ᠵᠠᠩ ᡁᠢ ᠥᠪᠥᠷ ᠮᠣᠩᠭᠤᠯ ᠤᠨ ᠪᠡᠶ᠎ᠡ ᠶᠢᠨ ᠲᠠᠮᠢᠷ ᠤᠨ ᠱᠠᠩᠨᠠᠯᠳᠦ ᠰᠤᠭᠤᠯᠤᠭ᠎ᠠ ᠶᠢᠨ ᠲᠥᠪ ᠲᠤ ᠠᠵᠢᠯ ᠪᠠᠶᠢᠴᠠᠭᠠᠨ ᠵᠢᠯᠤᠭᠤᠳᠪᠠ
ᠨᠡᠶᠢᠲᠡᠯᠡᠭᠰᠡᠨ ᠴᠠᠭ᠄
2022/11/17
    11 ᠰᠠᠷ᠎ᠠ ᠶᠢᠨ 15 ᠤ ᠡᠳᠦᠷ᠂ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠲᠣᠪᠴᠢᠶᠠᠨ ᠳᠠᠷᠤᠭ᠎ᠠ ᠵᠠᠩ ᡁᠢ ᠥᠪᠥᠷ ᠮᠣᠩᠭᠤᠯ ᠤᠨ ᠪᠡᠶ᠎ᠡ ᠶᠢᠨ ᠲᠠᠮᠢᠷ ᠤᠨ ᠱᠠᠩᠨᠠᠯᠲᠤ ᠰᠤᠭᠤᠯᠤᠭ᠎ᠠ ᠶᠢᠨ ᠲᠥᠪ ᠲᠤ ᠬᠦᠷᠴᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠪᠣᠷᠣᠯᠠᠭᠤᠯᠬᠤ ᠬᠠᠮᠢᠶᠠᠷᠤᠯᠲᠠ ᠶᠢᠨ ᠠᠵᠢᠯ ᠢ ᠨᠢᠭᠡᠳᠦᠯᠲᠡᠢ ᠲᠥᠯᠥᠪᠯᠡᠨ ᠰᠠᠶᠢᠲᠤᠷ ᠠᠳᠬᠤᠵᠤ᠂ ᠮᠠᠨ ᠤ ᠣᠷᠣᠨ ᠤ ᠪᠡᠶ᠎ᠡ ᠶᠢᠨ ᠲᠠᠮᠢᠷ ᠤᠨ ᠱᠠᠩᠨᠠᠯᠲᠤ ᠰᠤᠭᠤᠯᠤᠭ᠎ᠠ ᠶᠢᠨ ᠴᠢᠨᠠᠷ ᠰᠠᠶᠢᠲᠠᠢ ᠬᠥᠭᠵᠢᠯᠲᠡ ᠶᠢ ᠲᠦᠯᠬᠢᠨ ᠠᠬᠢᠭᠤᠯᠬᠤ ᠲᠤᠬᠠᠢ ᠪᠤᠳᠠᠳᠠᠢ ᠱᠠᠭᠠᠷᠳᠠᠯᠭ᠎ᠠ ᠲᠤᠷᠠᠳᠪᠠ᠃     ᠬᠢᠨᠠᠨ ᠵᠢᠯᠤᠭᠤᠳᠴᠤ ᠪᠠᠶᠢᠴᠠᠭᠠᠬᠤ ᠶᠠᠪᠤᠴᠠ ᠳᠤ᠂ ᠵᠠᠩ ᡁᠢ ᠪᠡᠶ᠎ᠡ ᠶᠢᠨ ᠲᠠᠮᠢᠷ ᠤᠨ ᠱᠠᠩᠨᠠᠯᠲᠤ ᠰᠤᠭᠤᠯᠤᠭ᠎ᠠ ᠶᠢᠨ ᠲᠥᠪ ᠤᠨ ᠮᠠᠰᠢᠨ ᠤ ᠭᠡᠷ᠂ ᠵᠢᠵᠢᠭᠦᠷ ᠤᠨ ᠭᠡᠷ᠂ ᠠᠯᠪᠠᠯᠠᠬᠤ ᠲᠣᠭᠤᠷᠢᠭ ᠵᠡᠷᠭᠡ ᠭᠠᠵᠠᠷ ᠲᠤ ᠬᠦᠷᠴᠦ᠂ ᠵᠢᠵᠢᠭᠦᠷᠯᠡᠨ ᠰᠠᠬᠢᠬᠤ᠂ ᠡᠳ᠋ ᠪᠣᠳᠠᠰ ᠨᠥᠭᠡᠴᠡᠯᠡᠬᠦ᠂ ᠮᠡᠳᠡᠭᠡ ᠵᠠᠩᠭᠢ ᠳᠠᠮᠵᠢᠭᠤᠯᠬᠤ ᠵᠡᠷᠭᠡ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠪᠠᠶᠢᠴᠠᠭᠠᠨ ᠦᠵᠡᠬᠦ ᠶᠢᠨ ᠬᠠᠮᠲᠤ᠂ ᠪᠡᠶ᠎ᠡ ᠶᠢᠨ ᠲᠠᠮᠢᠷ ᠤᠨ ᠱᠠᠩᠨᠠᠯᠲᠤ ᠰᠤᠭᠤᠯᠤᠭ᠎ᠠ ᠶᠢᠨ ᠲᠥᠪ ᠤᠨ ᠣᠶᠢᠷ᠎ᠠ ᠶᠢᠨ ᠬᠤᠭᠤᠴᠠᠭᠠᠨ ᠤ ᠡᠯ᠎ᠡ ᠵᠦᠢᠯ ᠤᠨ ᠠᠵᠢᠯ ᠤᠨ ᠠᠬᠢᠴᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠨᠠᠷᠢᠨ ᠬᠢᠨᠠᠮᠠᠭᠠᠢ ᠰᠣᠨᠣᠰᠤᠭᠰᠠᠨ ᠪᠥᠭᠡᠳ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠢ ᠲᠥᠯᠥᠭᠡᠯᠡᠨ ᠠᠵᠢᠯ ᠤᠨ ᠪᠠᠶᠢᠷᠢ ᠪᠠᠨ ᠪᠠᠲᠤ ᠰᠠᠬᠢᠵᠤ᠂ ᠪᠣᠷᠤᠯᠠᠭᠤᠯᠭ᠎ᠠ ᠶᠢᠨ ᠨᠢᠭᠡᠳᠦᠭᠡᠷ ᠹᠷᠣᠨᠲ ᠲᠤ ᠴᠢᠷᠮᠠᠶᠢᠨ ᠠᠵᠢᠯᠯᠠᠵᠤ᠂ ᠰᠠᠶᠢᠨ ᠳᠤᠷ᠎ᠠ ᠶᠢᠨ ᠦᠢᠯᠡᠴᠢᠯᠡᠭᠡ ᠳᠤ ᠣᠷᠣᠯᠴᠠᠵᠤ ᠪᠠᠶᠢᠭ᠎ᠠ ᠬᠥᠮᠥᠰ ᠢ ᠲᠣᠬᠤᠨᠢᠭᠤᠯᠵᠤ ᠪᠠᠶᠢᠬᠤ ᠪᠠᠨ ᠢᠯᠡᠳᠬᠡᠪᠡ᠃     ᠵᠠᠩ ᡁᠢ ᠠᠴᠠ ᠣᠳᠣᠬᠠᠨ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠲᠡᠶᠢᠮᠦ ᠰᠠᠶᠢᠨ ᠪᠢᠰᠢ ᠪᠠᠶᠢᠨ᠎ᠠ᠂ ᠪᠡᠶ᠎ᠡ ᠶᠢᠨ ᠲᠠᠮᠢᠷ ᠤᠨ ᠱᠠᠩᠨᠠᠯᠲᠤ ᠰᠤᠭᠤᠯᠤᠭ᠎ᠠ ᠶᠢᠨ ᠪᠣᠷᠤᠯᠠᠭᠤᠯᠭ᠎ᠠ ᠶᠢᠨ ᠪᠣᠳᠠᠲᠤ ᠳᠡᠯᠭᠡᠭᠦᠷ ᠪᠣᠯ ᠱᠠᠩᠨᠠᠯᠲᠤ ᠰᠤᠭᠤᠯᠤᠭ᠎ᠠ ᠬᠤᠳᠠᠯᠳᠤᠨ ᠠᠪᠤᠭᠴᠢ ᠳᠤ ᠦᠢᠯᠡᠴᠢᠯᠡᠬᠦ ᠬᠠᠮᠤᠭ ᠤᠨ ᠡᠮᠦᠨ᠎ᠡ ᠹᠷᠣᠨᠲ ᠪᠣᠯᠬᠤ ᠪᠥᠭᠡᠳ ᠪᠠᠰᠠ ᠴᠤ ᠰᠠᠶᠢᠨ ᠳᠤᠷ᠎ᠠ ᠶᠢᠨ ᠦᠢᠯᠡᠴᠢᠯᠡᠭᠡᠨ ᠤ ᠨᠢᠭᠡᠳᠦᠭᠡᠷ ᠹᠷᠣᠨᠲ ᠪᠣᠯᠣᠨ᠎ᠠ᠃ ᠪᠣᠳᠠᠲᠤ ᠳᠡᠯᠭᠡᠭᠦᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠠᠳᠬᠤᠬᠤ ᠶᠢᠨ ᠬᠠᠮᠲᠤ ᠪᠠᠰᠠ ᠬᠠᠷᠢᠶ᠎ᠠ ᠭᠠᠵᠠᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠢ ᠢᠳᠡᠪᠬᠢᠲᠡᠢ ᠳᠠᠭᠠᠵᠤ᠂ ᠰᠠᠶᠢᠨ ᠳᠤᠷ᠎ᠠ ᠶᠢᠨ ᠦᠢᠯᠡᠴᠢᠯᠡᠭᠡ ᠳᠤ ᠣᠷᠣᠯᠴᠠᠨ᠂ ᠪᠡᠶ᠎ᠡ ᠶᠢᠨ ᠲᠠᠮᠢᠷ ᠤᠨ ᠱᠠᠩᠨᠠᠯᠲᠤ ᠰᠤᠭᠤᠯᠤᠭ᠎ᠠ ᠶᠢᠨ ᠨᠡᠶᠢᠲᠡ ᠶᠢᠨ ᠠᠰᠠᠷᠠᠮᠵᠢ ᠶᠢᠨ ᠰᠢᠨᠵᠢ ᠴᠢᠨᠠᠷ ᠢ ᠭᠦᠢᠴᠡᠳ ᠢᠯᠡᠷᠡᠭᠦᠯᠬᠦ ᠬᠡᠷᠡᠭᠲᠡᠢ ᠭᠡᠪᠡ᠃     ᠵᠠᠩ ᡁᠢ ᠠᠴᠠ ᠳᠡᠯᠡᠬᠡᠢ ᠶᠢᠨ ᠬᠤᠨᠳᠠᠭᠠᠲᠤ ᠬᠥᠯ ᠪᠥᠮᠪᠥᠭᠡᠨ ᠤ ᠤᠷᠤᠯᠳᠤᠭᠠᠨ ᠤᠶᠢᠷᠠᠳᠤᠭᠰᠠᠨ ᠪᠣᠯᠬᠤᠷ ︽ᠥᠴᠥᠬᠡᠨ ᠴᠦ ᠠᠯᠳᠠᠰᠢ ᠭᠠᠷᠭᠠᠬᠤ ᠦᠭᠡᠢ︾ ᠣᠪᠣᠷ ᠪᠠ ᠡᠷᠡᠰ ᠵᠣᠷᠢᠭ ᠢᠶᠠᠷ ᠪᠣᠷᠤᠯᠠᠭᠤᠯᠭ᠎ᠠ ᠶᠢᠨ ᠲᠣᠭᠲᠠᠭᠠᠯ ᠳᠤ ᠨᠡᠶᠢᠴᠡᠭᠰᠡᠨ ᠬᠠᠮᠢᠶᠠᠷᠤᠯᠲᠠ ᠶᠢ ᠪᠣᠯᠭᠤᠮᠵᠢᠲᠠᠢ᠂ ᠴᠢᠩᠭ᠎ᠠ᠂ ᠨᠠᠷᠢᠨ ᠨᠢᠮᠪᠠᠢ ᠰᠠᠶᠢᠲᠤᠷ ᠬᠢᠵᠦ᠂ ᠶᠠᠷᠢᠶ᠎ᠠ ᠬᠡᠯᠡᠯᠴᠡᠭᠡᠨ ᠤ ᠪᠠᠶᠢᠳᠠᠯ ᠢ ᠠᠷᠭᠠᠴᠠᠬᠤ᠂ ᠪᠠᠴᠢᠮ ᠪᠠᠶᠢᠳᠠᠯ   ᠢ ᠠᠷᠭᠠᠴᠠᠨ ᠰᠢᠢᠳᠪᠦᠷᠢᠯᠡᠬᠦ ᠠᠵᠢᠯ ᠢ ᠨᠢᠭᠡᠳᠦᠯᠲᠡᠢ ᠲᠥᠯᠥᠪᠯᠡᠨ ᠰᠠᠶᠢᠲᠤᠷ ᠠᠳᠬᠤᠵᠤ᠂ ᠳᠡᠯᠡᠬᠡᠢ ᠶᠢᠨ ᠬᠤᠨᠳᠠᠭᠠᠲᠤ ᠬᠥᠯ ᠪᠥᠮᠪᠥᠭᠡᠨ ᠤ ᠤᠷᠤᠯᠳᠤᠭᠠᠨ ᠤ ᠬᠤᠭᠤᠴᠠᠭᠠᠨ ᠳᠠᠬᠢ ᠡᠯ᠎ᠡ ᠵᠦᠢᠯ ᠤᠨ ᠠᠵᠢᠯ ᠤᠨ ᠠᠮᠤᠷ ᠲᠦᠪᠰᠢᠨ᠂ ᠲᠣᠭᠲᠠᠭᠤᠨ᠂ ᠥᠨᠳᠥᠷ ᠪᠦᠲᠦᠮᠵᠢᠲᠡᠶ ᠪᠠᠷ ᠶᠠᠪᠤᠭᠳᠠᠬᠤ ᠶᠢ ᠦᠨᠡᠨᠬᠦ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃     ᠵᠠᠩ ᡁᠢ ᠠᠴᠠ ᠪᠠᠶᠢᠩᠭᠤᠵᠢᠭᠰᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠴᠠ ᠪᠣᠯᠤᠭᠰᠠᠨ ᠪᠣᠷᠤᠯᠠᠭᠤᠯᠭ᠎ᠠ ᠶᠢᠨ ᠬᠦᠴᠢᠷᠳᠡᠯ ᠤᠨ ᠡᠮᠦᠨ᠎ᠡ᠂ ᠪᠡᠶ᠎ᠡ ᠶᠢᠨ ᠲᠠᠮᠢᠷ ᠤᠨ ᠱᠠᠩᠨᠠᠯᠲᠤ ᠰᠤᠭᠤᠯᠤᠭ᠎ᠠ ᠶᠢᠨ ᠲᠥᠪ ᠤᠨ  ᠬᠢᠨ ᠴᠠᠭ ᠲᠤᠬᠠᠢ ᠳᠤᠨᠢ ᠰᠡᠳᠬᠢᠮᠵᠢ ᠪᠠᠨ ᠬᠤᠪᠢᠷᠠᠭᠤᠯᠵᠤ᠂ ᠠᠰᠠᠭᠤᠳᠠᠯ ᠤᠨ ᠬᠦᠴᠢᠷᠳᠡᠯ ᠢ ᠵᠠᠳᠠᠯᠤᠨ ᠰᠤᠳᠤᠯᠤᠨ ᠮᠠᠭᠠᠳᠯᠠᠵᠤ᠂ 2023 ᠣᠨ ᠤ ᠡᠯ᠎ᠡ ᠵᠦᠢᠯ ᠤᠨ ᠠᠵᠢᠯ ᠢ ᠰᠢᠨᠵᠢᠯᠡᠬᠦ ᠤᠬᠠᠭᠠᠨᠴᠢ ᠪᠠᠷ ᠲᠥᠯᠥᠪᠯᠡᠵᠦ᠂ ᠲᠣᠭᠲᠠᠴᠠ ᠶᠢ ᠰᠢᠯᠢᠳᠡᠭᠵᠢᠭᠦᠯᠬᠦ᠂ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ᠂ ᠨᠠᠶᠢᠳᠠᠪᠤᠷᠢᠵᠢᠭᠤᠯᠤᠯᠲᠠ ᠶᠢ ᠠᠳᠬᠤᠬᠤ ᠲᠠᠯ᠎ᠠ ᠪᠠᠷ ᠬᠦᠴᠦ ᠣᠷᠣᠭᠤᠯᠵᠤ᠂ ᠡᠵᠡᠩᠨᠡᠯᠲᠡ ᠪᠣᠷᠣᠯᠠᠭᠤᠯᠤᠯᠲᠠ ᠶᠢᠨ ᠰᠢᠨ᠎ᠡ ᠶᠢ ᠡᠭᠦᠳᠬᠦ᠂  ᠪᠤᠯᠪᠠᠰᠤᠷᠠᠯ ᠢ ᠴᠢᠩᠭᠠᠳᠬᠠᠬᠤ᠂ ᠦᠢᠯᠡᠴᠢᠯᠡᠭᠡ ᠶᠢ ᠰᠢᠯᠢᠳᠡᠭᠵᠢᠭᠦᠯᠬᠦ ᠲᠠᠯ᠎ᠠ ᠪᠠᠷ ᠬᠦᠴᠦ ᠲᠠᠯᠪᠢᠵᠤ᠂ ᠪᠡᠶ᠎ᠡ ᠶᠢᠨ ᠲᠠᠮᠢᠷ ᠤᠨ ᠱᠠᠩᠨᠠᠯᠲᠤ ᠰᠤᠭᠤᠯᠤᠭ᠎ᠠ ᠶᠢᠨ ᠦᠢᠯᠡᠰ ᠤᠨ ᠬᠥᠭᠵᠢᠯᠲᠡ ᠶᠢᠨ ᠰᠢᠨ᠎ᠡ ᠪᠠᠶᠢᠳᠠᠯ ᠢ ᠲᠠᠰᠤᠷᠠᠯᠲᠠ ᠦᠭᠡᠢ ᠡᠭᠦᠳᠬᠦ ᠬᠡᠷᠡᠭᠲᠡᠢ ᠭᠡᠵᠦ ᠱᠠᠭᠠᠷᠳᠠᠪᠠ᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18004690号