ᠯᠢᠦ ᠬᠤ᠋ ᠴᠧᠩ ᠸᠢᠳᠢᠤ᠋ ᠬᠤᠷᠠᠯ ᠢ ᠡᠷᠬᠢᠯᠡᠨ ᠬᠤᠷᠠᠯᠳᠤᠭᠤᠯᠵᠤ 2022 ᠣᠨ ᠤ ᠲᠥᠰᠥᠪ ᠢ ᠭᠦᠢᠴᠡᠳᠬᠡᠭᠰᠡᠨ ᠪᠣᠳᠠᠲᠠᠢ ᠪᠠᠶᠢᠳᠠᠯ ᠢ ᠰᠣᠨᠣᠰᠪᠠ
ᠨᠡᠶᠢᠲᠡᠯᠡᠭᠰᠡᠨ ᠴᠠᠭ᠄
2022/12/9
     12 ᠰᠠᠷ᠎ᠠ ᠶᠢᠨ 7 ᠤ ᠡᠳᠦᠷ᠂ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠲᠣᠪᠴᠢᠶᠠᠨ ᠳᠠᠷᠤᠭ᠎ᠠ ᠯᠢᠦ ᠬᠤ᠋ ᠴᠧᠩ ᠸᠢᠳᠢᠤ᠋ ᠬᠤᠷᠠᠯ ᠡᠷᠬᠢᠯᠡᠨ ᠬᠤᠷᠠᠯᠳᠤᠭᠤᠯᠵᠦ᠂ 2022 ᠣᠨ ᠤ ᠲᠥᠰᠥᠪ ᠢ ᠭᠦᠢᠴᠡᠳᠬᠡᠬᠦ ᠠᠵᠢᠯ ᠢ ᠰᠤᠳᠤᠯᠵᠤ᠂ ᠲᠥᠰᠥᠪ ᠢ ᠭᠦᠢᠴᠡᠳᠬᠡᠬᠦ ᠠᠬᠢᠴᠠ ᠶᠢ ᠲᠦᠷᠭᠡᠳᠬᠡᠬᠦ ᠶᠢᠨ ᠲᠤᠯᠭᠠᠮ᠎ᠠ ᠴᠢᠨᠠᠷ ᠢ ᠳᠠᠬᠢᠨᠲᠠ ᠴᠢᠬᠤᠯᠠᠴᠢᠯᠠᠪᠠ᠃ ᠬᠤᠷᠠᠯ ᠳᠡᠭᠡᠷ᠎ᠡ᠂ ᠡᠯ᠎ᠡ ᠭᠠᠵᠠᠷ ᠭᠡᠷ ᠨᠢᠭᠡᠴᠡ ᠶᠢᠨ ᠭᠤᠣᠯ ᠬᠠᠷᠢᠭᠤᠴᠠᠯᠭᠠᠲᠠᠨ 2022 ᠣᠨ ᠤ ᠲᠥᠰᠥᠪ ᠢ ᠭᠦᠢᠴᠡᠳᠬᠡᠭᠰᠡᠨ ᠪᠣᠳᠠᠲᠠᠢ ᠪᠠᠶᠢᠳᠠᠯ᠂ ᠲᠥᠰᠥᠪ ᠢ ᠭᠦᠢᠴᠡᠳᠬᠡᠬᠦ ᠶᠠᠪᠤᠴᠠ ᠳᠤ ᠲᠤᠯᠭᠠᠷᠠᠭᠰᠠᠨ ᠬᠦᠴᠢᠷᠳᠡᠯ ᠪᠠ ᠬᠠᠷᠰᠢ ᠰᠠᠭᠠᠳ ᠵᠢᠴᠢ 2023 ᠣᠨ ᠤ ᠲᠥᠰᠥᠪ ᠢ ᠨᠠᠶᠢᠷᠠᠭᠤᠯᠤᠨ ᠵᠣᠬᠢᠶᠠᠬᠤ ᠠᠵᠢᠯ ᠤᠨ ᠲᠤᠬᠠᠢ ᠬᠠᠷᠢᠭᠤ ᠮᠡᠳᠡᠭᠦᠯᠦᠯᠲᠡ ᠬᠢᠪᠡ᠃     ᠬᠤᠷᠠᠯ ᠠᠴᠠ ᠵᠢᠯ ᠤᠨ ᠡᠴᠦᠰ ᠪᠣᠯᠬᠤ ᠳᠤ᠂ ᠡᠯ᠎ᠡ ᠭᠠᠵᠠᠷ ᠭᠡᠷ ᠨᠢᠭᠡᠴᠡ 2022 ᠣᠨ ᠤ ᠲᠥᠰᠥᠪ ᠢ ᠦᠨᠳᠦᠰᠦᠯᠡᠨ᠂ ᠳᠥᠯᠥᠬᠦ ᠴᠠᠭ ᠢ ᠤᠯᠠᠮ ᠨᠢᠭᠡ ᠠᠯᠬᠤᠮ ᠴᠢᠩᠭ᠎ᠠ ᠡᠵᠡᠮᠳᠡᠵᠦ᠂ ᠳᠥᠯᠥᠬᠦ ᠠᠬᠢᠴᠠ ᠪᠠᠨ ᠲᠦᠷᠭᠡᠳᠬᠡᠵᠦ᠂ ᠬᠢᠵᠢᠭ ᠤᠨ ᠪᠠᠶᠢᠳᠠᠯ ᠤᠨ ᠬᠤᠭᠤᠴᠠᠭᠠᠨ ᠳᠠᠬᠢ ᠪᠣᠳᠠᠲᠠᠢ ᠪᠠᠶᠢᠳᠠᠯ ᠢ ᠦᠨᠳᠦᠰᠦᠯᠡᠨ᠂ ᠡᠯ᠎ᠡ ᠲᠥᠷᠥᠯ ᠵᠦᠢᠯ ᠤᠨ ᠠᠬᠢᠴᠠ ᠶᠢᠨ ᠪᠠᠶᠢᠳᠠᠯ ᠳᠤ ᠴᠢᠭᠯᠡᠭᠦᠯᠦᠨ ᠪᠣᠳᠠᠲᠠᠢ ᠠᠰᠠᠭᠤᠳᠠᠯ ᠢ ᠪᠣᠳᠠᠲᠠᠢ ᠪᠠᠷ ᠵᠠᠳᠠᠯᠵᠤ᠂ ᠴᠠᠭ ᠲᠤᠬᠠᠢ ᠳᠤᠨᠢ ᠲᠥᠯᠥᠵᠦ ᠳᠡᠶᠢᠯᠦᠭᠰᠡᠨ ᠦᠭᠡᠢ ᠲᠥᠷᠥᠯ ᠵᠦᠢᠯ ᠳᠤ ᠣᠷᠣᠰᠢᠵᠤ ᠪᠠᠶᠢᠭ᠎ᠠ ᠠᠰᠠᠭᠤᠳᠠᠯ ᠢ ᠵᠠᠳᠠᠯᠤᠭᠰᠠᠨ ᠤ ᠳᠠᠷᠠᠭ᠎ᠠ ᠠᠷᠭᠠᠴᠠᠬᠤ ᠠᠷᠭ᠎ᠠ ᠬᠡᠮᠵᠢᠶ᠎ᠡ ᠲᠤᠷᠠᠳᠤᠬᠤ ᠬᠡᠷᠡᠭᠳᠡᠢ᠃ ᠡᠯ᠎ᠡ ᠭᠠᠵᠠᠷ ᠭᠡᠷ ᠨᠢᠭᠡᠴᠡ ᠨᠦᠭᠦᠳ ᠡᠳ᠋ ᠤᠨ ᠵᠠᠰᠠᠭ ᠤᠨ ᠪᠡᠯᠡ ᠮᠥᠩᠭᠦ ᠶᠢ ᠨᠢᠭᠡᠳᠦᠯᠲᠡᠢ ᠲᠥᠯᠥᠪᠯᠡᠨ ᠡᠮᠬᠢᠯᠡᠨ ᠨᠡᠶᠢᠯᠡᠭᠦᠯᠵᠦ᠂ ᠨᠢᠭᠡᠴᠡ ᠶᠢᠨ ᠲᠥᠰᠥᠪ ᠤᠨ ᠵᠠᠷᠤᠯᠭ᠎ᠠ ᠶᠢᠨ ᠪᠦᠲᠦᠴᠡ ᠶᠢ ᠰᠢᠯᠢᠳᠡᠭᠵᠢᠭᠦᠯᠦᠨ᠂ 2023 ᠣᠨ ᠤ ᠲᠥᠰᠥᠪ ᠢ ᠨᠠᠶᠢᠷᠠᠭᠤᠯᠤᠨ ᠵᠣᠬᠢᠶᠠᠬᠤ ᠠᠵᠢᠯ ᠢ ᠤᠷᠢᠳᠴᠢᠯᠠᠨ ᠰᠠᠶᠢᠲᠤᠷ ᠬᠢᠬᠦ ᠬᠡᠷᠡᠭᠲᠡᠢ ᠭᠡᠵᠦ ᠵᠢᠭᠠᠵᠦ ᠭᠠᠷᠭᠠᠪᠠ᠃     ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠡᠯ᠎ᠡ ᠭᠠᠵᠠᠷ ᠭᠡᠷ᠂ ᠡᠯ᠎ᠡ ᠰᠢᠭᠤᠳ ᠬᠠᠷᠢᠶ᠎ᠠ ᠨᠢᠭᠡᠴᠡ ᠶᠢᠨ ᠬᠠᠷᠢᠭᠤᠴᠠᠯᠭᠠᠲᠠᠳ ᠬᠤᠷᠠᠯ ᠳᠤ ᠣᠷᠣᠯᠴᠠᠪᠠ᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18004690号