| ᠰᠢᠨ᠎ᠠ ᠪᠠᠷᠭᠤ ᠵᠡᠬᠦᠨ ᠬᠤᠰᠢᠭᠤ ᠪᠠᠷ ᠨᠤᠲᠤᠭᠲᠠᠢ ᠴᠢᠯᠦᠬᠡᠲᠦ ᠪᠦᠬᠡ ᠶᠢᠨ ᠤᠯᠤᠰ ᠤᠨ ᠠᠪᠤᠷᠭᠤ ᠠᠯᠳᠠᠨ | ᠪᠦᠰᠠ ᠶᠢᠨ ᠡᠵᠡᠨ ᠪᠤᠳᠢᠵᠠᠪ᠂ ᠮᠦᠡᠭᠬᠡᠵᠠᠭᠠᠨ ᠰᠢᠨ᠎ᠠ ᠪᠠᠷᠭᠤ ᠵᠡᠬᠦᠨ ᠬᠤᠰᠢᠭᠤᠨ ᠤ ᠠᠮᠤᠭᠤᠯᠠᠩ ᠪᠠᠯᠭᠠᠰᠤᠨ ᠳᠤ | ᠪᠤᠴᠠᠵᠤ ᠢᠷᠡᠬᠦ ᠳᠤ ᠨᠤᠳᠤᠭ ᠤᠨ ᠵᠤᠨ ᠤᠯᠠᠨ ᠨᠢ ᠬᠦᠨᠲᠦᠳᠬᠡᠯ ᠦᠵᠡᠬᠦᠯᠦᠨ ᠬᠦᠯᠢᠶᠡᠨ ᠠᠪᠤᠯ᠎ᠠ᠃ | ᠬᠤᠶᠠᠷ ᠠᠪᠤᠷᠭᠤ ᠮᠠᠨᠢ 2020 ᠤᠨ ᠤ ᠪᠦᠬᠦ ᠤᠯᠤᠰ ᠤᠨ ᠴᠢᠯᠦᠬᠡᠲᠦ ᠪᠦᠬᠡ ᠶᠢᠨ ᠠᠪᠤᠷᠭᠤ | ᠰᠢᠯᠭᠠᠷᠠᠭᠤᠯᠬᠤ ᠲᠡᠮᠡᠴᠡᠬᠡᠨ ᠵᠢᠴᠢ ᠤᠯᠢᠮᠫᠢᠺ ᠤᠨ ᠰᠤᠩᠭᠤᠯᠳᠠ ᠤᠷᠤᠯᠲᠤᠭᠠᠨ ᠳᠤ ᠤᠷᠤᠯᠴᠠᠬᠤ ᠡᠷᠬᠡ ᠤᠯᠬᠤ | ᠤᠷᠤᠯᠲᠤᠭᠠᠨ ᠳᠤ ᠦᠪᠦᠷ ᠮᠤᠩᠭᠤᠯ ᠢᠶᠠᠨ ᠲᠦᠯᠦᠬᠡᠯᠡᠨ ᠤᠷᠤᠯᠴᠠᠵᠤ ᠪᠤᠳᠢᠵᠠᠪ 92 ᠺᠢᠯᠦᠭᠷᠠᠮ ᠤᠨ ᠲᠡᠰ ᠲᠤ | ᠲᠡᠷᠢᠬᠦᠯᠡᠵᠦ᠂ ᠮᠦᠡᠭᠬᠡᠵᠠᠭᠠᠨ 74 ᠺᠢᠯᠦᠭᠷᠠᠮ ᠤᠨ ᠲᠡᠰ ᠲᠤ ᠲᠡᠷᠢᠬᠦᠯᠡᠵᠠᠢ᠃ | ᠬᠤᠶᠠᠷ ᠠᠪᠤᠷᠭᠤ ᠶᠢ ᠤᠭᠲᠤᠬᠤ ᠶᠤᠰᠤᠯᠠᠯ ᠳᠤ ᠨᠤᠲᠤᠭ ᠤᠨ ᠵᠤᠨ ᠲᠦᠮᠡᠨ ᠵᠢᠴᠢ ᠲᠦᠷᠦᠯ ᠰᠠᠲᠤᠨ ᠨᠢ | ᠬᠦᠷᠦᠯᠴᠡᠨ ᠤᠴᠢᠵᠦ᠂ ᠢᠳᠡᠬᠡᠨ ᠤ ᠲᠡᠬᠡᠵᠢ ᠰᠦ ᠪᠠᠷ ᠮᠢᠯᠢᠶᠠᠨ ᠤᠭᠲᠤᠵᠤ᠂ ᠬᠤᠶᠢᠰᠢᠳᠠ ᠬᠤᠶᠠᠷ | ᠠᠪᠤᠷᠭᠤ ᠶᠢᠨ ᠢᠶᠠᠨ ᠪᠦᠬᠡ ᠶᠢᠨ ᠲᠡᠪᠵᠢᠶᠡᠨ ᠳᠤ ᠤᠯᠠᠮ ᠦᠨᠲᠦᠷ ᠠᠮᠵᠢᠯᠳᠠ ᠪᠠᠶᠢᠭᠤᠯᠬᠤ ᠶᠢ ᠵᠦᠡᠭᠨᠡᠪᠡ᠃ | ᠬᠤᠰᠢᠭᠤ ᠰᠤᠮᠤ᠂ ᠰᠢᠨ᠎ᠠ ᠪᠠᠷᠭᠤ ᠵᠡᠬᠦᠨ ᠬᠤᠰᠢᠭᠤᠨ ᠤ ᠪᠦᠬᠡ ᠶᠢᠨ ᠨᠡᠶᠢᠬᠡᠮᠯᠢᠭ᠂ ᠲᠦᠷᠦᠯ ᠰᠠᠲᠤᠨ ᠨᠢ ᠲᠠᠪᠤᠨ | ᠬᠤᠰᠢᠭᠤ ᠮᠠᠯ ᠤᠨ ᠪᠡᠯᠡᠭ ᠭᠠᠷᠳᠠᠭᠤᠯᠵᠤ ᠬᠦᠨᠳᠦᠳᠬᠡᠯ ᠦᠵᠡᠬᠦᠯᠪᠡ᠃ | ᠶᠤᠰᠤᠯᠠᠯ ᠤᠨ ᠲᠠᠷᠠᠭ᠎ᠠ ᠬᠤᠶᠠᠷ ᠠᠪᠤᠷᠭᠤ ᠮᠠᠨᠢ ᠰᠢᠨ᠎ᠠ ᠪᠠᠷᠭᠤ ᠵᠡᠬᠦᠨ ᠬᠤᠰᠢᠭᠤᠨ ᠤ ᠪᠡᠶ᠎ᠡ ᠶᠢᠨ ᠲᠠᠮᠢᠷ ᠤᠨ | ᠰᠤᠷᠭᠠᠭᠤᠯᠢ ᠳᠤ ᠬᠦᠷᠴᠦ ᠴᠢᠯᠦᠬᠡᠲᠦ ᠪᠦᠬᠡ ᠶᠢᠨ ᠮᠡᠷᠬᠡᠵᠢᠯ ᠤᠨ ᠬᠢᠴᠢᠶᠡᠯ ᠤᠷᠤᠭᠰᠠᠨ ᠪᠠᠶᠢᠨ᠎ᠠ᠃ |