ᠪᠦᠬᠦ ᠤᠯᠤᠰ ᠤᠨ ᠰᠤᠷᠤᠭᠴᠢᠳ ᠤᠨ ᠪᠡᠶ᠎ᠠ ᠶᠢᠨ ᠲᠠᠮᠢᠷ ᠤᠨ ᠴᠤᠭᠯᠠᠭᠠᠨ ᠳᠤ ᠸᠠᠩ ᠴᠢ ᠷᠠᠨ ᠠᠯᠲᠠᠨ ᠮᠧᠳᠠᠯ ᠤᠯᠵᠠᠢ
ᠨᠡᠶᠢᠲᠡᠯᠡᠭᠰᠡᠨ ᠴᠠᠭ᠄
2021/7/22
     7 ᠰᠠᠷ᠎ᠠ ᠶᠢᠨ 11 ᠤ ᠡᠳᠦᠷ᠂ ᠠᠷᠪᠠᠨ ᠳᠥᠷᠪᠡᠳᠦᠭᠡᠷ ᠬᠤᠭᠤᠴᠠᠭᠠᠨ ᠤ ᠰᠤᠷᠤᠭᠴᠢᠳ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠵᠡᠪᠰᠡᠭ ᠤᠨ ᠡᠷᠳᠡᠮ ᠤᠨ ᠤᠷᠤᠯᠳᠤᠭᠠᠨ ᠴᠢᠩᠳᠣᠤ ᠶᠢᠨ ᠠᠷᠪᠠ ᠶᠢᠰᠦᠳᠦᠭᠡᠷ ᠳᠤᠮᠳᠠᠳᠤ ᠰᠤᠷᠭᠠᠭᠤᠯᠢ ᠳᠤ ᠡᠬᠢᠯᠡᠵᠦ᠂ ᠮᠠᠨ ᠤ ᠣᠷᠣᠨ ᠤ ᠳᠠᠮᠢᠷᠴᠢᠨ ᠸᠠᠩ ᠴᠢ ᠷᠠᠨ ᠠᠯᠲᠠᠨ ᠮᠧᠳᠠᠯ ᠤᠯᠵᠠᠢ᠂ ᠡᠨᠡ ᠪᠣᠯ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠣᠯᠤᠭᠰᠠᠨ ᠬᠤᠶᠠᠳᠡᠬᠢ ᠠᠯᠲᠠᠨ ᠮᠧᠳᠠᠯ ᠪᠣᠯᠤᠨ᠎ᠠ᠃ᠦᠱᠦ ᠶᠢᠨ ᠳᠤᠮᠳᠠᠳᠤ ᠰᠤᠷᠭᠠᠭᠤᠯᠢ ᠶᠢᠨ ᠳᠤᠭᠤᠶᠢᠯᠠᠩ ᠤᠨ ᠡᠷᠡᠭᠲᠡᠶ ᠶᠢᠨ ᠥᠪᠡᠷ ᠲᠡᠭᠡᠨ ᠰᠣᠩᠭᠤᠬᠤ ᠵᠡᠪᠰᠡᠭ ᠤᠨ ᠮᠡᠷᠭᠡᠵᠢᠯ ᠤᠨ ᠰᠢᠢᠳᠪᠦᠷᠢᠳᠦ ᠤᠷᠤᠯᠳᠤᠭᠠᠨ ᠳᠤ᠂ ᠥᠪᠥᠷ ᠮᠣᠩᠭᠤᠯ ᠤᠨ ᠲᠠᠮᠢᠷᠴᠢᠨ ᠸᠠᠩ ᠴᠢ ᠷᠠᠨ ᠱᠠᠨᠰᠢ᠂ ᠵᠧᠵᠢᠶᠠᠩ᠂ ᠹᠦᠵᠢᠶᠠᠨ᠂ ᠱᠠᠩᠬᠠᠶ ᠵᠡᠷᠭᠡ ᠦᠱᠦ ᠶᠢᠨ ᠤᠯᠠᠮᠵᠢᠯᠠᠯᠲᠤ ᠬᠦᠴᠦᠷᠬᠡᠭ ᠠᠩᠭᠢ ᠶᠢᠨ ᠲᠥᠯᠥᠬᠡᠯᠡᠭᠴᠢ ᠶᠢ ᠢᠯᠠᠵᠤ ᠠᠯᠲᠠᠨ ᠮᠧᠳᠠᠯ ᠭᠠᠷᠳᠠᠵᠠᠢ᠃     12 ᠤᠨ ᠡᠳᠦᠷ ᠠᠴᠠ 13 ᠤ ᠡᠳᠦᠷ ᠪᠣᠯᠲᠠᠯ᠎ᠠ᠂ ᠦᠱᠦ ᠶᠢᠨ ᠲᠥᠷᠥᠯ ᠤᠨ ᠳᠤᠮᠳᠠᠳᠤ ᠰᠤᠷᠭᠠᠭᠤᠯᠢ ᠶᠢᠨ ᠳᠤᠭᠤᠶᠢᠯᠠᠩ ᠤᠨ ᠤᠷᠤᠯᠳᠤᠭᠠᠨ ᠦᠷᠭᠦᠯᠵᠢᠯᠡᠨ ᠶᠠᠪᠤᠭᠳᠠᠵᠤ᠂ ᠮᠠᠨ ᠤ ᠣᠷᠣᠨ ᠤ ᠳᠠᠮᠢᠷᠴᠢᠳ 7 ᠵᠦᠢᠯ ᠤᠨ ᠤᠷᠤᠯᠳᠤᠭᠠᠨ ᠳᠤ ᠪᠥᠬᠦ ᠤᠯᠤᠰ ᠤᠨ ᠡᠯ᠎ᠡ ᠭᠠᠵᠠᠷ ᠤᠨ ᠲᠠᠮᠢᠷᠴᠢᠳ ᠲᠠᠢ ᠳᠠᠬᠢᠨᠲᠠ ᠦᠷᠢᠰᠦᠯᠳᠦᠬᠦ ᠪᠣᠯᠤᠨ᠎ᠠ᠃     7 ᠰᠠᠷ᠎ᠠ ᠶᠢᠨ 8 ᠠᠴᠠ 10 ᠤ ᠡᠳᠦᠷ ᠪᠣᠯᠲᠠᠯ᠎ᠠ᠂ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠰᠤᠷᠤᠭᠴᠢᠳ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠳᠤᠮᠳᠠᠳᠤ ᠰᠤᠷᠭᠠᠭᠤᠯᠢ ᠶᠢᠨ ᠳᠤᠭᠤᠶᠢᠯᠠᠩ ᠤᠨ ᠬᠦᠨᠳᠦ ᠬᠥᠩᠭᠡᠨ ᠰᠫᠤᠷᠲ ᠤᠨ ᠤᠷᠤᠯᠳᠤᠭᠠᠨ ᠴᠢᠩᠳᠣᠤ ᠶᠢᠨ ᠭᠦᠸᠧ ᠰᠢᠨ ᠪᠡᠶ᠎ᠡ ᠶᠢᠨ ᠲᠠᠮᠢᠷ ᠤᠨ ᠲᠠᠯᠠᠪᠠᠶ ᠳᠤ ᠶᠠᠪᠤᠭᠳᠠᠵᠤ᠂ ᠮᠠᠨ ᠤ ᠣᠷᠣᠨ ᠡᠷᠡᠭᠲᠡᠶ ᠶᠢᠨ 4 × 100 ᠮᠧᠳ᠋ᠷ ᠤᠨ ᠪᠣᠣᠭᠢᠶ᠎ᠠ ᠤᠷᠤᠯᠳᠤᠭᠠᠨ ᠤ ᠠᠯᠲᠠᠨ ᠮᠧᠳᠠᠯ ᠢ ᠤᠯᠪᠠ᠃ ᠣᠳᠣᠬᠠᠨ ᠳᠤ᠂ ᠥᠪᠥᠷ ᠮᠣᠩᠭᠤᠯ ᠨᠡᠶᠢᠲᠡ 2 ᠠᠯᠲᠠᠨ ᠮᠧᠳᠠᠯ᠂ 2 ᠮᠥᠩᠭᠦᠨ ᠮᠧᠳᠠᠯ᠂ 4 ᠬᠦᠷᠡᠯ ᠮᠧᠳᠠᠯ ᠤᠯᠵᠠᠢ᠃
 
ᠢᠷᠡᠯᠲᠡ᠄ ᠦᠪᠦᠷ ᠮᠤᠩᠭᠤᠯ ᠤᠨ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18004690号