ᠲᠦᠩᠯᠢᠶᠣᠣ ᠬᠤᠲᠠ ᠶᠢᠨ ᠨᠡᠶᠢᠭᠡᠮ ᠲᠣᠭᠤᠷᠢᠭ ᠤᠨ ᠪᠡᠶ᠎ᠡ ᠶᠢᠨ ᠲᠠᠮᠢᠷ ᠤᠨ ᠴᠤᠭᠯᠠᠭᠠᠨ ᠠᠮᠵᠢᠯᠲᠠ ᠲᠠᠢ ᠥᠨᠳᠥᠷᠯᠡᠪᠡ
ᠨᠡᠶᠢᠲᠡᠯᠡᠭᠰᠡᠨ ᠴᠠᠭ᠄
2022/10/29
    10 ᠰᠠᠷ᠎ᠠ ᠶᠢᠨ 29 ᠤ ᠡᠳᠦᠷ᠂ ᠲᠦᠩᠯᠢᠶᠣᠣ ᠬᠤᠲᠠ ᠶᠢᠨ ᠪᠡᠶ᠎ᠡ ᠶᠢᠨ ᠲᠠᠮᠢᠷ ᠤᠨ ᠲᠣᠪᠴᠢᠶ᠎ᠠ ᠠᠴᠠ ᠭᠤᠣᠯᠯᠠᠨ ᠡᠷᠭᠢᠯᠡᠵᠦ᠂ ᠬᠤᠷᠴᠢᠨ ᠲᠣᠭᠤᠷᠢᠭ ᠤᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠠᠴᠠ ᠲᠠᠭᠠᠭᠠᠴᠢᠯᠠᠨ ᠡᠷᠭᠢᠯᠡᠵᠦ᠂ ᠬᠤᠷᠴᠢᠨ ᠲᠣᠭᠤᠷᠢᠭ ᠤᠨ ᠲᠡᠮᠦᠷ ᠵᠠᠮ ᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠣᠶ ᠰᠢᠭᠤᠢ ᠶᠢᠨ ᠴᠡᠴᠡᠷᠯᠢᠭ ᠤᠨ ᠬᠠᠮᠢᠶᠠᠷᠤᠯᠳᠠ ᠶᠢᠨ ᠲᠥᠪ᠂ ᠬᠤᠷᠴᠢᠨ ᠲᠣᠭᠤᠷᠢᠭ ᠤᠨ ᠣᠶ ᠰᠢᠭᠤᠢ ᠶᠢᠨ ᠬᠤᠯᠠ ᠭᠦᠶᠦᠯᠲᠡ ᠶᠢᠨ ᠨᠡᠶᠢᠭᠡᠮᠯᠢᠭ ᠠᠴᠠ ᠬᠠᠮᠵᠢᠨ ᠡᠷᠭᠢᠯᠡᠭᠰᠡᠨ ᠲᠦᠩᠯᠢᠶᠣᠣ ᠬᠤᠲᠠ ᠶᠢᠨ ᠨᠡᠶᠢᠭᠡᠮ ᠲᠣᠭᠤᠷᠢᠭ ᠤᠨ ᠪᠡᠶ᠎ᠡ ᠶᠢᠨ ᠲᠠᠮᠢᠷ ᠤᠨ ᠴᠤᠭᠯᠠᠭᠠᠨ ᠵᠢᠴᠢ ᠬᠤᠷᠴᠢᠨ ᠲᠣᠭᠤᠷᠢᠭ ᠤᠨ ᠡᠷᠡᠭᠦᠯ ᠮᠡᠨᠳᠦ ᠶᠢᠨ ᠭᠦᠶᠦᠯᠲᠡ ᠶᠢᠨ ᠶᠡᠭᠡ ᠬᠤᠷᠠᠯ ᠣᠶ ᠰᠢᠭᠤᠢ ᠶᠢᠨ ᠴᠡᠴᠡᠷᠯᠢᠭ ᠲᠤ ᠶᠠᠪᠤᠭᠳᠠᠪᠠ᠃
   ᠬᠤᠷᠴᠢᠨ ᠲᠣᠭᠤᠷᠢᠭ ᠠᠴᠠ ᠬᠦᠷᠦᠯᠴᠡᠨ ᠢᠷᠡᠭᠰᠡᠨ 200 ᠭᠠᠷᠤᠢ ᠬᠤᠯᠠ ᠭᠦᠶᠦᠯᠲᠡ ᠳᠤ ᠪᠠᠭ᠋ᠠᠲᠠᠢ ᠬᠥᠮᠥᠰ ᠲᠤᠰ ᠤᠳᠠᠭ᠎ᠠ ᠶᠢᠨ ᠠᠵᠢᠯᠯᠠᠭ᠎ᠠ ᠳᠤ ᠣᠷᠣᠯᠴᠠᠵᠠᠢ᠃ ᠤᠷᠤᠯᠳᠤᠭᠠᠨ ᠳᠤ ᠣᠷᠣᠯᠴᠠᠭᠰᠠᠳ ᠣᠶ ᠰᠢᠭᠤᠢ ᠶᠢᠨ ᠴᠡᠴᠡᠷᠯᠢᠭ ᠤᠨ ᠤᠷᠤᠯᠳᠤᠭᠠᠨ ᠤ ᠵᠠᠮ ᠤᠨ ᠲᠣᠭᠤᠷᠢᠨ ᠳᠤ 5 ᠺᠢᠯᠣᠮᠧᠲᠷ ᠬᠦᠶᠦᠵᠦ᠂ ᠡᠴᠦᠰ ᠤᠨ ᠴᠡᠭ ᠲᠤ ᠭᠦᠷᠦᠭᠰᠡᠨ ᠤ ᠳᠠᠷᠠᠭ᠎ᠠ ᠱᠠᠩᠨᠠᠯ ᠤᠨ ᠮᠧᠳᠠᠯ ᠢᠶᠠᠨ ᠠᠪᠴᠤ᠂ ᠨᠡᠷᠡᠰ ᠤᠨ ᠵᠢᠭᠰᠠᠭᠠᠯᠲᠠ ᠪᠠ ᠰᠢᠯᠭᠠᠷᠠᠭᠤᠯᠤᠯᠲᠠ ᠬᠢᠭᠰᠡᠨ ᠦᠭᠡᠢ᠃
   ᠲᠣᠰ ᠤᠳᠠᠭᠠᠨ ᠤ ᠠᠵᠢᠯᠯᠠᠭ᠎ᠠ ᠨᠢ ᠥᠷᠭᠡᠨ ᠣᠯᠠᠨ ᠬᠤᠯᠠ ᠭᠦᠶᠦᠬᠦ ᠳᠤᠷᠠᠲᠠᠢ ᠬᠥᠮᠥᠰ ᠲᠤ ᠬᠠᠷᠢᠯᠴᠠᠨ ᠨᠡᠪᠲᠡᠷᠡᠯᠴᠡᠬᠦ ᠲᠠᠪᠴᠠᠩ ᠪᠠᠶᠢᠭᠤᠯᠤᠨ ᠥᠭᠴᠦ᠂ ᠨᠠᠩ ᠣᠯᠠᠨ ᠣᠯᠠᠨ ᠲᠦᠮᠡᠨ ᠤ ᠠᠵᠢᠯ ᠤᠨ ᠴᠢᠯᠦᠭᠡ ᠪᠠᠷ ᠢᠶᠠᠨ ᠲᠠᠮᠢᠷ ᠤᠨ ᠪᠣᠯᠪᠠᠰᠤᠷᠠᠯ ᠢ ᠨᠠᠩ ᠢᠯᠡᠭᠦᠦ ᠴᠢᠬᠤᠯᠠᠴᠢᠯᠠᠵᠤ᠂ ᠪᠡᠶ᠎ᠡ ᠮᠠᠬᠠᠪᠤᠳ ᠤᠨ ᠬᠡᠪ ᠴᠢᠨᠠᠷ ᠪᠠ ᠪᠡᠶ᠎ᠡ ᠰᠡᠳᠬᠢᠯ ᠤᠨ ᠡᠷᠡᠭᠦᠯ ᠮᠡᠨᠳᠦ ᠶᠢ ᠰᠠᠶᠢᠵᠢᠷᠠᠭᠤᠯᠤᠨ  ᠲᠡᠭᠡᠭᠰᠢᠯᠡᠬᠦᠯᠬᠦ ᠵᠤᠷᠢᠯᠭ᠎ᠠ ᠪᠠᠷ ᠡᠷᠬᠢᠯᠡᠭᠰᠡᠨ ᠶᠤᠮ᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18004690号