ᠶᠢᠰᠦᠳᠦᠭᠡᠷ ᠬᠤᠭᠤᠴᠠᠭᠠᠨ ᠤ ᠪᠦᠬᠦ ᠤᠯᠤᠰ ᠤᠨ ᠤᠯᠠᠨ ᠲᠦᠮᠡᠨ ᠤ ᠮᠥᠰᠥ ᠴᠠᠰᠤᠨ ᠤ ᠤᠯᠠᠷᠢᠯ ︵ᠥᠪᠥᠷ ᠮᠣᠩᠭᠤᠯ ᠤᠨ ᠦᠷᠳᠡᠭᠡ︶ ᠵᠢᠩᠬᠢᠨᠢ ᠪᠠᠷ ᠡᠬᠢᠯᠡᠪᠡ
ᠨᠡᠶᠢᠲᠡᠯᠡᠭᠰᠡᠨ ᠴᠠᠭ᠄
2022/12/26
   ᠰᠢ ᠶᠢᠨ ᠫᠢᠩ ᠶᠡᠷᠦᠩᠬᠡᠢ ᠱᠦᠵᠢ ᠶᠢᠨ ᠮᠥᠰᠥ ᠴᠠᠰᠤᠨ ᠤ ᠪᠡᠶ᠎ᠡ ᠶᠢᠨ ᠲᠠᠮᠢᠷ ᠤᠨ ᠬᠥᠳᠡᠯᠭᠡᠭᠡᠨ ᠢ ᠬᠥᠭᠵᠢᠭᠦᠯᠬᠦ ᠲᠤᠬᠠᠢ ᠰᠢᠷᠢᠰ ᠴᠢᠬᠤᠯᠠ ᠥᠭᠦᠯᠡᠯᠲᠡ ᠪᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠦ᠂ ︽ᠭᠤᠷᠪᠠᠨ ᠳ᠋ᠦᠩᠰᠢᠭᠤᠷ ᠬᠥᠮᠥᠨ ᠢ ᠳᠠᠶᠢᠴᠢᠯᠠᠨ ᠮᠥᠰᠥ ᠴᠠᠰᠤᠨ ᠤ ᠪᠡᠶ᠎ᠡ ᠶᠢᠨ ᠲᠠᠮᠢᠷ ᠤᠨ ᠬᠥᠳᠡᠯᠭᠡᠭᠡᠨ ᠳᠤ ᠣᠷᠣᠯᠴᠠᠭᠤᠯᠬᠤ︾ ᠶᠢ ᠦᠷᠭᠦᠯᠵᠢᠯᠡᠨ ᠲᠦᠯᠬᠢᠨ  ᠠᠬᠢᠭᠤᠯᠬᠤ ᠶᠢᠨ ᠲᠦᠯᠦᠭᠡ᠂ 12 ᠳ᠋ᠤᠭᠠᠷ ᠰᠠᠷ᠎ᠠ ᠶᠢᠨ 24 ᠤ ᠡᠳᠦᠷ ᠤᠨ ᠦᠳᠡ ᠶᠢᠨ ᠡᠮᠦᠨ᠎ᠡ᠂ ︽ᠰᠢᠨ᠎ᠡ ᠴᠠᠭ ᠦᠶ᠎ᠡ ᠶᠢᠨ ᠮᠥᠰᠥ ᠴᠠᠰᠤᠨ ᠤ ᠰᠢᠨ᠎ᠡ ᠠᠶᠠᠨ︾ ᠢᠶᠠᠷ ᠭᠤᠣᠯ ᠰᠡᠳᠦᠪ ᠪᠣᠯᠭᠠᠭᠰᠠᠨ ᠶᠢᠰᠦᠳᠦᠭᠡᠷ ᠬᠤᠭᠤᠴᠠᠭᠠᠨ ᠤ ᠪᠥᠬᠦ ᠤᠯᠤᠰ ᠤᠨ ᠣᠯᠠᠨ ᠨᠡᠶᠢᠲᠡ ᠶᠢᠨ ᠮᠥᠰᠥ ᠴᠠᠰᠤᠨ ᠤ ᠤᠯᠠᠷᠢᠯ ︵ᠥᠪᠥᠷ ᠮᠣᠩᠭᠤᠯ ᠤᠨ ᠥᠷᠲᠡᠭᠡ︶ ᠤᠨ ᠡᠬᠢᠯᠡᠯᠲᠡ ᠶᠢᠨ ᠶᠣᠰᠣᠯᠠᠯ ᠬᠥᠬᠡᠬᠤᠲᠠ ᠶᠢᠨ ᠲᠠᠢ ᠸᠧᠢ ᠴᠠᠰᠤᠨ ᠳᠤ ᠭᠤᠯᠭᠤᠬᠤ ᠲᠠᠯᠠᠪᠠᠶ ᠳᠤ ᠶᠠᠪᠤᠭᠳᠠᠪᠠ᠂ ᠲᠣᠰ ᠠᠵᠢᠯᠯᠠᠭ᠎ᠠ ᠳᠤ ᠮᠥᠰᠥ ᠴᠠᠰᠤᠨ ᠤ ᠪᠡᠶ᠎ᠡ ᠶᠢᠨ ᠲᠠᠮᠢᠷ ᠤᠨ ᠬᠥᠳᠡᠯᠭᠡᠭᠡᠨ ᠳᠤ ᠪᠠᠭ᠋ᠠᠲᠠᠢ 200 ᠭᠠᠷᠤᠢ ᠬᠥᠮᠥᠰ ᠣᠷᠣᠯᠴᠠᠵᠤ᠂ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠲᠣᠪᠴᠢᠶᠠᠨ ᠳᠠᠷᠤᠭ᠎ᠠ ᠵᠠᠩ ᡁᠢ ᠠᠵᠢᠯᠯᠠᠭ᠎ᠠ ᠳᠤ ᠣᠷᠣᠯᠴᠠᠭᠰᠠᠨ ᠪᠥᠭᠡᠳ ᠡᠬᠢᠯᠡᠯᠲᠡ ᠶᠢ ᠵᠠᠷᠯᠠᠪᠠ᠃
    ᠡᠬᠢᠯᠡᠯᠲᠡ ᠶᠢᠨ ᠶᠣᠰᠣᠯᠠᠯ ᠳᠡᠭᠡᠷ᠎ᠡ᠂ ᠲᠤᠰᠬᠠᠢ ᠮᠡᠷᠭᠡᠵᠢᠯ ᠤᠨ ᠪᠡᠶ᠎ᠡ ᠴᠢᠭᠢᠷᠠᠭᠵᠢᠭᠤᠯᠬᠤ ᠲᠠᠮᠢᠷᠴᠢᠨ ᠤ ᠪᠡᠶ᠎ᠡ ᠴᠢᠭᠢᠷᠠᠭᠵᠢᠭᠤᠯᠬᠤ ᠲᠠᠮᠢᠷ ᠤᠨ ᠬᠠᠷᠢᠯᠴᠠᠨ ᠦᠢᠯᠡᠳᠦᠯᠴᠡᠬᠦ ᠲᠣᠭᠯᠠᠯᠲᠠ᠂ ᠪᠥᠵᠢᠭᠴᠢᠨ ᠤ ᠭᠠᠵᠠᠷ ᠣᠷᠣᠨ ᠤ ᠣᠨᠴᠠᠯᠢᠭ ᠢᠶᠠᠷ ᠪᠢᠯᠬᠠᠮ᠎ᠠ ᠪᠥᠵᠢᠭ ᠤᠨ  ᠲᠤᠭᠯᠠᠯᠳᠠ᠂ ᠴᠠᠰᠤᠨ ᠳᠤ ᠭᠤᠯᠭᠤᠬᠤ ᠳᠠᠰᠬᠠᠯᠵᠢᠭᠤᠯᠤᠭᠴᠢᠳ ᠤᠨ ᠭᠤᠶᠢᠳᠠ ᠰᠡᠳᠡᠯᠲᠡ ᠲᠠᠢ ᠴᠠᠰᠤᠨ ᠳᠡᠭᠡᠷᠡᠬᠢ ᠲᠣᠭᠯᠠᠯᠲᠠ ᠨᠢ ᠠᠬᠤᠢ ᠲᠠᠯᠠᠪᠠᠢ ᠶᠢᠨ ᠦᠵᠡᠭᠴᠢᠳ ᠢ ᠬᠦᠭᠵᠢᠭᠡᠪᠡ᠃ ᠦᠳᠡ ᠶᠢᠨ ᠡᠮᠦᠨᠡᠬᠢ 10 ᠴᠠᠭ 40 ᠮᠢᠨᠦ᠋ᠲ ᠲᠤ᠂ ᠴᠠᠰᠤᠨ ᠳᠤ ᠭᠤᠯᠭᠤᠬᠤ 14 ᠳᠤᠷ᠎ᠠ ᠪᠠᠭ᠋ᠠᠲᠠᠢ ᠬᠥᠮᠥᠰ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠲᠤᠭ ᠢ ᠥᠨᠳᠥᠷ ᠡᠷᠭᠦᠵᠦ᠂ ᠪᠦᠬᠦ ᠣᠷᠣᠨ ᠤ 12 ᠠᠶᠢᠮᠠᠭ ᠬᠤᠲᠠ ᠶᠢᠨ ᠦᠰᠦᠭ ᠲᠠᠢ ᠥᠩᠭᠡᠲᠦ ᠲᠤᠭ ᠤᠨ ᠠᠩᠭᠢ ᠲᠠᠢ ᠸᠧᠢ ᠶᠢᠨ ᠴᠠᠰᠤᠨ ᠳᠤ ᠭᠤᠯᠭᠤᠬᠤ ᠲᠠᠯᠠᠪᠠᠶ ᠳᠤ ᠤᠷᠤᠪᠠ᠃ ᠡᠨᠡ ᠨᠢ ᠨᠠᠮ ᠪᠣᠯᠣᠨ ᠤᠯᠤᠰ ᠤᠨ ᠳᠠᠭᠠᠭᠤᠯᠭ᠎ᠠ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭᠠᠨ ᠤ ᠵᠢᠯᠣᠭᠤᠳᠤᠯᠭ᠎ᠠ ᠳᠣᠣᠷ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠨᠦᠭᠦᠳ ᠤᠨ ᠣᠯᠠᠨ ᠲᠦᠮᠡᠨ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠴᠠᠭ ᠢᠮᠠᠭᠲᠠ ᠴᠠᠭ ᠦᠶ᠎ᠡ ᠶᠢᠨ ᠠᠯᠬᠤᠮ ᠢ ᠳᠠᠭᠠᠵᠤ᠂ ᠡᠬᠡ ᠣᠷᠣᠨ ᠤ ᠪᠠᠨ ᠬᠥᠭᠵᠢᠯ ᠪᠠᠳᠠᠷᠠᠯ ᠤᠨ ᠲᠥᠯᠥᠭᠡ ᠬᠠᠮᠲᠤ ᠪᠠᠷ ᠴᠢᠷᠮᠠᠶᠢᠬᠤ ᠶᠢᠨ ᠬᠠᠮᠲᠤ ᠪᠦᠬᠦ ᠣᠷᠣᠨ ᠤ ᠠᠷᠪᠠᠨ ᠬᠤᠶᠠᠷ ᠠᠶᠢᠮᠠᠭ ᠬᠤᠲᠠ ᠶᠢ ᠲᠥᠯᠥᠭᠡᠯᠡᠨ ᠶᠢᠰᠦᠳᠦᠭᠡᠷ ᠬᠤᠭᠤᠴᠠᠭᠠᠨ ᠤ ᠪᠦᠬᠦ ᠤᠯᠤᠰ ᠤᠨ ᠣᠯᠠᠨ ᠲᠦᠮᠡᠨ ᠤ ᠮᠥᠰᠥ ᠴᠠᠰᠤᠨ ᠤ ᠤᠯᠠᠷᠢᠯ ᠤᠨ ᠦᠪᠡᠳᠡᠭᠰᠢ ᠶᠡᠭᠡ ᠡᠬᠢᠯᠡᠯᠲᠡ ᠶᠢ ᠬᠠᠮᠲᠤ ᠪᠠᠷ ᠪᠡᠯᠭᠡᠯᠡᠵᠦ ᠪᠠᠶᠢᠭ᠎ᠠ ᠶᠢ ᠬᠠᠷᠠᠭᠤᠯᠵᠦ ᠪᠠᠶᠢᠭ᠎ᠠ ᠶᠤᠮ᠃
   ᠡᠬᠢᠯᠡᠯᠲᠡ ᠶᠢᠨ ᠶᠣᠰᠣᠯᠠᠯ ᠤᠨ ᠳᠠᠷᠠᠭ᠎ᠠ᠂ ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ ᠴᠠᠰᠤᠨ ᠳᠡᠭᠡᠷᠡᠬᠢ ᠳᠤᠭᠤᠢ ᠲᠡᠷᠭᠡ᠂ ᠴᠠᠰᠤᠨ ᠳᠡᠭᠡᠷᠡᠬᠢ ᠳᠡᠭᠡᠰᠦ ᠲᠠᠲᠠᠬᠤ᠂ ᠴᠠᠰᠤᠨ ᠪᠠᠶᠢᠯᠳᠤᠭᠠᠨ᠂ ᠴᠠᠰᠤᠨ ᠳᠡᠯᠡᠬᠡᠢ ᠶᠢᠨ ᠪᠥᠮᠪᠥᠷᠴᠡᠭ᠂ ᠮᠥᠰᠥ ᠴᠠᠰᠤᠨ ᠤ ᠲᠤᠬᠠᠢ ᠮᠡᠳᠡᠯᠭᠡ ᠶᠢᠨ ᠰᠣᠨᠢᠷᠬᠠᠯ ᠤᠨ ᠠᠰᠠᠭᠤᠯᠲᠠ ᠬᠠᠷᠢᠭᠤᠯᠲᠠ ᠵᠡᠷᠭᠡ ᠮᠥᠰᠥ ᠴᠠᠰᠤᠨ ᠤ ᠵᠤᠭ᠎ᠠ ᠴᠡᠩᠭᠡᠯ ᠤᠨ ᠠᠵᠢᠯᠯᠠᠭ᠎ᠠ ᠲᠣᠬᠢᠷᠠᠭᠤᠯᠵᠠᠢ᠃    ᠲᠤᠰ ᠤᠳᠠᠭᠠᠨ ᠤ ᠠᠵᠢᠯᠯᠠᠭ᠎ᠠ ᠶᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ᠂  ᠪᠡᠶ᠎ᠡ ᠶᠢᠨ ᠲᠠᠮᠢᠷ ᠤᠨ ᠶᠡᠷᠦᠩᠬᠡᠢ ᠡᠪᠯᠡᠯ ᠠᠴᠠ ᠭᠤᠤᠯᠯᠠᠨ ᠡᠷᠬᠢᠯᠡᠵᠦ᠂ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠪᠡᠶ᠎ᠡ ᠶᠢᠨ ᠲᠠᠮᠢᠷ ᠤᠨ ᠦᠢᠯᠡᠴᠢᠯᠡᠭᠡᠨ ᠤ ᠲᠥᠪ᠂ ᠪᠡᠶ᠎ᠡ ᠶᠢᠨ ᠲᠠᠮᠢᠷ ᠤᠨ ᠱᠠᠩᠨᠠᠯᠲᠤ ᠰᠤᠭᠤᠯᠤᠭ᠎ᠠ ᠶᠢᠨ ᠪᠤᠷᠤᠯᠠᠭᠤᠯᠭ᠎ᠠ ᠶᠢᠨ ᠬᠠᠮᠢᠶᠠᠷᠤᠯᠳᠠ ᠶᠢᠨ ᠲᠦᠪ᠂ ᠥᠪᠥᠷ ᠮᠣᠩᠭᠤᠯ ᠤᠨ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠤ ᠨᠡᠶᠢᠭᠡᠮᠯᠢᠭ ᠤᠨ ᠬᠠᠪᠰᠤᠷᠤᠨ  ᠡᠷᠬᠢᠯᠡᠵᠦ᠂ ᠪᠦᠬᠦ ᠠᠷᠠᠳ ᠢᠶᠠᠷ ᠢᠶᠠᠨ ᠮᠥᠰᠥ ᠴᠠᠰᠤᠨ ᠤ ᠠᠵᠢᠯᠯᠠᠭ᠎ᠠ ᠳᠤ ᠣᠷᠤᠯᠴᠠᠬᠤ  ᠶᠢ ᠦᠷᠭᠦᠯᠵᠢᠯᠡᠨ ᠬᠥᠲᠥᠯᠥᠨ ᠵᠢᠯᠤᠭᠤᠳᠬᠤ ᠪᠠᠷ ᠵᠤᠷᠢᠯᠳᠠ ᠪᠠᠨ ᠪᠤᠯᠭᠠᠭᠰᠠᠨ ᠪᠠᠶᠢᠨ᠎ᠡ᠃
    ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠬᠠᠮᠢᠶ᠎ᠠ ᠪᠦᠬᠦᠢ ᠭᠠᠵᠠᠷ ᠭᠡᠷ᠂ ᠰᠢᠭᠤᠳ ᠬᠠᠷᠢᠶ᠎ᠠ ᠨᠢᠭᠡᠴᠡ ᠶᠢᠨ ᠬᠠᠷᠢᠭᠤᠴᠠᠯᠭᠠᠲᠠᠨ᠂ ᠬᠥᠬᠡᠬᠤᠲᠠ ᠶᠢᠨ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠬᠠᠮᠢᠶ᠎ᠠ ᠪᠦᠬᠦᠢ ᠨᠢᠭᠡᠴᠡ ᠶᠢᠨ ᠬᠠᠷᠢᠭᠤᠴᠠᠯᠭᠠᠲᠠᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠥᠰᠥ ᠴᠠᠰᠤᠨ ᠤ ᠨᠡᠶᠢᠭᠡᠮᠯᠢᠭ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠠᠵᠢᠯᠯᠠᠭ᠎ᠠ ᠳᠤ ᠣᠷᠣᠯᠴᠠᠪᠠ᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18004690号