ᠠᠯᠠᠱᠠ ᠠᠶᠢᠮᠠᠭ 2022 ᠣᠨ ᠤ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠶᠢᠨ ᠪᠠᠶᠢᠴᠠᠭᠠᠯᠲᠠ ᠶᠢᠨ ᠠᠵᠢᠯ ᠢ ᠪᠡᠶᠡᠯᠡᠭᠦᠯᠪᠡ
ᠨᠡᠶᠢᠲᠡᠯᠡᠭᠰᠡᠨ ᠴᠠᠭ᠄
2022/12/5
  ᠣᠶᠢᠷ᠎ᠠ ᠳᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ 2022 ᠣᠨ ᠤ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠶᠢᠨ ᠪᠠᠶᠢᠴᠠᠭᠠᠯᠲᠠ ᠶᠢᠨ ᠠᠵᠢᠯ ᠢ ᠥᠷᠨᠢᠭᠦᠯᠬᠦ ᠲᠤᠬᠠᠢ ᠮᠡᠳᠡᠭᠳᠡᠯ︾ ᠤᠨ ᠵᠣᠷᠢᠭ ᠰᠠᠨᠠᠭ᠎ᠠ ᠶᠢ ᠦᠨᠳᠦᠰᠦᠯᠡᠨ᠂ ᠠᠯᠠᠱᠠ ᠠᠶᠢᠮᠠᠭ 2022 ᠣᠨ ᠤ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠶᠢᠨ ᠪᠠᠶᠢᠴᠠᠭᠠᠯᠲᠠ ᠶᠢᠨ ᠠᠵᠢᠯ ᠢ ᠲᠡᠭᠦᠰ ᠠᠮᠵᠢᠯᠲᠠ ᠲᠠᠢ ᠪᠡᠶᠡᠯᠡᠭᠦᠯᠪᠡ᠃
    ᠲᠣᠰ ᠤᠳᠠᠭᠠᠨ ᠤ ᠪᠠᠶᠢᠴᠠᠭᠠᠯᠲᠠ ᠳᠤ ᠪᠥᠬᠦ ᠠᠶᠢᠮᠠᠭ ᠤᠨ 3 ᠬᠤᠰᠢᠭᠤ ︵ᠲᠣᠭᠤᠷᠢᠭ︶ ᠶᠢᠨ 11 ᠰᠤᠮᠤ ᠪᠠᠯᠭᠠᠰᠤ ︵ᠵᠡᠭᠡᠯᠢ ᠭᠤᠳᠤᠮᠵᠢ︶ ᠶᠢᠨ 13 ᠭᠠᠴᠠᠭ᠎ᠠ ︵ᠨᠡᠶᠢᠭᠡᠮ ᠲᠣᠭᠤᠷᠢᠭ︶ ᠶᠢᠨ 3 ᠪᠦᠬᠦᠯᠢ ᠨᠠᠰᠤᠨ ᠠᠴᠠ ᠳᠡᠭᠡᠭᠰᠢᠬᠢ ᠪᠠᠶᠢᠩᠭᠤ ᠰᠠᠭᠤᠭ᠎ᠠ ᠬᠤᠲᠠ ᠬᠥᠳᠡᠭᠡ ᠶᠢᠨ ᠰᠠᠭᠤᠭᠠᠯᠢ ᠠᠷᠠᠳ ᠢ ᠬᠠᠮᠤᠷᠪᠠ᠃
    ᠠᠯᠠᠱᠠ ᠠᠶᠢᠮᠠᠭ ᠤᠨ 2022 ᠣᠨ ᠤ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠶᠢᠨ ᠪᠠᠶᠢᠴᠠᠭᠠᠯᠲᠠ ᠨᠢ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠡᠳᠦᠷ ᠳᠤᠳᠤᠮ ᠤᠨ ᠪᠡᠶ᠎ᠡ ᠶᠢᠨ ᠲᠠᠮᠢᠷ ᠤᠨ ᠪᠣᠯᠪᠠᠰᠤᠷᠠᠯ ᠤᠨ ᠴᠠᠭ᠂ ᠳᠠᠪᠲᠠᠮᠵᠢ᠂ ᠬᠦᠴᠦᠯᠡᠴᠡ ᠵᠢᠴᠢ ᠪᠡᠶ᠎ᠡ ᠶᠢᠨ ᠲᠠᠮᠢᠷ ᠤᠨ ᠵᠢᠯᠣᠭᠤᠳᠤᠯᠭ᠎ᠠ᠂ ᠪᠡᠶ᠎ᠡ ᠶᠢᠨ ᠲᠠᠮᠢᠷ ᠤᠨ ᠪᠣᠯᠪᠠᠰᠤᠷᠠᠯ ᠤᠨ ᠲᠠᠯᠠᠪᠤᠷ᠂ ᠪᠡᠶ᠎ᠡ ᠶᠢᠨ ᠲᠠᠮᠢᠷ ᠤᠨ ᠬᠡᠷᠡᠭᠯᠡᠭᠡᠨ ᠤ ᠲᠦᠪᠰᠢᠨ᠂ ᠰᠢᠨᠵᠢᠯᠡᠬᠦ ᠤᠬᠠᠭᠠᠨᠴᠢ ᠪᠠᠷ ᠪᠡᠶ᠎ᠡ ᠴᠢᠭᠢᠷᠠᠭᠵᠢᠭᠤᠯᠬᠤ ᠮᠡᠳᠡᠯᠭᠡ ᠶᠢ ᠣᠶᠢᠯᠠᠭᠠᠬᠤ ᠬᠡᠮᠵᠢᠶ᠎ᠡ ᠪᠣᠯᠣᠨ ᠪᠡᠶ᠎ᠡ ᠶᠢᠨ ᠲᠠᠮᠢᠷ ᠤᠨ ᠰᠣᠶᠣᠯ ᠢ ᠮᠡᠳᠡᠷᠡᠬᠦ ᠬᠡᠮᠵᠢᠶ᠎ᠡ ᠵᠡᠷᠭᠡ ᠪᠠᠶᠢᠳᠠᠯ ᠳᠤ ᠠᠰᠠᠭᠤᠯᠲᠠ ᠶᠢᠨ ᠬᠠᠭᠤᠳᠠᠰᠤ ᠪᠠᠷ ᠪᠠᠶᠢᠴᠠᠭᠠᠯᠲᠠ ᠬᠢᠵᠦ᠂ ᠪᠡᠶ᠎ᠡ ᠶᠢᠨ ᠲᠠᠮᠢᠷ ᠤᠨ ᠪᠣᠯᠪᠠᠰᠤᠷᠠᠯ ᠳᠤ ᠪᠠᠶᠢᠩᠭᠤ ᠣᠷᠤᠯᠴᠠᠬᠤ ᠬᠥᠮᠥᠨ ᠤ ᠲᠤᠭ᠎ᠠ ᠪᠠ ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ᠬᠡᠪ ᠪᠣᠯᠪᠠᠰᠤᠷᠠᠯ ᠢ ᠰᠢᠨᠵᠢᠯᠡᠬᠦ ᠤᠬᠠᠭᠠᠨᠴᠢ ᠪᠠᠷ ᠵᠠᠳᠠᠯᠵᠤ᠂ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠵᠤ ᠰᠤᠳᠤᠯᠤᠨ ᠲᠣᠭᠲᠠᠭᠠᠬᠤ ᠳᠤ ᠲᠤᠭ᠎ᠠ ᠪᠠᠷᠢᠮᠲᠠ ᠶᠢᠨ ᠳᠡᠮᠵᠢᠯᠭᠡ ᠬᠠᠩᠭᠠᠵᠤ᠂ ᠴᠢᠨᠡᠭᠡᠯᠢᠭ ᠨᠡᠶᠢᠭᠡᠮ  ᠯᠦᠭᠡ ᠵᠣᠬᠢᠴᠠᠯᠳᠤᠭᠰᠠᠨ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠣᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠵᠤ᠂ ᠦᠨᠳᠦᠰᠦᠨ ᠣᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠦᠢᠯᠡᠴᠢᠯᠡᠭᠡᠨ ᠢ ᠠᠳᠠᠯᠢ ᠲᠡᠭᠰᠢ ᠪᠣᠯᠭᠠᠬᠤ ᠶᠢ ᠪᠡᠶᠡᠯᠡᠭᠦᠯᠬᠦ ᠳᠤ ᠪᠠᠲᠤᠯᠠᠭ᠎ᠠ ᠬᠠᠩᠭᠠᠨ᠎ᠠ᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18004690号