ᠳᠤᠮᠳᠠᠳᠤ ᠤᠯᠤᠰ ᠤᠨ ᠪᠡᠶ᠎ᠡ ᠶᠢᠨ ᠲᠠᠮᠢᠷ ᠤᠨ ᠲᠥᠯᠥᠭᠡᠯᠡᠭᠴᠢᠳ ᠤᠨ ᠪᠦᠯᠬᠦᠮ᠄ ᠲᠣᠣᠺᠢᠣ᠋ ᠶᠢᠨ ᠣᠯᠢᠮᠫᠢᠺ ᠤᠨ ᠲᠠᠮᠢᠷ ᠤᠨ ᠴᠤᠭᠯᠠᠭᠠᠨ ᠢ ᠰᠠᠶᠢᠲᠤᠷ ᠡᠷᠭᠢᠯᠡᠬᠦ ᠶᠢ ᠳᠡᠮᠵᠢᠨ᠎ᠡ
ᠨᠡᠶᠢᠲᠡᠯᠡᠭᠰᠡᠨ ᠴᠠᠭ᠄
2021/7/22
    ᠰᠢᠨᠬᠤᠸᠠ ᠬᠤᠷᠢᠶᠠᠨ ᠤ ᠲᠣᠣᠺᠢᠣ᠋ ᠶᠢᠨ 7 ᠰᠠᠷ᠎ᠠ ᠶᠢᠨ 19 ᠤ ᠴᠠᠬᠢᠯᠭᠠᠨ ᠮᠡᠳᠡᠭᠡ᠄ ᠳᠤᠮᠳᠠᠳᠤ ᠤᠯᠤᠰ ᠤᠨ ᠪᠡᠶ᠎ᠡ ᠶᠢᠨ ᠲᠠᠮᠢᠷ ᠤᠨ ᠲᠥᠯᠥᠭᠡᠯᠡᠭᠴᠢᠳ ᠤᠨ ᠪᠦᠯᠬᠦᠮ ᠤᠨ ᠨᠠᠷᠢᠨ ᠪᠢᠴᠢᠭ ᠤᠨ ᠳᠠᠷᠤᠭ᠎ᠠ 19 ᠤ ᠡᠳᠦᠷ᠂ ᠳᠤᠮᠳᠠᠳᠤ ᠤᠯᠤᠰ ᠤᠨ ᠪᠡᠶ᠎ᠡ ᠶᠢᠨ ᠲᠠᠮᠢᠷ ᠤᠨ ᠲᠥᠯᠥᠭᠡᠯᠡᠭᠴᠢᠳ ᠤᠨ ᠪᠦᠯᠬᠦᠮ ᠲᠣᠣᠺᠢᠣ᠋ ᠶᠢᠨ ᠣᠯᠢᠮᠫᠢᠺ ᠤᠨ ᠲᠠᠮᠢᠷ ᠤᠨ ᠴᠤᠭᠯᠠᠭᠠᠨ ᠳᠤ ᠣᠷᠣᠯᠴᠠᠬᠤ ᠪᠠᠷ ᠶᠠᠫᠣᠨ ᠳᠤ ᠲᠥᠯᠥᠪᠯᠡᠭᠡ ᠶᠣᠰᠣᠭᠠᠷ ᠬᠦᠷᠪᠠ᠂ ᠳᠤᠮᠳᠠᠳᠤ ᠤᠯᠤᠰ ᠤᠨ ᠲᠠᠯ᠎ᠠ ᠶᠢᠨ ᠬᠢᠨ ᠳᠤᠷᠠᠲᠠᠶ᠎ᠠ ᠣᠯᠠᠨ ᠲᠠᠢ ᠬᠠᠮᠲᠤ ᠪᠠᠷ ᠴᠢᠷᠮᠠᠶᠢᠵᠤ᠂ ᠶᠠᠫᠣᠨ ᠤ ᠲᠣᠰ ᠬᠤᠭᠤᠴᠠᠭᠠᠨ ᠤ ᠣᠯᠢᠮᠫᠢᠺ ᠤᠨ ᠲᠠᠮᠢᠷ ᠤᠨ ᠴᠤᠭᠯᠠᠭᠠᠨ ᠢ ᠬᠠᠮᠲᠤ ᠪᠠᠷ ᠰᠠᠶᠢᠲᠤᠷ ᠡᠷᠭᠢᠯᠡᠬᠦ ᠶᠢ ᠳᠡᠮᠵᠢᠨ᠎ᠡ ᠭᠡᠵᠤ ᠢᠯᠡᠳᠭᠡᠪᠡ᠃     ᠳᠤᠮᠳᠠᠳᠤ ᠤᠯᠤᠰ ᠤᠨ ᠪᠠᠶ᠎ᠠ ᠶᠢᠨ ᠲᠠᠮᠢᠷ ᠤᠨ ᠲᠥᠯᠥᠭᠡᠯᠡᠭᠴᠢᠳ ᠤᠨ ᠪᠦᠯᠬᠦᠮ ᠤᠨ ᠨᠠᠷᠢᠨ ᠪᠢᠴᠢᠭ ᠤᠨ ᠳᠠᠷᠤᠭ᠎ᠠ᠂ ᠳᠤᠮᠳᠠᠳᠤ ᠤᠯᠤᠰ ᠤᠨ ᠪᠠᠶ᠎ᠠ ᠶᠢᠨ ᠲᠠᠮᠢᠷ ᠤᠨ ᠲᠥᠯᠥᠭᠡᠯᠡᠭᠴᠢᠳ ᠤᠨ ᠪᠦᠯᠬᠦᠮ ᠶᠠᠫᠣᠨ ᠤ ᠲᠠᠯ᠎ᠠ ᠶᠢᠨ ᠲᠣᠣᠺᠢᠣ᠋ ᠶᠢᠨ ᠣᠯᠢᠮᠫᠢᠺ ᠤᠨ ᠲᠠᠮᠢᠷ ᠤᠨ ᠴᠤᠭᠯᠠᠭᠠᠨ ᠢ ᠠᠮᠵᠢᠯᠲᠠ ᠲᠠᠢ ᠡᠷᠭᠢᠯᠡᠬᠦ ᠶᠢᠨ ᠲᠥᠯᠥᠭᠡ ᠭᠠᠷᠭᠠᠭᠰᠠᠨ ᠰᠢᠷᠭᠠᠭᠤ ᠬᠠᠲᠠᠭᠤᠵᠢᠯᠲᠠᠶ ᠴᠢᠷᠮᠠᠶᠢᠯᠭ᠎ᠠ ᠳᠤ ᠲᠠᠯᠠᠷᠬᠠᠵᠤ ᠪᠠᠶᠢᠨ᠎ᠠ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠪᠥᠬᠦ ᠳᠡᠯᠡᠬᠡᠶ ᠳᠤ ᠮᠥᠨ ᠬᠦ ᠳᠡᠯᠭᠡᠷᠡᠵᠦ ᠪᠠᠶᠢᠭ᠎ᠠ ᠣᠨᠴᠠᠭᠠᠶ ᠪᠠᠶᠢᠳᠠᠯ ᠤᠨ ᠳᠤᠤᠷ᠎ᠠ᠂ ᠲᠣᠣᠺᠢᠣ᠋ ᠶᠢᠨ ᠣᠯᠢᠮᠫᠢᠺ ᠤᠨ ᠲᠠᠮᠢᠷ ᠤᠨ ᠴᠤᠭᠯᠠᠭᠠᠨ ᠤ ᠵᠣᠬᠢᠶᠠᠨ ᠪᠠᠶᠢᠭᠤᠯᠬᠤ ᠺᠣᠮᠢᠰ ᠪᠣᠯᠤᠨ ᠶᠠᠫᠣᠨ ᠤ ᠡᠯ᠎ᠡ ᠲᠠᠯ᠎ᠠ ᠶᠢᠨ ᠬᠢᠨ ᠳᠡᠯᠡᠭᠡᠢ ᠶᠢᠨ ᠣᠯᠢᠮᠫᠢᠺ ᠤᠨ ᠪᠡᠶ᠎ᠠ ᠶᠢᠨ ᠲᠠᠮᠢᠷ ᠤᠨ ᠬᠦᠳᠡᠯᠭᠡᠭᠡᠨ ᠤ ᠵᠥᠪᠯᠡᠯ᠂ ᠳᠡᠯᠡᠬᠡᠶ ᠶᠢᠨ ᠡᠯ᠎ᠡ ᠤᠯᠤᠰ ᠪᠠ ᠭᠠᠵᠠᠷ ᠣᠷᠣᠨ ᠤ ᠳᠡᠮᠵᠢᠯᠭᠡ ᠳᠤᠤᠷ᠎ᠠ᠂ ᠳᠠᠪᠬᠤᠷ ᠳᠠᠪᠬᠤᠷ ᠬᠦᠴᠢᠷ ᠪᠡᠷᠬᠡᠰᠢᠶᠡᠯ ᠢ ᠢᠯᠡᠨ ᠳᠠᠪᠠᠵᠤ᠂ ᠣᠯᠢᠮᠫᠢᠺ ᠤᠨ ᠲᠠᠮᠢᠷ ᠤᠨ ᠴᠤᠭᠯᠠᠭᠠᠨ ᠤ ᠡᠯ᠎ᠡ ᠵᠦᠢᠯ ᠤᠨ ᠪᠡᠯᠡᠳᠬᠡᠯ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠳᠡᠯᠡᠬᠡᠶ ᠶᠢᠨ ᠡᠯ᠎ᠡ ᠤᠯᠤᠰ ᠪᠠ ᠭᠠᠵᠠᠷ ᠣᠷᠣᠨ ᠤ ᠲᠠᠮᠢᠷᠴᠢᠳ ᠲᠤ ᠣᠯᠢᠮᠫᠢᠺ ᠤᠨ ᠲᠠᠮᠢᠷ ᠤᠨ ᠴᠤᠭᠯᠠᠭᠠᠨ ᠤ ᠬᠦᠰᠡᠯ ᠵᠡᠭᠦᠳᠦ ᠶᠢ ᠪᠡᠶᠡᠯᠡᠭᠦᠯᠬᠦ ᠳᠤ ᠭᠤᠶᠢᠳᠠ ᠰᠠᠶᠢᠬᠠᠨ ᠲᠠᠪᠴᠠᠩ ᠬᠠᠩᠭᠠᠭᠰᠠᠨ ᠨᠢ ᠮᠠᠰᠢ ᠬᠢᠯᠪᠠᠷ ᠪᠤᠰᠤ ᠶᠤᠮ ᠭᠡᠵᠤ ᠴᠢᠬᠤᠯᠠᠴᠢᠯᠠᠪᠠ᠃     ᠣᠶᠢᠷ᠎ᠠ ᠳᠤ ᠳᠤᠮᠳᠠᠳᠤ ᠤᠯᠤᠰ ᠤᠨ ᠪᠡᠶ᠎ᠠ ᠶᠢᠨ ᠲᠠᠮᠢᠷ ᠤᠨ ᠲᠦᠯᠦᠭᠡᠯᠡᠭᠴᠢᠳ ᠤᠨ ᠪᠦᠯᠬᠦᠮ ᠤᠨ ᠳᠠᠷᠪᠠᠭᠤᠯᠲᠤ ᠣᠩᠭᠤᠴᠠ᠂ ᠳᠠᠷᠪᠠᠭᠤᠯᠲᠤ ᠬᠠᠪᠲᠠᠰᠤ᠂ ᠤᠷᠤᠯᠳᠤᠭᠠᠨ ᠤ ᠣᠩᠭᠤᠴᠠ᠂ ᠫᠢᠩᠫᠠᠩ ᠪᠥᠮᠪᠦᠭᠡ᠂ ᠰᠤᠷ ᠬᠠᠷᠪᠤᠬᠤ᠂ ᠡᠮᠡᠭᠲᠡᠶ ᠶᠢᠨ ᠬᠥᠯ ᠪᠥᠮᠪᠦᠭᠡ᠂ ᠨᠢᠳᠤᠷᠭᠠᠨ ᠲᠡᠮᠡᠴᠡᠭᠡᠨ᠂ ᠪᠤᠶᠢᠺᠤ ᠪᠥᠮᠪᠦᠭᠡ᠂ ᠲᠣᠣᠷ ᠪᠥᠮᠪᠦᠭᠡ᠂ ᠥᠳᠥᠨ ᠪᠥᠮᠪᠦᠭᠡ᠂ ᠮᠣᠷᠢᠨ ᠮᠡᠷᠭᠡᠵᠢᠯ᠂ ᠬᠢᠮᠨᠠᠰᠲ᠋ᠢᠺ᠂ ᠲᠠᠶᠢᠺᠧᠨᠳᠤᠤ᠂ ᠫᠤᠤᠳᠠᠯᠭ᠎ᠠ ᠵᠡᠷᠭᠡ ᠣᠯᠠᠨ ᠡᠩᠨᠡᠭᠡ ᠵᠢᠴᠢ ᠤᠷᠢᠳᠴᠢᠯᠠᠨ ᠲᠣᠮᠢᠯᠠᠭᠰᠠᠨ ᠳᠤᠭᠤᠶᠢᠯᠠᠩ ᠤᠨ 250 ᠭᠠᠷᠤᠶ ᠬᠥᠮᠦᠨ ᠤᠷᠢᠳ ᠬᠤᠵᠢᠳ ᠶᠠᠫᠣᠨ ᠳᠤ ᠬᠦᠷᠴᠡᠶ᠃ ᠲᠤᠰ ᠨᠠᠷᠢᠨ ᠪᠢᠴᠢᠭ ᠤᠨ ᠳᠠᠷᠤᠭ᠎ᠠ᠂ ᠲᠥᠯᠥᠭᠡᠯᠡᠭᠴᠢᠳ ᠤᠨ ᠪᠦᠯᠬᠦᠮ ᠶᠠᠫᠣᠨ ᠳᠤ ᠬᠦᠷᠦᠭᠰᠡᠨ ᠤ ᠳᠠᠷᠠᠭ᠎ᠠ᠂ ᠶᠠᠫᠣᠨ ᠤ ᠲᠠᠯ᠎ᠠ ᠶᠢᠨ ᠬᠢᠨ ᠣᠯᠢᠮᠫᠢᠺ ᠤᠨ ᠲᠠᠮᠢᠷ ᠤᠨ ᠴᠤᠭᠯᠠᠭᠠᠨ ᠳᠤ ᠣᠷᠣᠯᠴᠠᠬᠤ ᠡᠯ᠎ᠡ ᠲᠥᠯᠥᠭᠡᠯᠡᠭᠴᠢᠳ ᠤᠨ ᠪᠦᠯᠬᠦᠮ ᠤᠨ ᠢᠳᠡᠵᠦ ᠡᠮᠦᠰᠬᠦ ᠶᠠᠪᠤᠵᠤ ᠰᠠᠭᠤᠬᠤ ᠵᠡᠷᠭᠡ ᠡᠯ᠎ᠡ ᠵᠦᠢᠯ ᠤᠨ ᠦᠢᠯᠡᠴᠢᠯᠡᠭᠡᠨ ᠤ ᠪᠠᠲᠤᠯᠠᠭ᠎ᠠ ᠬᠠᠩᠭᠠᠬᠤ ᠶᠢᠨ ᠲᠥᠯᠥᠭᠡ ᠭᠠᠷᠭᠠᠭᠰᠠᠨ ᠴᠢᠷᠮᠠᠶᠢᠯᠭ᠎ᠠ ᠶᠢ ᠪᠡᠶ᠎ᠡ ᠪᠠᠷ ᠢᠶᠠᠨ ᠮᠡᠳᠡᠷᠡᠵᠦ᠂ ᠲᠠᠮᠢᠷᠴᠢᠳ᠂ ᠳᠠᠰᠬᠠᠯᠵᠢᠭᠤᠯᠤᠭᠴᠢ᠂ ᠠᠵᠢᠯᠲᠠᠳ ᠴᠥᠮ ᠵᠣᠬᠢᠶᠠᠨ ᠪᠠᠶᠢᠭᠤᠯᠬᠤ ᠺᠣᠮᠢᠰ ᠤᠨ ᠠᠵᠢᠯᠲᠠᠨ᠂ ᠰᠠᠶᠢᠨ ᠳᠤᠷ᠎ᠠ ᠶᠢᠨ ᠠᠵᠢᠯᠯᠠᠭᠴᠢ ᠶᠢᠨ ᠬᠠᠯᠠᠭᠤᠮᠰᠤᠭ ᠨᠥᠬᠦᠷᠯᠡᠯ᠂ ᠣᠯᠢᠮᠫᠢᠺ ᠤᠨ ᠲᠠᠮᠢᠷ ᠤᠨ ᠴᠤᠭᠯᠠᠭᠠᠨ ᠤ ᠲᠣᠰᠬᠤᠨ ᠴᠡᠪᠡᠷ ᠲᠡᠭᠰᠢ᠂ ᠲᠠᠮᠢᠷᠴᠢᠳ ᠤᠨ ᠬᠤᠭᠤᠯᠠᠨ ᠭᠡᠷ ᠤᠨ ᠢᠳᠡᠭᠡᠨ ᠤ ᠬᠠᠩᠭᠠᠯᠭ᠎ᠠ ᠡᠯᠪᠡᠭ ᠪᠠᠶᠠᠯᠢᠭ ᠪᠥᠭᠡᠳ ᠠᠮᠲᠠᠲᠠᠶ ᠠᠷᠢᠭᠤᠨ ᠴᠡᠪᠡᠷ ᠢ ᠮᠡᠳᠡᠷᠡᠵᠦ᠂ ︽ᠪᠢᠳᠡ ᠲᠣᠣᠺᠢᠣ᠋ ᠶᠢᠨ ᠣᠯᠢᠮᠫᠢᠺ ᠤᠨ ᠲᠠᠮᠢᠷ ᠤᠨ ᠴᠤᠭᠯᠠᠭᠠᠨ ᠤ ᠵᠣᠬᠢᠶᠠᠨ ᠪᠠᠶᠢᠭᠤᠯᠬᠤ ᠺᠣᠮᠢᠰ ᠤᠨ ᠵᠣᠬᠢᠶᠠᠨ ᠪᠠᠶᠢᠭᠤᠯᠬᠤ ᠠᠵᠢᠯ ᠢ ᠨᠤᠲᠠᠯᠠᠵᠤ ᠪᠠᠶᠢᠨ᠎ᠠ︾ ᠭᠡᠵᠤ ᠲᠠᠨᠢᠯᠴᠠᠭᠤᠯᠪᠠ᠃     ᠳᠤᠮᠳᠠᠳᠤ ᠤᠯᠤᠰ ᠤᠨ ᠪᠡᠶ᠎ᠡ ᠶᠢᠨ ᠲᠠᠮᠢᠷ ᠤᠨ ᠲᠥᠯᠥᠭᠡᠯᠡᠭᠴᠢᠳ ᠤᠨ ᠪᠦᠯᠬᠦᠮ ᠤᠨ ᠨᠠᠷᠢᠨ ᠪᠢᠴᠢᠭ ᠤᠨ ᠳᠠᠷᠤᠭ᠎ᠠ᠂ ᠲᠥᠯᠥᠭᠡᠯᠡᠭᠴᠢᠳ ᠤᠨ ᠪᠦᠯᠬᠦᠮ ᠲᠣᠣᠺᠢᠣ᠋ ᠶᠢᠨ ᠣᠯᠢᠮᠫᠢᠺ ᠤᠨ ᠲᠠᠮᠢᠷ ᠤᠨ ᠴᠤᠭᠯᠠᠭᠠᠨ ᠤ ᠵᠣᠬᠢᠶᠠᠨ ᠪᠠᠶᠢᠭᠤᠯᠬᠤ ᠺᠣᠮᠢᠰ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠡᠷᠭᠡ ᠡᠯ᠎ᠡ ᠵᠦᠢᠯ ᠤᠨ ᠲᠣᠭᠲᠠᠭᠠᠯ ᠪᠠ ᠱᠠᠭᠠᠷᠳᠠᠯᠭ᠎ᠠ ᠶᠢ ᠨᠠᠷᠢᠨ ᠬᠢᠨᠠᠮᠠᠭᠠᠶ ᠵᠢᠷᠤᠮᠯᠠᠨ ᠴᠢᠩᠭ᠎ᠠ ᠬᠡᠷᠡᠭᠵᠢᠭᠦᠯᠵᠦ᠂ ᠳᠡᠯᠡᠬᠡᠶ ᠶᠢᠨ ᠡᠯ᠎ᠡ ᠤᠯᠤᠰ ᠪᠠ ᠭᠠᠵᠠᠷ ᠣᠷᠣᠨ ᠤ ᠣᠯᠢᠮᠫᠢᠺ ᠤᠨ ᠲᠠᠮᠢᠷ ᠤᠨ ᠴᠤᠭᠯᠠᠭᠠᠨ ᠳᠤ ᠣᠷᠣᠯᠴᠠᠬᠤ ᠲᠥᠯᠥᠭᠡᠯᠡᠭᠴᠢᠳ ᠤᠨ ᠪᠦᠯᠬᠦᠮ ᠲᠠᠢ ᠪᠦᠯᠬᠦᠮᠳᠡᠵᠦ᠂ ᠬᠠᠮᠲᠤ ᠪᠠᠷ ᠴᠢᠷᠮᠠᠶᠢᠵᠤ᠂ ᠲᠣᠣᠺᠢᠣ᠋ ᠶᠢᠨ ᠣᠯᠢᠮᠫᠢᠺ ᠤᠨ ᠲᠠᠮᠢᠷ ᠤᠨ ᠴᠤᠭᠯᠠᠭᠠᠨ ᠤ ᠵᠣᠬᠢᠶᠠᠨ ᠪᠠᠶᠢᠭᠤᠯᠬᠤ ᠺᠣᠮᠢᠰ ᠤᠨ ᠲᠣᠰ ᠬᠤᠭᠤᠴᠠᠭᠠᠨ ᠤ ᠣᠯᠢᠮᠫᠢᠺ ᠤᠨ ᠲᠠᠮᠢᠷ ᠤᠨ ᠴᠤᠭᠯᠠᠭᠠᠨ ᠢ ᠰᠠᠶᠢᠲᠤᠷ ᠡᠷᠭᠢᠯᠡᠬᠦ ᠶᠢ ᠪᠥᠬᠦ ᠬᠦᠴᠦᠨ ᠢᠶᠠᠷ ᠢᠶᠠᠨ ᠳᠡᠮᠵᠢᠨ ᠬᠠᠮᠵᠢᠯᠴᠠᠵᠤ᠂ ᠪᠥᠬᠦ ᠳᠡᠯᠡᠬᠡᠶ ᠶᠢᠨ ᠵᠠᠯᠠᠭᠤᠴᠤᠳ ᠢ ᠣᠯᠢᠮᠫᠢᠺ ᠤᠨ ᠪᠡᠶ᠎ᠡ ᠶᠢᠨ ᠴᠤᠭᠯᠠᠭᠠᠨ ᠤ ᠲᠠᠪᠴᠠᠩ ᠳᠡᠭᠡᠷ᠎ᠡ ᠥᠪᠡᠷ ᠤᠨ ᠴᠤᠭ ᠵᠢᠪᠬᠤᠭ᠎ᠠ ᠪᠠᠨ ᠢᠯᠡᠷᠡᠭᠦᠯᠵᠦ᠂ ᠣᠯᠢᠮᠫᠢᠺ ᠤᠨ ᠲᠠᠮᠢᠷ ᠤᠨ ᠬᠥᠳᠡᠯᠭᠡᠭᠡᠨ ᠳᠤ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠦᠵᠡᠭᠦᠯᠦᠨ᠎ᠡ ᠭᠡᠵᠦ ᠳᠠᠬᠢᠨᠲᠠ ᠢᠯᠡᠳᠭᠡᠪᠡ᠃
 
ᠢᠷᠡᠯᠲᠡ᠄ ᠰᠢᠨᠬᠤᠸᠠ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18004690号