ᠬᠥᠬᠡᠬᠤᠲᠠ ᠪᠡᠶ᠎ᠡ ᠴᠢᠭᠢᠷᠠᠭᠵᠢᠭᠤᠯᠬᠤ ᠮᠡᠷᠭᠡᠵᠢᠯ ᠴᠢᠳᠠᠪᠤᠷᠢ ᠶᠢᠨ ᠰᠦᠯᠵᠢᠶᠡᠨ ᠳᠡᠭᠡᠷᠡᠬᠢ ᠳᠡᠯᠭᠡᠨ ᠦᠵᠡᠭᠦᠯᠬᠦ ᠠᠵᠢᠯᠯᠠᠭ᠎ᠠ ᠡᠷᠭᠢᠯᠡᠪᠡ
ᠨᠡᠶᠢᠲᠡᠯᠡᠭᠰᠡᠨ ᠴᠠᠭ᠄
2022/12/8
    ᠡᠨᠡ ᠵᠢᠯ ᠤᠨ 12 ᠰᠠᠷ᠎ᠠ ᠶᠢᠨ 5 ᠤ ᠡᠳᠦᠷ ᠪᠣᠯ 37 ᠳ᠋ᠤᠭᠠᠷ ᠤᠳᠠᠭᠠᠨ ᠤ ᠣᠯᠠᠨ ᠤᠯᠤᠰ ᠤᠨ ᠰᠠᠶᠢᠨ ᠳᠤᠷ᠎ᠠ ᠶᠢᠨ ᠠᠵᠢᠯᠯᠠᠭᠴᠢ ᠶᠢᠨ ᠡᠳᠦᠷ ᠪᠣᠯᠣᠨ᠎ᠠ᠂ ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠢ ᠲᠣᠪᠴᠢᠶ᠎ᠠ ᠶᠢᠨ ᠤᠯᠠᠨ ᠲᠦᠮᠡᠨᠴᠢ ᠪᠡᠶ᠎ᠡ ᠶᠢᠨ ᠲᠠᠮᠢᠷ ᠤᠨ ᠵᠤᠷᠭᠠᠨ ᠠᠴᠠ ᠰᠡᠳᠦᠭᠰᠡᠨ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠭᠤᠣᠯ ᠰᠡᠳᠦᠪᠲᠦ ᠵᠢᠱᠢᠶ᠎ᠡ ᠦᠵᠡᠭᠦᠯᠬᠦ ᠠᠵᠢᠯᠯᠠᠭ᠎ᠠ ᠣᠶᠢᠷ᠎ᠠ ᠳᠤ ᠵᠠᠯᠭᠠᠭ᠎ᠠ ᠪᠠᠷ ᠶᠠᠪᠤᠭᠳᠠᠪᠠ᠃ ᠡᠨᠡ ᠵᠢᠯ ᠤᠨ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠭᠤᠣᠯ ᠰᠡᠳᠦᠪᠲᠦ ᠵᠢᠱᠢᠶ᠎ᠡ ᠦᠵᠡᠭᠦᠯᠬᠦ ᠠᠵᠢᠯᠯᠠᠭ᠎ᠠ ᠶᠢᠨ ᠭᠤᠣᠯ ᠰᠡᠳᠦᠪ ᠨᠢ ︽ᠰᠢᠨᠵᠢᠯᠡᠬᠦ ᠤᠬᠠᠭᠠᠨᠴᠢ ᠪᠠᠷ ᠪᠡᠶ᠎ᠡ ᠴᠢᠬᠢᠷᠠᠭᠵᠢᠭᠤᠯᠵᠦ · ᠰᠠᠶᠢᠨ ᠳᠤᠷ᠎ᠠ ᠶᠢᠨ ᠦᠢᠯᠡᠴᠢᠯᠡᠭᠡ ᠲᠠᠨ ᠳᠤ ᠬᠠᠨᠢ ᠪᠤᠯᠤᠶ᠎ᠡ︾ ᠪᠣᠯᠣᠨ᠎ᠠ᠃ ᠠᠵᠢᠯᠯᠠᠭ᠎ᠠ ᠶᠢᠨ ᠭᠤᠣᠯ ᠰᠡᠳᠦᠪ ᠢ ᠦᠢᠯᠡᠳᠦᠯᠭᠡᠵᠢᠭᠦᠯᠬᠦ ᠶᠢᠨ ᠲᠥᠯᠥᠭᠡ᠂ ᠬᠥᠬᠡᠬᠤᠲᠠ ᠶᠢᠨ ᠪᠡᠶ᠎ᠡ ᠶᠢᠨ ᠲᠠᠮᠢᠷ ᠤᠨ ᠲᠣᠪᠴᠢᠶ᠎ᠠ ᠠᠴᠠ ᠬᠥᠬᠡᠬᠤᠲᠠ ᠶᠢᠨ ᠪᠡᠶ᠎ᠡ ᠴᠢᠭᠢᠷᠠᠭᠵᠢᠭᠤᠯᠬᠤ ᠮᠡᠷᠭᠡᠵᠢᠯ ᠴᠢᠳᠠᠪᠤᠷᠢ ᠶᠢᠨ ᠰᠦᠯᠵᠢᠶᠡᠨ ᠳᠡᠭᠡᠷᠡᠬᠢ ᠳᠡᠯᠭᠡᠨ ᠦᠵᠡᠭᠦᠯᠬᠦ ᠠᠵᠢᠯᠯᠠᠭ᠎ᠠ ᠶᠢ ᠡᠷᠭᠢᠯᠡᠭᠰᠡᠨ ᠪᠥᠭᠡᠳ ᠡᠯ᠎ᠡ ᠬᠤᠰᠢᠭᠤ ᠰᠢᠶᠠᠨ ᠲᠣᠭᠤᠷᠢᠭ ᠢ ᠳᠠᠶᠢᠴᠢᠯᠠᠨ᠂ ᠣᠯᠠᠨ ᠤᠯᠤᠰ ᠤᠨ ᠰᠠᠶᠢᠨ ᠳᠤᠷ᠎ᠠ ᠶᠢᠨ ᠠᠵᠢᠯᠯᠠᠭ᠎ᠠ ᠶᠢᠨ ᠡᠳᠦᠷ ᠤᠨ ᠤᠷᠢᠳ ᠬᠤᠵᠢᠳ ᠢᠶᠠᠷ ᠠᠭᠤᠯᠭ᠎ᠠ ᠪᠠᠷ ᠪᠠᠶᠠᠯᠢᠭ᠂ ᠬᠡᠯᠪᠡᠷᠢ ᠮᠠᠶ᠋ᠢᠭ ᠢᠶᠠᠷ ᠣᠯᠠᠨ ᠶᠠᠩᠵᠤ ᠶᠢᠨ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠵᠠᠯᠭᠠᠭ᠎ᠠ ᠪᠠᠷ ᠥᠷᠨᠢᠭᠦᠯᠪᠡ᠃
    ᠲᠣᠰ ᠤᠳᠠᠭᠠᠨ ᠤ ᠠᠵᠢᠯᠯᠠᠭ᠎ᠠ ᠶᠢ ᠤᠯᠤᠰ ᠤᠨ ᠲᠠᠰ ᠤᠨ ᠨᠡᠶᠢᠭᠡᠮ ᠤᠨ ᠪᠡᠶ᠎ᠡ ᠶᠢᠨ ᠲᠠᠮᠢᠷ ᠤᠨ ᠵᠢᠭᠠᠨ ᠵᠢᠯᠣᠭᠤᠳᠤᠭᠴᠢ ᠰᠥᠩ ᠯᠢᠩ ᠮᠢᠨ᠂ ᠬᠠᠨ ᠶᠠᠨ ᠪᠥᠬᠦ ᠶᠠᠪᠤᠴᠠ ᠳᠤ  ᠵᠢᠯᠤᠭᠤᠳᠤᠪᠠ᠃ ᠡᠮᠦᠨᠡᠬᠢ ᠬᠤᠭᠤᠴᠠᠭᠠᠨ ᠤ ᠠᠯᠪᠠᠨ ᠵᠢᠷᠤᠮ ᠤᠨ  ᠪᠤᠯᠪᠠᠰᠤᠷᠠᠯ ᠳᠤ ᠵᠠᠭᠤ ᠰᠢᠬᠠᠮ ᠪᠡᠶ᠎ᠡ ᠴᠢᠭᠢᠷᠠᠭᠵᠢᠭᠤᠯᠬᠤ ᠳᠤᠷ᠎ᠠ ᠪᠠᠭ᠋ᠠᠲᠠᠢ ᠬᠥᠮᠥᠰ ᠲᠤ ᠪᠤᠯᠪᠠᠰᠤᠷᠠᠯ ᠬᠦᠷᠳᠡᠭᠡᠭᠰᠡᠨ ᠪᠠᠶᠢᠨ᠎ᠠ᠃ ᠰᠦᠯᠵᠢᠶᠡᠨ ᠳᠡᠭᠡᠷᠡᠬᠢ ᠦᠵᠡᠭᠦᠯᠦᠯᠭᠡ ᠶᠢᠨ ᠠᠵᠢᠯᠯᠠᠭ᠎ᠠ ᠳᠤ 60 ᠬᠥᠮᠥᠨ ᠤᠷᠤᠯᠴᠠᠪᠠ᠃ ᠲᠣᠰ ᠤᠳᠠᠭᠠᠨ ᠤ ᠦᠵᠡᠭᠦᠯᠦᠯᠭᠡ ᠶᠢᠨ ᠠᠵᠢᠯᠯᠠᠭ᠎ᠠ ᠳᠤ ᠨᠡᠶᠢᠲᠡ 2 ᠲᠣᠭᠯᠠᠯᠲᠠ ᠭᠠᠷᠭᠠᠵᠠᠢ᠂ ᠥᠷᠭᠡᠨ ᠤᠯᠠᠨ ᠪᠡᠶ᠎ᠡ ᠴᠢᠭᠢᠷᠠᠭᠵᠢᠭᠤᠯᠬᠤ ᠳᠤᠷᠠᠲᠠᠢ ᠬᠥᠮᠥᠰ ᠰᠦᠯᠵᠢᠶᠡᠨ ᠲᠡᠭᠡᠷ᠎ᠡ ᠠᠴᠠ ᠠᠵᠢᠯᠯᠠᠭ᠎ᠠ ᠶᠢ ᠰᠣᠨᠢᠷᠬᠠᠵᠤ ᠪᠣᠯᠣᠨ᠎ᠠ᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18004690号