ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ︽ᠣᠯᠠᠨ ᠲᠦᠮᠡᠨ ᠤ ᠠᠰᠢᠭ ᠲᠤᠰᠠ ᠳᠤ ᠪᠠᠭ᠎ᠠ ᠶᠠᠪᠤᠳᠠᠯ ᠠᠯᠠᠭ᠎ᠠ︾ ᠭᠡᠬᠦ ᠭᠤᠣᠯ ᠰᠡᠳᠦᠪᠲᠦ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2021/7/22
    ᠤᠢᠢᠷ᠎ᠠ ᠳᠤ᠂ ᠦᠪᠡᠷᠳᠡᠭᠡᠨ ᠵᠠᠰᠠᠬᠤ ᠤᠷᠤᠨ ᠤ ᠪᠡᠶ᠎ᠡ ᠶᠢᠨ ᠲᠠᠮᠢᠷ ᠤᠨ ᠲᠣᠪᠴᠢᠶ᠎ᠠ ᠬᠦ᠋ᠬᠡᠬᠤᠲᠠ ᠶᠢᠨ ᠠᠷᠠᠳ ᠤᠨ ᠴᠡᠴᠡᠷᠯᠢᠭ ᠲᠤ ︽ᠣᠯᠠᠨ ᠲᠦᠮᠡᠨ ᠤ ᠠᠰᠢᠭ ᠲᠤᠰᠠ ᠳᠤ ᠪᠠᠭ᠎ᠠ ᠶᠠᠪᠤᠳᠠᠯ ᠠᠯᠠᠭ᠎ᠠ︾ ᠭᠡᠬᠦ ᠭᠤᠤᠯ ᠰᠡᠳᠦᠪᠳᠦ ᠠᠵᠢᠯᠯᠠᠭ᠎ᠠ ᠦᠷᠨᠢᠬᠦᠯᠪᠡ᠃     ᠠᠵᠢᠯᠯᠠᠭ᠎ᠠ ᠳᠤ᠂ ᠪᠡᠶ᠎ᠡ ᠶᠢᠨ ᠲᠠᠮᠢᠷ ᠤᠨ ᠱᠠᠩᠨᠠᠯᠲᠤ ᠰᠤᠭᠤᠯᠤᠭ᠎ᠠ ᠶᠢᠨ ᠲᠥᠪ ᠠᠴᠠ ᠬᠥᠬᠡᠬᠤᠲᠠ ᠶᠢᠨ ᠠᠷᠠᠳ ᠤᠨ ᠴᠡᠴᠡᠷᠯᠢᠭ ᠲᠤ ᠫᠢᠩᠫᠤᠩ ᠪᠥᠮᠪᠦᠭᠡ ᠶᠢᠨ ᠲᠠᠶᠢᠰᠠ ᠵᠢᠴᠢ ᠪᠡᠶ᠎ᠡ ᠶᠢᠨ ᠲᠠᠮᠢᠷ ᠤᠨ ᠡᠳ᠋ ᠪᠣᠳᠠᠰ ᠲᠣᠨᠤᠭ ᠲᠥᠬᠦᠭᠡᠷᠦᠮᠵᠢ ᠬᠠᠨᠳᠢᠪᠯᠡᠬᠤ ᠶᠢᠨ ᠬᠠᠮᠳᠤ᠂ ᠴᠡᠴᠡᠷᠯᠢᠭ ᠤᠨ ᠲᠠᠮᠢᠷ ᠤᠨ ᠲᠠᠯᠠᠪᠤᠷ ᠤᠨ ᠪᠠᠭᠠᠵᠢ ᠬᠡᠷᠡᠭᠰᠡᠯ ᠤᠨ ᠲᠤᠬᠢᠷᠠᠭᠤᠯᠤᠯᠳᠠ ᠪᠠ ᠬᠡᠷᠡᠭᠯᠡᠯᠳᠡ ᠶᠢᠨ ᠪᠠᠶᠢᠳᠠᠯ᠂ ᠤᠯᠠᠨ ᠲᠦᠮᠡᠨᠴᠢ ᠲᠠᠮᠢᠷ ᠤᠨ ᠪᠤᠯᠪᠠᠰᠤᠷᠠᠯ ᠤᠨ ᠲᠥᠬᠦᠭᠡᠷᠦᠮᠵᠢ ᠵᠢᠴᠢ ᠬᠡᠷᠡᠭᠴᠡᠭᠡ ᠱᠠᠭᠠᠷᠳᠠᠯᠭ᠎ᠠ᠂ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠦᠢᠯᠡᠰ ᠤᠨ ᠬᠥᠭᠵᠢᠯᠲᠡ ᠶᠢᠨ ᠲᠤᠬᠠᠢ ᠰᠠᠨᠠᠯ ᠰᠠᠨᠠᠭᠤᠯᠭ᠎ᠠ ᠶᠢ ᠤᠢᠢᠯᠠᠭᠠᠪᠠ᠃ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠵᠢᠴᠢ ᠥᠷᠭᠡᠨ ᠣᠯᠠᠨ ᠪᠡᠶ᠎ᠡ ᠴᠢᠭᠢᠷᠠᠭᠵᠢᠭᠤᠯᠬᠤ ᠪᠠᠭ᠋ᠠᠳᠠᠨ 200 ᠭᠠᠷᠤᠶ ᠬᠥᠮᠦᠨ ᠬᠠᠨᠳᠢᠪᠯᠠᠬᠤ ᠠᠵᠢᠯᠯᠠᠭ᠎ᠠ ᠳᠤ ᠣᠷᠣᠯᠴᠠᠵᠠᠢ᠃     ᠥᠪᠡᠷᠲᠡᠭᠡᠨ  ᠵᠠᠰᠠᠬᠤ  ᠣᠷᠣᠨ  ᠤ  ᠪᠡᠶ᠎ᠡ  ᠶᠢᠨ  ᠲᠠᠮᠢᠷ  ᠤᠨ  ᠲᠤᠪᠴᠢᠶ᠎ᠠ  ᠶᠢᠨ  ᠲᠠᠷᠤᠭ᠎ᠠ  ᠶᠢᠨ  ᠮᠠᠨᠰᠠᠩ᠄ ︽2021 ᠤᠨ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ ᠵᠠᠭᠤᠨ ᠵᠢᠯ ᠤᠨ ᠤᠢ ᠪᠣᠯᠤᠨ᠎ᠠ᠂ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠲᠠᠢ ᠤᠶᠠᠯᠳᠤᠭᠤᠯᠤᠨ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠪᠠᠷ ᠭᠤᠤᠯ ᠠᠭᠤᠯᠭ᠎ᠠ ᠪᠣᠯᠭᠠᠭᠰᠠᠨ ᠤᠯᠠᠨ ᠲᠦᠮᠡᠨ ᠳᠤ ᠪᠤᠳᠠᠳᠤ ᠶᠠᠪᠤᠳᠠᠯ ᠬᠢᠵᠦ ᠦᠭᠬᠦ ᠠᠵᠢᠯᠯᠠᠭ᠎ᠠ ᠶᠢ ᠦᠷᠭᠡᠨ ᠲᠡᠯᠭᠡᠷ ᠦᠷᠨᠢᠬᠦᠯᠵᠦ ᠪᠠᠶᠢᠨ᠎ᠠ︾ ᠭᠡᠯ᠎ᠡ᠃     ︽ᠬᠥᠬᠡᠬᠤᠲᠠ ᠶᠢᠨ ᠠᠷᠠᠳ ᠤᠨ ᠴᠡᠴᠡᠷᠯᠢᠭ ᠪᠣᠯ ᠮᠠᠨ ᠤ ᠣᠷᠣᠨ ᠤ ᠬᠠᠮᠤᠭ ᠤᠨ ᠡᠷᠲᠡ ᠪᠠᠶᠢᠭᠤᠯᠤᠭᠳᠠᠭᠰᠠᠨ ᠬᠤᠳᠠ ᠶᠢᠨ ᠴᠡᠴᠡᠷᠯᠢᠭ ᠤᠨ ᠨᠢᠭᠡ ᠪᠣᠯᠤᠨ᠎ᠠ᠂ ᠡᠳᠦᠷ ᠪᠦᠷᠢ ᠮᠠᠰᠢ ᠤᠯᠠᠨ ᠪᠡᠶ᠎ᠡ ᠴᠢᠭᠢᠷᠠᠭᠵᠢᠭᠤᠯᠬᠤ ᠪᠠᠭ᠋ᠠᠳᠠᠳ ᠴᠤᠭᠯᠠᠷᠠᠳᠠᠭ᠂ ᠭᠡᠪᠡᠴᠦ ᠫᠢᠩᠫᠤᠩ ᠪᠥᠮᠪᠦᠭᠡ ᠶᠢᠨ ᠲᠠᠯᠠᠪᠠᠢ ᠳᠤ ᠵᠥᠪᠬᠡᠨ ᠲᠤᠯᠤᠭᠠᠬᠠᠨ ᠪᠥᠮᠪᠥᠭᠡᠨ ᠲᠠᠶᠢᠰᠠ ᠪᠠᠶᠢᠨ᠎ᠠ᠂ ᠤᠯᠠᠨ ᠤ ᠬᠡᠷᠡᠭᠴᠡᠭᠡ ᠶᠢ ᠬᠠᠩᠭᠠᠵᠤ ᠳᠡᠶᠢᠯᠬᠦ ᠦᠭᠡᠢ ᠨᠢ ᠮᠡᠳᠡᠭᠡᠵᠢ᠃ ᠥᠷᠭᠡᠨ ᠣᠯᠠᠨ ᠪᠡᠶ᠎ᠡ ᠴᠢᠭᠢᠷᠠᠭᠵᠢᠭᠤᠯᠬᠤ ᠪᠠᠭ᠋ᠠᠲᠠᠳ ᠲᠤ ᠲᠠᠮᠢᠷ ᠤᠨ ᠪᠠᠭᠠᠵᠢ ᠬᠡᠷᠡᠭᠰᠡᠯ ᠬᠠᠨᠳᠢᠪᠯᠠᠵᠤ᠂ ᠦᠨᠡᠨ ᠬᠦ ᠠᠰᠢᠭ ᠲᠤᠰᠠ ᠪᠠ ᠲᠥᠬᠦᠮ ᠦᠵᠡᠭᠦᠯᠦᠭᠰᠡᠨ ᠳᠤ ᠮᠠᠰᠢ ᠪᠠᠶᠠᠷᠯᠠᠵᠤ ᠪᠠᠶᠢᠨ᠎ᠠ︾ ᠭᠡᠵᠦ ᠬᠤᠲᠠ ᠶᠢᠨ ᠠᠷᠠᠳ ᠵᠠᠩ ᠸᠧᠨ ᠶᠠᠷᠢᠵᠦ ᠪᠠᠶᠢᠯ᠎ᠠ᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18004690号