ᠦᠪᠡᠷᠳᠡᠭᠡᠨ ᠵᠠᠰᠠᠬᠤ ᠤᠷᠤᠨ ︽ᠭᠤᠷᠪᠠᠨ ᠳ᠋ᠦᠩᠰᠢᠭᠤᠷ ᠬᠥᠮᠦᠨ ᠢ ᠳᠠᠶᠢᠴᠢᠯᠠᠨ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠳᠤ ᠣᠷᠣᠯᠴᠠᠭᠤᠯᠬᠤ ︾ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2021/7/22
    ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠡᠷᠦᠩᠬᠡᠶ ᠱᠦᠵᠢ ᠰᠢ ᠶᠢᠨ ᠫᠢᠩ ᠤᠨ ᠰᠢᠷᠢᠰ ᠴᠢᠬᠤᠯᠠ ᠶᠠᠷᠢᠶ᠎ᠠ ᠪᠣᠯᠤᠨ ᠪᠡᠶ᠎ᠡ ᠶᠢᠨ ᠲᠠᠮᠢᠷ ᠤᠨ ᠠᠵᠢᠯ ᠤᠨ ᠲᠤᠬᠠᠶ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠵᠤ᠂ ︽ᠭᠤᠷᠪᠠᠨ ᠳ᠋ᠦᠩᠰᠢᠭᠤᠷ ᠬᠥᠮᠦᠨ ᠢ ᠳᠠᠶᠢᠴᠢᠯᠠᠨ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠳᠤ ᠣᠷᠣᠯᠴᠠᠭᠤᠯᠬᠤ︾ ᠠᠵᠢᠯ ᠢ ᠠᠬᠢᠭᠤᠯᠬᠤ ᠬᠤᠷᠠᠯ ᠤᠨ ᠵᠣᠷᠢᠭ ᠰᠠᠨᠠᠭ᠎ᠠ ᠶᠢ ᠴᠢᠬᠤᠯᠠᠴᠢᠯᠠᠨ ᠨᠠᠶᠢᠳᠠᠪᠤᠷᠢᠵᠢᠭᠤᠯᠵᠤ ᠪᠤᠢ᠃     ᠤᠢᠢᠯᠠᠭᠠᠭᠰᠠᠨ ᠢᠶᠠᠷ᠂ ᠥᠪᠥᠷ ᠮᠣᠩᠭᠤᠯ 2020 ᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠢ ᠳᠠᠭᠠᠭᠠᠴᠢᠯᠠᠨ ᠡᠷᠭᠢᠯᠡᠬᠦ ᠠᠵᠠ ᠲᠣᠬᠢᠶᠠᠯ ᠢ ᠤᠯᠤᠭᠰᠠᠨ ᠲᠠᠰᠢᠷᠠᠮ ᠢᠶᠠᠷ᠂ ᠶᠡᠷᠦᠩᠬᠡᠶ ᠱᠦᠵᠢ ᠰᠢ ᠶᠢᠨ ᠫᠢᠩ ᠤᠨ ︽ᠭᠤᠷᠪᠠᠨ ᠳ᠋ᠦᠩᠰᠢᠭᠤᠷ ᠬᠥᠮᠦᠨ ᠢ ᠳᠠᠶᠢᠴᠢᠯᠠᠨ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠳᠤ ᠣᠷᠣᠯᠴᠠᠭᠤᠯᠬᠤ︾ ᠤᠷᠢᠶᠠᠯᠠᠭ᠎ᠠ ᠶᠢ ᠢᠳᠡᠪᠬᠢᠲᠡᠶ ᠴᠤᠤᠷᠢᠶᠠᠳᠤᠨ᠂ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠪᠠ ᠪᠦᠬᠦ ᠠᠷᠠᠳ ᠤᠨ ᠡᠷᠡᠭᠦᠯ ᠮᠡᠨᠳᠦ ᠶᠢᠨ ᠠᠭᠤᠰᠤᠯᠴᠠᠨ ᠬᠥᠭᠵᠢᠬᠦ ᠶᠢ ᠠᠬᠢᠭᠤᠯᠪᠠ᠃ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠬᠢᠨ ᠰᠤᠷᠭᠠᠭᠤᠯᠢ ᠶᠢᠨ ᠬᠦᠷᠢᠶᠡᠨ ᠤ ᠮᠥᠰᠥ ᠴᠠᠰᠤᠨ ᠤ ᠲᠠᠯᠠᠪᠠᠢ ᠭᠠᠵᠠᠷ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠂ ᠨᠡᠶᠢᠭᠡᠮ ᠤᠨ ᠬᠦᠴᠦᠨ ᠤ ᠮᠥᠰᠥ ᠴᠠᠰᠤᠨ ᠤ ᠲᠠᠯᠠᠪᠠᠢ ᠭᠠᠵᠠᠷ ᠤᠨ ᠪᠦᠲᠦᠭᠡᠨ ᠪᠠᠶᠢᠭᠤᠯᠤᠯᠲᠠ ᠳᠤ ᠤᠷᠤᠯᠴᠠᠬᠤ ᠶᠢ ᠲᠠᠶᠢᠴᠢᠯᠠᠪᠠ᠃ ᠲᠠᠷᠠᠭᠠᠴᠢ ᠪᠠᠷ᠂ ᠮᠥᠰᠥ ᠴᠠᠰᠤᠨ ᠤ ᠪᠡᠶ᠎ᠡ ᠶᠢᠨ ᠲᠠᠮᠢᠷ ᠤᠨ ᠴᠤᠭᠯᠠᠭᠠᠨ ᠢ ᠢᠳᠡᠪᠬᠢᠲᠡᠢ ᠦᠷᠨᠢᠭᠦᠯᠵᠦ᠂ ᠮᠥᠰᠥ ᠴᠠᠰᠤᠨ ᠤ ᠬᠤᠯᠪᠣᠭᠠᠲᠤ ᠤᠷᠤᠯᠳᠤᠭᠠᠨ᠂ ᠵᠠᠯᠠᠭᠤᠴᠤᠳ ᠪᠠᠭᠠᠴᠤᠳ ᠤᠨ ᠮᠥᠰᠥ ᠴᠠᠰᠤᠨ ᠤ ᠬᠥᠳᠡᠯᠭᠡᠭᠡᠨ᠂ ᠨᠠᠢᠮᠠᠳᠤᠭᠠᠷ ᠬᠤᠭᠤᠴᠠᠭᠠᠨ ᠤ ︽ᠣᠯᠠᠨ ᠲᠦᠮᠡᠨᠴᠢ ᠮᠥᠰᠥ ᠴᠠᠰᠤᠨ ᠤ ᠤᠯᠠᠷᠢᠯ︾ ᠤᠨ ᠬᠠᠮᠢᠶ᠎ᠠ ᠪᠥᠬᠦᠶ ᠠᠵᠢᠯᠯᠠᠭ᠎ᠠ ᠶᠢ ᠰᠠᠶᠢᠲᠤᠷ ᠬᠢᠵᠦ᠂ ᠮᠥᠰᠥ ᠴᠠᠰᠤᠨ ᠤ ᠪᠡᠶ᠎ᠡ ᠶᠢᠨ ᠲᠠᠮᠢᠷ ᠤᠨ ᠠᠵᠤ ᠦᠢᠯᠡᠰ ᠢ ᠶᠡᠭᠡ ᠪᠠᠷ ᠬᠥᠭᠵᠢᠭᠦᠯᠵᠦ᠂ ᠣᠳᠣᠬᠢᠴᠢᠯᠠᠭᠰᠠᠨ ᠪᠡᠶ᠎ᠡ ᠶᠢᠨ ᠲᠠᠮᠢᠷ ᠤᠨ ᠬᠦᠴᠦᠷᠬᠡᠭ ᠤᠯᠤᠰ ᠤᠨ ᠰᠢᠰᠲ᠋ᠧᠮ ᠯᠦᠭᠡ ᠲᠣᠬᠢᠷᠠᠯᠴᠠᠭᠰᠠᠨ ᠮᠥᠰᠥ ᠴᠠᠰᠤᠨ ᠤ ᠪᠡᠶ᠎ᠡ ᠶᠢᠨ ᠲᠠᠮᠢᠷ ᠤᠨ ᠦᠢᠯᠡᠰ ᠤᠨ ᠬᠥᠭᠵᠢᠯᠲᠡ ᠶᠢᠨ ᠪᠠᠶᠢᠷᠢᠰᠢᠯ ᠢ ᠪᠦᠷᠢᠯᠳᠦᠭᠦᠯᠦᠨ᠎ᠡ᠃
 
ᠢᠷᠡᠯᠲᠡ᠄ ᠦᠪᠦᠷ ᠮᠤᠩᠭᠤᠯ ᠤᠨ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18004690号