ᠲᠣᠭᠠᠴᠢᠯᠠᠭᠰᠠᠨ ᠠᠷᠭ᠎ᠠ ᠪᠠᠷᠢᠯ ᠨᠢ ᠣᠯᠢᠮᠫᠢᠺ ᠤᠨ ᠲᠠᠮᠢᠷ ᠤᠨ ᠴᠤᠭᠯᠠᠭᠠᠨ ᠤ ᠲᠠᠮᠢᠷᠴᠢᠳ ᠤᠨ ᠬᠤᠭᠤᠰᠤᠨ ᠲᠠᠯᠠᠪᠤᠷ ᠤᠨ ᠤᠷᠤᠯᠳᠤᠭᠠᠨ ᠳᠤ ᠬᠦᠭ ᠨᠡᠮᠠᠷᠢᠯᠠᠨ᠎ᠡ
ᠨᠡᠶᠢᠲᠡᠯᠡᠭᠰᠡᠨ ᠴᠠᠭ᠄
2021/7/22
    ᠰᠢᠨᠬᠤᠸᠠ ᠬᠤᠷᠢᠶᠠᠨ ᠤ ᠲᠣᠣᠺᠢᠣ᠋ ᠶᠢᠨ 7 ᠰᠠᠷ᠎ᠠ ᠶᠢᠨ 17 ᠤ ᠴᠠᠬᠢᠯᠭᠠᠨ ᠮᠡᠳᠡᠭᠡ  ᠄ 17 ᠤ ᠡᠳᠦᠷ᠂ ᠳᠡᠯᠡᠭᠡᠢ ᠶᠢᠨ ᠣᠯᠢᠮᠫᠢᠺ ᠤᠨ ᠪᠡᠶ᠎ᠠ ᠶᠢᠨ ᠲᠠᠮᠢᠷ ᠤᠨ ᠬᠦᠳᠡᠯᠭᠡᠭᠡᠨ ᠤ ᠵᠥᠪᠯᠡᠯ ᠤᠨ ᠲᠡᠷᠢᠭᠦᠯᠡᠭᠴᠢ ᠪᠠᠾᠧ ᠶᠠᠫᠣᠨ ᠤ ᠲᠣᠣᠺᠢᠣ᠋ ᠳᠤ ᠬᠤᠷᠠᠯᠳᠤᠭᠤᠯᠤᠭᠰᠠᠨ ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ᠂ ᠰᠦᠯᠵᠢᠶᠡᠨ ᠳᠡᠭᠡᠷ᠎ᠡ ᠰᠢᠭᠤᠳ ᠨᠡᠪᠲᠡᠷᠡᠭᠦᠯᠬᠦ᠂ ᠦᠵᠡᠭᠴᠢᠳ ᠤᠨ ᠥᠪᠡᠰᠦᠪᠡᠨ ᠰᠡᠭᠦᠳᠡᠷᠯᠡᠬᠦ᠂ ᠲᠠᠮᠢᠷᠴᠢᠳ ᠬᠢᠭᠡᠳ ᠬᠡᠷ ᠤᠨ ᠬᠥᠮᠦᠰ ᠤᠨ ᠬᠤᠷᠰᠢᠯᠴᠠᠭ᠎ᠠ ᠵᠢᠴᠢ ᠥᠩᠭᠡᠷᠡᠭᠰᠡᠨ ᠬᠤᠭᠤᠴᠠᠭᠠᠨ ᠤ ᠣᠯᠢᠮᠫᠢᠺ ᠤᠨ ᠲᠠᠮᠢᠷ ᠤᠨ ᠴᠤᠭᠯᠠᠭᠠᠨ ᠤ ᠤᠷᠤᠯᠳᠤᠭᠠᠨ ᠤ ᠲᠠᠯᠠᠪᠠᠶ ᠶᠢᠨ ᠤᠷᠠᠶᠢᠯᠠᠬᠤ ᠲᠠᠭᠤᠨ ᠢ ᠨᠡᠪᠲᠡᠷᠡᠭᠦᠯᠬᠦ ᠵᠡᠷᠭᠡ ᠲᠣᠭᠠᠴᠢᠯᠠᠭᠰᠠᠨ ᠠᠷᠭ᠎ᠠ ᠪᠠᠷᠢᠯ ᠢᠶᠠᠷ ᠳᠠᠮᠵᠢᠭᠤᠯᠤᠨ᠂ ᠬᠤᠭᠤᠰᠣᠨ ᠲᠠᠯᠠᠪᠤᠷ ᠤᠨ ᠤᠷᠤᠯᠳᠤᠭᠠᠨ ᠤ ᠲᠠᠮᠢᠷᠴᠢᠳ ᠲᠤ ᠦᠵᠡᠭᠦᠯᠬᠦ ᠨᠥᠯᠥᠭᠡ ᠶᠢ ᠠᠯᠢ ᠴᠢᠳᠠᠬᠤ ᠪᠠᠷ ᠪᠠᠭᠠᠰᠬᠠᠨ᠎ᠠ ᠭᠡᠵᠤ ᠢᠯᠡᠳᠭᠡᠪᠡ᠃     ᠲᠣᠣᠺᠢᠣ᠋ ᠬᠤᠲᠠ 12 ᠤᠨ ᠡᠳᠦᠷ ᠠᠴᠠ ᠡᠬᠢᠯᠡᠨ ᠪᠠᠴᠢᠮ ᠪᠠᠶᠢᠳᠠᠯ ᠳᠤ ᠣᠷᠣᠪᠠ᠃ ᠬᠢᠵᠢᠭ ᠢ ᠰᠡᠷᠭᠡᠶᠢᠯᠡᠬᠦ ᠶᠢᠨ ᠲᠦᠯᠦᠭᠡ᠂ ᠲᠣᠣᠺᠢᠣ᠋ ᠣᠷᠣᠨ᠂ ᠬᠤᠺᠺᠠᠶᠢᠳᠤᠣ᠋ ᠪᠣᠯᠤᠨ ᠹᠦᠺᠦᠰᠢᠮᠠ ᠰᠢᠶᠠᠨ ᠤ ᠪᠣᠶ ᠪᠥᠬᠦᠶ ᠤᠷᠤᠯᠳᠤᠭᠠᠨ ᠢ ᠬᠤᠭᠤᠰᠣᠨ ᠲᠠᠯᠠᠪᠤᠷ ᠲᠤ ᠶᠠᠪᠤᠭᠳᠠᠭᠤᠯᠵᠤ᠂ ᠵᠥᠪᠬᠡᠨ ᠳᠤᠭᠤᠶ ᠲᠡᠷᠭᠡ ᠪᠣᠯᠤᠨ ᠬᠥᠯ ᠪᠥᠮᠪᠦᠭᠡ ᠶᠢᠨ ᠬᠤᠶᠠᠷ ᠲᠥᠷᠥᠯ ᠵᠦᠢᠯ ᠤᠨ ᠭᠤᠷᠪᠠᠨ ᠲᠠᠯᠠᠪᠤᠷ ᠲᠤ ᠦᠵᠡᠭᠴᠢᠳ ᠲᠤᠬᠠᠶ ᠶᠢᠨ ᠲᠠᠯᠠᠪᠤᠷ ᠲᠤ ᠰᠣᠨᠢᠷᠬᠠᠬᠤ ᠶᠢ ᠵᠦᠪᠰᠢᠶᠡᠷᠡᠨ᠎ᠡ᠃     ᠪᠠᠾᠧ᠄ ︽ᠪᠢᠳᠡ ᠲᠠᠮᠢᠷᠴᠢᠳ ᠢ ᠭᠠᠭᠴᠠᠭᠠᠷᠳᠠᠭᠤᠯᠬᠤ ᠰᠠᠨᠠᠭ᠎ᠠ ᠦᠭᠡᠢ︾᠃ ᠳᠡᠯᠡᠭᠡᠢ ᠶᠢᠨ ᠣᠯᠢᠮᠫᠢᠺ ᠤᠨ ᠪᠡᠶ᠎ᠠ ᠶᠢᠨ ᠲᠠᠮᠢᠷ ᠤᠨ ᠬᠦᠳᠡᠯᠭᠡᠭᠡᠨ ᠤ ᠵᠥᠪᠯᠡᠯ ᠤᠨ ᠭᠦᠢᠴᠡᠳᠭᠡᠬᠦ ᠵᠥᠪᠯᠡᠯ 17 ᠤ ᠡᠳᠦᠷ ᠪᠣᠯᠤᠯᠴᠠᠭᠠᠳᠤ ᠠᠷᠭ᠎ᠠ ᠬᠡᠮᠵᠢᠶ᠎ᠡ ᠶᠢ ᠶᠠᠷᠢᠯᠴᠠᠵᠤ᠂ ᠲᠠᠮᠢᠷᠴᠢᠳ ᠲᠤ ᠮᠥᠨ ᠯᠡ ᠪᠥᠬᠦ ᠳᠡᠯᠡᠬᠡᠶ ᠶᠢᠨ ᠦᠵᠡᠭᠴᠢᠳ ᠤᠨ ᠳᠡᠮᠵᠢᠯᠭᠡ ᠶᠢ ᠮᠡᠳᠡᠷᠡᠭᠦᠯᠬᠦ ᠶᠢ ᠬᠦᠰᠡᠵᠦ ᠪᠠᠶᠢᠨ᠎ᠠ ᠭᠡᠵᠤ ᠬᠡᠯᠡᠪᠡ᠃     ᠪᠠᠾᠧ᠄ ︽ᠪᠥᠬᠦ ᠳᠡᠯᠡᠬᠡᠶ ᠶᠢᠨ ᠬᠢᠨ ᠢ ᠨᠢᠭᠡ ᠲᠠᠯᠠᠪᠤᠷ ᠲᠤ ᠴᠤᠭᠯᠠᠷᠠᠭᠤᠯᠵᠦ᠂ 200 ᠭᠠᠷᠤᠶ ᠤᠯᠤᠰ ᠪᠠ ᠭᠠᠵᠠᠷ ᠣᠷᠣᠨ ᠤ ᠣᠯᠢᠮᠫᠢᠺ ᠤᠨ ᠪᠡᠶ᠎ᠠ ᠶᠢᠨ ᠲᠠᠮᠢᠷ ᠤᠨ ᠬᠦᠳᠡᠯᠭᠡᠭᠡᠨ ᠤ ᠵᠥᠪᠯᠡᠯ ᠨᠢ ᠳᠡᠯᠡᠭᠡᠢ ᠶᠢᠨ ᠣᠯᠢᠮᠫᠢᠺ ᠤᠨ ᠪᠡᠶ᠎ᠠ ᠶᠢᠨ ᠲᠠᠮᠢᠷ ᠤᠨ ᠬᠦᠳᠡᠯᠭᠡᠭᠡᠨ ᠤ ᠵᠥᠪᠯᠡᠯ ᠤᠨ ᠭᠠᠴᠢᠭᠳᠠᠯᠳᠤ ᠠᠷᠠᠳ ᠤᠨ ᠲᠥᠯᠥᠭᠡᠯᠡᠭᠴᠢᠳ ᠤᠨ ᠪᠦᠯᠬᠦᠮ ᠲᠠᠢ ᠬᠠᠮᠲᠤ᠂ ᠨᠢᠭᠡ ᠤᠯᠤᠰ᠂ ᠨᠢᠭᠡ ᠬᠤᠲᠠ᠂ ᠨᠢᠭᠡ ᠲᠠᠮᠢᠷᠴᠢᠳ ᠤᠨ ᠲᠣᠰᠬᠤᠨ ᠡᠩᠬᠡ ᠲᠠᠶᠢᠪᠤᠩ ᠢᠶᠠᠷ ᠴᠤᠭᠯᠠᠷᠠᠨ᠂ ᠨᠢᠭᠡ ᠯᠡ ᠲᠦᠷᠢᠮ ᠤᠨ ᠳᠤᠤᠷ᠎ᠠ ᠤᠷᠤᠯᠳᠤᠭᠠᠨ ᠶᠠᠪᠤᠭᠤᠯᠬᠤ ᠪᠤᠯ ᠣᠯᠢᠮᠫᠢᠺ ᠤᠨ ᠲᠠᠮᠢᠷ ᠤᠨ ᠴᠤᠭᠯᠠᠭᠠᠨ ᠤ ᠤᠳᠬ᠎ᠠ ᠠᠭᠤᠯᠭ᠎ᠠ ᠮᠦᠨ︾᠃ ᠠᠮᠤᠷ ᠲᠦᠪᠰᠢᠨ ᠤ ᠨᠥᠬᠦᠴᠡᠯ ᠳᠣᠣᠷ᠎ᠠ ᠡᠳᠡᠭᠡᠷ ᠢ ᠪᠡᠶᠡᠯᠡᠭᠦᠯᠬᠦ ᠳᠤ᠂ ᠲᠠᠮᠢᠷᠴᠢᠳ ᠪᠣᠯᠤᠨ ᠣᠯᠢᠮᠫᠢᠺ ᠤᠨ ᠲᠠᠮᠢᠷ ᠤᠨ ᠴᠤᠭᠯᠠᠭᠠᠨ ᠤ ᠪᠤᠰᠤᠳ ᠬᠤᠯᠪᠣᠭᠳᠠᠯ ᠪᠦᠬᠦᠢ ᠬᠥᠮᠦᠰ ᠴᠥᠮ ᠬᠢᠵᠢᠭ ᠢ ᠰᠡᠷᠭᠡᠶᠢᠯᠡᠬᠦ ᠳᠤ ᠯᠤᠲᠤ ᠶᠡᠭᠡ ᠬᠤᠪᠢ ᠨᠡᠮᠡᠷᠢ ᠦᠵᠡᠭᠦᠯᠵᠡᠢ᠂ ︽ᠡᠨᠡ ᠨᠢ ᠲᠠᠮᠢᠷᠴᠢᠳ ᠤᠨ ᠣᠯᠢᠮᠫᠢᠺ ᠤᠨ ᠲᠠᠮᠢᠷ ᠤᠨ ᠴᠤᠭᠯᠠᠭᠠᠨ ᠢ ᠬᠡᠴᠢᠨᠡᠨ ᠨᠠᠨᠳᠢᠩᠨᠠᠵᠤ ᠪᠠᠶᠢᠬᠤ ᠶᠢ ᠬᠠᠷᠠᠭᠤᠯᠵᠤ ᠪᠠᠶᠢᠨ᠎ᠠ︾ ᠭᠡᠵᠦ ᠬᠡᠯᠡᠪᠡ᠃
 
ᠢᠷᠡᠯᠲᠡ᠄ ᠰᠢᠨᠬᠤᠸᠠ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18004690号