ᠳᠡᠯᠡᠬᠡᠢ ᠶᠢᠨ ᠬᠤᠨᠳᠠᠭᠠᠲᠤ ᠬᠦᠯ ᠪᠦᠮᠪᠦᠭᠡ ᠶᠢᠨ ᠤᠷᠤᠯᠳᠤᠭᠠᠨ ᠤ ᠳᠤᠭᠤᠶᠢᠯᠠᠩ ᠤᠨ ᠤᠷᠤᠯᠳᠤᠭᠠᠨ | ᠡᠬᠢᠯᠡᠭᠰᠡᠨ ᠠᠴᠠ ᠨᠠᠰᠢ᠂ ᠱᠠᠩᠨᠠᠯᠲᠤ ᠰᠤᠭᠤᠯᠤᠭ᠎ᠠ ᠬᠤᠳᠠᠯᠳᠤᠨ ᠠᠪᠬᠤ ᠠᠵᠢᠯᠯᠠᠭ᠎ᠠ ᠦᠷᠨᠢᠭᠦᠨ ᠶᠠᠪᠤᠭᠳᠠᠵᠦ᠂ | ᠳᠤᠮᠳᠠᠳᠤ ᠤᠯᠤᠰ ᠤᠨ ᠪᠡᠶ᠎ᠡ ᠶᠢᠨ ᠲᠠᠮᠢᠷ ᠤᠨ ᠱᠠᠩᠨᠠᠯᠲᠤ ᠰᠤᠭᠤᠯᠤᠭ᠎ᠠ ᠶᠢᠨ ᠬᠠᠯᠠᠮᠰᠢᠯ ᠪᠤᠢ ᠪᠤᠯᠪᠠ᠃ ᠡᠭᠦᠨ ᠤ | ᠳᠠᠭᠠᠤ ᠲᠠᠮᠢᠷ ᠤᠨ ᠱᠠᠩᠨᠠᠯᠳᠦ ᠰᠤᠭᠤᠯᠤᠭ᠎ᠠ ᠶᠢᠨ ᠬᠡᠷᠡᠭᠯᠡᠭᠴᠢᠳ ᠤᠨ ᠦᠢᠯᠡᠴᠢᠯᠡᠭᠡᠨ ᠤᠳᠠᠰᠦ 95086 ᠶᠢᠨ | ᠯᠠᠪᠯᠠᠯᠲᠠ ᠶᠢᠨ ᠪᠠᠶᠢᠳᠠᠯ᠂ ᠬᠠᠷᠢᠭᠤ ᠰᠣᠷᠪᠤᠯᠵᠢᠯᠠᠭ᠎ᠠ ᠲᠦᠷᠭᠡᠨ ᠨᠡᠮᠡᠭᠳᠡᠨ᠂ ᠡᠳᠦᠷ ᠳᠤᠮᠳᠠᠴᠢ ᠶᠢᠨ ᠯᠠᠪᠯᠠᠯᠲᠠ ᠶᠢᠨ | ᠲᠤᠭ᠎ᠠ 56 ᠪᠣᠯᠵᠤ᠂ ᠬᠠᠷᠢᠭᠤ ᠰᠣᠷᠪᠤᠯᠵᠢᠯᠠᠭ᠎ᠠ 200 ᠭᠠᠷᠤᠢ ᠪᠣᠯᠤᠭᠰᠠᠨ ᠪᠠᠶᠢᠨ᠎ᠠ᠃ ᠭᠡᠨᠡᠳᠲᠡ ᠶᠢᠨ ᠪᠠᠶᠢᠳᠠᠯ ᠢ | ᠲᠣᠬᠢᠲᠠᠢ ᠰᠢᠢᠳᠪᠦᠷᠢᠯᠡᠬᠦ ᠶᠢᠨ ᠲᠥᠯᠥᠭᠡ᠂ ᠥᠪᠥᠷ ᠮᠣᠩᠭᠤᠯ ᠤᠨ ᠪᠡᠶ᠎ᠡ ᠶᠢᠨ ᠲᠠᠮᠢᠷ ᠤᠨ ᠱᠠᠩᠨᠠᠯᠲᠤ | ᠰᠤᠭᠤᠯᠤᠭ᠎ᠠ ᠶᠢᠨ ᠲᠥᠪ ᠠᠴᠠ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠲᠥᠰᠥᠯ ᠢ ᠡᠬᠢᠯᠡᠨ ᠬᠡᠷᠡᠭᠵᠢᠭᠦᠯᠵᠦ᠂ | ᠬᠤᠶᠠᠷ ᠴᠡᠭ᠂ ᠭᠤᠷᠪᠠᠨ ᠦᠢᠯᠡᠴᠢᠯᠡᠭᠴᠢ ᠶᠢ ᠴᠠᠭ ᠲᠤᠬᠠᠢ ᠳᠤᠨᠢ ᠨᠡᠮᠡᠵᠦ᠂ ᠦᠢᠯᠡᠴᠢᠯᠡᠭᠴᠢ ᠶᠢᠨ ᠦᠢᠯᠡᠴᠢᠯᠡᠭᠡᠨ ᠤ | ᠴᠠᠭ ᠢ ᠤᠷᠲᠤᠳᠬᠠᠨ᠂ ᠰᠦᠯᠵᠢᠶᠡᠨ ᠳᠡᠭᠡᠷ᠎ᠡ ᠠᠰᠠᠭᠤᠨ ᠯᠠᠪᠯᠠᠵᠤ ᠭᠦᠢᠴᠡᠳᠬᠡᠭᠰᠡᠨ ᠨᠣᠷᠮ᠎ᠠ ᠶᠢ 100% ᠳᠤ | ᠬᠦᠷᠭᠡᠪᠡ᠃ | ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠪᠠᠨ ᠰᠤᠯᠠᠷᠠᠭᠤᠯᠬᠤ ᠦᠭᠡᠢ᠂ ᠭᠡᠷ ᠲᠡᠭᠡᠨ ᠰᠠᠭᠤᠭᠰᠠᠨ | ᠴᠦ ᠠᠵᠢᠯᠯᠠᠬᠤ ᠪᠠᠨ ᠵᠣᠭᠰᠣᠬᠤ ᠦᠭᠡᠢ᠃ ᠥᠪᠥᠷ ᠮᠣᠩᠭᠤᠯ ᠤᠨ ᠪᠡᠶ᠎ᠡ ᠶᠢᠨ ᠲᠠᠮᠢᠷ ᠤᠨ ᠱᠠᠩᠨᠠᠯᠲᠤ | ᠰᠤᠭᠤᠯᠤᠭ᠎ᠠ ᠶᠢᠨ ᠬᠢᠨ ᠦᠢᠯᠡᠴᠢᠯᠡᠭᠡᠨ ᠤ ᠬᠥᠮᠥᠨ ᠤ ᠬᠦᠴᠦᠨ ᠢ ᠰᠢᠯᠵᠢᠭᠦᠯᠦᠨ ᠲᠣᠬᠢᠷᠠᠭᠤᠯᠵᠤ᠂ ᠴᠠᠭ ᠲᠤᠬᠠᠢ | ᠳᠤᠨᠢ ᠬᠤᠶᠠᠷ ᠴᠡᠭ ᠤᠨ ᠨᠣᠮᠧᠷ ᠭᠠᠷᠭᠠᠬᠤ ᠪᠠᠷ ᠭᠤᠶᠤᠴᠢᠯᠠᠵᠤ᠂ ᠺᠣᠮᠫᠢᠦ᠋ᠲ᠋ᠧᠷ ᠵᠡᠷᠭᠡ ᠶᠢ ᠦᠢᠯᠡᠴᠢᠯᠡᠭᠡᠨ ᠤ | ᠬᠥᠮᠥᠰ ᠤᠨ ᠭᠡᠷ ᠲᠤ ᠬᠦᠷᠭᠡᠨ ᠠᠵᠢᠯᠯᠠᠬᠤ ᠶᠢ ᠪᠠᠳᠤᠯᠠᠨ᠂ ︽ᠬᠡᠷᠡᠭᠯᠡᠭᠴᠢ ᠪᠠᠷ ᠲᠥᠪ ᠪᠣᠯᠭᠠᠬᠤ︾ | ᠦᠢᠯᠡᠴᠢᠯᠡᠭᠡᠨ ᠤ ᠵᠣᠷᠢᠯᠲᠠ ᠶᠢ ᠭᠦᠢᠴᠡᠳ ᠢᠯᠡᠷᠡᠭᠦᠯᠵᠦ᠂ ᠴᠢᠨᠠᠷ ᠰᠠᠶᠢᠲᠠᠢ ᠡᠵᠡᠩᠨᠡᠯᠲᠡ ᠪᠠᠷ ᠥᠪᠥᠷ ᠮᠣᠩᠭᠤᠯ ᠤᠨ | ᠪᠡᠶ᠎ᠡ ᠶᠢᠨ ᠲᠠᠮᠢᠷ ᠤᠨ ᠱᠠᠩᠨᠠᠯᠲᠤ ᠰᠤᠭᠤᠯᠤᠭ᠎ᠠ ᠶᠢᠨ ᠨᠠᠷᠠᠲᠤ ᠲᠥᠷᠥᠯ ᠲᠡᠮᠳᠡᠭᠲᠦ ᠶᠢᠨ ᠳᠦᠷᠢ ᠲᠥᠷᠬᠦ ᠶᠢ | ᠪᠦᠲᠦᠭᠡᠨ ᠪᠠᠶᠢᠭᠤᠯᠬᠤ ᠳᠤ ᠬᠦᠴᠦᠲᠡᠢ ᠳᠡᠮᠵᠢᠯᠭᠡ ᠬᠠᠩᠭᠠᠭᠰᠠᠨ ᠪᠠᠶᠢᠨ᠎ᠠ᠃ |