ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠤᠬᠠᠭᠤᠯᠵᠤ | ᠲᠤᠤᠱᠯᠠᠭᠤᠯᠤᠨ᠂ ᠨᠡᠶᠢᠭᠡᠮ ᠤᠨ ᠪᠡᠶ᠎ᠡ ᠶᠢᠨ ᠲᠠᠮᠢᠷ ᠤᠨ ᠵᠢᠭᠠᠨ ᠵᠢᠯᠣᠭᠤᠳᠤᠭᠴᠢ ᠶᠢᠨ ᠡᠩᠨᠡᠭᠡ ᠶᠢᠨ | ᠪᠠᠶᠢᠭᠤᠯᠤᠯᠲᠠ ᠶᠢ ᠦᠨᠡᠨᠬᠦ ᠴᠢᠩᠭᠠᠳᠬᠠᠵᠤ᠂ ᠠᠷᠠᠳ ᠲᠤ ᠳᠣᠲᠣᠨᠣ᠂ ᠠᠷᠠᠳ ᠲᠤ ᠲᠥᠬᠦᠮ᠂ ᠠᠷᠠᠳ ᠲᠤ | ᠠᠰᠢᠭᠲᠠᠢ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠰᠢᠰᠲ᠋ᠧᠮ ᠢ ᠲᠦᠷᠭᠡᠳᠬᠡᠨ ᠪᠠᠶᠢᠭᠤᠯᠬᠤ ᠶᠢᠨ ᠲᠤᠰᠠᠳᠠ᠂ | 11 ᠰᠠᠷ᠎ᠠ ᠶᠢᠨ 2 ᠤᠨ ᠡᠳᠦᠷ ᠠᠴᠠ 4 ᠤ ᠡᠳᠦᠷ ᠪᠣᠯᠲᠠᠯ᠎ᠠ ᠬᠢᠩᠭᠠᠨ ᠠᠶᠢᠮᠠᠭ ᠤᠨ ᠰᠣᠶᠣᠯ ᠵᠢᠭᠤᠯᠴᠢᠯᠠᠯ | ᠪᠡᠶ᠎ᠡ ᠶᠢᠨ ᠲᠠᠮᠢᠷ ᠤᠨ ᠲᠣᠪᠴᠢᠶ᠎ᠠ ᠠᠴᠠ ᠬᠤᠶᠠᠳᠤᠭᠠᠷ ᠳᠡᠰ ᠤᠨ ᠨᠡᠶᠢᠭᠡᠮ ᠤᠨ ᠪᠡᠶ᠎ᠡ ᠶᠢᠨ ᠲᠠᠮᠢᠷ ᠤᠨ ᠵᠢᠭᠠᠨ | ᠵᠢᠯᠣᠭᠤᠳᠤᠭᠴᠢ ᠶᠢᠨ ᠮᠡᠷᠭᠡᠵᠢᠯ ᠴᠢᠳᠠᠪᠤᠷᠢ ᠶᠢᠨ ᠪᠤᠯᠪᠠᠰᠤᠷᠠᠯ ᠤᠨ ᠠᠩᠭᠢ ᠡᠷᠭᠢᠯᠡᠪᠡ᠃ ᠪᠥᠬᠦ ᠠᠶᠢᠮᠠᠭ ᠤᠨ ᠪᠡᠶ᠎ᠡ | ᠴᠢᠭᠢᠷᠠᠭᠵᠢᠭᠤᠯᠬᠤ ᠲᠠᠮᠢᠷ ︵ᠪᠥᠵᠢᠭ︶᠂ ᠪᠡᠶ᠎ᠡ ᠴᠢᠭᠢᠷᠠᠭᠵᠢᠭᠤᠯᠬᠤ ᠠᠮᠢᠰᠬᠤᠯ ᠤᠨ ᠲᠠᠮᠢᠷ ᠵᠡᠷᠭᠡ 2 ᠲᠥᠷᠥᠯ | ᠵᠦᠢᠯ ᠤᠨ 40 ᠨᠡᠷᠡᠰ ᠨᠡᠶᠢᠭᠡᠮ ᠤᠨ ᠪᠡᠶ᠎ᠡ ᠶᠢᠨ ᠲᠠᠮᠢᠷ ᠤᠨ ᠵᠢᠭᠠᠨ ᠵᠢᠯᠣᠭᠤᠳᠤᠭᠴᠢ ᠪᠣᠯᠪᠠᠰᠤᠷᠠᠯ ᠳᠤ | ᠣᠷᠣᠯᠴᠠᠵᠠᠢ᠃ | ᠲᠣᠰ ᠤᠳᠠᠭᠠᠨ ᠤ ᠪᠤᠯᠪᠠᠰᠤᠷᠠᠯ ᠢᠶᠠᠷ ᠳᠡᠮᠵᠢᠨ᠂ ᠪᠤᠯᠪᠠᠰᠤᠷᠠᠯ ᠳᠤ ᠤᠷᠤᠯᠴᠠᠭᠰᠠᠳ ᠤᠨ ᠨᠡᠶᠢᠭᠡᠮ ᠤᠨ | ᠪᠡᠶ᠎ᠡ ᠶᠢᠨ ᠲᠠᠮᠢᠷ ᠤᠨ ᠵᠢᠭᠠᠨ ᠵᠢᠯᠣᠭᠤᠳᠤᠭᠴᠢ ᠶᠢᠨ ᠵᠢᠯᠤᠭᠤᠳᠬᠤ ᠴᠢᠳᠠᠪᠤᠷᠢ ᠪᠠ ᠬᠢᠷᠢ ᠲᠦᠪᠰᠢᠨ ᠢᠶᠠᠨ ᠤᠯᠠᠮ | ᠨᠢᠭᠡ ᠠᠯᠬᠤᠮ ᠳᠡᠭᠡᠭᠰᠢᠯᠡᠭᠦᠯᠪᠡ᠃ ᠪᠤᠯᠪᠠᠰᠤᠷᠠᠯ ᠳᠤ ᠤᠷᠤᠯᠴᠠᠭᠰᠠᠳ ᠠᠴᠠ ᠬᠤᠶᠢᠰᠢᠳᠠ ᠪᠦᠬᠦ ᠠᠷᠠᠳ ᠤᠨ ᠪᠡᠶ᠎ᠡ | ᠮᠠᠬᠠᠪᠤᠳ ᠢᠶᠠᠨ ᠴᠢᠭᠢᠷᠠᠭᠵᠢᠭᠤᠯᠬᠤ ᠠᠵᠢᠯᠯᠠᠭ᠎ᠠ ᠶᠢᠨ ᠳᠤᠮᠳᠠᠬᠢ ᠭᠤᠣᠯᠯᠠᠭᠴᠢ ᠦᠢᠯᠡᠳᠦᠯ ᠢ ᠪᠠᠳᠠᠷᠠᠭᠤᠯᠵᠤ᠂ ᠪᠦᠬᠦ | ᠠᠷᠠᠳ ᠤᠨ ᠪᠡᠶ᠎ᠡ ᠴᠢᠭᠢᠷᠠᠭᠵᠢᠭᠤᠯᠬᠤ ᠶᠢᠨ ᠤᠬᠠᠭᠤᠯᠤᠭᠴᠢ᠂ ᠰᠢᠨᠵᠢᠯᠡᠬᠦ ᠤᠬᠠᠭᠠᠨᠴᠢ ᠪᠠᠷ ᠪᠡᠶ᠎ᠡ | ᠴᠢᠭᠢᠷᠠᠭᠵᠢᠭᠤᠯᠬᠤ ᠶᠢᠨ ᠵᠢᠯᠣᠭᠤᠳᠤᠭᠴᠢ᠂ ᠣᠯᠠᠨ ᠲᠦᠮᠡᠨ ᠤ ᠪᠡᠶ᠎ᠡ ᠴᠢᠭᠢᠷᠠᠭᠵᠢᠭᠤᠯᠬᠤ ᠶᠢᠨ ᠠᠵᠢᠯᠯᠠᠭ᠎ᠠ ᠶᠢᠨ | ᠵᠣᠬᠢᠶᠠᠨ ᠪᠠᠶᠢᠭᠤᠯᠤᠭᠴᠢ᠂ ᠪᠡᠶ᠎ᠡ ᠴᠢᠭᠢᠷᠠᠭᠵᠢᠭᠤᠯᠬᠤ ᠠᠮᠢᠳᠤᠷᠠᠯ ᠤᠨ ᠠᠷᠭ᠎ᠠ ᠮᠠᠶ᠋ᠢᠭ ᠤᠨ ᠳᠠᠭᠠᠭᠤᠯᠤᠭᠴᠢ ᠪᠣᠯᠵᠤ᠂ | ᠠᠷᠠᠳ ᠣᠯᠠᠨ ᠳᠤ ᠨᠠᠩ ᠣᠯᠠᠨ ᠨᠠᠩ ᠰᠠᠶᠢᠨ ᠪᠡᠶ᠎ᠡ ᠶᠢᠨ ᠲᠠᠮᠢᠷ ᠤᠨ ᠣᠯᠠᠨ ᠨᠡᠶᠢᠲᠡ ᠶᠢᠨ ᠦᠢᠯᠡᠴᠢᠯᠡᠭᠡ | ᠬᠠᠩᠭᠠᠵᠤ᠂ ᠨᠠᠩ ᠣᠯᠠᠨ ᠬᠥᠮᠥᠨ ᠳᠤ ᠨᠡᠶᠢᠭᠡᠮ ᠤᠨ ᠳᠠᠪᠰᠢᠯᠲᠠ ᠪᠠ ᠪᠡᠶ᠎ᠡ ᠶᠢᠨ ᠲᠠᠮᠢᠷ ᠤᠨ ᠬᠥᠭᠵᠢᠯᠲᠡ ᠶᠢᠨ | ᠦᠷ᠎ᠡ ᠪᠦᠲᠦᠭᠡᠯ ᠢ ᠡᠳ᠋ᠯᠡᠭᠦᠯᠵᠦ᠂ ᠠᠷᠠᠳ ᠣᠯᠠᠨ ᠤ ᠪᠡᠶ᠎ᠡ ᠶᠢᠨ ᠲᠠᠮᠢᠷ ᠪᠡᠶ᠎ᠡ ᠴᠢᠭᠢᠷᠠᠭᠵᠢᠭᠤᠯᠬᠤ ᠬᠡᠷᠡᠭᠴᠡᠭᠡ | ᠱᠠᠭᠠᠷᠳᠠᠯᠭ᠎ᠠ ᠶᠢ ᠲᠠᠰᠤᠷᠠᠯᠲᠠ ᠦᠭᠡᠢ ᠬᠠᠩᠭᠠᠵᠤ᠂ ᠣᠯᠠᠨ ᠲᠦᠮᠡᠨᠴᠢ ᠪᠡᠶ᠎ᠡ ᠶᠢᠨ ᠲᠠᠮᠢᠷ ᠤᠨ ᠥᠷᠨᠢᠩᠭᠦᠢ | ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠨ᠎ᠡ ᠭᠡᠵᠦ ᠢᠯᠡᠷᠬᠡᠶᠢᠯᠡᠵᠦ ᠪᠠᠶᠢᠪᠠ᠃ |