ᠴᠢᠭᠯᠡᠯ ᠶᠣᠰᠣᠭᠠᠷ᠂ ᠡᠯ᠎ᠡ ᠱᠠᠲᠤᠨ ᠤ ᠪᠡᠶ᠎ᠡ ᠶᠢᠨ ᠲᠠᠮᠢᠷ ᠤᠨ ᠶᠡᠷᠦᠩᠬᠡᠶ ᠡᠪᠯᠡᠯ ᠨᠢ ᠬᠠᠪᠰᠤᠷᠤᠨ ᠵᠢᠯᠣᠭᠤᠳᠬᠤ᠂ ᠵᠣᠷᠢᠭᠵᠢᠭᠤᠯᠵᠤ  ᠬᠥᠲᠥᠯᠥᠨ  ᠵᠢᠯᠣᠭᠤᠳᠬᠤ  ᠂  ᠨᠥᠯᠥᠭᠡᠯᠡᠨ  ᠳᠠᠶᠢᠴᠢᠯᠠᠬᠤ  ᠵᠡᠷᠭᠡ  ᠠᠷᠭ᠎ᠠ  ᠮᠠᠶ᠋ᠢᠭ  ᠢᠶᠠᠷ ᠳᠠᠮᠵᠢᠭᠤᠯᠤᠨ᠂ ᠡᠯ᠎ᠡ ᠱᠠᠲᠤᠨ ᠤ ᠡᠯ᠎ᠡ ᠲᠥᠷᠥᠯ ᠤᠨ ᠪᠡᠶ᠎ᠡ ᠶᠢᠨ ᠲᠠᠮᠢᠷ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠦᠨᠳᠦᠰᠦᠨ ᠱᠠᠳᠤ ᠲᠡᠰᠢ ᠥᠷᠭᠡᠵᠢᠬᠦ᠂ ᠤᠯᠠᠨ ᠲᠦᠮᠡᠨ ᠤ ᠦᠵᠡᠵᠦ ᠰᠣᠨᠢᠷᠬᠠᠬᠤ ᠳᠤᠷᠠᠲᠠᠶ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠶᠢ ᠪᠠᠶᠢᠩᠭᠤ ᠡᠷᠬᠢᠯᠡᠵᠤ᠂ ᠥᠷᠭᠡᠨ ᠤᠯᠠᠨ ᠲᠦᠮᠡᠨ ᠤ ᠪᠡᠶ᠎ᠡ ᠴᠢᠭᠢᠷᠠᠭᠵᠢᠭᠤᠯᠬᠤ ᠢᠳᠡᠪᠬᠢᠵᠢᠯ ᠢ ᠲᠠᠶᠢᠴᠢᠯᠠᠨ᠎ᠠ  ᠃     ᠬᠤᠶᠠᠷ᠂ ᠣᠯᠠᠨ ᠲᠦᠮᠡᠨ ᠤ ᠳᠡᠷᠭᠡᠳᠡᠬᠢ ᠣᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠲᠦᠭᠦᠭᠡᠷᠦᠮᠵᠢ ᠶᠢ ᠲᠡᠭᠦᠯᠳᠡᠷᠵᠢᠭᠦᠯᠦᠨ᠎ᠡ     ᠰᠢ ᠶᠢᠨ ᠫᠢᠩ ᠶᠡᠷᠦᠩᠬᠡᠶ ᠱᠦᠵᠢ ᠶᠢᠨ ︽ᠡᠷᠡᠭᠦᠯ ᠮᠡᠨᠳᠦ ᠪᠡᠶ᠎ᠡ ᠶᠢᠨ ᠲᠠᠮᠢᠷ ᠤᠨ ᠲᠥᠬᠦᠭᠡᠷᠦᠮᠵᠢ ᠶᠢ ᠭᠦᠢᠴᠡᠳ ᠲᠣᠬᠢᠷᠠᠭᠤᠯᠤᠨ ᠬᠡᠷᠡᠭᠯᠡᠵᠦ᠂ ᠥᠷᠭᠡᠨ ᠣᠯᠠᠨ ᠠᠷᠠᠳ ᠲᠦᠮᠡᠨ ᠢ ᠣᠶᠢᠷᠠᠲᠤᠭᠤᠯᠵᠤ᠂ ᠬᠡᠷᠡᠭᠯᠡᠬᠦ ᠶᠢ ᠨᠢ ᠳᠡᠭᠡᠭᠰᠢᠯᠡᠭᠦᠯᠬᠦ︾ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠠ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ︽ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠠᠯᠠᠪᠤᠷ ᠤᠨ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠣᠯᠠᠨ ᠲᠦᠮᠡᠨ ᠤ ᠪᠡᠶ᠎ᠡ ᠶᠢᠨ ᠲᠠᠮᠢᠷ ᠢ ᠬᠥᠭᠵᠢᠭᠦᠯᠬᠦ ᠲᠤᠬᠠᠶ ᠰᠠᠨᠠᠯ︾ ᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠣᠯᠠᠨ ᠲᠦᠮᠡᠨ ᠤ ᠣᠶᠢᠷ᠎ᠠ ᠬᠠᠪᠢ ᠶᠢᠨ ᠪᠡᠶ᠎ᠡ ᠴᠢᠭᠢᠷᠠᠭᠵᠢᠭᠤᠯᠬᠤ ᠬᠡᠷᠡᠭᠴᠡᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠣᠯᠠᠨ ᠲᠦᠮᠡᠨ ᠲᠠᠢ ᠣᠶᠢᠷᠠᠳᠬᠤ᠂ ᠬᠦᠷᠴᠦ ᠳᠡᠶᠢᠯᠬᠦ ᠳᠤ ᠲᠥᠬᠦᠮ ᠪᠡᠶ᠎ᠡ ᠶᠢᠨ ᠲᠠᠮᠢᠷ ᠤᠨ ᠴᠡᠴᠡᠷᠯᠢᠭ᠂ ᠪᠡᠶ᠎ᠡ ᠴᠢᠭᠢᠷᠠᠭᠵᠢᠭᠤᠯᠬᠤ ᠶᠠᠪᠠᠭᠠᠨ ᠵᠠᠮ᠂ ᠨᠡᠶᠢᠭᠡᠮ ᠲᠣᠭᠤᠷᠢᠭ ᠤᠨ ᠬᠥᠯ ᠪᠥᠮᠪᠦᠭᠡ ᠶᠢᠨ ᠲᠠᠯᠠᠪᠤᠷ ᠵᠡᠷᠭᠡ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠠᠯᠠᠪᠤᠷ ᠭᠠᠵᠠᠷ ᠤᠨ ᠪᠡᠯᠡᠳᠬᠡᠮᠵᠢ ᠶᠢ ᠤᠷᠢᠳᠠᠪᠠᠷ ᠲᠥᠯᠥᠪᠵᠢᠭᠦᠯᠦᠨ ᠪᠠᠶᠢᠭᠤᠯᠵᠤ᠂ ᠣᠯᠠᠨ ᠲᠦᠮᠡᠨ ᠤ ᠣᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠦᠢᠯᠡᠴᠢᠯᠡᠭᠡᠨ ᠤ ᠥᠪᠡᠷᠮᠢᠴᠡ ᠴᠢᠨᠠᠷ᠂ ᠣᠯᠠᠨ ᠲᠠᠰ ᠳᠠᠪᠬᠤᠷᠭ᠎ᠠ ᠶᠢᠨ ᠬᠡᠷᠡᠭᠴᠡᠭᠡ ᠱᠠᠭᠠᠷᠳᠠᠯᠭ᠎ᠠ ᠶᠢ ᠨᠠᠩ ᠰᠠᠶᠢᠲᠤᠷ ᠬᠠᠩᠭᠠᠨ᠎ᠠ᠃     ᠭᠤᠷᠪᠠ᠂ ᠣᠯᠠᠨ ᠲᠦᠮᠡᠨ ᠤ ᠳᠡᠷᠭᠡᠳᠡᠬᠢ ᠪᠡᠶ᠎ᠡ ᠴᠢᠭᠢᠷᠠᠭᠵᠢᠭᠤᠯᠬᠤ ᠬᠥᠳᠡᠯᠭᠡᠭᠡᠨ ᠢ ᠥᠷᠭᠡᠨ ᠢᠶᠠᠷ ᠦᠷᠨᠢᠭᠦᠯᠦᠨ᠎ᠡ     ᠣᠯᠠᠨ ᠲᠦᠮᠡᠨ ᠤ ᠦᠵᠡᠵᠦ ᠰᠣᠨᠢᠷᠬᠠᠬᠤ ᠳᠤᠷᠠᠲᠠᠶ ᠪᠡᠶ᠎ᠡ ᠴᠢᠭᠢᠷᠠᠭᠵᠢᠭᠤᠯᠬᠤ ᠬᠥᠳᠡᠯᠭᠡᠭᠡᠨ ᠢ ᠶᠡᠬᠡᠪᠡᠷ ᠳᠡᠯᠭᠡᠷᠡᠭᠦᠯᠵᠦ᠂ ︽ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠡᠳᠦᠷ︾ ᠤᠨ ᠰᠢᠷᠢᠰ ᠠᠵᠢᠯᠯᠠᠭ᠎ᠠ ᠶᠢ ᠡᠷᠭᠢᠯᠡᠨ᠂ ᠲᠣᠰ ᠲᠣᠰ ᠤᠨ ᠣᠨᠴᠠᠯᠢᠭ ᠲᠠᠢ ᠣᠯᠠᠨ ᠲᠦᠮᠡᠨᠴᠢ ᠴᠢᠨᠠᠷᠲᠠᠶ ᠨᠠᠷᠠᠲᠤ ᠲᠥᠷᠥᠯ ᠲᠡᠮᠳᠡᠭᠲᠦ ᠶᠢᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠶᠢ ᠪᠤᠢ ᠪᠤᠯᠭᠠᠨ᠎ᠠ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠩᠭᠤ ᠶᠢᠨ ᠱᠠᠭᠠᠷᠳᠠᠯᠭ᠎ᠠ ᠶᠣᠰᠣᠭᠠᠷ᠂ ᠢᠨᠲ᠋ᠤᠷ ᠰᠦᠯᠵᠢᠶ᠎ᠡ ᠪᠠ ᠰᠢᠨ᠎ᠡ ᠵᠠᠭᠤᠴᠢᠯᠠᠭᠤᠷ ᠤᠨ ᠲᠠᠪᠴᠠᠩ ᠢ ᠭᠦᠢᠴᠡᠳ ᠠᠰᠢᠭᠯᠠᠨ᠂ ᠣᠯᠠᠨ ᠲᠦᠮᠡᠨ ᠳᠤ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠭᠤᠷᠬᠢ ᠪᠡᠶ᠎ᠡ ᠴᠢᠭᠢᠷᠠᠭᠵᠢᠭᠤᠯᠬᠤ ᠦᠢᠯᠡᠴᠢᠯᠡᠭᠡ ᠬᠠᠩᠭᠠᠨ᠎ᠠ᠃     ᠲᠦᠷᠪᠡ᠂ ᠣᠯᠠᠨ ᠲᠦᠮᠡᠨ ᠤ ᠳᠡᠷᠭᠡᠳᠡᠬᠢ ᠲᠠᠮᠢᠷ ᠤᠨ ᠤᠷᠤᠯᠳᠤᠭᠠᠨ ᠢ ᠵᠣᠬᠢᠶᠠᠨ ᠪᠠᠶᠢᠭᠤᠯᠤᠨ᠎ᠡ     ᠬᠠᠮᠤᠷᠬᠤ ᠬᠡᠪᠴᠢᠶ᠎ᠡ ᠪᠠᠷ ᠥᠷᠭᠡᠨ᠂ ᠤᠷᠤᠯᠳᠤᠭᠠᠨ ᠳᠤ ᠣᠷᠣᠯᠴᠠᠬᠤ ᠬᠥᠮᠦᠨ ᠤ ᠲᠤᠭ᠎ᠠ ᠪᠠᠷ ᠣᠯᠠᠨ᠂ ᠨᠥᠯᠥᠭᠡᠯᠡᠬᠦ ᠬᠦᠴᠦᠨ ᠢᠶᠠᠷ ᠶᠡᠭᠡ ᠨᠠᠷᠠᠲᠤ ᠲᠥᠷᠥᠯ ᠲᠡᠮᠳᠡᠭᠲᠦ ᠶᠢᠨ ᠤᠷᠤᠯᠳᠤᠭᠠᠨ ᠢ ᠵᠣᠬᠢᠶᠠᠨ ᠪᠠᠶᠢᠭᠤᠯᠤᠨ ᠡᠷᠭᠢᠯᠡᠨ᠎ᠡ᠃ ︽ᠪᠢ ᠪᠥᠬᠦ ᠤᠯᠤᠰ ᠤᠨ ᠪᠡᠶ᠎ᠡ ᠶᠢᠨ ᠲᠠᠮᠢᠷ ᠤᠨ ᠴᠤᠭᠯᠠᠭᠠᠨ ᠳᠤ ᠣᠷᠣᠯᠴᠠᠨ᠎ᠠ︾ ᠭᠡᠬᠦ ᠪᠥᠬᠦ ᠤᠯᠤᠰ ᠤᠨ ᠠᠷᠪᠠᠨ ᠳᠥᠷᠪᠡᠳᠦᠭᠡᠷ ᠬᠤᠭᠤᠴᠠᠭᠠᠨ ᠤ ᠪᠡᠶ᠎ᠡ ᠶᠢᠨ ᠲᠠᠮᠢᠷ ᠤᠨ ᠴᠤᠭᠯᠠᠭᠠᠨ ᠤ ᠤᠷᠤᠯᠳᠤᠭᠠᠨ ᠤ ᠰᠢᠯᠭᠠᠷᠠᠭᠤᠯᠤᠯᠲᠠ ᠶᠢᠨ ᠤᠷᠤᠯᠳᠤᠭᠠᠨ᠂ ︽ᠪᠠᠶᠠᠰᠬᠤᠯᠠᠩᠲᠤ ᠲᠠᠯ᠎ᠠ ᠨᠤᠲᠤᠭ · ᠡᠷᠡᠭᠦᠯ ᠡᠩᠬᠡ ᠥᠪᠥᠷ ᠮᠣᠩᠭᠤᠯ︾ ᠤᠨ ᠠᠷᠪᠠᠨ ᠭᠤᠷᠪᠠᠳᠤᠭᠠᠷ ᠬᠤᠭᠤᠴᠠᠭᠠᠨ ᠤ ᠪᠥᠬᠦ ᠣᠷᠣᠨ ᠤ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠪᠡᠶ᠎ᠡ ᠶᠢᠨ ᠲᠠᠮᠢᠷ ᠤᠨ ᠴᠤᠭᠯᠠᠭᠠᠨ ᠵᠡᠷᠭᠡ ᠪᠡᠶ᠎ᠡ ᠶᠢᠨ ᠲᠠᠮᠢᠷ ᠤᠨ ᠤᠷᠤᠯᠳᠤᠭᠠᠨ ᠢ ᠰᠠᠶᠢᠲᠤᠷ ᠡᠷᠭᠢᠯᠡᠵᠦ᠂ ᠠᠷᠠᠳ ᠣᠯᠠᠨ ᠤ ᠪᠡᠶ᠎ᠡ ᠮᠠᠬᠠᠪᠣᠳ ᠢᠶᠠᠨ ᠳᠠᠪᠲᠠᠨ ᠪᠤᠯᠪᠠᠰᠤᠷᠠᠬᠤ ᠶᠢ ᠠᠬᠢᠭᠤᠯᠤᠨ᠎ᠡ᠃     ᠲᠠᠪᠤ᠂ ᠣᠯᠠᠨ ᠲᠦᠮᠡᠨ ᠤ ᠳᠡᠷᠭᠡᠳᠡᠬᠢ ᠪᠡᠶ᠎ᠡ ᠴᠢᠭᠢᠷᠠᠭᠵᠢᠭᠤᠯᠬᠤ ᠵᠢᠯᠣᠭᠤᠳᠣᠯᠭ᠎ᠠ ᠶᠢ ᠴᠢᠩᠭᠠᠳᠬᠠᠨ᠎ᠠ     ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ ᠶᠢᠨ ᠠᠷᠠᠳ ᠢᠷᠭᠡᠳ ᠤᠨ ᠪᠡᠶ᠎ᠡ ᠮᠠᠬᠠᠪᠣᠳ ᠤᠨ ᠬᠢᠨᠠᠨ ᠬᠡᠮᠵᠢᠯᠲᠡ ᠶᠢᠨ ᠥᠷᠲᠡᠭᠡ ᠴᠢᠬ ᠪᠠ ᠦᠢᠯᠡᠴᠢᠯᠡᠭᠡ ᠶᠢ ᠲᠡᠭᠦᠯᠳᠡᠷᠵᠢᠭᠦᠯᠵᠦ᠂ ᠠᠷᠠᠳ ᠢᠷᠭᠡᠳ ᠤᠨ ᠪᠡᠶ᠎ᠡ ᠮᠠᠬᠠᠪᠣᠳ ᠤᠨ ᠬᠢᠨᠠᠨ ᠬᠡᠮᠵᠢᠯᠲᠡ ᠶᠢ ᠪᠠᠶᠢᠭᠤᠯᠤᠯᠭ᠎ᠠ᠂ ᠬᠥᠳᠡᠭᠡ ᠲᠣᠰᠬᠤᠨ᠂ ᠨᠡᠶᠢᠭᠡᠮ ᠲᠣᠭᠤᠷᠢᠭ᠂ ᠰᠤᠷᠭᠠᠭᠤᠯᠢ᠂ ᠠᠵᠤ ᠠᠬᠤᠶᠢᠯᠠᠯ᠂ ᠨᠢᠭᠡᠴᠡ ᠳᠤ ᠣᠷᠣᠭᠤᠯᠬᠤ ᠶᠢ ᠠᠬᠢᠭᠤᠯᠵᠤ᠂ ᠣᠯᠠᠨ ᠲᠦᠮᠡᠨ ᠳᠤ ᠪᠡᠶ᠎ᠡ ᠮᠠᠬᠠᠪᠣᠳ ᠤᠨ ᠡᠷᠡᠭᠦᠯ ᠮᠡᠨᠳᠦ ᠶᠢᠨ ︽ᠬᠥᠳᠡᠯᠭᠡᠭᠡᠨ ᠤ ᠵᠣᠷ︾ ᠭᠠᠷᠭᠠᠵᠤ ᠥᠭᠭᠦᠨ᠎ᠡ᠃ ᠨᠡᠶᠢᠭᠡᠮ ᠤᠨ ᠪᠡᠶ᠎ᠡ ᠶᠢᠨ ᠲᠠᠮᠢᠷ ᠤᠨ ᠵᠢᠭᠠᠨ ᠵᠢᠯᠣᠭᠤᠳᠣᠭᠴᠢ ᠶᠢᠨ ᠡᠩᠨᠡᠭᠡ ᠶᠢ ᠪᠠᠶᠢᠭᠤᠯᠤᠨ ᠴᠢᠩᠭᠠᠳᠬᠠᠵᠤ᠂ ︽ᠪᠡᠶ᠎ᠡ ᠴᠢᠭᠢᠷᠠᠭᠵᠢᠭᠤᠯᠬᠤ ᠶᠢᠨ ᠵᠢᠯᠣᠭᠤᠳᠤᠮᠵᠢ ᠶᠢ ᠦᠨᠳᠦᠰᠦᠨ ᠱᠠᠲᠤᠨ ᠳᠤ ᠬᠦᠷᠭᠡᠬᠦ︾᠂ ︽ᠨᠡᠶᠢᠭᠡᠮ ᠲᠣᠭᠤᠷᠢᠭ ᠤᠨ ᠪᠡᠶ᠎ᠡ ᠴᠢᠭᠢᠷᠠᠭᠵᠢᠭᠤᠯᠬᠤ ᠶᠢᠨ ᠵᠢᠯᠣᠭᠤᠳᠤᠮᠵᠢ ᠶᠢᠨ ᠬᠡᠲᠦ ᠳᠡᠯᠭᠡᠭᠦᠷ︾ ᠢ ᠨᠡᠭᠡᠭᠡᠬᠦ ᠵᠡᠷᠭᠡ ᠣᠯᠠᠨ ᠶᠠᠩᠵᠤ ᠶᠢᠨ ᠰᠢᠨᠵᠢᠯᠡᠬᠦ ᠤᠬᠠᠭᠠᠨᠴᠢ ᠪᠠᠷ ᠪᠡᠶ᠎ᠡ ᠴᠢᠭᠢᠷᠠᠭᠵᠢᠭᠤᠯᠬᠤ ᠶᠢᠨ ᠵᠢᠯᠣᠭᠤᠳᠤᠮᠵᠢ ᠶᠢᠨ ᠠᠵᠢᠯᠯᠠᠭ᠎ᠠ ᠶᠢ ᠥᠷᠨᠢᠭᠦᠯᠵᠦ᠂ ᠰᠢᠨᠵᠢᠯᠡᠬᠦ ᠤᠬᠠᠭᠠᠨᠴᠢ ᠪᠠᠷ ᠪᠡᠶ᠎ᠡ ᠴᠢᠭᠢᠷᠠᠭᠵᠢᠭᠤᠯᠬᠤ ᠶᠢᠨ ᠵᠢᠯᠣᠭᠤᠳᠤᠮᠵᠢ ᠶᠢ ᠵᠢᠷᠤᠮᠵᠢᠭᠤᠯᠬᠤ᠂ ᠪᠠᠶᠢᠩᠭᠤᠵᠢᠭᠤᠯᠬᠤ᠂ ᠳᠥᠭᠦᠮ ᠳᠥᠲᠡ ᠪᠣᠯᠭᠠᠬᠤ ᠪᠠ ᠬᠡᠷᠡᠭᠯᠡᠭᠡᠨ ᠲᠠᠢ ᠪᠣᠯᠭᠠᠬᠤ ᠶᠢ ᠪᠡᠶᠡᠯᠡᠭᠦᠯᠦᠨ᠎ᠡ᠃     ᠵᠢᠷᠭᠤᠭ᠎ᠠ᠂ ᠣᠯᠠᠨ ᠲᠦᠮᠡᠨ ᠤ ᠳᠡᠷᠭᠡᠳᠡᠬᠢ ᠪᠡᠶ᠎ᠡ ᠶᠢᠨ ᠲᠠᠮᠢᠷ ᠤᠨ ᠰᠣᠶᠣᠯ ᠢ  ᠪᠠᠳᠠᠷᠠᠭᠤᠯᠤᠨ᠎ᠡ     ᠪᠦᠬᠦ ᠠᠷᠠᠳ ᠤᠨ ᠪᠡᠶ᠎ᠡ ᠴᠢᠭᠢᠷᠠᠭᠵᠢᠭᠤᠯᠤᠯᠲᠠ ᠪᠣᠯᠤᠨ ᠪᠦᠬᠦ ᠠᠷᠠᠳ ᠤᠨ ᠡᠷᠡᠭᠦᠯ ᠮᠡᠨᠳᠦ ᠶᠢᠨ ᠭᠦᠨᠵᠡᠭᠡᠶ ᠠᠭᠤᠰᠤᠯᠴᠠᠯ ᠤᠨ ᠭᠤᠣᠯ ᠰᠡᠳᠦᠪ ᠢ ᠳᠣᠪᠤᠶᠢᠯᠭᠠᠵᠤ᠂ ︽ᠵᠠᠭᠤᠴᠢᠯᠠᠭᠤᠷ + ᠪᠡᠶ᠎ᠡ ᠶᠢᠨ ᠲᠠᠮᠢᠷ︾ ︽ᠲᠠᠯ᠎ᠠ ᠨᠤᠲᠤᠭ ᠤᠨ ᠡᠭᠦᠯᠡ + ᠪᠡᠶ᠎ᠡ ᠶᠢᠨ ᠲᠠᠮᠢᠷ ᠤᠨ ᠡᠭᠦᠯᠡ︾ ︽ᠰᠣᠨᠢᠨ ᠮᠡᠳᠡᠭᠡᠨ ᠤ ᠮᠡᠳᠡᠭᠡ ᠵᠠᠩᠭᠢ + ᠪᠡᠶ᠎ᠡ ᠴᠢᠭᠢᠷᠠᠭᠵᠢᠭᠤᠯᠬᠤ ᠦᠢᠯᠡᠴᠢᠯᠡᠭᠡ︾ ᠶᠢᠨ ᠰᠢᠨ᠎ᠡ ᠵᠠᠭᠪᠤᠷ ᠢ ᠪᠤᠶ ᠪᠣᠯᠭᠠᠵᠤ᠂ ᠣᠯᠠᠨ ᠲᠦᠮᠡᠨ ᠤ ᠰᠣᠨᠣᠰᠴᠤ ᠣᠶᠢᠯᠠᠭᠠᠬᠤ᠂ ᠦᠵᠡᠵᠦ ᠣᠶᠢᠯᠠᠭᠠᠬᠤ᠂ ᠰᠤᠷᠴᠤ ᠴᠢᠳᠠᠬᠤ ᠠᠷᠭ᠎ᠠ ᠪᠠᠷ ᠭᠦᠨᠵᠡᠭᠡᠶ ᠮᠡᠳᠡᠭᠡᠯᠡᠬᠦ᠂ ᠨᠡᠶᠢᠲᠡᠯᠢᠭ ᠮᠡᠳᠡᠭᠡᠯᠡᠯ᠂ ᠬᠠᠮ ᠵᠠᠭᠤᠴᠢᠯᠠᠭᠤᠷ ᠤᠨ ᠮᠡᠳᠡᠭᠡᠯᠡᠯ ᠢ ᠬᠡᠷᠡᠭᠯᠡᠨ᠂ ᠪᠡᠶ᠎ᠡ ᠶᠢᠨ ᠲᠠᠮᠢᠷ ᠤᠨ ᠬᠥᠳᠡᠯᠭᠡᠭᠡᠨ ᠢᠶᠠᠷ ᠡᠷᠡᠭᠦᠯ ᠮᠡᠨᠳᠦ ᠶᠢ ᠠᠬᠢᠭᠤᠯᠬᠤ ᠰᠢᠨ᠎ᠡ ᠣᠨᠣᠯᠵᠢᠬᠤᠨ ᠢ ᠥᠷᠭᠡᠨ ᠢᠶᠠᠷ ᠤᠬᠠᠭᠤᠯᠤᠨ ᠪᠠᠳᠠᠷᠠᠭᠤᠯᠵᠤ᠂ ᠰᠢᠨᠵᠢᠯᠡᠬᠦ ᠤᠬᠠᠭᠠᠨᠴᠢ ᠪᠠᠷ ᠪᠡᠶ᠎ᠡ ᠴᠢᠭᠢᠷᠠᠭᠵᠢᠭᠤᠯᠬᠤ ᠮᠡᠳᠡᠯᠭᠡ ᠶᠢ ᠲᠦᠭᠡᠮᠡᠯᠵᠢᠭᠦᠯᠦᠨ᠂ ᠪᠡᠶ᠎ᠡ ᠴᠢᠭᠢᠷᠠᠭᠵᠢᠭᠤᠯᠬᠤ ᠠᠷᠭ᠎ᠠ ᠶᠢ ᠳᠡᠯᠭᠡᠷᠡᠭᠦᠯᠵᠦ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠥᠯᠢᠭᠡᠷ ᠢ ᠰᠠᠶᠢᠲᠤᠷ ᠶᠠᠷᠢᠵᠤ᠂ ᠬᠥᠮᠦᠨ ᠪᠦᠬᠦᠨ ᠪᠡᠶ᠎ᠡ ᠶᠢᠨ ᠲᠠᠮᠢᠷ ᠤᠨ ᠬᠥᠳᠡᠯᠭᠡᠭᠡᠨ ᠳᠤ ᠣᠷᠣᠯᠴᠠᠬᠤ᠂ ᠡᠷᠡᠭᠦᠯ ᠴᠢᠭᠢᠷᠠᠭ ᠠᠮᠢᠳᠤᠷᠠᠯ ᠢ ᠡᠷᠬᠢᠮᠯᠡᠬᠦ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠢᠳᠡᠪᠬᠢᠲᠡᠶ ᠪᠠᠷ ᠪᠣᠶ ᠪᠣᠯᠭᠠᠨ᠎ᠠ᠃     ᠲᠤᠯᠤᠭ᠎ᠠ᠂ ᠣᠯᠠᠨ ᠲᠦᠮᠡᠨ ᠤ ᠳᠡᠷᠭᠡᠳᠡᠬᠢ ᠪᠡᠶ᠎ᠡ ᠶᠢᠨ ᠲᠠᠮᠢᠷ ᠤᠨ ᠤᠷᠤᠯᠳᠤᠭᠠᠨ ᠤ ᠠᠮᠤᠷ ᠲᠦᠪᠰᠢᠨ ᠢ ᠪᠠᠳᠤᠯᠠᠨ᠎ᠠ     ᠭᠠᠨᠰᠦ ᠮᠤᠵᠢ ᠶᠢᠨ ᠪᠠᠶ ᠶᠢᠨ ᠬᠤᠲᠠ ᠶᠢᠨ ᠬᠠᠲᠤᠨ ᠭᠤᠤᠯ ᠤᠨ ᠱᠢ ᠯᠢᠨ ᠵᠠᠭᠤᠨ ᠺᠢᠯᠣᠮᠧᠲᠷ ᠤᠨ ᠬᠡᠭᠡᠷ᠎ᠡ ᠶᠢᠨ ᠤᠷᠤᠯᠳᠤᠭᠠᠨ ᠳᠤ᠂ ᠴᠠᠭ ᠠᠭᠤᠷ ᠤᠨ ᠭᠡᠨᠡᠳᠲᠡ ᠶᠢᠨ ᠬᠤᠪᠢᠷᠠᠯᠲᠠ ᠠᠴᠠ ᠪᠣᠯᠵᠣ ᠣᠯᠠᠨ ᠨᠡᠶᠢᠲᠡ ᠶᠢᠨ ᠠᠮᠤᠷ ᠲᠦᠪᠰᠢᠨ ᠤ ᠬᠡᠷᠡᠭ ᠭᠠᠷᠴᠤ᠂ ᠬᠥᠮᠦᠨ ᠬᠠᠷ᠎ᠠ ᠬᠦᠨᠳᠦ ᠶᠡᠭᠡ ᠥᠭᠦᠵᠦ ᠰᠢᠷᠬᠠᠲᠤᠭᠰᠠᠨ ᠬᠠᠷᠠᠰᠠᠯᠲᠤ ᠰᠤᠷᠭᠠᠮᠵᠢ ᠪᠠᠷ ᠴᠡᠭᠡᠷᠯᠡᠯ ᠪᠤᠯᠭᠠᠨ᠎ᠠ᠃ ᠭᠤᠣᠯᠳᠠᠭᠤ ᠪᠡᠶ᠎ᠡ ᠶᠢᠨ ᠲᠠᠮᠢᠷ ᠤᠨ ᠤᠷᠤᠯᠳᠤᠭᠠᠨ ᠤ ᠠᠵᠢᠯᠯᠠᠭ᠎ᠠ ᠶᠢ ᠡᠷᠬᠢᠯᠡᠭᠰᠡᠨ ᠪᠠᠶᠢᠳᠠᠯ᠂ ᠪᠠᠷᠢᠮᠵᠢᠶ᠎ᠠ ᠵᠢᠷᠤᠮᠵᠢᠯ ᠤᠨ ᠪᠠᠶᠢᠭᠤᠯᠤᠯᠲᠠ ᠶᠢᠨ ᠪᠠᠶᠢᠳᠠᠯ᠂ ᠠᠮᠤᠷ ᠲᠦᠪᠰᠢᠨ ᠤ ᠬᠥᠮᠦᠵᠢᠯ ᠪᠣᠯᠪᠠᠰᠤᠷᠠᠯ ᠤᠨ ᠪᠠᠶᠢᠳᠠᠯ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ᠂ ᠠᠮᠤᠷ ᠲᠦᠪᠰᠢᠨ ᠤ ᠰᠡᠷᠭᠡᠶᠢᠯᠡᠯᠲᠡ ᠪᠣᠯᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠪᠡᠯᠡᠳᠬᠡᠯ ᠲᠥᠰᠦᠯ ᠢ ᠲᠣᠭᠲᠠᠭᠠᠭᠰᠠᠨ ᠪᠠ ᠨᠠᠶᠢᠳᠠᠪᠤᠷᠢᠵᠢᠭᠤᠯᠤᠭᠰᠠᠨ ᠪᠠᠶᠢᠳᠠᠯ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠨᠠᠶᠢᠳᠠᠪᠤᠷᠢᠵᠢᠭᠤᠯᠤᠭᠰᠠᠨ ᠪᠠᠶᠢᠳᠠᠯ᠂ ᠲᠠᠯᠠᠪᠤᠷ ᠤᠨ ᠲᠥᠬᠦᠭᠡᠷᠦᠮᠵᠢ ᠪᠣᠯᠤᠨ ᠪᠠᠭᠠᠵᠢ ᠬᠡᠷᠡᠭᠰᠡᠯ ᠤᠨ ᠲᠣᠨᠣᠭᠯᠠᠯ ᠤᠨ ᠪᠠᠶᠢᠳᠠᠯ᠂ ᠤᠷᠤᠯᠳᠤᠭᠠᠨ ᠤ ᠪᠦᠯᠬᠦᠮ ᠤᠨ ᠪᠠᠶᠢᠳᠠᠯ ᠵᠡᠷᠭᠡ ᠨᠠᠢᠮᠠᠨ ᠲᠠᠯ᠎ᠠ ᠶᠢᠨ ᠲᠣᠭᠤᠷᠢᠨ ᠳᠤ ᠭᠤᠣᠯᠳᠠᠯᠭ᠎ᠠ ᠲᠠᠢ ᠪᠠᠷ ᠭᠤᠣᠯᠳᠠᠭᠤᠯᠵᠤ᠂ ᠪᠡᠶ᠎ᠡ ᠶᠢᠨ ᠲᠠᠮᠢᠷ ᠤᠨ ᠤᠷᠤᠯᠳᠤᠭᠠᠨ ᠤ ᠠᠵᠢᠯᠯᠠᠭ᠎ᠠ ᠶᠢᠨ ᠠᠮᠤᠷ ᠲᠦᠪᠰᠢᠨ ᠤ ᠲᠦᠭᠰᠢᠭᠦᠷᠢ ᠶᠢ ᠵᠢᠭᠰᠠᠭᠠᠨ ᠪᠠᠶᠢᠴᠠᠭᠠᠬᠤ ᠪᠠ ᠢᠯᠭᠠᠷᠠᠭᠤᠯᠤᠨ ᠴᠡᠭᠴᠡᠯᠡᠬᠦ ᠶᠢ ᠲᠥᠪᠯᠡᠷᠡᠭᠦᠯᠦᠨ ᠥᠷᠨᠢᠭᠦᠯᠵᠦ᠂ ᠪᠡᠶ᠎ᠡ ᠶᠢᠨ ᠲᠠᠮᠢᠷ ᠤᠨ ᠬᠦᠷᠢᠶᠡᠨ ᠳᠠᠬᠢ ᠠᠮᠤᠷ ᠲᠦᠪᠰᠢᠨ ᠤ ᠲᠦᠭᠰᠢᠭᠦᠷᠢ ᠶᠢ ᠰᠡᠷᠭᠡᠶᠢᠯᠡᠨ ᠠᠷᠢᠯᠭᠠᠵᠤ᠂ ᠠᠷᠠᠳ ᠣᠯᠠᠨ ᠤ ᠪᠡᠶ᠎ᠡ ᠮᠠᠬᠠᠪᠣᠳ ᠤᠨ ᠡᠷᠡᠭᠦᠯ ᠮᠡᠨᠳᠦ ᠪᠠ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨᠬᠦ ᠪᠠᠲᠤᠯᠠᠨ᠎ᠠ᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18004690号