ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠪᠣᠯᠤᠨ ᠥᠪᠥᠷ ᠮᠣᠩᠭᠤᠯ ᠤᠨ ᠡᠳᠦᠷ ᠤᠨ ᠰᠣᠨᠢᠨ ᠤ ᠬᠤᠷᠢᠶ᠎ᠠ ᠬᠠᠮᠲᠤᠷᠠᠨ ᠬᠦᠭᠵᠢᠬᠦ ᠲᠤᠬᠠᠢ ᠵᠦᠪᠳᠡᠯᠴᠡᠪᠡ
ᠨᠡᠶᠢᠲᠡᠯᠡᠭᠰᠡᠨ ᠴᠠᠭ᠄
2021/7/22
    7 ᠰᠠᠷ᠎ᠠ ᠶᠢᠨ 21 ᠤ ᠡᠳᠦᠷ᠂ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠪᠤᠯᠤᠨ ᠥᠪᠥᠷ ᠮᠣᠩᠭᠤᠯ ᠤᠨ ᠡᠳᠦᠷ ᠤᠨ ᠰᠣᠨᠢᠨ ᠤ ᠬᠤᠷᠢᠶ᠎ᠠ ᠬᠥᠬᠡᠬᠤᠲᠠ ᠳᠤ ᠥᠪᠥᠷ ᠮᠣᠩᠭᠤᠯ ᠤᠨ ᠪᠡᠶ᠎ᠡ ᠶᠢᠨ ᠲᠠᠮᠢᠷ ᠤᠨ ᠰᠣᠨᠢᠨ ᠮᠡᠳᠡᠭᠡᠨ ᠤ ᠤᠬᠠᠭᠤᠯᠭ᠎ᠠ ᠶᠢᠨ ᠶᠠᠷᠢᠯᠴᠠᠬᠤ ᠬᠤᠷᠠᠯ ᠬᠤᠷᠠᠯᠳᠤᠭᠤᠯᠵᠤ᠂ ᠬᠤᠶᠠᠷ ᠲᠠᠯ᠎ᠠ ᠶᠢᠨ ᠬᠠᠮᠲᠤᠷᠠᠯᠴᠠᠭ᠎ᠠ ᠶᠢ ᠪᠥᠬᠦ ᠲᠠᠯ᠎ᠠ ᠪᠠᠷ ᠴᠢᠩᠭᠠᠳᠬᠠᠬᠤ᠂ ᠥᠪᠥᠷ ᠮᠣᠩᠭᠤᠯ ᠤᠨ ᠪᠡᠶ᠎ᠡ ᠶᠢᠨ ᠲᠠᠮᠢᠷ ᠤᠨ ᠤᠬᠠᠭᠤᠯᠭ᠎ᠠ ᠮᠡᠳᠡᠭᠡᠯᠡᠯ ᠤᠨ ᠠᠵᠢᠯ ᠢ ᠠᠬᠢᠭᠤᠯᠬᠤ᠂ ᠥᠪᠥᠷ ᠮᠣᠩᠭᠤᠯ ᠤᠨ ᠪᠡᠶ᠎ᠡ ᠶᠢᠨ ᠲᠠᠮᠢᠷ ᠤᠨ ᠥᠯᠢᠭᠡᠷ ᠵᠢᠱᠢᠶ᠎ᠡ ᠶᠢ ᠰᠠᠶᠢᠲᠤᠷ ᠠᠬᠢᠭᠤᠯᠬᠤ ᠲᠤᠬᠠᠢ ᠭᠦᠨᠵᠡᠭᠡᠢ ᠶᠠᠷᠢᠯᠴᠠᠪᠠ᠃ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠳᠠᠷᠤᠭ᠎ᠠ ᠶᠢᠨ ᠮᠠᠨᠰᠠᠩ᠂ ᠥᠪᠥᠷ ᠮᠣᠩᠭᠤᠯ ᠤᠨ ᠡᠳᠦᠷ ᠤᠨ ᠰᠣᠨᠢᠨ ᠤ ᠬᠤᠷᠢᠶ᠎ᠠ ᠶᠢᠨ ᠳᠠᠷᠤᠭ᠎ᠠ ᠡᠤ ᠬᠠᠶ ᠯᠦᠩ ᠶᠠᠷᠢᠯᠴᠠᠬᠤ ᠬᠤᠷᠠᠯ ᠳᠤ ᠣᠷᠣᠯᠴᠠᠪᠠ᠃     ᠶᠢᠨ ᠮᠠᠨᠰᠠᠩ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠡᠭᠦᠷᠭᠡ ᠬᠠᠷᠢᠭᠤᠴᠠᠯᠭ᠎ᠠ᠂ ᠪᠠᠶᠢᠭᠤᠯᠤᠮᠵᠢ ᠶᠢᠨ ᠪᠦᠷᠢᠯᠳᠦᠬᠦᠨ᠂ ᠠᠵᠢᠯ ᠤᠨ ᠭᠤᠤᠯᠳᠠᠯᠭ᠎ᠠ᠂ ᠤᠬᠠᠭᠤᠯᠭ᠎ᠠ ᠶᠢᠨ ᠬᠢᠯᠠᠰ ᠴᠡᠭ ᠵᠡᠷᠭᠡ ᠦᠨᠳᠦᠰᠦᠨ ᠪᠠᠶᠢᠳᠠᠯ ᠢ ᠲᠣᠪᠴᠢ ᠲᠠᠨᠢᠯᠴᠠᠭᠤᠯᠵᠤ᠂ ᠥᠪᠥᠷ ᠮᠣᠩᠭᠤᠯ ᠤᠨ ᠡᠳᠦᠷ ᠤᠨ ᠰᠣᠨᠢᠨ ᠤ ᠬᠤᠷᠢᠶ᠎ᠠ ᠶᠢᠨ ᠣᠷᠳᠣ ᠬᠤᠭᠤᠴᠠᠭᠠᠨ ᠤ ᠲᠤᠷᠰᠢ ᠥᠪᠥᠷ ᠮᠣᠩᠭᠤᠯ ᠤᠨ ᠪᠡᠶ᠎ᠡ ᠶᠢᠨ ᠲᠠᠮᠢᠷ ᠤᠨ ᠦᠢᠯᠡᠰ ᠤᠨ ᠬᠥᠭᠵᠢᠯᠲᠡ ᠶᠢ ᠳᠡᠮᠵᠢᠭᠰᠡᠨ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠶᠢᠨ ᠮᠠᠨᠰᠠᠩ ᠶᠡᠷᠦᠩᠬᠡᠢ ᠱᠦᠵᠢ ᠰᠢ ᠶᠢᠨ ᠫᠢᠩ ᠤ ᠪᠡᠶ᠎ᠡ ᠶᠢᠨ ᠲᠠᠮᠢᠷ ᠪᠣᠯᠤᠨ ᠰᠤᠷᠲᠠᠯ ᠤᠬᠠᠭᠤᠯᠭ᠎ᠠ ᠶᠢᠨ ᠠᠵᠢᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠯᠠᠪᠳᠠᠭᠤᠨ ᠪᠠᠲᠤᠲᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠵᠤ᠂ ᠪᠦᠯᠬᠦᠮᠳᠡᠯ ᠲᠠᠢ ᠲᠣᠭᠲᠠᠭᠤᠨ ᠡᠷᠴᠢ ᠵᠣᠷᠢᠭ ᠢᠶᠠᠨ ᠬᠥᠪᠴᠢᠯᠡᠬᠦ᠂ ᠵᠥᠪ ᠲᠠᠯ᠎ᠠ ᠠᠴᠠ ᠢᠳᠡᠪᠬᠢᠲᠡᠢ ᠤᠬᠠᠭᠤᠯᠬᠤ ᠪᠠᠷ ᠭᠤᠣᠯ ᠪᠣᠯᠭᠠᠬᠤ ᠴᠢᠭᠯᠡᠯᠲᠡ ᠶᠢ ᠪᠠᠷᠢᠮᠲᠠᠯᠠᠵᠤ᠂ ᠰᠤᠷᠲᠠᠯ ᠤᠬᠠᠭᠤᠯᠭ᠎ᠠ ᠦᠵᠡᠯ ᠰᠠᠨᠠᠭᠠᠨ ᠤ ᠠᠵᠢᠯ ᠢ ᠪᠡᠶ᠎ᠡ ᠶᠢᠨ ᠲᠠᠮᠢᠷ ᠤᠨ ᠬᠥᠭᠵᠢᠯᠲᠡ ᠳᠤ ᠨᠡᠩ ᠰᠠᠶᠢᠲᠤᠷ ᠦᠢᠯᠡᠴᠢᠯᠡᠭᠦᠯᠵᠦ᠂ ᠪᠡᠶ᠎ᠡ ᠶᠢᠨ ᠲᠠᠮᠢᠷ ᠤᠨ ᠴᠤᠭ ᠵᠢᠪᠬᠤᠭ᠎ᠠ ᠶᠢ ᠢᠯᠡᠷᠡᠭᠦᠯᠵᠦ᠂ ᠪᠡᠶ᠎ᠡ ᠶᠢᠨ ᠲᠠᠮᠢᠷ ᠤᠨ ᠵᠣᠷᠢᠭ ᠰᠠᠨᠠᠭ᠎ᠠ ᠶᠢ ᠪᠠᠳᠠᠷᠠᠭᠤᠯᠬᠤ ᠬᠡᠷᠡᠭᠲᠡᠢ᠃ ᠣᠶᠢᠷ᠎ᠠ ᠶᠢᠨ ᠬᠤᠭᠤᠴᠠᠭᠠᠨ ᠳᠤ ᠥᠪᠥᠷ ᠮᠣᠩᠭᠤᠯ ᠤᠨ ᠪᠡᠶ᠎ᠡ ᠶᠢᠨ ᠲᠠᠮᠢᠷ ᠤᠨ ᠬᠦᠷᠢᠶᠡᠨ ᠳᠤ ᠲᠣᠮᠣ ᠶᠠᠪᠤᠳᠠᠯ ᠣᠯᠠᠨ᠂ ᠤᠷᠤᠯᠳᠤᠭᠠᠨ ᠣᠯᠠᠨ᠂ ᠤᠬᠠᠭᠤᠯᠭ᠎ᠠ ᠶᠢᠨ ᠬᠢᠯᠠᠰ ᠴᠡᠭ ᠣᠯᠠᠨ᠂ ᠣᠯᠠᠨ ᠲᠦᠮᠡᠨ ᠤ ᠬᠦᠰᠡᠯ ᠡᠷᠡᠮᠡᠯᠵᠡᠯ ᠥᠨᠳᠥᠷ᠂ ᠨᠡᠶᠢᠭᠡᠮ ᠤᠨ ᠨᠥᠯᠥᠭᠡᠯᠡᠬᠦ ᠬᠦᠴᠦᠨ ᠶᠡᠭᠡ᠂ ᠥᠪᠥᠷ ᠮᠣᠩᠭᠤᠯ ᠤᠨ ᠡᠳᠦᠷ ᠤᠨ ᠰᠣᠨᠢᠨ ᠤ ᠬᠤᠷᠢᠶ᠎ᠠ ᠶᠢᠨ ᠪᠦᠬᠦ ᠣᠷᠣᠨ ᠳᠠᠬᠢ ᠨᠥᠯᠥᠭᠡᠯᠡᠬᠦ ᠬᠦᠴᠦᠨ ᠢ ᠠᠰᠢᠭᠯᠠᠵᠤ᠂ ᠲᠣᠣᠺᠢᠣ᠋ ᠶᠢᠨ ᠣᠯᠢᠮᠫᠢᠺ ᠤᠨ ᠪᠡᠶ᠎ᠡ ᠶᠢᠨ ᠲᠠᠮᠢᠷ ᠤᠨ ᠴᠤᠭᠯᠠᠭᠠᠨ᠂ ᠱᠠᠨᠰᠢ ᠶᠢᠨ ᠪᠥᠬᠦ ᠤᠯᠤᠰ ᠤᠨ ᠪᠡᠶ᠎ᠡ ᠶᠢᠨ ᠲᠠᠮᠢᠷ ᠤᠨ ᠴᠤᠭᠯᠠᠭᠠᠨ᠂ ᠪᠥᠬᠦ ᠣᠷᠣᠨ ᠤ ᠴᠥᠭᠡᠨ ᠲᠣᠭᠠᠲᠤ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠴᠤᠭᠯᠠᠭᠠᠨ ᠵᠡᠷᠭᠡ ᠴᠢᠬᠤᠯᠠ ᠶᠡᠭᠡ ᠤᠷᠤᠯᠳᠤᠭᠠᠨ ᠤ ᠠᠵᠢᠯᠯᠠᠭ᠎ᠠ ᠶᠢ ᠴᠢᠩᠭ᠎ᠠ ᠠᠳᠬᠤᠵᠤ᠂ ᠣᠯᠠᠨ ᠲᠦᠮᠡᠨᠴᠢ ᠪᠡᠶ᠎ᠡ ᠶᠢᠨ ᠲᠠᠮᠢᠷ᠂  ᠦᠷᠢᠰᠦᠯᠳᠦᠭᠡᠨ ᠤ ᠪᠡᠶ᠎ᠡ ᠶᠢᠨ ᠲᠠᠮᠢᠷ᠂ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠵᠡᠷᠭᠡ ᠴᠢᠬᠤᠯᠠ ᠠᠭᠤᠯᠭ᠎ᠠ ᠶᠢᠨ ᠲᠣᠭᠤᠷᠢᠨ ᠳᠤ ᠥᠪᠥᠷ ᠮᠣᠩᠭᠤᠯ ᠤᠨ ᠪᠡᠶ᠎ᠡ ᠶᠢᠨ ᠲᠠᠮᠢᠷ ᠤᠨ ᠥᠯᠢᠭᠡᠷ ᠢ ᠣᠯᠠᠨ ᠲᠠᠯ᠎ᠠ ᠠᠴᠠ᠂ ᠣᠯᠠᠨ ᠶᠠᠩᠵᠤ ᠶᠢᠨ᠂ ᠪᠥᠬᠦ ᠲᠠᠯ᠎ᠠ ᠪᠠᠷ ᠰᠠᠶᠢᠲᠤᠷ ᠤᠬᠠᠭᠤᠯᠵᠦ᠂ ᠥᠪᠥᠷ ᠮᠣᠩᠭᠤᠯ ᠤᠨ ᠪᠡᠶ᠎ᠡ ᠶᠢᠨ  ᠲᠠᠮᠢᠷ   ᠤᠨ  ᠬᠦᠭᠵᠢᠯᠳᠡ   ᠳᠤ  ᠬᠠᠮᠳᠤᠪᠡᠷ  ᠬᠦᠴᠦᠨ  ᠵᠢᠳᠬᠦᠬᠦ   ᠶᠢ  ᠬᠦᠰᠡᠵᠦ  ᠪᠠᠶᠢᠨ᠎ᠡ  ᠭᠡᠵᠦ ᠢᠯᠡᠷᠬᠡᠶᠢᠯᠡᠪᠡ᠃     ᠡᠦ ᠬᠠᠶ ᠯᠦᠩ ᠢᠯᠡᠷᠬᠡᠶᠢᠯᠡᠬᠦ ᠳᠡᠭᠡᠨ᠂ ᠥᠪᠥᠷ ᠮᠣᠩᠭᠤᠯ ᠤᠨ ᠡᠳᠦᠷ ᠤᠨ ᠰᠣᠨᠢᠨ ᠤ ᠬᠤᠷᠢᠶ᠎ᠠ ᠥᠪᠥᠷ ᠮᠣᠩᠭᠤᠯ ᠤᠨ ᠪᠡᠶ᠎ᠡ ᠶᠢᠨ ᠲᠠᠮᠢᠷ ᠤᠨ ᠦᠢᠯᠡᠰ ᠤᠨ ᠬᠥᠭᠵᠢᠯᠲᠡ ᠶᠢᠨ ᠭᠤᠣᠯᠳᠠᠯᠭ᠎ᠠ ᠲᠠᠢ ᠬᠦᠷᠢᠶ᠎ᠡ᠂ ᠭᠤᠣᠯᠳᠠᠯᠭ᠎ᠠ ᠲᠠᠢ ᠤᠷᠤᠯᠳᠤᠭᠠᠨ᠂ ᠭᠤᠣᠯᠳᠠᠯᠭ᠎ᠠ ᠲᠠᠢ ᠠᠵᠢᠯᠯᠠᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠵᠥᠪ ᠣᠨᠣᠪᠴᠢᠲᠠᠶ ᠶᠠᠷᠢᠶ᠎ᠠ ᠬᠡᠯᠡᠯᠴᠡᠭᠡᠨ ᠤ ᠤᠳᠤᠷᠢᠳᠤᠮᠵᠢ ᠶᠢ ᠡᠵᠡᠮᠳᠡᠨ᠂ ᠴᠢᠭᠯᠡᠭᠦᠯᠬᠦ ᠴᠢᠨᠠᠷᠲᠠᠶ ᠪᠥᠬᠦ ᠲᠠᠯ᠎ᠠ ᠶᠢᠨ ᠲᠥᠰᠦᠪᠯᠡᠯ ᠢ ᠰᠠᠶᠢᠲᠤᠷ ᠬᠢᠭᠰᠡᠨ ᠰᠠᠭᠤᠷᠢᠨ ᠳᠡᠭᠡᠷ᠎ᠡ᠂ ᠰᠣᠨᠢᠨ ᠮᠡᠳᠡᠭᠡᠯᠡᠯ ᠤᠨ ᠡᠷᠴᠢᠮ ᠢᠶᠠᠨ ᠴᠢᠩᠭᠠᠷᠠᠭᠤᠯᠵᠤ᠂ ᠵᠥᠪ ᠲᠠᠯ᠎ᠠ ᠶᠢᠨ ᠤᠬᠠᠭᠤᠯᠭ᠎ᠠ ᠬᠥᠮᠦᠵᠢᠯ ᠢ ᠴᠢᠩᠭᠠᠷᠠᠭᠤᠯᠤᠨ᠂ ᠤᠬᠠᠭᠤᠯᠭ᠎ᠠ ᠶᠢᠨ ᠬᠦᠴᠦᠨ ᠢᠶᠠᠷ ᠪᠡᠶ᠎ᠡ ᠶᠢᠨ ᠲᠠᠮᠢᠷ ᠲᠤ ᠦᠢᠯᠡᠴᠢᠯᠡᠵᠦ᠂ ᠠᠷᠠᠳ ᠲᠦᠮᠡᠨ ᠳᠤ ᠦᠢᠯᠡᠴᠢᠯᠡᠨ᠂ ᠨᠡᠶᠢᠭᠡᠮ ᠳᠤ ᠦᠢᠯᠡᠴᠢᠯᠠᠵᠦ᠂ ᠣᠯᠠᠨ ᠲᠦᠮᠡᠨ ᠤ ᠪᠠᠶᠠᠷ ᠬᠥᠷ ᠲᠠᠢ ᠪᠡᠶ᠎ᠡ ᠶᠢᠨ ᠲᠠᠮᠢᠷ ᠪᠠ ᠵᠣᠯ ᠵᠢᠷᠭᠠᠯᠲᠤ ᠠᠮᠢᠳᠤᠷᠠᠯ ᠤᠨ ᠵᠢᠭᠠᠯᠲᠠ ᠲᠤᠭ᠎ᠠ ᠶᠢ ᠰᠢᠨᠲᠠᠷᠠᠰᠢ ᠥᠬᠡᠶ ᠳᠡᠭᠡᠭᠰᠢᠯᠡᠭᠦᠯᠵᠦ᠂ ᠥᠪᠥᠷ ᠮᠣᠩᠭᠤᠯ ᠤᠨ ᠪᠡᠶ᠎ᠡ ᠶᠢᠨ ᠲᠠᠮᠢᠷ ᠤᠨ ᠥᠯᠢᠭᠡᠷ  ᠵᠢᠱᠢᠶ᠎ᠡ ᠶᠢ ᠰᠠᠶᠢᠳᠤᠷ ᠤᠬᠠᠭᠠᠯᠤᠨ᠎ᠠ ᠭᠡᠵᠦ ᠢᠯᠡᠷᠬᠡᠶᠢᠯᠡᠪᠡ᠃     ᠬᠤᠶᠠᠷ ᠲᠠᠯ᠎ᠠ ᠪᠠᠷ ᠢᠶᠠᠨ ᠪᠠᠰᠠ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠱᠠᠩᠨᠠᠯᠲᠤ ᠰᠤᠭᠤᠯᠤᠭ᠎ᠠ ᠶᠢᠨ ᠪᠣᠷᠣᠯᠠᠭᠤᠯᠭ᠎ᠠ ᠶᠢᠨ ᠬᠠᠮᠢᠶᠠᠷᠤᠯᠲᠠ ᠶᠢᠨ ᠲᠥᠪ ᠲᠤ ᠬᠦᠷᠴᠦ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠬᠠᠮᠢᠶ᠎ᠠ ᠪᠦᠬᠦᠢ ᠬᠠᠮᠳᠤᠷᠠᠯᠴᠠᠭᠠᠨ ᠤ ᠲᠤᠬᠠᠢ ᠶᠠᠷᠢᠯᠴᠠᠪᠠ᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18004690号