11 ᠰᠠᠷ᠎ᠠ ᠶᠢᠨ 15 ᠤ ᠦᠳᠡ ᠶᠢᠨ ᠡᠮᠦᠨ᠎ᠡ᠂ 2022 ᠣᠨ ᠤ ᠪᠦᠬᠦ ᠣᠷᠣᠨ ᠤ ᠵᠠᠯᠠᠭᠤᠴᠤᠳ | ᠪᠠᠭᠠᠴᠤᠳ ᠤᠨ ᠪᠡᠶ᠎ᠡ ᠶᠢᠨ ᠲᠠᠮᠢᠷ ᠤᠨ ᠠᠵᠢᠯ ᠤᠨ ᠶᠠᠷᠢᠯᠴᠠᠬᠤ ᠬᠤᠷᠠᠯ ᠢ ᠰᠦᠯᠵᠢᠶᠡᠨ ᠳᠡᠭᠡᠷᠡᠬᠢ ᠬᠤᠷᠠᠯ ᠤᠨ | ᠬᠡᠯᠪᠡᠷᠢ ᠪᠠᠷ ᠬᠤᠷᠠᠯᠳᠤᠭᠤᠯᠵᠤ᠂ ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠢ ᠲᠣᠪᠴᠢᠶ᠎ᠠ᠂ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠣᠶᠢᠷ᠎ᠠ ᠶᠢᠨ ᠬᠤᠭᠤᠴᠠᠭᠠᠨ ᠤ ᠨᠠᠮ ᠤᠨ ᠬᠤᠷᠢᠳᠤᠭᠠᠷ ᠶᠡᠭᠡ | ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠤᠱᠯᠠᠭᠤᠯᠬᠤ ᠲᠤᠬᠠᠢ ᠰᠢᠨ᠎ᠡ ᠲᠣᠬᠢᠷᠠᠭᠤᠯᠤᠯᠲᠠ᠂ | ᠰᠢᠨ᠎ᠡ ᠪᠠᠶᠢᠷᠢᠯᠠᠭᠤᠯᠤᠯᠲᠠ ᠶᠢ ᠤᠯᠠᠮᠵᠢᠯᠠᠨ ᠰᠤᠷᠤᠯᠴᠠᠵᠤ᠂ ᠪᠦᠬᠦ ᠣᠷᠣᠨ ᠤ ᠵᠠᠯᠠᠭᠤᠴᠤᠳ ᠪᠠᠭᠠᠴᠤᠳ ᠤᠨ | ᠪᠡᠶ᠎ᠡ ᠶᠢᠨ ᠲᠠᠮᠢᠷ ᠤᠨ ᠠᠵᠢᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠵᠤ᠂ ᠨᠠᠮ ᠤᠨ ᠬᠤᠷᠢᠳᠤᠭᠠᠷ ᠶᠡᠭᠡ | ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠲᠠᠬᠢᠨ ᠲᠠᠶᠢᠴᠢᠯᠠᠵᠦ᠂ ᠲᠠᠬᠢᠨ | ᠪᠠᠶᠢᠷᠢᠯᠠᠭᠤᠯᠵᠤ᠂ ᠲᠠᠬᠢᠨ ᠨᠠᠶᠢᠳᠠᠪᠤᠷᠢᠵᠢᠭᠤᠯᠪᠠ᠃ | | ᠶᠠᠷᠢᠯᠴᠠᠬᠤ ᠬᠤᠷᠠᠯ ᠳᠡᠭᠡᠷ᠎ᠡ᠂ ᠤᠷᠢᠳᠠᠪᠠᠷ ᠥᠩᠭᠡᠷᠡᠭᠰᠡᠨ 5 ᠵᠢᠯ ᠤᠨ ᠪᠦᠬᠦ ᠣᠷᠣᠨ ᠤ ᠵᠠᠯᠠᠭᠤᠴᠤᠳ | ᠪᠠᠭᠠᠴᠤᠳ ᠤᠨ ᠪᠡᠶ᠎ᠡ ᠶᠢᠨ ᠲᠠᠮᠢᠷ ᠤᠨ ᠠᠵᠢᠯ ᠢ ᠥᠷᠨᠢᠭᠦᠯᠦᠭᠰᠡᠨ ᠪᠠᠶᠢᠳᠠᠯ ᠢ ᠡᠷᠭᠢᠴᠡᠭᠦᠯᠵᠦ᠂ 2022 ᠣᠨ ᠤ | ᠭᠤᠣᠯ ᠠᠵᠢᠯ ᠵᠢᠴᠢ ᠣᠯᠣᠭᠰᠠᠨ ᠢᠯᠡᠳᠲᠡ ᠠᠮᠵᠢᠯᠲᠠ ᠶᠢ ᠳ᠋ᠦᠩᠨᠡᠵᠦ᠂ ᠳᠠᠷᠠᠭᠠᠴᠢ ᠶᠢᠨ ᠱᠠᠲᠤᠨ ᠤ ᠵᠠᠯᠠᠭᠤᠴᠤᠳ | ᠪᠠᠭᠠᠴᠤᠳ ᠤᠨ ᠪᠡᠶ᠎ᠡ ᠶᠢᠨ ᠲᠠᠮᠢᠷ ᠤᠨ ᠠᠵᠢᠯ ᠤᠨ ᠲᠥᠯᠥᠪᠯᠡᠭᠡ ᠪᠣᠯᠣᠨ ᠬᠠᠷᠠᠯᠲᠠ ᠡᠭᠦᠷᠭᠡ ᠶᠢ ᠳᠥᠭᠦᠮᠬᠡᠨ | ᠲᠠᠨᠢᠯᠴᠠᠭᠤᠯᠪᠠ᠃ ᠡᠯ᠎ᠡ ᠠᠶᠢᠮᠠᠭ ᠬᠤᠲᠠ ᠶᠢᠨ ᠪᠡᠶ᠎ᠡ ᠶᠢᠨ ᠲᠠᠮᠢᠷ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ | ᠬᠠᠮᠢᠶ᠎ᠠ ᠪᠦᠬᠦᠢ ᠬᠥᠮᠥᠰ ᠲᠠᠰ ᠳᠠᠷᠠᠭᠠᠯᠠᠨ ᠶᠠᠷᠢᠶ᠎ᠠ ᠲᠠᠯᠪᠢᠬᠤ ᠶᠢᠨ ᠬᠠᠮᠲᠤ ᠪᠥᠬᠦ ᠤᠯᠤᠰ ᠤᠨ ᠠᠩᠬᠠᠳᠤᠭᠠᠷ | ᠬᠤᠭᠤᠴᠠᠭᠠᠨ ᠤ ᠰᠤᠷᠤᠭᠴᠢᠳ ︵ᠵᠠᠯᠠᠭᠤᠴᠤᠳ︶ ᠤᠨ ᠪᠡᠶ᠎ᠡ ᠶᠢᠨ ᠲᠠᠮᠢᠷ ᠤᠨ ᠴᠤᠭᠯᠠᠭᠠᠨ ᠪᠠ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠲᠠᠪᠤᠳᠤᠭᠠᠷ ᠬᠤᠭᠤᠴᠠᠭᠠᠨ ᠤ ᠪᠡᠶ᠎ᠡ ᠶᠢᠨ ᠲᠠᠮᠢᠷ ᠤᠨ | ᠴᠤᠭᠯᠠᠭᠠᠨ ᠳᠤ ᠢᠳᠡᠪᠬᠢᠲᠡᠢ ᠪᠡᠯᠡᠳᠬᠡᠬᠦ ᠲᠤᠬᠠᠢ ᠭᠦᠨᠵᠡᠭᠡᠢ ᠰᠠᠨᠠᠯ ᠢᠶᠠᠨ ᠰᠤᠯᠢᠯᠴᠠᠪᠠ᠃ | ᠬᠤᠷᠠᠯ ᠠᠴᠠ ᠱᠠᠭᠠᠷᠳᠠᠭᠰᠠᠨ ᠨᠢ᠄ ᠨᠢᠭᠡ ᠳᠤ ᠵᠣᠭᠰᠣᠴᠠ ᠪᠠᠨ ᠳᠡᠭᠡᠭᠰᠢᠯᠡᠭᠦᠯᠵᠦ᠂ ᠬᠠᠷᠢᠭᠤᠴᠠᠯᠭ᠎ᠠ | ᠡᠭᠦᠷᠭᠡᠯᠡᠬᠦ ᠪᠠᠨ ᠴᠢᠩᠭᠠᠳᠬᠠᠬᠤ ᠬᠡᠷᠡᠭᠲᠡᠢ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ | ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ | ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠢᠯᠡᠳᠬᠡᠯ ᠳᠠᠬᠢ ᠪᠡᠶ᠎ᠡ ᠶᠢᠨ ᠲᠠᠮᠢᠷ ᠤᠨ ᠬᠦᠴᠦᠷᠬᠡᠭ ᠤᠯᠤᠰ ᠤᠨ ᠴᠢᠬᠤᠯᠠ | ᠥᠭᠦᠯᠡᠯᠲᠡ ᠶᠢ ᠭᠤᠣᠯᠳᠠᠯᠭ᠎ᠠ ᠲᠠᠢ ᠰᠤᠷᠤᠯᠴᠠᠵᠤ᠂ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ | ᠰᠤᠷᠤᠯᠴᠠᠨ ᠨᠡᠪᠲᠡᠷᠡᠲᠡᠯ᠎ᠡ ᠣᠶᠢᠯᠠᠭᠠᠵᠤ ᠬᠡᠷᠡᠭᠯᠡᠬᠦ ᠬᠡᠷᠡᠭᠳᠡᠢ᠃ ᠬᠤᠶᠠᠷ ᠲᠤ ᠰᠡᠳᠬᠢᠴᠡ ᠪᠠᠨ ᠲᠣᠳᠣᠷᠬᠠᠢ ᠪᠣᠯᠭᠠᠵᠤ᠂ | ᠭᠤᠣᠯᠳᠠᠯᠭ᠎ᠠ ᠪᠠᠨ ᠳᠣᠪᠤᠶᠢᠯᠭᠠᠨ᠎ᠠ᠃ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠬᠥᠭᠵᠢᠯᠲᠡ ᠶᠢᠨ | ᠶᠠᠪᠤᠴᠠ ᠳᠤ ᠲᠤᠯᠭᠠᠷᠠᠵᠤ ᠪᠠᠶᠢᠭ᠎ᠠ ᠰᠢᠨ᠎ᠡ ᠪᠠᠶᠢᠳᠠᠯ᠂ ᠰᠢᠨ᠎ᠡ ᠠᠰᠠᠭᠤᠳᠠᠯ ᠢ ᠣᠨᠣᠪᠴᠢᠲᠠᠢ ᠰᠤᠳᠤᠯᠤᠨ ᠮᠠᠭᠠᠳᠯᠠᠵᠤ᠂ | ᠬᠡᠮ ᠰᠣᠭᠤᠭ ᠢ ᠣᠨᠣᠪᠴᠢᠲᠠᠢ ᠡᠷᠢᠵᠦ᠂ ᠭᠤᠣᠯᠳᠠᠯᠭ᠎ᠠ ᠶᠢ ᠠᠳᠬᠤᠵᠤ᠂ ᠬᠦᠴᠢᠷ ᠠᠰᠠᠭᠤᠳᠠᠯ ᠢ ᠰᠢᠢᠳᠪᠦᠷᠢᠯᠡᠵᠦ᠂ | ᠰᠢᠪᠲᠤᠯᠤᠯᠲᠠ ᠶᠢᠨ ᠴᠡᠭ ᠢ ᠣᠨᠣᠪᠴᠢᠲᠠᠢ ᠡᠷᠢᠬᠦ ᠬᠡᠷᠡᠭᠲᠡᠢ᠃ ᠰᠤᠷᠭᠠᠭᠤᠯᠢ᠂ ᠪᠡᠶ᠎ᠡ ᠶᠢᠨ ᠲᠠᠮᠢᠷ ᠤᠨ ᠰᠤᠷᠭᠠᠭᠤᠯᠢ ᠪᠠ | ᠨᠡᠶᠢᠭᠡᠮ ᠤᠨ ᠪᠡᠶ᠎ᠡ ᠶᠢᠨ ᠲᠠᠮᠢᠷ ᠤᠨ ᠺᠯᠦ᠋ᠪ ᠤᠨ ᠭᠤᠷᠪᠠᠨ ᠶᠡᠭᠡ ᠵᠢᠭᠰᠠᠭᠠᠯ ᠤᠨ ᠭᠠᠵᠠᠷ ᠢ ᠪᠠᠬᠢᠵᠢᠭᠦᠯᠦᠨ | ᠥᠷᠭᠡᠳᠬᠡᠵᠦ᠂ ᠡᠷᠡᠭᠦᠯ ᠮᠡᠨᠳᠤ ᠶᠢ ᠠᠬᠢᠭᠤᠯᠬᠤ ᠰᠢᠰᠲ᠋ᠧᠮ᠂ ᠵᠠᠯᠠᠭᠤᠴᠤᠳ ᠤᠨ ᠪᠣᠯᠪᠠᠰᠤᠷᠠᠯ ᠤᠨ ᠰᠢᠰᠲ᠋ᠧᠮ᠂ | ᠤᠷᠤᠯᠳᠤᠭᠠᠨ ᠤ ᠰᠢᠰᠲ᠋ᠧᠮ ᠤᠨ ᠪᠠᠶᠢᠭᠤᠯᠤᠯᠲᠠ ᠶᠢ ᠰᠠᠶᠢᠲᠤᠷ ᠠᠳᠬᠤᠬᠤ ᠬᠡᠷᠡᠭᠳᠡᠢ᠃ ᠭᠤᠷᠪᠠ ᠳᠤ᠂ ᠵᠢᠮ᠎ᠡ | ᠶᠣᠰᠣ ᠶᠢ ᠵᠢᠷᠤᠮᠯᠠᠵᠤ᠂ ᠦᠰᠦᠨ ᠪᠤᠶᠢᠵᠢᠯᠲᠠ ᠳᠤ ᠬᠦᠴᠦ ᠨᠡᠮᠡᠷᠢᠯᠡᠨ᠎ᠡ᠃ ᠵᠠᠯᠠᠭᠤᠴᠤᠳ ᠪᠠᠭᠠᠴᠤᠳ ᠤᠨ ᠪᠡᠶ᠎ᠡ ᠶᠢᠨ | ᠲᠠᠮᠢᠷ ᠤᠨ ᠬᠥᠭᠵᠢᠯᠲᠡ ᠶᠢᠨ ᠵᠢᠮ᠎ᠡ ᠶᠣᠰᠣ ᠶᠢ ᠵᠢᠷᠤᠮᠯᠠᠨ᠂ ᠵᠠᠯᠠᠭᠤᠴᠤᠳ ᠪᠠᠭᠠᠴᠤᠳ ᠤᠨ ᠦᠰᠦᠨ ᠪᠣᠶᠢᠵᠢᠬᠤ᠂ | ᠴᠢᠳᠠᠪᠤᠷᠢᠲᠠᠨ ᠪᠣᠯᠬᠤ ᠣᠨᠴᠠᠯᠢᠭ ᠲᠠᠢ ᠤᠶᠠᠯᠳᠤᠭᠤᠯᠤᠨ᠂ ᠪᠡᠯᠡᠳᠬᠡᠯ ᠴᠢᠳᠠᠪᠤᠷᠢᠲᠠᠨ ᠢ ᠬᠥᠮᠥᠵᠢᠭᠦᠯᠬᠦ᠂ | ᠪᠣᠯᠪᠠᠰᠤᠷᠠᠭᠤᠯᠬᠤ᠂ ᠤᠷᠤᠯᠳᠤᠭᠠᠨ ᠳᠤ ᠣᠷᠤᠯᠴᠠᠬᠤ᠂ ᠰᠣᠶᠣᠯ ᠤᠨ ᠰᠤᠷᠤᠯᠴᠠᠯᠭ᠎ᠠ ᠵᠡᠷᠭᠡ ᠶᠢ ᠰᠢᠨᠵᠢᠯᠡᠬᠦ | ᠤᠬᠠᠭᠠᠨᠴᠢ ᠪᠠᠷ ᠪᠠᠶᠢᠷᠢᠰᠢᠭᠤᠯᠵᠤ᠂ ᠪᠡᠶ᠎ᠡ ᠶᠢᠨ ᠲᠠᠮᠢᠷ ᠢᠶᠠᠷ ᠳᠠᠮᠵᠢᠭᠤᠯᠤᠨ ᠡᠬᠡ ᠣᠷᠣᠨᠴᠢ ᠦᠵᠡᠯ ᠤᠨ ᠬᠠᠶᠢᠷ᠎ᠠ | ᠰᠡᠳᠬᠢᠯᠭᠡ ᠶᠢ ᠦᠨᠳᠦᠰᠦᠯᠡᠭᠦᠯᠵᠦ᠂ ᠳᠤᠮᠳᠠᠳᠤ ᠶᠢᠨ ᠪᠡᠶ᠎ᠡ ᠶᠢᠨ ᠲᠠᠮᠢᠷ ᠤᠨ ᠵᠣᠷᠢᠭ ᠰᠠᠨᠠᠭ᠎ᠠ ᠶᠢ ᠪᠠᠳᠠᠷᠠᠭᠤᠯᠤᠨ | ᠳᠡᠯᠭᠡᠷᠡᠭᠦᠯᠵᠦ᠂ ᠪᠦᠷᠢᠨ ᠲᠡᠭᠦᠯᠳᠡᠷ ᠵᠠᠩ ᠴᠢᠨᠠᠷ ᠢ ᠪᠤᠢ ᠪᠤᠯᠭᠠᠬᠤ ᠬᠡᠷᠡᠭᠳᠡᠢ᠃ ᠳᠥᠷᠪᠡ ᠳᠤ ᠠᠷᠭ᠎ᠠ ᠬᠡᠮᠵᠢᠶ᠎ᠡ ᠶᠢᠨ | ᠰᠢᠨ᠎ᠡ ᠶᠢ ᠡᠭᠦᠳᠴᠦ᠂ ᠠᠭᠤᠯᠤᠭᠳᠠᠬᠤᠨ ᠢ ᠪᠠᠶᠠᠯᠢᠭᠵᠢᠭᠤᠯᠤᠨ᠎ᠠ᠃ ᠪᠡᠶ᠎ᠡ ᠶᠢᠨ ᠲᠠᠮᠢᠷ ᠢ ᠵᠠᠯᠠᠭᠤᠴᠤᠳ ᠪᠠᠭᠠᠴᠤᠳ ᠤᠨ | ᠪᠡᠶ᠎ᠡ ᠰᠡᠳᠬᠢᠯ ᠢ ᠴᠢᠭᠢᠷᠠᠭᠵᠢᠭᠤᠯᠬᠤ ᠴᠢᠬᠤᠯᠠ ᠠᠴᠢᠶᠠᠯᠠᠪᠤᠷᠢ ᠪᠣᠯᠭᠠᠵᠤ᠂ ᠪᠠᠶᠠᠯᠢᠭ ᠰᠠᠶᠢᠬᠠᠨ᠂ ᠤᠯᠠᠨ ᠶᠠᠩᠵᠤ ᠶᠢᠨ | ᠬᠡᠯᠪᠡᠷᠢ ᠲᠠᠢ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠢ ᠡᠷᠬᠢᠯᠡᠵᠦ᠂ ᠵᠠᠯᠠᠭᠤᠴᠤᠳ | ᠪᠠᠭᠠᠴᠤᠳ ᠤᠨ ᠪᠡᠶ᠎ᠡ ᠶᠢᠨ ᠲᠠᠮᠢᠷ ᠤᠨ ᠪᠣᠯᠪᠠᠰᠤᠷᠠᠯ ᠤᠨ ᠬᠡᠷᠡᠭᠴᠡᠭᠡ ᠶᠢ ᠲᠠᠰᠤᠷᠠᠯᠲᠠ ᠦᠭᠡᠢ ᠬᠠᠩᠭᠠᠵᠤ᠂ | ᠤᠷᠤᠯᠳᠤᠭᠠᠨ ᠤ ᠢᠯᠠᠵᠤ ᠢᠯᠠᠭᠳᠠᠬᠤ ᠳᠤᠮᠳᠠ ᠪᠡᠶ᠎ᠡ ᠮᠠᠬᠠᠪᠤᠳ ᠤᠨ ᠬᠡᠪ ᠴᠢᠨᠠᠷ ᠪᠠ ᠰᠡᠳᠬᠢᠴᠡ ᠶᠢᠨ ᠬᠡᠪ | ᠴᠢᠨᠠᠷ ᠤᠨ ᠳᠡᠭᠡᠭᠰᠢᠯᠡᠯᠲᠡ ᠶᠢ ᠪᠡᠶᠡᠯᠡᠭᠦᠯᠦᠨ᠎ᠡ᠃ ᠲᠠᠪᠤ ᠳᠤ ᠭᠤᠣᠯᠳᠠᠯᠭ᠎ᠠ ᠶᠢ ᠳᠣᠪᠤᠶᠢᠯᠭᠠᠵᠤ᠂ ᠬᠥᠭᠵᠢᠯᠲᠡ ᠶᠢᠨ | ᠣᠨᠴᠠᠯᠢᠭ ᠲᠠᠢ ᠪᠣᠯᠭᠠᠨ᠎ᠠ᠃ ᠬᠠᠷᠢᠶᠠᠲᠤ ᠭᠠᠵᠠᠷ ᠣᠷᠣᠨ ᠤ ᠡᠬᠢ ᠪᠠᠶᠠᠯᠢᠭ ᠤᠨ ᠳᠠᠪᠠᠭᠤᠯᠢᠭ ᠲᠠᠢ ᠪᠠᠨ | ᠤᠶᠠᠯᠳᠤᠭᠤᠯᠤᠨ᠂ ᠣᠯᠠᠨ ᠲᠦᠮᠡᠨ ᠤ ᠰᠠᠭᠤᠷᠢ ᠪᠠᠷ ᠰᠠᠶᠢᠨ᠂ ᠲᠥᠷᠥᠯ ᠵᠦᠢᠯ ᠤᠨ ᠳᠡᠯᠭᠡᠷᠡᠭᠦᠯᠦᠯᠲᠡ ᠶᠢᠨ | ᠬᠡᠮᠵᠢᠶ᠎ᠡ ᠪᠠᠷ ᠥᠨᠳᠥᠷ᠂ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠪᠡᠯᠡᠳᠬᠡᠯ ᠴᠢᠳᠠᠪᠤᠷᠢᠲᠠᠨ ᠤ | ᠳᠠᠪᠠᠭᠤᠯᠢᠭ ᠢᠶᠠᠷ ᠭᠦᠢᠴᠡᠳ ᠲᠥᠷᠥᠯ ᠵᠦᠢᠯ ᠢ ᠤᠷᠢᠳᠠᠪᠠᠷ ᠬᠥᠭᠵᠢᠭᠦᠯᠵᠦ᠂ ᠢᠯᠠᠩᠭᠤᠶ᠎ᠠ ᠡᠪᠦᠯ ᠤᠨ ᠣᠯᠢᠮᠫᠢᠺ ᠤᠨ | ᠲᠠᠮᠢᠷ ᠤᠨ ᠴᠤᠭᠯᠠᠭᠠᠨ ᠤ ᠰᠡᠭᠦᠯᠴᠢ ᠶᠢᠨ ᠴᠠᠭ ᠦᠶ᠎ᠡ ᠶᠢᠨ ᠮᠥᠰᠥ ᠴᠠᠰᠤᠨ ᠤ ᠪᠡᠶ᠎ᠡ ᠶᠢᠨ ᠲᠠᠮᠢᠷ ᠤᠨ | ᠬᠥᠳᠡᠯᠭᠡᠭᠡᠨ ᠢ ᠲᠦᠭᠡᠮᠡᠯᠵᠢᠭᠦᠯᠬᠦ ᠪᠠ ᠳᠡᠯᠭᠡᠷᠡᠭᠦᠯᠵᠦ᠂ ᠣᠷᠣᠨ ᠪᠦᠰᠡ ᠶᠢᠨ ᠬᠠᠮᠲᠤᠷᠠᠯᠴᠠᠭ᠎ᠠ ᠰᠣᠯᠢᠯᠴᠠᠭ᠎ᠠ ᠬᠢᠵᠦ | ᠬᠠᠷᠢᠯᠴᠠᠨ ᠲᠣᠯᠢᠯᠠᠬᠤ ᠶᠢ ᠲᠠᠰᠤᠷᠠᠯᠲᠠ ᠦᠭᠡᠢ ᠴᠢᠩᠭᠠᠳᠬᠠᠨ᠂ ᠤᠯᠤᠰ ᠤᠨ ᠳᠣᠲᠣᠭᠠᠳᠤ ᠭᠠᠳᠠᠭᠠᠳᠤ ᠶᠢᠨ | ᠬᠠᠮᠲᠤᠷᠠᠯᠴᠠᠨ ᠬᠠᠮᠲᠤᠪᠠᠷ ᠪᠠᠶᠢᠭᠤᠯᠬᠤ ᠶᠢ ᠠᠬᠢᠭᠤᠯᠵᠤ᠂ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢ | ᠪᠡᠶᠡᠯᠡᠭᠦᠯᠦᠨ᠎ᠡ᠃ ᠵᠢᠷᠭᠤᠭ᠎ᠠ᠂ ᠠᠶᠤᠯ ᠦᠭᠡᠢ ᠦᠢᠯᠡᠳᠪᠦᠷᠢᠯᠡᠯ᠂ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠨ᠎ᠡ᠃ | ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠤᠯᠤᠰ ᠲᠥᠷᠥ ᠶᠢᠨ ᠣᠶᠢᠯᠠᠭᠠᠬᠤ ᠴᠢᠳᠠᠪᠤᠷᠢ᠂ | ᠮᠠᠭᠠᠳᠯᠠᠬᠤ ᠴᠢᠳᠠᠪᠤᠷᠢ᠂ ᠭᠦᠢᠴᠡᠳᠬᠡᠬᠦ ᠴᠢᠳᠠᠪᠤᠷᠢ ᠪᠠᠨ ᠴᠢᠩᠭᠠᠳᠬᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠭᠤᠣᠯ ᠴᠣᠭᠴᠠ ᠶᠢᠨ ᠬᠠᠷᠢᠭᠤᠴᠠᠯᠭ᠎ᠠ ᠶᠢ ᠬᠢᠴᠢᠶᠡᠩᠭᠦᠶᠢᠯᠡᠨ ᠰᠠᠬᠢᠵᠤ᠂ ᠬᠠᠷᠢᠶᠠᠯᠠᠨ ᠬᠠᠮᠢᠶᠠᠷᠬᠤ | ᠬᠦᠷᠢᠶᠡᠨ ᠳᠠᠬᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠦᠨᠡᠨ ᠬᠦ ᠰᠠᠶᠢᠲᠤᠷ ᠬᠢᠵᠦ᠂ ︽ | ᠠᠵᠢᠯ ᠤᠨ ᠬᠠᠷᠢᠭᠤᠴᠠᠯᠭ᠎ᠠ ᠪᠠᠨ ᠰᠠᠬᠢᠵᠤ᠂ ᠠᠵᠢᠯ ᠤᠨ ᠬᠠᠷᠢᠭᠤᠴᠠᠯᠭ᠎ᠠ ᠪᠠᠨ ᠭᠦᠢᠴᠡᠳᠬᠡᠵᠦ︾᠂ ᠵᠠᠯᠠᠭᠤᠴᠤᠳ | ᠪᠠᠭᠠᠴᠤᠳ ᠤᠨ ᠪᠡᠶ᠎ᠡ ᠶᠢᠨ ᠲᠠᠮᠢᠷ ᠤᠨ ᠬᠦᠷᠢᠶᠡᠨ ᠳᠠᠬᠢ ᠠᠶᠤᠯᠭᠦᠢ ᠦᠢᠯᠡᠳᠪᠦᠷᠢᠯᠡᠯ ᠢ ᠦᠨᠡᠨ ᠬᠦ ᠪᠠᠲᠤᠯᠠᠬᠤ | ᠬᠡᠷᠡᠭᠲᠡᠢ᠃ | ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠨᠠᠮ ᠤᠨ ᠤᠳᠤᠷᠢᠳᠬᠤ | ᠳᠤᠭᠤᠶᠢᠯᠠᠩ ᠤᠨ ᠭᠡᠰᠢᠭᠦᠨ᠂ ᠳᠡᠳ᠋ ᠲᠣᠪᠴᠢᠶᠠᠨ ᠳᠠᠷᠤᠭ᠎ᠠ ᠯᠢ ᡁᠢ ᠶᠢᠦ᠂ ᠥᠪᠡᠷᠲᠡᠭᠡᠨ ᠵᠠᠰᠠᠬᠤ ᠣᠷᠣᠨ ᠤ | ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠵᠠᠯᠠᠭᠤᠴᠤᠳ ᠪᠠᠭᠠᠴᠤᠳ ᠤᠨ ᠭᠠᠵᠠᠷ᠂ ᠡᠯ᠎ᠡ ᠠᠶᠢᠮᠠᠭ ᠬᠤᠲᠠ ᠶᠢᠨ | ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠵᠠᠯᠠᠭᠤᠴᠤᠳ ᠪᠠᠭᠠᠴᠤᠳ ᠤᠨ ᠠᠵᠢᠯ ᠢ ᠬᠤᠪᠢᠳᠠᠨ ᠬᠠᠮᠢᠶᠠᠷᠴᠤ ᠪᠠᠶᠢᠭ᠎ᠠ | ᠤᠳᠤᠷᠢᠳᠤᠯᠭ᠎ᠠ᠂ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠠᠵᠢᠯ ᠤᠨ ᠬᠠᠷᠢᠭᠤᠴᠠᠯᠭᠠᠲᠠᠨ ᠪᠠ | ᠪᠡᠶ᠎ᠡ ᠶᠢᠨ ᠲᠠᠮᠢᠷ ᠤᠨ ᠰᠤᠷᠭᠠᠭᠤᠯᠢ ᠶᠢᠨ ᠵᠠᠬᠢᠷᠤᠯ ᠶᠠᠷᠢᠯᠴᠠᠬᠤ ᠬᠤᠷᠠᠯ ᠳᠤ ᠣᠷᠣᠯᠴᠠᠵᠤ ᠰᠠᠨᠠᠯ ᠢᠶᠠᠨ ᠰᠣᠯᠢᠯᠴᠠᠪᠠ᠃ | |