ᠦᠵᠦᠮᠦᠴᠢᠨ ᠪᠦᠭᠡ ᠶᠢᠨ ᠡᠭᠦᠰᠦᠯ ᠬᠦᠭᠵᠢᠯ ᠵᠢᠴᠢ ᠲᠡᠭᠦᠨ ᠤ ᠡᠷᠳᠡᠮ ᠮᠡᠭᠡ ᠶᠢᠨ ᠲᠤᠬᠠᠢ
ᠨᠡᠶᠢᠲᠡᠯᠡᠭᠰᠡᠨ ᠴᠠᠭ᠄
2022/11/18
     ᠮᠤᠩᠭᠤᠯ ᠪᠦᠬᠡ ᠪᠤᠯ ᠨᠡᠭᠦᠳᠡᠯ ᠮᠠᠯᠵᠢᠯ ᠤᠨ ᠰᠤᠶᠤᠯ ᠤᠨ ᠴᠢᠬᠤᠯᠠ ᠨᠢᠭᠡᠨ ᠪᠦᠷᠢᠯᠳᠦᠭᠦᠨ ᠭᠡᠰᠡᠭ ᠪᠦᠭᠡᠳ ᠡᠷᠳᠡᠨ ᠤ ᠪᠡᠶ᠎ᠡ ᠪᠠᠨ ᠬᠠᠮᠠᠭᠠᠯᠠᠬᠤ ᠠᠷᠭ᠎ᠠ ᠬᠢᠳᠡᠯ ᠪᠠᠶᠢᠭᠰᠠᠨ ᠠᠴᠠ ᠴᠡᠷᠢᠭ ᠤᠨ ᠡᠷᠳᠡᠮ ᠪᠤᠯᠤᠨ ᠤᠯᠠᠷᠢᠨ ᠬᠦᠭᠵᠢᠵᠦ᠂ ᠤᠷᠴᠢᠨ ᠦᠶ᠎ᠡ ᠪᠤᠯᠵᠦ ᠢᠷᠡᠭᠡᠳ ᠪᠡᠶ᠎ᠡ ᠲᠠᠮᠢᠷ ᠤᠨ ᠲᠤᠳᠠᠭᠳᠠᠵᠦ ᠪᠤᠯᠤᠰᠢ ᠦᠭᠡᠢ ᠨᠠᠭᠠᠳᠤᠮ ᠤᠨ ᠲᠦᠷᠦᠯ ᠵᠦᠢᠯ ᠪᠤᠯᠤᠭᠰᠠᠨ ᠰᠢᠭ᠋ ᠠᠵᠢᠭᠯᠠᠭᠳᠠᠵᠦ ᠪᠠᠶᠢᠨ᠎ᠠ᠃ ᠮᠤᠩᠭᠤᠯ ᠪᠦᠭᠡ ᠳᠤ ᠦᠵᠦᠮᠦᠴᠢᠨ ᠪᠦᠬᠡ᠂ ᠬᠠᠯᠬ᠎ᠠ ᠪᠦᠬᠡ᠂ ᠪᠠᠷᠭᠤ ᠪᠦᠬᠡ᠂ ᠦᠭᠡᠯᠡᠳ ᠪᠦᠬᠡ ᠭᠡᠬᠦ ᠵᠡᠷᠭᠡ ᠪᠠᠷ ᠠᠩᠭᠢᠯᠠᠵᠦ ᠨᠡᠷᠡᠯᠡᠳᠡᠭ᠃ ᠡᠳᠡᠭᠡᠷ ᠭᠠᠵᠠᠷ ᠤᠷᠤᠨ ᠤ ᠪᠦᠬᠡ ᠶᠢᠨ ᠲᠦᠷᠦᠯ ᠵᠦᠢᠯ ᠢᠶᠠᠷ ᠢᠯᠭᠠᠬᠤ ᠠᠴᠠ ᠦᠵᠡᠬᠦ ᠳᠤ ᠦᠪᠡᠷ ᠦᠪᠡᠷ ᠤᠨ ᠬᠢᠨᠢ ᠪᠠᠷᠢᠯᠳᠤᠬᠤ ᠦᠪᠡᠷᠮᠢᠴᠡ ᠤᠨᠴᠠᠯᠢᠭ ᠪᠠᠶᠢᠵᠦ᠂ ᠪᠦᠬᠡ ᠶᠢᠨ ᠮᠦᠷᠦ᠋ᠢᠴᠡᠭᠡᠨ ᠤ ᠪᠠᠷᠢᠯᠳᠤᠬᠤ ᠬᠡᠯᠪᠡᠷᠢ ᠠᠷᠭ᠎ᠠ ᠬᠢᠳᠡᠯ᠂ ᠡᠷᠳᠡᠮ ᠬᠢᠴᠡ ᠲᠠᠢ ᠪᠦᠭᠡᠳ ᠪᠦᠬᠡ ᠶᠢᠨ ᠬᠤᠪᠴᠠᠰᠤ ᠵᠠᠰᠠᠯ᠂ ᠲᠡᠪᠢᠬᠦ ᠬᠦᠳᠡᠯᠭᠡᠭᠡᠨ ᠪᠠ ᠪᠦᠬᠡ ᠶᠢᠨ ᠤᠷᠢᠶ᠎ᠡ ᠲᠠᠭᠤᠤ ᠵᠡᠷᠭᠡ ᠪᠦᠷ ᠠᠳᠠᠯᠢ ᠪᠤᠰᠤ ᠪᠠᠶᠢᠳᠠᠭ᠃ ᠡᠭᠦᠨ ᠳᠤ ᠦᠵᠦᠮᠦᠴᠢᠨ ᠪᠦᠬᠡ ᠶᠢᠨ ᠦᠰᠦᠨ ᠪᠤᠶᠢᠵᠢᠯᠳᠡ᠂ ᠤᠨᠤᠭ᠎ᠠ ᠲᠠᠭᠠᠷᠠᠭᠤᠯᠬᠤ ᠪᠠ ᠡᠷᠳᠡᠮ ᠬᠢᠴᠠ ᠶᠢᠨ ᠰᠠᠭᠤᠷᠢ ᠮᠡᠳᠡᠯᠭᠡ ᠶᠢᠨ ᠤᠨᠴᠠᠯᠢᠭ᠂ ᠪᠦᠬᠡ ᠶᠢᠨ ᠬᠦᠭᠵᠢᠯᠳᠡ ᠶᠢᠨ ᠲᠠᠯ᠎ᠠ ᠪᠠᠷ ᠲᠤᠤᠷᠠᠬᠢ ᠮᠡᠳᠦ ᠲᠦᠭᠦᠮ ᠠᠵᠢᠭᠯᠠᠯᠳᠠ ᠬᠢᠶ᠎ᠡ᠄           ᠨᠢᠭᠡ᠂ ᠦᠵᠦᠮᠦᠴᠢᠨ ᠪᠦᠬᠡ ᠶᠢᠨ ᠦᠰᠦᠨ ᠪᠤᠶᠢᠵᠢᠬᠤ ᠦᠨᠳᠦᠰᠦᠨ ᠨᠦᠬᠦᠴᠡᠯ           ᠦᠵᠦᠮᠦᠴᠢᠨ ᠪᠦᠬᠡ ᠶᠢᠨ ᠦᠰᠦᠨ ᠪᠤᠶᠢᠵᠢᠯᠳᠡ ᠨᠢ ᠤᠷᠳᠤ ᠲᠡᠤᠬᠡᠨ ᠬᠤᠭᠤᠴᠠᠭᠠᠨ ᠤ ᠨᠡᠭᠦᠳᠡᠯ ᠮᠠᠯᠵᠢᠯ ᠤᠨ ᠬᠠᠳᠠᠭᠤᠬᠠᠨ ᠠᠮᠢᠳᠤᠷᠠᠯ ᠦᠢᠯᠡᠳᠪᠦᠷᠢᠯᠡᠯ ᠠᠴᠠ ᠪᠠᠨ ᠰᠠᠯᠵᠦ ᠴᠢᠳᠠᠬᠤ ᠦᠭᠡᠢ ᠪᠦᠭᠡᠳ ᠲᠡᠭᠦᠨ ᠤ ᠤᠷᠴᠢᠨ ᠠᠬᠤᠢ ᠳᠤ ᠵᠤᠬᠢᠴᠠᠭᠰᠠᠨ ᠠᠮᠢᠳᠤᠷᠠᠬᠤᠢ ᠶᠢᠨ ᠵᠠᠩ ᠲᠠᠳᠬᠠᠯ ᠵᠠᠩ ᠦᠢᠯᠡ ᠲᠠᠢ ᠨᠢᠭᠳᠠ ᠬᠤᠯᠪᠤᠭ᠎ᠠ ᠲᠠᠢ ᠭᠡᠵᠦ ᠦᠵᠡᠨ᠎ᠡ᠃ ᠦᠵᠦᠮᠦᠴᠢᠨ ᠪᠦᠬᠡ ᠨᠢ ᠬᠠᠷᠠᠬᠠᠨ ᠪᠠᠭ᠎ᠠ ᠠᠴᠠ ᠮᠠᠯ ᠤᠨᠤᠭ᠎ᠠ ᠲᠠᠢ ᠨᠤᠴᠤᠯᠳᠤᠨ ᠡᠮᠨᠢᠭ ᠰᠤᠷᠭᠠᠬᠤ᠂ ᠴᠠᠭᠠᠷᠠᠭᠤᠯᠤᠨ ᠡᠳ᠋ᠯᠡᠬᠦ᠂ ᠰᠦᠷᠦᠭ ᠬᠠᠷᠠᠭᠤᠯᠤᠨ ᠲᠦᠯᠵᠢᠭᠦᠯᠦᠨ ᠦᠰᠭᠡᠬᠦ ᠵᠡᠷᠭᠡ ᠬᠠᠳᠠᠭᠤ ᠦᠢᠯᠡᠳᠪᠦᠷᠢᠯᠡᠯ ᠲᠠᠮᠠᠴᠡᠯ ᠤᠨ ᠲᠤᠮᠳᠠ ᠶᠠᠭᠤᠨ ᠠᠴᠠ ᠴᠦ ᠠᠶᠤᠬᠤ ᠦᠭᠡᠢ ᠬᠠᠳᠠᠨ ᠵᠤᠷᠢᠭ ᠲᠠᠢ ᠪᠤᠯᠵᠦ ᠬᠦᠮᠦᠵᠢᠳᠡᠭ ᠪᠠ ᠲᠦᠷᠪᠡᠨ ᠤᠯᠠᠷᠢᠯ ᠤᠨ ᠨᠡᠭᠦᠳᠡᠯ ᠪᠠᠭᠤᠳᠠᠯ ᠤᠨ ᠲᠤᠮᠳᠠ ᠬᠠᠯᠠᠭᠤᠨ ᠳᠤ ᠬᠠᠯᠠᠵᠦ ᠬᠦᠢᠳᠡᠨ ᠳᠤ ᠬᠦᠷᠦᠬᠦ ᠬᠠᠯᠠ ᠲᠠᠢ ᠪᠤᠷᠤᠭᠵᠢᠭᠤᠨ ᠡᠳᠦᠷ ᠬᠤᠨᠤᠭ ᠤᠨ ᠲᠤᠭᠤᠯᠭᠠᠨ ᠳᠤ ᠳᠡᠰᠪᠦᠷᠢᠳᠡᠢ᠂ ᠨᠢᠳᠦ ᠬᠤᠷᠴᠠᠯᠢᠭ᠂ ᠤᠬᠠᠭᠠᠨ ᠰᠠᠮᠪᠠᠭᠠᠯᠢᠭ᠂ ᠬᠦᠳᠡᠯᠪᠦᠷᠢ ᠱᠠᠯᠠᠮᠠᠭᠠᠢ ᠪᠤᠯᠵᠦ᠂ ᠡᠭᠡ ᠪᠠᠶᠢᠭᠠᠯᠢ ᠲᠠᠢ ᠪᠠᠨ ᠠᠭᠤᠰᠤᠨ ᠨᠢᠭᠡᠳᠴᠤ ᠦᠰᠴᠤ ᠪᠤᠶᠢᠵᠢᠭᠰᠠᠨ ᠪᠠᠶᠢᠳᠠᠭ᠃ ᠡᠶᠢᠮᠦ ᠠᠴᠠ ᠲᠡᠭᠡᠳᠦ ᠶᠢᠨ ᠦᠪᠯᠡᠨ ᠦᠯᠡᠳᠡᠭᠡᠭᠰᠡᠨ ᠰᠢᠯᠢᠳᠡᠭ ᠵᠠᠩ ᠦᠢᠯᠡ ᠵᠠᠩ ᠲᠠᠳᠬᠠᠯ ᠪᠠ ᠤᠷᠴᠢᠨ ᠲᠤᠭᠤᠷᠢᠨ ᠨᠢ ᠦᠵᠦᠮᠦᠴᠢᠨ ᠪᠦᠬᠡ ᠪᠠᠨ ᠬᠦᠮᠦᠵᠢᠭᠦᠯᠦᠨ᠂ ᠡᠷᠳᠡᠮ ᠮᠡᠳᠡᠯᠭᠡ ᠤᠷ᠎ᠠ ᠮᠡᠷᠭᠡᠵᠢᠯ ᠢ ᠨᠢ ᠪᠤᠯᠪᠠᠰᠤᠷᠠᠭᠤᠯᠤᠨ᠂ ᠤᠯᠠᠮᠵᠢᠯᠠᠨ ᠦᠭᠴᠤ ᠵᠠᠯᠭᠠᠮᠵᠢᠯᠠᠨ ᠦᠯᠡᠳᠡᠭᠡᠳᠡᠭ ᠤᠴᠢᠷ ᠲᠠᠢ᠃ ᠭᠠᠵᠠᠷ ᠤᠷᠤᠨ ᠤ ᠨᠠᠶᠢᠷ ᠨᠠᠭᠠᠳᠤᠮ᠂ ᠤᠪᠤᠭᠠᠨ ᠳᠠᠬᠢᠯᠭ᠎ᠠ᠂ ᠨᠠᠰᠤᠨ ᠪᠠᠶᠠᠷ ᠤᠨ ᠨᠠᠶᠢᠷ᠂ ᠠᠳᠤᠭᠤᠨ ᠳᠡᠯᠡᠯᠭᠡ ᠬᠢᠵᠦ ᠬᠤᠭᠤᠯᠠᠢ ᠰᠢᠷᠭᠤᠭ᠎ᠠ ᠠᠪᠬᠤ ᠵᠡᠷᠭᠡ ᠨᠢ ᠳᠡᠳᠡᠨ ᠢ ᠤᠨᠳᠤᠷᠤᠭᠤᠯᠤᠨ ᠰᠤᠶᠤᠭᠠᠯᠠᠭᠤᠯᠤᠨ᠂ ᠠᠶᠠᠨᠳᠠᠭᠠᠨ ᠦᠰᠦᠨ ᠪᠤᠶᠢᠵᠢᠬᠤ ᠶᠢᠨ ᠠᠰᠢᠭᠳᠠᠢ ᠨᠦᠬᠦᠴᠡᠯ ᠪᠤᠯᠳᠠᠭ ᠪᠠᠶᠢᠨ᠎ᠠ᠂ ᠡᠭᠦᠨ ᠠᠴᠠ ᠭᠠᠳᠠᠨ᠎ᠠ ᠪᠠᠶᠢᠭᠠᠯᠢᠯᠢᠭ ᠮᠠᠯ ᠤᠨ ᠮᠢᠬ᠎ᠠ ᠰᠦᠨ ᠤ ᠲᠡᠭᠡᠳᠦ ᠳᠡᠰ ᠤᠨ ᠰᠢᠮ᠎ᠡ ᠳᠡᠵᠢᠭᠡᠯ ᠨᠢ ᠪᠡᠶ᠎ᠡ ᠶᠢᠨ ᠦᠰᠦᠯᠳᠡ ᠪᠤᠶᠢᠵᠢᠯᠳᠡ ᠶᠢᠨ ᠪᠠᠰᠠ ᠨᠢᠭᠡᠨ ᠴᠢᠬᠤᠯᠠ ᠤᠷᠭᠠᠨᠢᠭ ᠦᠨᠳᠦᠰᠤᠨ ᠡᠯᠧᠮᠧᠨ᠋ᠲ ᠪᠤᠯᠵᠦ ᠪᠠᠶᠢᠳᠠᠭ᠂ ᠡᠨᠡ ᠪᠤᠯ ᠦᠵᠦᠮᠦᠴᠢᠨ ᠨᠤᠲᠤᠭ ᠠᠴᠠ ᠪᠦᠬᠡᠴᠤᠳ ᠤᠯᠠᠨ ᠭᠠᠷᠳᠠᠭ ᠤᠨ ᠰᠢᠯᠳᠠᠭᠠᠨ ᠪᠤᠯᠤᠨ᠎ᠠ᠃            ᠳᠡᠭᠡᠷᠡᠬᠢ ᠠᠮᠢᠳᠤᠷᠠᠯ ᠦᠢᠯᠡᠳᠪᠦᠷᠢᠯᠡᠯ ᠤᠨ ᠬᠠᠳᠠᠭᠤ ᠰᠢᠯᠭᠠᠯᠳᠡ ᠶᠢ ᠳᠠᠮᠵᠢᠨ ᠠᠷᠪᠡᠨ ᠨᠠᠰᠤ ᠭᠠᠷᠪᠠᠯ ᠪᠦᠬᠡ ᠪᠤᠯᠬᠤ ᠰᠢᠡᠵᠢ ᠭᠠᠯᠪᠢᠷ ᠨᠢ ᠮᠡᠳᠡᠭᠳᠡᠵᠦ ᠡᠬᠢᠯᠡᠳᠡᠭ ᠠᠴᠠ ᠠᠬᠠᠮᠠᠳ ᠨᠢ ᠪᠦᠬᠡ ᠶᠢᠨ ᠡᠷᠳᠡᠮ ᠠᠴᠠ ᠲᠦᠭᠦᠮ ᠠᠴᠠ ᠨᠢ ᠵᠢᠭᠠᠵᠦ ᠦᠭᠬᠦ᠂ ᠬᠤᠨᠢ ᠮᠠᠯ ᠳᠤ ᠶᠠᠪᠤᠪᠠᠯ ᠪᠠᠷᠢᠯᠳᠤᠨ ᠨᠤᠴᠤᠯᠳᠤᠬᠤ ᠪᠠᠷ ᠠᠩᠬᠠᠨ ᠤ ᠰᠤᠷᠭᠠᠭᠤᠯᠢᠯᠠᠯ ᠠᠪᠳᠠᠭ᠃ ᠪᠦᠬᠡ ᠪᠤᠯᠬᠤ ᠵᠠᠯᠠᠭᠤᠰ ᠢ ᠪᠦᠬᠡ ᠶᠢᠨ ᠪᠤᠯᠪᠠᠰᠤᠷᠠᠯ ᠳᠤ ᠰᠠᠭᠤᠯᠭᠠᠨ᠂ ᠪᠡᠶ᠎ᠡ ᠮᠠᠬᠠᠪᠤᠳ ᠢ ᠨᠢ ᠬᠠᠳᠠᠭᠤᠵᠢᠭᠤᠯᠬᠤ ᠪᠠ ᠡᠷᠳᠡᠮ ᠮᠡᠭᠡ ᠰᠤᠷᠬᠤ ᠬᠠᠨᠤᠮᠵᠢᠳᠡᠢ ᠨᠦᠬᠦᠴᠡᠯ ᠢ ᠬᠠᠩᠭᠠᠳᠠᠭ ᠪᠠᠶᠢᠨ᠎ᠠ᠃ ᠦᠵᠦᠮᠦᠴᠢᠨᠴᠤᠳ ᠲᠡᠤᠬᠡᠨ ᠠᠴᠠ ᠠᠪᠤᠭᠠᠳ ᠪᠦᠬᠡ ᠪᠠᠨ ᠳᠡᠭᠡᠳᠦᠯᠡᠵᠦ᠂ ᠪᠦᠬᠡ ᠳᠡᠭᠡᠨ ᠬᠠᠶᠢᠷᠠᠳᠠᠢ᠂ ᠪᠦᠬᠡ ᠪᠠᠨ ᠬᠦᠨᠳᠦᠯᠡᠵᠦ ᠶᠠᠪᠤᠳᠠᠭ ᠲᠡᠳᠦᠢ ᠦᠭᠡᠢ ᠪᠦᠬᠡ ᠪᠠᠨ ᠭᠠᠵᠠᠷ ᠤᠷᠤᠨ ᠤ ᠡᠷ᠎ᠡ ᠶᠢᠨ ᠬᠡᠶᠢᠮᠦᠷᠢ ᠪᠠᠷ ᠦᠵᠡᠳᠡᠭ᠃ ᠪᠡᠶ᠎ᠡ ᠶᠢᠨ ᠬᠦᠳᠡᠯᠮᠦᠷᠢ ᠬᠢᠳᠡᠯ ᠳᠤ ᠴᠠᠭᠠᠷᠠᠭᠰᠠᠨ ᠦᠵᠦᠮᠦᠴᠢᠨ ᠵᠠᠯᠠᠭᠤᠰ ᠪᠤᠯ ᠬᠠᠳᠠᠨ ᠵᠤᠷᠢᠭ ᠲᠠᠢ ᠪᠤᠯᠤᠨ ᠳᠡᠪᠳᠠᠭᠳᠠᠳᠠᠭ ᠠᠴᠠ ᠪᠦᠬᠡ ᠶᠢᠨ ᠪᠤᠯᠪᠠᠰᠤᠷᠠᠯ ᠤᠨ ᠬᠠᠳᠠᠭᠤ ᠱᠠᠭᠠᠷᠳᠠᠯᠭ᠎ᠠ ᠶᠢ ᠵᠤᠷᠢᠠᠠᠳᠡᠢ ᠬᠦᠯᠢᠶᠡᠨ ᠠᠪᠬᠤ ᠴᠢᠳᠠᠪᠤᠷᠢ ᠪᠦᠷᠢᠨ ᠪᠠᠶᠢᠳᠠᠭ ᠤᠨᠴᠠᠯᠢᠭ ᠲᠠᠢ᠃ ᠰᠢᠯᠢᠳᠡᠭ ᠤᠯᠠᠮᠵᠢᠯᠠᠯ ᠤᠨ ᠨᠦᠯᠦᠭᠡ ᠪᠠ ᠲᠦᠷᠦᠯᠬᠢ ᠲᠤᠷ᠎ᠠ ᠪᠠᠬ᠎ᠠ ᠠᠴᠠ ᠪᠠᠨ ᠪᠤᠯᠵᠦ᠂ ᠵᠠᠯᠠᠭᠤᠴᠤᠳ ᠪᠠᠭᠠᠴᠤᠳ ᠨᠢ ᠰᠠᠶᠢᠨ ᠲᠤᠷ᠎ᠠ ᠠᠴᠠ ᠪᠠᠨ ᠠᠬᠠᠮᠠᠳ ᠪᠦᠬᠡᠴᠤᠳ ᠢᠶᠠᠨ ︽ᠪᠠᠭᠰᠢ︾ ᠶᠢᠨ ᠶᠤᠰᠤᠭᠠᠷ ᠬᠦᠨᠳᠦᠯᠡᠨ ᠲᠠᠭᠤᠳᠠᠵᠦ᠂ ᠲᠠᠷᠤᠤ ᠬᠢᠴᠢᠶᠡᠩᠭᠦᠢ ᠪᠠᠷ ᠡᠷᠳᠡᠮ ᠬᠢᠴᠡ ᠰᠤᠷᠴᠤ ᠰᠢᠷᠭᠠᠭᠤ ᠪᠤᠯᠪᠠᠰᠤᠷᠠᠯ ᠡᠵᠡᠮᠰᠢᠵᠦ᠂ ᠰᠠᠶᠢᠨ ᠪᠦᠬᠡ ᠪᠤᠯᠬᠤ ᠬᠦᠰᠡᠯ ᠬᠦᠭᠡᠭᠡᠴᠡᠯᠳᠦᠯ ᠲᠠᠢ ᠪᠤᠯᠳᠠᠭ᠃ ᠲᠡᠷᠡᠬᠦ ᠬᠦᠰᠡᠯ ᠬᠦᠭᠡᠭᠡᠴᠡᠯᠳᠦᠯ ᠪᠠ ᠲᠡᠰᠪᠦᠷᠢᠳᠦ ᠵᠤᠷᠢᠭ ᠰᠦᠰᠦ ᠨᠢ ᠳᠡᠳᠡᠨ ᠢ ᠪᠦᠬᠡ ᠪᠤᠯᠭᠠᠨ ᠪᠤᠶᠢᠵᠢᠭᠤᠯᠳᠠᠭ ᠠᠴᠠ ᠦᠶ᠎ᠡ ᠶᠢᠨ ᠦᠶ᠎ᠡ ᠳᠤ ᠰᠢᠯᠢᠳᠡᠭ ᠪᠦᠬᠡ ᠤᠯᠠᠨ ᠭᠠᠷᠳᠠᠭ ᠤᠯᠠᠮᠵᠢᠯᠠᠯ ᠲᠠᠢ ᠮᠦᠷᠳᠡᠭᠡᠨ ᠦᠵᠦᠮᠦᠴᠢᠨ ᠨᠤᠲᠤᠭ ᠴᠤ ᠪᠦᠬᠡ ᠶᠢᠨ ᠦᠯᠦᠭᠡᠢ ᠭᠡᠵᠦ ᠲᠠᠶᠠᠩ ᠳᠤ ᠠᠯᠳᠠᠷᠰᠢᠭᠰᠠᠨ ᠶᠤᠮ᠃            ᠬᠤᠶᠠᠷ᠂ ᠦᠵᠦᠮᠦᠴᠢᠨ ᠪᠦᠭᠡ ᠶᠢᠨ ᠤᠨᠤᠭ᠎ᠠ ᠲᠠᠭᠠᠷᠠᠭᠤᠯᠬᠤ ᠶᠢᠨ ᠴᠢᠬᠤᠯᠠ ᠲᠠᠯ᠎ᠠ         ᠦᠵᠦᠮᠦᠴᠢᠨ ᠪᠦᠬᠡ ᠨᠢ ᠨᠠᠶᠢᠷ ᠨᠠᠭᠠᠳᠤᠮ ᠬᠢᠬᠦ ᠳᠡᠭᠡᠨ ᠨᠤᠭᠤᠯᠤᠭ᠎ᠠ ᠪᠠᠷᠢᠯᠳᠤᠭᠠᠨ ᠤ ᠠᠷᠭ᠎ᠠ ᠶᠢ ᠬᠡᠷᠡᠭᠯᠡᠵᠦ᠂ ᠤᠨᠤᠭ᠎ᠠ ᠲᠠᠭᠠᠷᠠᠭᠤᠯᠤᠨ ᠪᠠᠷᠢᠯᠳᠤᠭᠤᠯᠳᠠᠭ᠂ ᠡᠨᠡ ᠪᠤᠯ ᠪᠦᠬᠡ ᠪᠠᠷᠢᠯᠳᠤᠭᠤᠯᠬᠤ ᠶᠢᠨ ᠨᠢᠭᠡᠨ ᠵᠢᠷᠤᠮ ᠪᠠᠶᠢᠭ᠎ᠠ ᠶᠤᠮ᠃ ᠤᠨᠤᠭ᠎ᠠ ᠲᠠᠭᠠᠷᠠᠭᠤᠯᠬᠤ ᠪᠤᠯ ᠪᠦᠬᠡ ᠶᠢᠨ ᠮᠡᠷᠭᠡᠵᠢᠯ ᠢ ᠰᠤᠳᠤᠯᠬᠤ᠂ ᠡᠷᠳᠡᠮ ᠮᠡᠭᠡ ᠶᠢ ᠳᠡᠭᠡᠭᠰᠢᠯᠡᠭᠦᠯᠬᠦ ᠪᠠ ᠡᠰᠡᠷᠬᠦ ᠡᠳᠡᠭᠡᠳ ᠤᠨ ᠪᠠᠭᠤᠷᠠᠢ ᠲᠠᠯ᠎ᠠ ᠶᠢ ᠡᠵᠡᠮᠰᠢᠨ ᠪᠠᠭᠤᠷᠠᠢ ᠪᠠᠷ ᠬᠦᠴᠦᠷᠬᠡᠭ ᠢ ᠢᠯᠠᠬᠤ ᠪᠦᠬᠡ ᠶᠢᠨ ᠪᠠᠭᠰᠢ ︵ᠰᠤᠳᠤᠯᠭᠠᠳᠠᠳ︶ ᠶᠢᠨ ᠤᠷ᠎ᠠ ᠮᠡᠷᠭᠡᠵᠢᠯ ᠢ ᠪᠠᠳᠠᠷᠠᠭᠤᠯᠬᠤ ᠨᠢᠭᠡᠨ ᠵᠦᠢᠯ ᠤᠨ ᠪᠠᠷᠢᠯᠳᠤᠭᠠᠨ ᠤ ᠮᠡᠳᠡᠯᠭᠡ ᠶᠢᠨ ᠲᠦᠷᠦᠯ ᠵᠦᠢᠯ ᠪᠤᠯᠤᠨ᠎ᠠ᠃ ᠤᠳᠤᠬᠠᠨ ᠳᠤ ᠡᠨᠡᠬᠦ ᠪᠦᠬᠡ ᠶᠢᠨ ᠮᠡᠳᠡᠯᠭᠡ ᠮᠡᠳᠡᠴᠡ ᠶᠢ ᠬᠠᠷᠢᠨ ᠳᠡᠭᠰᠢ ᠪᠤᠰᠤ ᠪᠠᠷᠢᠯᠳᠤᠬᠤ ᠠᠷᠭ᠎ᠠ ᠪᠠᠷ ᠦᠵᠡᠵᠦ᠂ ᠰᠢᠪᠠᠭ᠎ᠠ ᠰᠤᠭᠤᠯᠬᠤ ᠠᠷᠭ᠎ᠠ ᠶᠢ ᠭᠤᠤᠯᠳᠠᠢ ᠬᠡᠷᠡᠭᠯᠡᠬᠦ ᠪᠤᠯᠤᠭᠰᠠᠨ ᠢᠶᠠᠨ ᠪᠦᠬᠡᠴᠤᠳ ᠤᠨ ᠪᠠᠷᠢᠯᠳᠤᠬᠤ ᠡᠷᠬᠡ ᠳᠤ ᠳᠡᠭᠰᠢ ᠪᠠᠷ ᠬᠠᠨᠳᠤᠭᠰᠠᠨ ᠭᠤᠤᠯᠴᠢ ᠠᠷᠭ᠎ᠠ ᠭᠡᠵᠦ ᠦᠵᠡᠵᠦ ᠪᠠᠶᠢᠨ᠎ᠠ᠃ ᠡᠨᠡ ᠨᠢ ᠦᠵᠡᠬᠦ ᠳᠤ ᠬᠤᠪᠢ ᠬᠦᠮᠦᠨ ᠳᠤ ᠠᠪᠴᠤ ᠬᠡᠯᠡᠪᠡᠯ ᠵᠤᠬᠢᠰᠳᠡᠢ ᠰᠢᠭ᠋ ᠴᠤ ᠦᠨᠡᠨ ᠳᠡᠭᠡᠨ ᠪᠦᠬᠡ ᠶᠢᠨ ᠢᠶᠠᠨ ᠮᠡᠳᠡᠯᠭᠡ ᠮᠡᠳᠡᠴᠡ ᠬᠢᠭᠡᠳ ᠲᠠᠪᠠᠭᠤᠯᠢᠭ ᠲᠠᠯ᠎ᠠ ᠶᠢ ᠬᠦᠩᠭᠡᠪᠴᠢᠯᠡᠭᠰᠠᠨ ᠶᠠᠪᠤᠳᠠᠯ ᠮᠦᠷᠳᠡᠭᠡᠨ ᠪᠦᠬᠡ ᠶᠢᠨ ᠡᠷᠳᠡᠮ ᠤᠬᠠᠭᠠᠨ ᠮᠡᠭᠦᠰ ᠪᠠᠶᠢᠭ᠎ᠠ ᠶᠢ ᠬᠠᠷᠠᠭᠤᠯᠵᠦ ᠪᠤᠢ᠃ ᠪᠦᠬᠡ ᠶᠢᠨ ᠮᠡᠳᠭᠡᠭᠡᠨ ᠪᠤᠯ ᠭᠠᠵᠠᠷ ᠤᠷᠤᠨ᠂ ᠠᠶᠢᠮᠠᠭ ᠲᠦᠷᠦᠯ ᠪᠠ ᠨᠢᠭᠡᠴᠡ ᠪᠠᠶᠢᠭᠤᠯᠤᠮᠵᠢ ᠶᠢᠨ ᠠᠳᠠᠭ᠎ᠠ ᠬᠤᠪᠢᠴᠢᠯᠠᠯ ᠲᠠᠢ ᠪᠠᠶᠢᠳᠠᠭ ᠤᠷᠤᠯᠳᠤᠭᠠᠨ ᠤ ᠲᠦᠷᠦᠯ ᠵᠦᠢᠯ ᠶᠤᠮ᠂ ᠡᠳᠡᠭᠡᠷ ᠠᠳᠠᠭ᠎ᠠ ᠬᠤᠪᠢᠴᠢᠯᠠᠯ ᠪᠠᠶᠢᠬᠤ ᠨᠢ ᠡᠩ ᠤᠨ ᠵᠢᠮ᠎ᠡ ᠶᠤᠰᠤᠨ ᠤ ᠬᠡᠷᠡᠭ᠂ ᠬᠡᠨ ᠴᠤ ᠬᠤᠪᠢᠷᠠᠭᠤᠯᠵᠦ ᠴᠢᠳᠠᠬᠤ ᠦᠭᠡᠢ ᠶᠤᠮ᠃ ᠬᠡᠷᠪᠡ ᠦᠷᠢᠰᠦᠯᠳᠦᠭᠡᠨ ᠤ ᠦᠵᠡᠯᠳᠡ ᠦᠭᠡᠢ ᠪᠤᠯ ᠪᠠᠷᠢᠯᠳᠤᠭᠠᠨ ᠤᠷᠤᠯᠳᠤᠭᠠᠨ ᠨᠢ ᠴᠤ ᠤᠳᠬ᠎ᠠ ᠠᠭᠤᠯᠭ᠎ᠠ ᠦᠭᠡᠢ ᠪᠤᠯᠬᠤ ᠶᠤᠮ᠃ ᠭᠡᠪᠡᠴᠤ ᠡᠨᠡᠬᠦ ᠠᠳᠠᠭ᠎ᠠ ᠬᠤᠪᠢᠴᠢᠯᠠᠯ ᠢ ᠬᠠᠷᠢᠨ ᠬᠤᠷᠤᠰᠤᠯ ᠵᠠᠨᠤᠯ ᠤᠨ ᠬᠡᠮᠵᠢᠶᠡᠨ ᠳᠤ ᠬᠦᠷᠭᠡᠵᠦ ᠪᠤᠯᠬᠤ ᠦᠭᠡᠢ ᠪᠠᠶᠢᠵᠦ᠂ ᠬᠤᠪᠢ ᠬᠦᠮᠦᠨ ᠢ ᠰᠠᠨᠠᠭᠠᠴᠢᠯᠠᠭ᠎ᠠ ᠲᠠᠢ ᠬᠤᠤᠷᠯᠠᠬᠤ ᠶᠢ ᠴᠡᠭᠡᠷᠯᠡᠨ᠎ᠡ᠂ ᠡᠨᠡ ᠪᠤᠯ ᠦᠵᠦᠮᠦᠴᠢᠨ ᠪᠦᠬᠡ ᠶᠢᠨ ᠴᠡᠭᠡᠷ ᠵᠢᠷᠤᠮ ᠪᠤᠯᠤᠨ᠎ᠠ᠃ ᠦᠵᠦᠮᠦᠴᠢᠨ ᠪᠦᠬᠡ ᠨᠢ ᠵᠦᠪᠬᠡᠨ ᠤᠨᠤᠭ᠎ᠠ ᠲᠠᠭᠠᠷᠠᠭᠤᠯᠬᠤ ᠪᠦᠬᠡ ᠶᠢᠨ ᠪᠠᠷᠢᠯᠳᠤᠭᠠᠨ ᠤ ᠮᠡᠷᠭᠡᠵᠢᠯ ᠢᠶᠠᠷ᠂ ᠦᠪᠡᠷ ᠤᠨ ᠪᠦᠬᠡ ᠶᠢᠨ ᠬᠦᠴᠦᠨ ᠤ ᠪᠠᠨ ᠲᠠᠪᠠᠭᠤᠯᠢᠭ ᠢᠶᠠᠷ ᠠᠮᠵᠢᠯᠳᠠ ᠲᠠᠢ ᠰᠶᠢᠳᠪᠦᠷᠢᠯᠡᠬᠦ ᠠᠴᠠ ᠪᠢᠰᠢ ᠬᠦᠴᠦᠷᠬᠡᠭᠯᠡᠯ ᠤᠨ ᠠᠷᠭ᠎ᠠ ᠠᠪᠳᠠᠭ ᠦᠭᠡᠢ᠂ ᠡᠭᠦᠨ ᠢ ᠤᠯᠢᠭ ᠦᠭᠡᠢ ᠪᠠᠯᠠᠮᠠᠳ ᠠᠵᠢᠯᠯᠠᠭ᠎ᠠ ᠭᠡᠵᠦ ᠵᠢᠭᠰᠢᠳᠡᠭ᠃ ᠤᠨᠤᠭ᠎ᠠ ᠲᠠᠭᠠᠷᠠᠭᠤᠯᠤᠭᠠᠳ ᠭᠠᠷᠴᠤ ᠢᠷᠡᠭᠰᠡᠨ ᠬᠠᠮᠢᠭᠠᠬᠢ ᠶᠢᠨ ᠪᠦᠬᠡ ᠪᠤᠯᠤᠭᠰᠠᠨ ᠴᠤ ᠲᠡᠷᠡ ᠪᠤᠯ ᠵᠢᠩᠬᠢᠨᠢ ᠬᠦᠮᠦᠨ ᠠᠷᠠᠳ ᠤᠨ ᠢᠶᠠᠨ ᠬᠠᠶᠢᠷ᠎ᠠ ᠶᠢ ᠤᠯᠤᠭᠰᠠᠨ ᠠᠪᠤᠷᠭᠤ ᠪᠦᠬᠡ ᠪᠤᠯᠤᠨ᠎ᠠ᠂ ᠡᠨᠡ ᠪᠤᠯ ᠰᠠᠶ᠋ᠢ ᠡᠷᠳᠡᠮ ᠬᠢᠴᠡ ᠪᠠ ᠴᠢᠳᠠᠯ ᠲᠤᠷᠪᠢ ᠤᠯᠠᠨ ᠠᠴᠠ ᠤᠷᠦ᠋ᠢᠯᠠᠭᠰᠠᠨ ᠵᠢᠩᠬᠢᠨᠢ ᠪᠦᠬᠡ ᠬᠦᠮᠦᠨ ᠪᠤᠯᠬᠤ ᠶᠤᠮ᠃ ᠡᠶᠢᠮᠦ ᠠᠴᠠ ᠪᠦᠬᠡ ᠶᠢᠨ ᠤᠨᠤᠭ᠎ᠠ ᠲᠠᠭᠠᠷᠠᠭᠤᠯᠬᠤ ᠪᠤᠯ ᠪᠠᠭᠰᠢ ᠲᠠᠭᠠᠭᠤᠯᠤᠭᠴᠢ ᠶᠢᠨ ᠪᠦᠬᠡ ᠶᠢᠨ ᠡᠷᠳᠡᠮ ᠢ ᠡᠵᠡᠮᠰᠢᠬᠦ᠂ ᠪᠦᠬᠡ ᠪᠠᠨ ᠤᠶᠢᠯᠠᠭᠠᠬᠤ ᠬᠠᠮᠤᠭ ᠤᠨ ᠪᠦᠳᠦᠮᠵᠢᠳᠡᠢ ᠠᠷᠭ᠎ᠠ ᠬᠢᠳᠡᠯ ᠪᠤᠯᠵᠦ ᠪᠠᠶᠢᠳᠠᠭ ᠤᠴᠢᠷ ᠲᠠᠢ᠃           ᠭᠤᠷᠪᠠ᠂ ᠦᠵᠦᠮᠦᠴᠢᠨ ᠪᠦᠬᠡ ᠶᠢᠨ ᠡᠷᠳᠡᠮ ᠮᠡᠭᠡ ᠬᠢᠭᠡᠳ ᠲᠦᠷᠢᠮ ᠭᠤᠷᠢᠮ ᠤᠨ ᠲᠦᠯᠦᠪᠰᠢᠷᠡᠯ           ᠦᠵᠦᠮᠦᠴᠢᠨ ᠪᠦᠬᠡ ᠪᠤᠯ ᠨᠡᠯᠢᠶᠡᠳ ᠤᠷᠳᠤ ᠲᠡᠤᠬᠡᠨ ᠬᠤᠭᠤᠴᠠᠭ᠎ᠠ ᠶᠢ ᠦᠩᠭᠡᠷᠡᠭᠡᠭᠰᠡᠨ ᠪᠡᠶ᠎ᠡ ᠲᠠᠮᠢᠷ ᠤᠨ ᠪᠤᠯᠪᠠᠰᠤᠨ ᠦᠢᠯᠡ ᠬᠦᠳᠡᠯᠭᠡᠭᠡᠨ ᠤ ᠨᠢᠭᠡ ᠵᠦᠢᠯ ᠤᠨ ᠬᠡᠯᠪᠡᠷᠢ ᠪᠤᠯᠤᠨ᠎ᠠ᠃ ᠤᠯᠠᠨ ᠦᠶ᠎ᠡ ᠶᠢᠨ ᠪᠠᠷᠢᠯᠳᠤᠭᠠᠨ ᠤ ᠦᠢᠯᠡ ᠬᠦᠳᠡᠯᠭᠡᠭᠡᠨ ᠢ ᠲᠠᠮᠵᠢᠭᠠᠳ ᠦᠵᠦᠮᠦᠴᠢᠨ ᠪᠦᠬᠡ ᠨᠢ ᠬᠡᠪᠰᠢᠭᠰᠡᠨ ᠲᠦᠷᠢᠮ ᠭᠤᠷᠢᠮ ᠲᠠᠢ ᠬᠦᠭᠵᠢᠵᠦ ᠢᠷᠡᠭᠰᠡᠨ ᠪᠦᠭᠡᠳ ᠪᠠᠷᠢᠯᠳᠤᠯᠭ᠎ᠠ ᠶᠢᠨ ᠠᠷᠭ᠎ᠠ ᠲᠤᠷᠰᠢᠯᠭ᠎ᠠ ᠪᠠᠨ ᠬᠤᠷᠠᠮᠳᠤᠭᠤᠯᠤᠨ ᠮᠠᠰᠢ ᠤᠯᠠᠨ ᠬᠢᠴᠡ ᠰᠠᠶᠢᠳᠠᠢ ᠡᠷᠳᠡᠮ ᠮᠡᠭᠡ ᠶᠢ ᠡᠭᠦᠳᠦᠭᠰᠡᠨ ᠪᠠᠶᠢᠳᠠᠭ᠃ ᠡᠭᠦᠨ ᠳᠤ ᠦᠵᠦᠮᠦᠴᠢᠨ ᠪᠦᠬᠡ ᠶᠢᠨ ᠡᠷᠳᠡᠮ ᠢ ᠤᠨᠤᠯᠵᠢᠭᠤᠯᠤᠭᠴᠢ ᠪᠦᠭᠡᠳ ᠰᠤᠳᠤᠯᠭᠠᠴᠢ ᠰᠤᠳᠨᠠᠮ ᠠᠪᠤᠷᠭᠤ ︽ᠦᠵᠦᠮᠦᠴᠢᠨ ᠪᠦᠬᠡ ᠶᠢᠨ ᠡᠷᠳᠡᠮ ᠮᠡᠭᠡ ᠨᠢ 550 ᠭᠠᠷᠤᠢ ᠵᠦᠢᠯ ᠢᠶᠠᠷ ᠤᠷᠪᠠᠭᠤᠯᠤᠨ ᠬᠡᠷᠡᠭᠯᠡᠬᠦ ᠬᠢᠴᠡ ᠲᠠᠢ ᠪᠠᠶᠢᠳᠠᠭ︾ ᠭᠡᠵᠦ ᠬᠡᠯᠡᠭᠰᠡᠨ ᠨᠢ ᠦᠵᠦᠮᠦᠴᠢᠨ ᠪᠦᠬᠡ ᠶᠢᠨ ᠡᠷᠳᠡᠮ ᠮᠡᠷᠭᠡᠵᠢᠯ ᠢᠶᠠᠷ ᠡᠯᠪᠡᠭ ᠪᠠᠶᠠᠯᠢᠭ ᠪᠤᠰᠤᠳ ᠪᠦᠬᠡ ᠠᠴᠠ ᠤᠨᠴᠠᠯᠠᠭᠳᠠᠬᠤ ᠤᠨᠴᠠᠯᠢᠭ ᠨᠢ ᠪᠤᠯᠤᠨ᠎ᠠ᠃ ᠡᠨᠡ ᠪᠤᠯ ᠦᠵᠦᠮᠦᠴᠢᠨ ᠪᠦᠬᠡ ᠶᠢᠨ ᠲᠠᠪᠠᠭᠤᠯᠢᠭ ᠲᠠᠯ᠎ᠠ ᠮᠦᠷᠳᠡᠭᠡᠨ ᠰᠤᠳᠤᠯᠤᠭᠤᠰᠢᠳᠠᠢ ᠰᠡᠳᠦᠪ ᠪᠤᠯᠬᠤ ᠶᠤᠮ᠃ ᠫ᠊ · ᠲᠡᠮᠦᠷ᠂ ᠰᠤᠳᠨᠠᠮ ᠨᠠᠷ ᠤᠨ ︽ᠦᠵᠦᠮᠦᠴᠢᠨ ᠪᠦᠬᠡ︾ ᠬᠡᠬᠦ ᠨᠤᠮ ᠳᠤ ︽ᠦᠵᠦᠮᠦᠴᠢᠨ ᠪᠦᠬᠡ ᠶᠢᠨ ᠡᠷᠳᠡᠮ ᠮᠡᠭᠡ︾ ᠭᠡᠬᠦ ᠪᠦᠯᠦᠭ ᠲᠡᠭᠡᠨ ᠠᠷᠪᠠᠨ ᠵᠦᠢᠯ ᠤᠨ ᠭᠤᠤᠯ ᠡᠷᠳᠡᠮ ᠬᠢᠴᠡ ᠶᠢ ᠨᠠᠷᠢᠪᠴᠢᠯᠠᠨ᠂ ᠭᠤᠷᠪᠠᠨ ᠵᠠᠭᠤ ᠭᠤᠴᠢ ᠭᠠᠷᠤᠢ ᠵᠦᠢᠯ ᠤᠨ ᠬᠠᠷᠢᠭᠤ ᠡᠷᠳᠡᠮ ᠢᠶᠠᠷ ᠤᠯᠠᠷᠢᠭᠤᠯᠤᠨ ᠬᠡᠷᠡᠭᠯᠡᠵᠦ ᠪᠤᠯᠬᠤ ᠲᠤᠬᠠᠢ ᠳᠡᠮᠳᠡᠭᠯᠡᠨ ᠡᠷᠬᠢᠮ ᠨᠠᠨᠳᠢᠨ ᠦᠪ ᠪᠤᠯᠭᠠᠨ ᠦᠯᠡᠳᠡᠭᠡᠭᠰᠡᠨ ᠪᠠᠶᠢᠳᠠᠭ᠃ ᠪᠠᠰᠠ ᠠᠷᠪᠠᠨ ᠵᠦᠢᠯ ᠤᠨ ᠭᠤᠤᠯ ᠡᠷᠳᠡᠮ ᠪᠠ ᠬᠤᠶᠠᠷ ᠵᠠᠭᠤ ᠭᠠᠷᠤᠢ ᠬᠠᠷᠢᠭᠤ ᠡᠷᠳᠡᠮ ᠢ ᠲᠠᠷᠠᠭᠠᠴᠢ ᠪᠠᠷ ᠰᠤᠳᠤᠯᠤᠨ ᠳᠡᠮᠳᠡᠭᠯᠡᠬᠦ ᠪᠠᠷ ᠲᠤᠷᠠᠳᠤᠭᠰᠠᠨ ᠪᠤᠯᠪᠠᠴᠤ ᠡᠳᠡᠭᠡᠷ ᠬᠠᠶᠢᠷᠠᠯᠠᠯᠳᠠᠢ ᠠᠬᠠᠮᠠᠳ ᠠᠪᠤᠷᠭᠤᠴᠤᠳ ᠮᠠᠨᠢ ᠡᠷᠳᠡ ᠶᠢᠷᠳᠢᠨᠴᠤ ᠶᠢᠨ ᠮᠦᠩᠬᠡ ᠪᠤᠰᠤ ᠶᠢ ᠦᠵᠡᠭᠦᠯᠦᠭᠰᠡᠨ ᠢᠶᠠᠷ ᠬᠠᠷᠠᠮᠰᠠᠯ ᠪᠤᠯᠤᠨ ᠬᠤᠴᠤᠷᠤᠭᠰᠠᠨ ᠪᠠᠶᠢᠭ᠎ᠠ ᠶᠤᠮ᠃ ᠡᠭᠦᠨ ᠠᠴᠠ ᠲᠠᠷᠠᠭ᠎ᠠ ᠠᠯᠳᠠᠷᠳᠤ ᠪᠦᠬᠡ ᠮᠢ᠊ · ᠭᠦ᠋ᠨᠳᠤᠨ ᠭᠤᠸᠠᠢ ᠳᠠᠳᠠᠭ᠎ᠠ᠂ ᠬᠠᠶᠠᠭ᠎ᠠ᠂ ᠬᠦᠨᠳᠦᠷᠡᠭᠡ᠂ ᠡᠯᠭᠦᠭᠡ ᠵᠡᠷᠭᠡ ᠭᠤᠤᠯ ᠡᠷᠳᠡᠮ ᠢ ᠠᠷᠪᠠᠨ ᠲᠦᠷᠪᠡᠨ ᠬᠠᠷᠢᠭᠤ ᠡᠷᠳᠡᠮ ᠢᠶᠠᠷ ᠲᠠᠶᠢᠯᠪᠤᠷᠢᠯᠠᠨ᠂ ᠦᠵᠦᠮᠦᠴᠢᠨ ᠪᠦᠬᠡ ᠶᠢᠨ ᠡᠷᠳᠡᠮ ᠮᠡᠭᠡ ᠶᠢ ᠤᠯᠠᠮ ᠪᠠᠶᠠᠯᠢᠭᠵᠢᠭᠤᠯᠬᠤ ᠳᠤ ᠬᠤᠪᠢ ᠨᠡᠮᠡᠷᠢ ᠪᠠᠨ ᠦᠵᠡᠭᠦᠯᠪᠡ᠃ ᠡᠭᠦᠨ ᠠᠴᠠ ᠦᠵᠡᠬᠦ ᠳᠤ ᠦᠵᠦᠮᠦᠴᠢᠨ ᠪᠦᠬᠡ ᠶᠢᠨ ᠡᠷᠳᠡᠮ ᠮᠡᠭᠡ ᠶᠢᠨ ᠪᠠᠷᠢᠯᠳᠤᠯᠭ᠎ᠠ ᠶᠢᠨ ᠦᠨᠳᠦᠰᠦᠨ ᠮᠡᠳᠡᠯᠭᠡ ᠦᠷᠭᠡᠨ ᠳᠡᠯᠭᠡᠷ ᠪᠦᠭᠡᠳ ᠭᠦᠨ ᠭᠦᠨᠵᠡᠭᠡᠢ ᠭᠡᠳᠡᠭ ᠢ ᠬᠠᠷᠠᠭᠤᠯᠵᠦ ᠪᠠᠶᠢᠨ᠎ᠠ᠂ ᠡᠭᠦᠨ ᠳᠤ ᠪᠢᠳᠠ ᠮᠠᠰᠢ ᠶᠡᠭᠡ ᠤᠮᠤᠭᠰᠢᠵᠦ ᠪᠤᠢ᠃ ᠪᠢᠳᠡ ᠦᠵᠦᠮᠦᠴᠢᠨ ᠪᠦᠬᠡ ᠶᠢᠨ ᠢᠶᠠᠨ ᠲᠡᠤᠬᠡ ᠠᠴᠠ ᠠᠩᠬᠠᠷᠤᠭᠤᠰᠢᠳᠠᠢ ᠵᠦᠢᠯ ᠶᠠᠭᠤ ᠭᠡᠪᠡᠯ᠂ ᠦᠵᠦᠮᠦᠴᠢᠨ ᠪᠦᠬᠡᠴᠤᠳ ᠮᠠᠨᠢ ᠲᠦᠷᠦ ᠭᠦᠷᠦᠨ ᠤ ᠪᠦᠬᠡ ᠶᠢᠨ ᠳᠠᠪᠴᠠᠩ ᠳᠤ ᠨᠠᠷ᠎ᠠ ᠰᠦᠷ ᠢᠶᠠᠨ ᠠᠯᠳᠠᠨ ᠬᠠᠭᠤᠳᠠᠰᠤᠨ ᠳᠤ ᠳᠡᠮᠳᠡᠭᠯᠡᠭᠦᠯᠦᠭᠰᠡᠭᠡᠷ ᠢᠷᠡᠪᠡ᠂ ᠤᠳᠤ ᠭᠡᠳ ᠤᠯᠠᠮᠵᠢᠯᠠᠨ ᠵᠠᠯᠭᠠᠮᠵᠢᠯᠠᠵᠦ ᠮᠠᠨᠳᠤᠭᠤᠯᠵᠦ ᠪᠠᠶᠢᠨ᠎ᠠ᠂ ᠡᠨᠡ ᠪᠦᠬᠦᠨ ᠨᠢ ᠦᠵᠦᠮᠦᠴᠢᠨ ᠪᠦᠬᠡ ᠶᠢᠨ ᠮᠠᠨᠢ ᠰᠠᠭᠤᠷᠢ ᠦᠨᠳᠦᠰᠦᠨ ᠮᠡᠷᠭᠡᠵᠢᠯ ᠦᠯᠡᠮᠵᠢ ᠤᠴᠢᠷ ᠶᠠᠮᠠᠷ ᠲᠦᠷᠦᠯ ᠤᠨ ᠪᠦᠬᠡ ᠶᠢ ᠪᠠᠷᠢᠯᠳᠤᠭᠰᠠᠨ ᠴᠤ ᠲᠤᠬᠢᠷᠠᠬᠤ ᠪᠦᠭᠡᠳ ᠪᠤᠰᠤᠳ ᠪᠠᠷᠢᠯᠳᠤᠯᠭ᠎ᠠ ᠶᠢᠨ ᠠᠷᠭ᠎ᠠ ᠬᠢᠳᠡᠯ ᠢ ᠬᠦᠯᠢᠶᠡᠨ ᠠᠪᠬᠤ ᠴᠢᠳᠠᠪᠤᠷᠢ ᠪᠦᠷᠢᠨ ᠪᠠᠶᠢᠳᠠᠭ ᠭᠡᠰᠡᠨ ᠢ ᠬᠠᠷᠠᠭᠤᠯᠵᠦ ᠪᠤᠢ᠃ ᠡᠨᠡ ᠪᠤᠯ ᠪᠦᠬᠡ ᠰᠤᠳᠤᠯᠤᠭᠴᠢᠳ ᠤᠨ ᠠᠩᠬᠠᠷᠤᠭᠤᠰᠢᠳᠠᠢ ᠰᠡᠳᠦᠪ ᠪᠤᠯᠬᠤ ᠪᠦᠭᠡᠳ ᠵᠠᠯᠠᠭᠤ ᠬᠤᠶᠢᠴᠢᠰ ᠪᠦᠬᠡᠴᠤᠳ ᠤᠨ ᠮᠠᠨᠢ ᠦᠷᠭᠦᠯᠵᠢᠯᠡᠨ ᠳᠡᠬᠡᠳᠦᠯᠡᠵᠦ ᠶᠠᠪᠤᠬᠤ ᠦᠪ ᠬᠦᠷᠦᠩᠭᠡ ᠪᠠᠶᠢᠭ᠎ᠠ ᠶᠤᠮ᠃            ᠲᠡᠭᠡᠪᠡᠯ ᠦᠵᠦᠮᠦᠴᠢᠨ ᠪᠦᠬᠡ ᠶᠢᠨ ᠪᠠᠷᠢᠯᠳᠤᠭᠠᠨ ᠳᠤ ᠪᠠᠰᠠ ᠴᠡᠭᠡᠷ ᠬᠤᠷᠢᠭ᠎ᠠ ᠲᠠᠢ ᠡᠷᠳᠡᠮ ᠬᠢᠴᠡ ᠪᠠᠶᠢᠳᠠᠭ᠃ ᠡᠭᠦᠨ ᠳᠤ ᠭᠠᠷ ᠠᠴᠢᠶ᠎ᠡ᠂ ᠬᠦᠯᠳᠦᠬᠦ ᠵᠡᠷᠭᠡ ᠪᠠᠶᠢᠵᠦ᠂ ᠵᠦᠪᠬᠡᠨ ᠡᠪᠦᠳᠦᠭ ᠪᠤᠶᠤ ᠭᠠᠷ ᠬᠦᠰᠡᠷ ᠬᠦᠷᠪᠡᠯ ᠤᠶᠢᠴᠢᠭᠰᠠᠨ ᠢᠶᠠᠷ ᠲᠤᠭᠠᠴᠠᠳᠠᠭ ᠤᠨᠴᠠᠯᠢᠭ ᠲᠠᠢ᠃ ᠡᠨᠡ ᠨᠢ ᠶᠠᠭᠤ ᠬᠠᠷᠠᠭᠤᠯᠵᠦ ᠪᠠᠶᠢᠬᠤ ᠪᠤᠢ ᠭᠡᠪᠡᠯ᠂ ᠮᠠᠨ ᠤ ᠠᠬᠠᠮᠠᠳ ᠦᠶ᠎ᠡ ᠶᠢᠨ ᠬᠢᠨ ᠪᠦᠬᠡ ᠶᠢᠨ ᠪᠠᠷᠢᠯᠳᠤᠯᠭ᠎ᠠ ᠳᠤ ᠶᠡᠭᠡ ᠰᠤᠳᠤᠯᠭ᠎ᠠ ᠦᠭᠡᠷᠡᠴᠢᠯᠡᠯᠳᠡ ᠬᠢᠭᠰᠡᠨ ᠢ ᠲᠤᠰᠬᠠᠬᠤ ᠪᠦᠭᠡᠳ ᠪᠦᠬᠡ ᠪᠤᠯ ᠨᠠᠭᠠᠳᠤᠮ ᠤᠨ ᠲᠦᠷᠦᠯ ᠵᠦᠢᠯ᠂ ᠮᠦᠨ ᠴᠤ ᠠᠳᠠᠭ᠎ᠠ ᠮᠡᠳᠭᠡᠭᠡᠠ ᠲᠠᠢ ᠤᠷᠤᠯᠳᠤᠭᠠᠨ ᠤᠴᠢᠷ ᠠᠴᠠ ᠪᠡᠶ᠎ᠡ ᠴᠤᠭᠴᠡ ᠠᠳᠡᠵᠦ ᠭᠡᠮᠳᠦᠬᠦ ᠶᠠᠪᠤᠳᠠᠯ ᠭᠠᠷᠬᠤ ᠠᠴᠠ ᠵᠠᠶᠢᠯᠠᠰᠬᠢᠨ᠋ᠠᠰᠡᠨ ᠨᠢ ᠢᠯᠡᠷᠬᠡᠢ ᠪᠠᠶᠢᠭ᠎ᠠ᠃ ᠡᠭᠦᠨ ᠠᠴᠠ ᠦᠵᠦᠮᠦᠴᠢᠨ ᠪᠦᠬᠡ ᠶᠢᠨ ᠡᠷᠳᠡᠮ ᠮᠡᠭᠡ ᠪᠤᠯ ᠠᠮᠤᠷ ᠲᠦᠪᠰᠢᠨ᠂ ᠤᠯᠠᠨ ᠬᠠᠷᠠᠭ᠎ᠠ ᠬᠢᠴᠡ ᠲᠠᠢ ᠪᠤᠯᠪᠠᠰᠤᠨ ᠤᠷᠤᠯᠳᠤᠭᠠᠨ ᠤ ᠲᠦᠷᠦᠯ ᠵᠦᠢᠯ ᠳᠤ ᠲᠤᠭᠠᠴᠠᠭᠳᠠᠬᠤ ᠶᠤᠰᠤᠳᠠᠢ᠃ ᠦᠵᠦᠮᠦᠴᠢᠨ ᠪᠦᠬᠡ ᠨᠢ ᠪᠤᠯᠪᠠᠰᠤᠨ ᠤᠷᠤᠯᠳᠤᠭᠠᠨ ᠤ ᠲᠦᠷᠦᠯ ᠵᠦᠢᠯ ᠪᠤᠯᠤᠭᠰᠠᠨ ᠤ ᠬᠤᠪᠢ ᠳᠤ᠂ ᠦᠪᠡᠷ ᠤᠨ ᠬᠢᠨᠢ ᠪᠠᠷᠢᠯᠳᠤᠬᠤ ᠵᠠᠩ ᠵᠢᠷᠤᠮ᠂ ᠪᠦᠬᠡ ᠶᠢᠨ ᠬᠤᠪᠴᠠᠰᠤ ᠵᠠᠰᠠᠯ᠂ ᠡᠷᠳᠡᠮ ᠮᠡᠭᠡ᠂ ᠰᠤᠷᠢᠶ᠎ᠡ ᠪᠤᠯᠪᠠᠰᠤᠷᠠᠯ᠂ ᠪᠦᠬᠡ ᠶᠢᠨ ᠤᠷᠢᠶ᠎ᠡ ᠲᠠᠭᠤᠤ ᠵᠡᠷᠭᠡ ᠲᠦᠷᠢᠮ ᠭᠤᠷᠢᠮ ᠪᠦᠷᠢᠨ ᠬᠡᠪᠰᠢᠭᠰᠡᠨ ᠠᠵᠢᠭᠯᠠᠭᠳᠠᠵᠦ ᠪᠠᠶᠢᠨ᠎ᠠ᠃            ᠦᠵᠦᠮᠦᠴᠢᠨ  ᠪᠦᠬᠡ  ᠶᠢᠨ  ᠰᠤᠳᠤᠯᠤᠯ  ᠤᠨ  ᠲᠠᠯ᠎ᠠ  ᠪᠠᠷ᠂  ᠫ᠊ · ᠲᠡᠮᠦᠷ᠂ ᠦ᠊ · ᠰᠤᠳᠨᠠᠮ  ᠤᠨ      ︽ᠦᠵᠦᠮᠦᠴᠢᠨ ᠪᠦᠬᠡ︾ ᠭᠡᠬᠦ ᠨᠤᠮ ᠨᠢ ᠦᠵᠦᠮᠦᠴᠢᠨ ᠪᠦᠬᠡ ᠶᠢᠨ ᠰᠤᠳᠤᠯᠭᠠᠨ ᠤ ᠲᠠᠯ᠎ᠠ ᠪᠠᠷ ᠪᠤᠶᠤ ᠪᠦᠬᠡ ᠶᠢᠨ ᠵᠠᠩ ᠦᠢᠯᠡ ᠶᠢᠨ ᠲᠤᠬᠠᠢ ᠦᠷᠭᠡᠨ ᠳᠡᠯᠭᠡᠷᠡᠩᠭᠦᠢ ᠲᠠᠨᠢᠯᠴᠠᠭᠤᠯᠤᠭᠰᠠᠨ ᠬᠠᠮᠤᠭ ᠠᠩᠬᠠᠨ ᠤ ᠵᠤᠬᠢᠶᠠᠯ ᠪᠦᠳᠦᠭᠡᠯ ᠪᠤᠯᠪᠠ᠃ ᠡᠭᠦᠨ ᠤ ᠲᠠᠷᠠᠭ᠎ᠠ ᠪᠠᠷ ᠵᠡᠭᠦᠨ ᠦᠵᠦᠮᠦᠴᠢᠨ ᠬᠤᠰᠢᠭᠤᠨ ᠤ ᠰᠤᠶᠤᠯ ᠲᠡᠤᠬᠡ ᠶᠢᠨ ᠨᠡᠶᠢᠭᠡᠮᠯᠢᠭ ᠤᠨ ᠬᠢᠨ ᠫ᠊ · ᠲᠡᠮᠦᠷ᠂ ᠨᠠ᠊ · ᠪᠦᠬᠡᠬᠠᠳᠠ ᠶᠢᠨ ᠡᠮᠬᠢᠳᠭᠡᠨ ᠨᠠᠶᠢᠷᠠᠭᠤᠯᠤᠭᠰᠠᠨ ︽ᠦᠵᠦᠮᠦᠴᠢᠨ ᠪᠦᠬᠡ︾ ᠭᠡᠬᠦ ᠭᠤᠷᠪᠠᠨ ᠳᠡᠪᠳᠡᠷ ᠨᠤᠮ ᠢ ᠬᠡᠪᠯᠡᠭᠦᠯᠵᠦ᠂ ᠲᠡᠤᠬᠡᠨ ᠦᠶ᠎ᠡ ᠪᠠ ᠤᠳᠤ ᠦᠶ᠎ᠡ ᠶᠢᠨ ᠪᠦᠬᠡᠴᠤᠳ ᠤᠨ ᠨᠠᠮᠳᠠᠷ ᠢ ᠳᠢᠭᠯᠡᠨ ᠡᠮᠬᠢᠯᠡᠵᠦ ᠦᠷᠬᠡᠨ ᠢᠶᠠᠷ ᠲᠠᠨᠢᠯᠴᠠᠭᠤᠯᠤᠭᠰᠠᠨ ᠨᠢ ᠮᠠᠰᠢ ᠦᠨ᠎ᠡ ᠦᠷᠳᠡᠭ ᠪᠦᠬᠦᠢ ᠦᠵᠦᠮᠦᠴᠢᠨ ᠪᠦᠭᠡ ᠶᠢᠨ ᠰᠤᠶᠤᠯ ᠡᠷᠳᠡᠨᠢ ᠶᠢᠨ ᠰᠤᠪᠤᠷᠭ᠎ᠠ ᠶᠢ ᠴᠤᠭᠴᠠᠯᠠᠬᠤ ᠳᠤ ᠰᠠᠭᠤᠷᠢ ᠲᠠᠯᠪᠢᠭᠰᠠᠨ ᠶᠤᠮ᠃            ᠦᠵᠦᠮᠦᠴᠢᠨ ᠪᠦᠬᠡ ᠶᠢᠨ ᠨᠡᠶᠢᠭᠡᠮ ᠤᠨ ᠨᠦᠯᠦᠭᠡ ᠠᠴᠠ ᠦᠵᠡᠬᠦ ᠳᠤ᠂ ᠤᠳᠤᠬᠠᠨ ᠳᠤ ᠤᠷᠤᠨ ᠤ ᠱᠠᠳᠤᠨ ᠳᠤ ᠮᠤᠩᠭᠤᠯ ᠪᠦᠬᠡ ᠶᠢᠨ ᠪᠠᠷᠢᠯᠳᠤᠯᠭ᠎ᠠ ᠨᠢ ᠦᠵᠦᠮᠦᠴᠢᠨ ᠪᠦᠬᠡ ᠶᠢᠨ ᠡᠷᠳᠡᠮ ᠬᠢᠴᠡ᠂ ᠪᠦᠬᠡ ᠶᠢᠨ ᠤᠷᠢᠶ᠎ᠠ᠂ ᠪᠦᠬᠡ ᠶᠢᠨ ᠬᠤᠪᠴᠠᠰᠤ ᠵᠠᠰᠠᠯ ᠢ ᠨᠡᠶᠢᠳᠡᠮ ᠬᠡᠷᠡᠭᠯᠡᠬᠦ ᠪᠤᠯᠤᠭᠰᠠᠨ ᠪᠦᠭᠡᠳ ᠰᠢᠯᠢ ᠶᠢᠨ ᠭᠤᠤᠯ ᠠᠶᠢᠮᠠᠭ ᠢᠶᠠᠷ ᠭᠤᠤᠯᠯᠠᠭᠰᠠᠨ ᠤᠯᠠᠭᠠᠨᠬᠠᠳᠠ ᠬᠤᠳᠠ᠂ ᠲᠦᠩᠯᠢᠶᠤᠤ ᠬᠤᠳᠠ ᠵᠡᠷᠭᠡ ᠭᠠᠵᠠᠷ ᠤᠷᠤᠨ ᠤ ᠪᠦᠬᠡᠴᠤᠳ ᠴᠤ ᠦᠵᠦᠮᠦᠴᠢᠨ ᠪᠦᠬᠡ ᠶᠢᠨ ᠵᠠᠩᠭᠢᠶ᠎ᠠ᠂ ᠵᠤᠳᠤᠭ᠂ ᠦᠮᠦᠳᠦ ᠳᠤᠬᠤᠤ᠂ ᠭᠤᠳᠤᠯ᠂ ᠬᠤᠷᠮᠦ᠋ᠢᠪᠴᠢ ᠵᠡᠷᠭᠡ ᠬᠤᠪᠴᠠᠰᠤ ᠵᠠᠰᠠᠯ ᠢ ᠨᠡᠶᠢᠳᠡᠮ ᠬᠡᠷᠡᠭᠯᠡᠬᠦ ᠪᠤᠯᠤᠭᠰᠠᠨ ᠪᠠᠶᠢᠨ᠎ᠠ᠃ ᠡᠨᠡ ᠨᠢ ᠦᠵᠦᠮᠦᠴᠢᠨ ᠪᠦᠬᠡ ᠨᠢ ᠮᠠᠨ ᠤ ᠤᠷᠤᠨ ᠤ ᠲᠠᠮᠢᠷ ᠤᠨ ᠲᠠᠪᠴᠠᠩ ᠳᠤ ᠲᠦᠯᠦᠭᠡᠯᠡᠬᠦ ᠴᠢᠨᠠᠷ ᠤᠨ ᠬᠠᠨᠳᠤᠰᠢ ᠲᠠᠢ ᠪᠤᠯᠤᠭᠰᠠᠨ ᠢ ᠬᠠᠷᠠᠭᠤᠯᠵᠦ ᠪᠠᠶᠢᠭ᠎ᠠ ᠶᠤᠮ᠃           ᠬᠠᠮᠤᠭ ᠡᠴᠦᠰ ᠲᠤ᠂ ᠦᠵᠤᠮᠦᠴᠢᠨ ᠪᠦᠬᠡ ᠶᠢᠨ ᠮᠠᠨᠢ ᠦᠢᠯᠡᠰ ᠦᠨᠢᠷ ᠪᠠᠶᠠᠯᠢᠭ ᠤᠯᠠᠮᠵᠢᠯᠠᠯᠳᠤ ᠰᠢᠯᠢᠳᠡᠭ ᠰᠤᠶᠤᠯ ᠤᠨ ᠰᠠᠭᠤᠷᠢᠨ ᠳᠡᠭᠡᠷ᠎ᠡ ᠪᠠᠨ ᠬᠠᠳᠠᠭᠤ ᠴᠢᠩᠭ᠎ᠠ ᠵᠤᠬᠢᠶᠠᠨ ᠪᠠᠶᠢᠭᠤᠯᠤᠯᠳᠠ ᠶᠢᠨ ᠬᠡᠯᠪᠡᠷᠢ ᠲᠠᠢ᠂ ᠪᠤᠯᠪᠠᠰᠤᠨ ᠶᠤᠰᠤ ᠰᠤᠷᠳᠠᠬᠤᠨ ᠦᠢᠯᠡ ᠠᠵᠢᠯᠯᠠᠭᠠᠨ ᠤ ᠲᠦᠷᠢᠮ ᠭᠤᠷᠢᠮ ᠲᠠᠢ᠂ ᠡᠯᠪᠡᠭ ᠰᠠᠶᠢᠬᠠᠨ ᠡᠷᠳᠡᠮ ᠬᠢᠴᠡ ᠪᠠᠨ ᠡᠵᠡᠮᠰᠢᠭᠰᠡᠨ ᠵᠠᠯᠭᠠᠮᠵᠢ ᠬᠤᠶᠢᠴᠢᠰ ᠲᠠᠢ ᠪᠠᠶᠢᠬᠤ ᠶᠢ ᠵᠦᠩᠨᠠᠵᠦ᠂ ᠤᠯᠠᠮ ᠮᠠᠨᠳᠤᠨ ᠪᠠᠳᠠᠷᠠᠬᠤ ᠶᠢ ᠪᠡᠯᠭᠡᠳᠡᠶ᠎ᠡ︕
 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18004690号