ᠪᠤᠭᠤᠲᠤ ᠬᠤᠲᠠ 10 ᠺᠢᠯᠣᠮᠧᠲᠷ ᠤᠨ ᠰᠦᠯᠢᠶᠥᠦ ᠭᠤᠮ ᠪᠡᠶ᠎ᠡ ᠴᠢᠭᠢᠷᠠᠭᠵᠢᠭᠤᠯᠬᠤ ᠶᠠᠪᠠᠭᠠᠨ ᠵᠠᠮ ᠢ ᠪᠠᠶᠢᠭᠤᠯᠪᠠ
ᠨᠡᠶᠢᠲᠡᠯᠡᠭᠰᠡᠨ ᠴᠠᠭ᠄
2022/10/27
    ᠪᠤᠭᠤᠲᠤ ᠬᠤᠲᠠ ᠶᠢᠨ ᠨᠠᠮ ᠤᠨ ᠬᠤᠷᠢᠶ᠎ᠠ ᠶᠢᠨ ︽ᠪᠡᠶ᠎ᠡ ᠶᠢᠨ ᠲᠠᠮᠢᠷ ᠤᠨ ᠬᠤᠲᠠ᠂ ᠡᠷᠡᠭᠦᠯ ᠡᠩᠬᠡ ᠶᠢᠨ ᠬᠤᠲᠠ ᠶᠢ ᠴᠢᠷᠮᠠᠶᠢᠨ ᠪᠠᠶᠢᠭᠤᠯᠬᠤ︾ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠪᠤᠭᠤᠲᠤ ᠪᠠᠨ ᠬᠠᠶᠢᠷᠠᠯᠠᠵᠤ᠂ ᠬᠤᠪᠢ ᠨᠡᠮᠡᠷᠢ ᠦᠵᠡᠭᠦᠯᠬᠦ︾ ᠭᠤᠣᠯ ᠰᠡᠳᠦᠪᠲᠦ ᠦᠢᠯᠡᠳᠦᠯᠭᠡ ᠶᠢᠨ ᠠᠵᠢᠯᠯᠠᠭ᠎ᠠ ᠶᠢ ᠯᠠᠪᠳᠠᠭᠤᠨ ᠪᠠᠲᠤᠲᠠᠢ ᠲᠦᠯᠬᠢᠨ ᠠᠬᠢᠭᠤᠯᠵᠤ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠪᠡᠯᠡᠳᠬᠡᠮᠵᠢ ᠶᠢᠨ ᠳᠤᠲᠠᠭᠤᠳᠠᠯ ᠢ ᠨᠥᠬᠦᠪᠦᠷᠢᠯᠡᠬᠦ ᠢᠨᠵᠧᠨᠧᠷᠢᠩ ᠢ ᠶᠡᠬᠡᠪᠡᠷ ᠬᠡᠷᠡᠭᠵᠢᠭᠦᠯᠬᠦ ᠶᠢᠨ ᠲᠤᠰᠠᠳᠠ᠂ ᠪᠤᠭᠤᠲᠤ ᠬᠤᠲᠠ ᠶᠢᠨ ᠥᠨᠳᠥᠷ ᠪᠠᠷᠢᠮᠵᠢᠶᠠᠲᠤ ᠪᠡᠶ᠎ᠡ ᠴᠢᠭᠢᠷᠠᠭᠵᠢᠭᠤᠯᠬᠤ ᠶᠠᠪᠠᠭᠠᠨ ᠵᠠᠮ ︱ ᠰᠠᠶᠢᠬᠠᠨ ᠲᠠᠯ᠎ᠠ ᠴᠡᠴᠡᠷᠯᠢᠭ ᠤᠨ 10 ᠺᠢᠯᠣᠮᠧᠲᠷ ᠤᠨ ᠰᠦᠯᠢᠶᠥᠦ ᠭᠤᠮ ᠪᠡᠶ᠎ᠡ ᠴᠢᠭᠢᠷᠠᠭᠵᠢᠭᠤᠯᠬᠤ ᠶᠠᠪᠠᠭᠠᠨ ᠵᠠᠮ ᠤᠨ ᠭᠤᠣᠯ ᠴᠣᠭᠴᠠ ᠶᠢᠨ ᠢᠨᠵᠧᠨᠧᠷᠢᠩ ᠢ ᠳᠠᠭᠤᠰᠬᠠᠵᠤ᠂ 11 ᠰᠠᠷ᠎ᠠ ᠶᠢᠨ ᠳᠤᠮᠳᠠᠴᠢ ᠪᠠᠷ ᠣᠯᠠᠨ ᠨᠡᠶᠢᠲᠡ ᠳᠤ ᠨᠡᠭᠡᠭᠡᠬᠦ ᠪᠠᠷ ᠵᠢᠱᠢᠵᠦ ᠪᠣᠶ᠃
   ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠬᠦᠴᠦᠲᠡᠢ ᠳᠡᠮᠵᠢᠯᠭᠡ ᠳᠣᠣᠷ᠎ᠠ᠂ ᠪᠤᠭᠤᠲᠤ ᠬᠤᠲᠠ ᠶᠢᠨ ᠪᠡᠶ᠎ᠡ ᠶᠢᠨ ᠲᠠᠮᠢᠷ ᠤᠨ ᠲᠣᠪᠴᠢᠶ᠎ᠠ ᠨᠢ ᠬᠤᠲᠠ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠤ ᠲᠣᠬᠢᠷᠠᠭᠤᠯᠤᠯᠲᠠ ᠪᠠᠶᠢᠷᠢᠯᠠᠭᠤᠯᠤᠯᠲᠠ ᠶᠣᠰᠣᠭᠠᠷ᠂ 9 ᠰᠠᠷ᠎ᠠ ᠶᠢᠨ ᠡᠬᠢ ᠪᠠᠷ ᠠᠵᠢᠯ ᠤᠨ ᠡᠭᠦᠷᠭᠡ ᠶᠢ ᠭᠥᠯᠢᠶᠡᠨ ᠠᠪᠴᠤ᠂ ᠪᠡᠶ᠎ᠡ ᠴᠢᠭᠢᠷᠠᠭᠵᠢᠭᠤᠯᠬᠤ ᠶᠠᠪᠠᠭᠠᠨ ᠵᠠᠮ ᠤᠨ ᠠᠵᠢᠯ ᠤᠨ ᠲᠤᠰᠬᠠᠢ ᠠᠩᠭᠢ ᠶᠢ ᠦᠳᠲᠡᠷ ᠲᠦᠷᠭᠡᠨ ᠪᠠᠶᠢᠭᠤᠯᠵᠤ᠂ ᠰᠦᠯᠢᠶᠥᠦ ᠭᠤᠮ ᠪᠡᠶ᠎ᠡ ᠴᠢᠭᠢᠷᠠᠭᠵᠢᠭᠤᠯᠬᠤ ᠶᠠᠪᠠᠭᠠᠨ ᠵᠠᠮ ᠤᠨ ᠪᠦᠲᠦᠭᠡᠨ ᠪᠠᠶᠢᠭᠤᠯᠤᠯᠲᠠ ᠶᠢᠨ ᠬᠡᠷᠡᠭᠵᠢᠭᠦᠯᠬᠦ ᠲᠥᠰᠥᠯ ᠢ ᠲᠣᠭᠲᠠᠭᠠᠨ᠂ ᠶᠠᠪᠠᠭᠠᠨ ᠵᠠᠮ ᠤᠨ ᠪᠦᠲᠦᠭᠡᠨ ᠪᠠᠶᠢᠭᠤᠯᠤᠯᠲᠠ ᠶᠢᠨ ᠬᠡᠪ ᠪᠠᠷᠢᠮᠵᠢᠶ᠎ᠠ ᠪᠠ ᠪᠠᠷᠢᠮᠵᠢᠶ᠎ᠠ ᠶᠢ ᠲᠣᠳᠣᠷᠬᠠᠶᠢᠯᠠᠪᠠ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠪᠠᠷᠢᠯᠭ᠎ᠠ ᠶᠢᠨ ᠠᠵᠢᠯ ᠤᠨ ᠠᠬᠢᠴᠠ ᠶᠢ ᠨᠢᠭᠡᠳᠦᠯᠲᠡᠢ ᠲᠥᠯᠥᠪᠯᠡᠨ ᠰᠠᠶᠢᠲᠤᠷ ᠬᠢᠵᠦ᠂ ᠪᠠᠷᠢᠯᠭ᠎ᠠ ᠶᠢᠨ ᠠᠵᠢᠯᠲᠠᠨ ᠤ ᠪᠢᠳᠡᠭᠦᠮᠵᠢᠯᠡᠭᠰᠡᠨ ᠬᠠᠮᠢᠶᠠᠷᠤᠯᠲᠠ᠂ ᠪᠠᠷᠢᠯᠭ᠎ᠠ ᠶᠢᠨ ᠠᠵᠢᠯ ᠤᠨ ᠠᠬᠢᠴᠠ ᠶᠢ ᠡᠳᠦᠷ ᠪᠦᠷᠢ ᠳᠡᠭᠡᠭᠰᠢᠯᠡᠭᠦᠯᠬᠦ ᠵᠡᠷᠭᠡ ᠠᠷᠭ᠎ᠠ ᠬᠡᠮᠵᠢᠶ᠎ᠡ ᠶᠢ ᠠᠪᠴᠤ᠂ ᠲᠥᠯᠥᠪᠯᠡᠭᠡ ᠶᠣᠰᠣᠭᠠᠷ 10 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠰᠠᠶᠢᠬᠠᠨ ᠲᠠᠯ᠎ᠠ ᠴᠡᠴᠡᠷᠯᠢᠭ ᠤᠨ ᠰᠦᠯᠢᠶᠥᠦ ᠭᠤᠮ ᠪᠡᠶ᠎ᠡ ᠴᠢᠭᠢᠷᠠᠭᠵᠢᠭᠤᠯᠬᠤ ᠶᠠᠪᠠᠭᠠᠨ ᠵᠠᠮ ᠤᠨ ᠪᠠᠷᠢᠯᠭ᠎ᠠ ᠶᠢᠨ ᠡᠭᠦᠷᠭᠡ ᠶᠢ ᠪᠡᠶᠡᠯᠡᠭᠦᠯᠪᠡ᠃
   ᠰᠦᠯᠢᠶᠥᠦ ᠭᠤᠮ ᠪᠡᠶ᠎ᠡ ᠴᠢᠭᠢᠷᠠᠭᠵᠢᠭᠤᠯᠬᠤ ᠶᠠᠪᠠᠭᠠᠨ ᠵᠠᠮ ᠤᠨ ᠪᠦᠲᠦᠭᠡᠨ ᠪᠠᠶᠢᠭᠤᠯᠤᠯᠲᠠ ᠪᠣᠯ ᠲᠥᠪ ᠠᠴᠠ ᠨᠠᠩ ᠥᠨᠳᠥᠷ ᠬᠢᠷᠢ ᠲᠦᠪᠰᠢᠨ ᠪᠦᠬᠦᠢ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠣᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠬᠤ ᠶᠢ ᠨᠠᠶᠢᠳᠠᠪᠤᠷᠢᠵᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠬᠤ ᠪᠥᠭᠡᠳ ᠪᠠᠰᠠ ᠴᠤ ᠪᠤᠭᠤᠲᠤ ᠶᠢᠨ ᠠᠷᠠᠳ ᠤᠨ ᠠᠮᠢᠳᠤᠷᠠᠯ ᠤᠨ ᠨᠢᠭᠡ ᠵᠦᠢᠯ ᠤᠨ ᠴᠢᠬᠤᠯᠠ ᠢᠨᠵᠧᠨᠧᠷᠢᠩ ᠪᠣᠯᠣᠨ᠎ᠠ᠃ ᠪᠤᠭᠤᠲᠤ ᠬᠤᠲᠠ ᠨᠢ ᠴᠡᠴᠡᠷᠯᠢᠭ ᠤᠨ ᠣᠨᠴᠠᠯᠢᠭ ᠲᠠᠢ ᠪᠠᠨ ᠤᠶᠠᠯᠳᠤᠭᠤᠯᠤᠨ᠂ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠳᠤ ᠣᠶᠢᠷᠠᠲᠤᠭᠤᠯᠵᠤ᠂ ᠲᠤᠬᠠᠢ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠰᠦᠯᠢᠶᠥᠦ ᠭᠤᠮ ᠪᠡᠶ᠎ᠡ ᠴᠢᠭᠢᠷᠠᠭᠵᠢᠭᠤᠯᠬᠤ ᠶᠠᠪᠠᠭᠠᠨ ᠵᠠᠮ ᠤᠨ ᠪᠦᠲᠦᠭᠡᠨ ᠪᠠᠶᠢᠭᠤᠯᠤᠯᠲᠠ ᠶᠢ  ᠦᠷᠨᠢᠭᠦᠯᠵᠦ ᠪᠤᠢ᠃ ᠪᠤᠭᠤᠲᠤ ᠬᠤᠳᠠ ᠶᠢᠨ ᠬᠢᠨ ᠪᠠᠰᠠ ᠬᠤᠳᠠ ᠶᠢᠨ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠺᠦᠨᠱᠠᠨ ᠲᠣᠭᠤᠷᠢᠭ᠂ ᠴᠢᠩᠱᠠᠨ ᠲᠣᠭᠤᠷᠢᠭ᠂ ᠵᠢᠤᠶᠤᠸᠠᠨ ᠲᠣᠭᠤᠷᠢᠭ ᠪᠣᠯᠣᠨ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠣᠯᠢᠮᠫᠢᠺ ᠤᠨ ᠴᠡᠴᠡᠷᠯᠢᠭ᠂ ᠠᠷᠳᠢᠨ ᠤᠷᠭᠤᠮᠠᠯ ᠤᠨ ᠬᠦᠷᠢᠶᠡᠯᠡᠩ᠂ ᠵᠢᠨᠯᠢᠨ ᠴᠡᠴᠡᠷᠯᠢᠭ᠂ ᠬᠤᠳᠠ ᠶᠢᠨ ᠠᠷᠠᠳ ᠤᠨ ᠴᠡᠴᠡᠷᠯᠢᠭ᠂ ᠬᠥᠳᠡᠯᠮᠦᠷᠢ ᠶᠢᠨ ᠵᠢᠱᠢᠶᠡᠴᠢ ᠶᠢᠨ ᠴᠡᠴᠡᠷᠯᠢᠭ ᠵᠡᠷᠭᠡ ᠴᠡᠴᠡᠷᠯᠢᠭ ᠲᠤ ᠰᠦᠯᠢᠶᠥᠦ ᠭᠤᠮ ᠪᠡᠶ᠎ᠡ ᠴᠢᠭᠢᠷᠠᠭᠵᠢᠭᠤᠯᠬᠤ ᠶᠠᠪᠠᠭᠠᠨ ᠵᠠᠮ ᠢ ᠵᠡᠷᠭᠡᠪᠡᠷ ᠪᠠᠶᠢᠭᠤᠯᠬᠤ ᠶᠢ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠪᠠ᠃ ᠡᠭᠦᠨ ᠳᠤ ᠣᠯᠢᠮᠫᠢᠺ ᠤᠨ ᠴᠡᠴᠡᠷᠯᠢᠭ᠂ ᠬᠤᠲᠠ ᠶᠢᠨ ᠠᠷᠠᠳ ᠤᠨ ᠴᠡᠴᠡᠷᠯᠢᠭ ᠤᠨ ᠪᠡᠶ᠎ᠡ ᠴᠢᠭᠢᠷᠠᠭᠵᠢᠭᠤᠯᠬᠤ ᠶᠠᠪᠠᠭᠠᠨ ᠵᠠᠮ ᠤᠨ ᠭᠤᠣᠯ ᠪᠠᠷᠢᠯᠭ᠎ᠠ ᠶᠢ ᠨᠢᠭᠡᠨᠲᠡ ᠳᠠᠭᠤᠰᠬᠠᠵᠤ᠂ ᠪᠤᠰᠤᠳ ᠴᠡᠴᠡᠷᠯᠢᠭ ᠤᠨ ᠪᠡᠶ᠎ᠡ ᠴᠢᠭᠢᠷᠠᠭᠵᠢᠭᠤᠯᠬᠤ ᠶᠠᠪᠠᠭᠠᠨ ᠵᠠᠮ ᠢ ᠴᠤ ᠵᠠᠯᠭᠠᠭ᠎ᠠ ᠪᠠᠷ ᠳᠠᠭᠤᠰᠬᠠᠬᠤ ᠪᠣᠯᠣᠨ᠎ᠠ᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18004690号