ᠬᠥᠬᠡᠬᠤᠲᠠ ᠶᠢᠨ ᠠᠯᠠᠭᠠᠳᠠᠬᠤ ᠪᠥᠮᠪᠦᠭᠡ ᠶᠢᠨ ᠲᠥᠯᠥᠭᠡᠯᠡᠭᠴᠢᠳ ᠤᠨ ᠠᠩᠭᠢ ᠤᠯᠠᠨ ᠱᠠᠩᠨᠠᠯ ᠢᠶᠠᠷ ᠮᠢᠯᠢᠶᠠᠯᠭᠠᠯ᠎ᠠ
ᠨᠡᠶᠢᠲᠡᠯᠡᠭᠰᠡᠨ ᠴᠠᠭ᠄
2021/7/22
    ᠤᠢᠢᠷ᠎ᠠ ᠳᠤ᠂ ᠬᠥᠬᠡᠬᠤᠲᠠ ᠶᠢᠨ ᠠᠯᠠᠭᠠᠳᠠᠬᠤ ᠪᠥᠮᠪᠦᠭᠡ ᠶᠢᠨ ᠲᠥᠯᠥᠭᠡᠯᠡᠭᠴᠢᠳ ᠤᠨ ᠠᠩᠭᠢ ︽ᠪᠢ ᠪᠥᠬᠦ ᠤᠯᠤᠰ ᠤᠨ ᠪᠡᠶ᠎ᠡ ᠶᠢᠨ ᠲᠠᠮᠢᠷ ᠤᠨ ᠴᠤᠭᠯᠠᠭᠠᠨ ᠳᠤ ᠣᠷᠣᠯᠴᠠᠨ᠎ᠠ︾ ᠭᠡᠬᠦ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠯᠠᠨ ᠲᠦᠮᠡᠨᠴᠢ ᠤᠷᠤᠯᠳᠤᠭᠠᠨ ᠤ ᠠᠯᠠᠭᠠᠳᠠᠬᠤ ᠪᠥᠮᠪᠦᠭᠡ ᠶᠢᠨ ᠲᠥᠷᠥᠯ ᠵᠦᠢᠯ ᠤᠨ ᠰᠢᠯᠭᠠᠷᠠᠭᠤᠯᠤᠯᠲᠠ ᠳᠤ ᠰᠢᠯᠢᠳᠡᠭ ᠬᠢᠷᠢ ᠪᠦᠲᠦᠮᠵᠢ ᠤᠯᠪᠠ᠃     6 ᠰᠠᠷ᠎ᠠ ᠶᠢᠨ 5 ᠤ ᠡᠳᠦᠷ ᠠᠴᠠ 6 ᠤ ᠡᠳᠦᠷ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠶᠡᠷᠦᠩᠬᠡᠶ ᠡᠪᠯᠡᠯ ᠠᠴᠠ ᠭᠤᠤᠯᠯᠠᠨ ᠡᠷᠭᠢᠯᠡᠭᠰᠡᠨ ︽ᠪᠢ ᠪᠥᠬᠦ ᠤᠯᠤᠰ ᠤᠨ ᠪᠡᠶ᠎ᠡ ᠶᠢᠨ ᠲᠠᠮᠢᠷ ᠤᠨ ᠴᠤᠭᠯᠠᠭᠠᠨ ᠳᠤ ᠣᠷᠣᠯᠴᠠᠨ᠎ᠠ︾ ᠭᠡᠬᠦ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠯᠠᠨ ᠲᠦᠮᠡᠨᠴᠢ ᠤᠷᠤᠯᠳᠤᠭᠠᠨ ᠤ ᠠᠯᠠᠭᠠᠳᠠᠬᠤ ᠪᠥᠮᠪᠦᠭᠡ ᠶᠢᠨ ᠲᠥᠷᠥᠯ ᠵᠦᠶ᠋ᠯ ᠤᠨ ᠰᠢᠯᠭᠠᠷᠠᠭᠤᠯᠤᠯᠲᠠ ᠶᠢᠨ ᠤᠷᠤᠯᠳᠤᠭᠠᠨ ᠤᠯᠠᠭᠠᠨᠴᠠᠪ ᠬᠤᠲᠠ ᠳᠤ ᠶᠠᠪᠤᠭᠳᠠᠪᠠ᠃     ᠲᠣᠰ ᠤᠳᠠᠭᠠᠨ ᠤ ᠤᠷᠤᠯᠳᠤᠭᠠᠨ ᠳᠤ ᠡᠷᠡᠭᠳᠡᠢ ᠶᠢᠨ ᠵᠠᠯᠠᠭᠤᠴᠤᠳ ᠤᠨ ᠳᠤᠭᠤᠶᠢᠯᠠᠩ᠂ ᠡᠷᠡᠭᠳᠡᠢ ᠶᠢᠨ ᠬᠤᠳᠠ ᠶᠢᠨ ᠵᠡᠭᠡᠯᠢ ᠭᠤᠳᠤᠮᠵᠢ ︵ᠨᠡᠶᠢᠭᠡᠮ ᠲᠣᠭᠤᠷᠢᠭ︶ ᠶᠢᠨ ᠢᠳᠡᠷ ᠨᠠᠰᠤᠨ ᠤ ᠳᠤᠭᠤᠶᠢᠯᠠᠩ ᠪᠠ ᠡᠮᠡᠭᠳᠡᠢ ᠶᠢᠨ ᠬᠤᠲᠠ ᠶᠢᠨ ᠵᠡᠭᠡᠯᠢ ᠭᠤᠳᠤᠮᠵᠢ ︵ᠨᠡᠶᠢᠭᠡᠮ ᠲᠣᠭᠤᠷᠢᠭ︶ ᠶᠢᠨ ᠢᠳᠡᠷ ᠨᠠᠰᠤᠨ ᠤ ᠳᠤᠭᠤᠶᠢᠯᠠᠩ ᠢ ᠵᠤᠬᠢᠶᠠᠨ ᠪᠠᠶᠢᠭᠤᠯᠵᠤ᠂ ᠪᠥᠬᠦ ᠣᠷᠣᠨ ᠤ 9 ᠠᠶᠢᠮᠠᠭ ᠬᠤᠲᠠ ᠶᠢᠨ 178 ᠳᠠᠭᠠᠭᠤᠯᠤᠭᠴᠢ᠂ ᠰᠤᠷᠭᠠᠭᠴᠢ᠂ ᠲᠠᠮᠢᠷᠴᠢᠳ ᠤᠷᠤᠯᠳᠤᠭᠠᠨ ᠳᠤ ᠣᠷᠣᠯᠴᠠᠪᠠ᠃     ᠬᠥᠬᠡᠬᠤᠲᠠ ᠶᠢᠨ ᠰᠠᠶᠢᠬᠠᠨ ᠲᠣᠭᠤᠷᠢᠭ ᠤᠨ ᠲᠥᠯᠥᠭᠡᠯᠡᠭᠴᠢᠳ ᠤᠨ ᠠᠩᠭᠢ ᠡᠷᠡᠭᠲᠡᠶ ᠶᠢᠨ ᠬᠤᠲᠠ ᠶᠢᠨ ᠵᠡᠭᠡᠯᠢ ᠭᠤᠳᠤᠮᠵᠢ ︵ᠨᠡᠶᠢᠭᠡᠮ ᠲᠣᠭᠤᠷᠢᠭ︶ ᠶᠢᠨ ᠢᠳᠡᠷ ᠨᠠᠰᠤᠨ ᠤ ᠳᠤᠭᠤᠶᠢᠯᠠᠩ ᠤᠨ ᠮᠠᠩᠯᠠᠶ ᠪᠠ ᠡᠮᠡᠭᠲᠡᠶ ᠶᠢᠨ ᠬᠤᠲᠠ ᠶᠢᠨ ᠵᠡᠭᠡᠯᠢ ᠭᠤᠳᠤᠮᠵᠢ ︵ᠨᠡᠶᠢᠭᠡᠮ ᠲᠣᠭᠤᠷᠢᠭ︶ ᠶᠢᠨ ᠢᠳᠡᠷ ᠨᠠᠰᠤᠨ ᠤ ᠳᠤᠭᠤᠶᠢᠯᠠᠩ ᠤᠨ ᠮᠠᠩᠯᠠᠶ᠂ ᠡᠷᠡᠭᠲᠡᠶ ᠶᠢᠨ ᠵᠠᠯᠠᠭᠤᠴᠤᠳ ᠤᠨ ᠳᠤᠭᠤᠶᠢᠯᠠᠩ ᠤᠨ ᠭᠤᠷᠪᠠᠳᠤᠭᠠᠷ ᠨᠡᠷᠡᠰ ᠲᠤ ᠣᠷᠣᠵᠠᠶ᠃
 
ᠢᠷᠡᠯᠲᠡ᠄ ᠦᠪᠦᠷ ᠮᠤᠩᠭᠤᠯ ᠤᠨ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18004690号