ᠦᠰᠦᠭ ᠪᠢᠴᠢᠭ ᠤᠨ ᠲᠡᠶᠢᠯᠦᠮᠵᠢ᠄ ᠰᠢᠨ᠎ᠡ ᠴᠠᠭ ᠦᠶ᠎ᠡ ᠶᠢᠨ ᠪᠡᠶ᠎ᠡ ᠶᠢᠨ ᠲᠠᠮᠢᠷ ᠤᠨ ᠦᠢᠯᠡᠰ ᠤᠨ ᠬᠥᠭᠵᠢᠯᠲᠡ ᠶᠢᠨ ᠬᠠᠤᠯᠢ ᠪᠠᠷ ᠵᠠᠰᠠᠬᠤ ᠪᠠᠲᠤᠯᠠᠭ᠎ᠠ —— ᠪᠡᠶ᠎ᠡ ᠶᠢᠨ ᠲᠠᠮᠢᠷ ᠤᠨ ᠶᠡᠷᠦᠩᠬᠡᠢ ᠲᠣᠪᠴᠢᠶ᠎ᠠ ᠶᠢᠨ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠵᠤᠷᠭᠠᠨ ᠤ ᠬᠠᠷᠢᠭᠤᠴᠠᠯᠭᠠᠲᠠᠨ ᠰᠢᠨ᠎ᠡ ᠪᠠᠷ ᠵᠠᠰᠠᠪᠤᠷᠢ ᠣᠷᠣᠭᠤᠯᠤᠭᠰᠠᠨ ᠲᠠᠮᠢᠷ ᠤᠨ ᠬᠠᠤᠯᠢ ᠳᠤ ᠲᠠᠶᠢᠯᠤᠮᠵᠢ ᠬᠢᠪᠡ
ᠨᠡᠶᠢᠲᠡᠯᠡᠭᠰᠡᠨ ᠴᠠᠭ᠄
2022/6/30
    2022 ᠣᠨ ᠤ 6 ᠰᠠᠷ᠎ᠠ ᠶᠢᠨ 24 ᠤ ᠡᠳᠦᠷ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠪᠡᠶ᠎ᠡ ᠶᠢᠨ ᠲᠠᠮᠢᠷ ᠤᠨ ᠬᠠᠤᠯᠢ︾ ︵ᠳᠣᠷᠣᠭᠰᠢ ︽ᠪᠡᠶ᠎ᠡ ᠶᠢᠨ ᠲᠠᠮᠢᠷ ᠤᠨ ᠬᠠᠤᠯᠢ︾ ᠭᠡᠵᠦ ᠲᠣᠪᠴᠢᠯᠠᠨ᠎ᠠ︶ ᠶᠢ ᠠᠷᠪᠠᠨ ᠭᠤᠷᠪᠠᠳᠤᠭᠠᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠭᠤᠴᠢᠨ ᠲᠠᠪᠤᠳᠤᠭᠠᠷ ᠬᠤᠷᠠᠯᠳᠤᠭᠠᠨ ᠠᠴᠠ ᠵᠠᠰᠠᠪᠤᠷᠢ ᠣᠷᠣᠭᠤᠯᠤᠨ ᠪᠠᠲᠤᠯᠠᠵᠤ᠂ 2023 ᠣᠨ ᠤ 1 ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ ︽ᠪᠡᠶ᠎ᠡ ᠶᠢᠨ ᠲᠠᠮᠢᠷ ᠤᠨ ᠬᠠᠤᠯᠢ︾ ᠳᠤ ᠵᠠᠰᠠᠪᠤᠷᠢ ᠣᠷᠣᠭᠤᠯᠵᠤ᠂ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠪᠣᠯᠣᠨ ᠰᠢ ᠶᠢᠨ ᠫᠢᠩ ᠶᠡᠷᠦᠩᠬᠡᠢ ᠱᠦᠵᠢ ᠶᠢᠨ ᠪᠡᠶ᠎ᠡ ᠶᠢᠨ ᠲᠠᠮᠢᠷ ᠤᠨ ᠲᠤᠬᠠᠢ ᠴᠢᠬᠤᠯᠠ ᠥᠭᠦᠯᠡᠯᠲᠡ ᠶᠢ ᠲᠤᠤᠱᠯᠠᠭᠤᠯᠬᠤ ᠶᠢᠨ ᠴᠢᠬᠤᠯᠠ ᠢᠯᠡᠷᠡᠯ ᠮᠥᠨ᠂ ᠪᠦᠬᠦ ᠲᠠᠯ᠎ᠠ ᠪᠠᠷ ᠬᠠᠤᠯᠢ ᠶᠣᠰᠣᠭᠠᠷ ᠤᠯᠤᠰ ᠢᠶᠠᠨ ᠵᠠᠰᠠᠬᠤ ᠦᠨᠳᠦᠰᠦᠨ ᠠᠷᠭ᠎ᠠ ᠪᠣᠳᠣᠯᠭ᠎ᠠ ᠶᠢ ᠨᠠᠶᠢᠳᠠᠪᠤᠷᠢᠵᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠂ ᠪᠡᠶ᠎ᠡ ᠶᠢᠨ ᠲᠠᠮᠢᠷ ᠤᠨ ᠬᠦᠷᠢᠶᠡᠨ ᠤ ᠲᠡᠩᠴᠡᠭᠦᠷᠢ ᠦᠭᠡᠢ ᠭᠦᠢᠴᠡᠳ ᠦᠭᠡᠢ ᠪᠠᠶᠢᠬᠤ ᠠᠰᠠᠭᠤᠳᠠᠯ ᠢ ᠰᠢᠢᠳᠪᠦᠷᠢᠯᠡᠬᠦ ᠴᠢᠬᠤᠯᠠ ᠠᠷᠭ᠎ᠠ ᠵᠠᠮ ᠮᠥᠨ᠂ ᠪᠡᠶ᠎ᠡ ᠶᠢᠨ ᠲᠠᠮᠢᠷ ᠤᠨ ᠵᠠᠰᠠᠯᠲᠠ ᠶᠢᠨ ᠰᠢᠰᠲ᠋ᠧᠮ ᠪᠣᠯᠣᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢᠨ ᠲᠦᠪᠰᠢᠨ ᠢ ᠳᠡᠭᠡᠭᠰᠢᠯᠡᠭᠦᠯᠬᠦ ᠴᠢᠬᠤᠯᠠ ᠪᠠᠲᠤᠯᠠᠭ᠎ᠠ ᠮᠥᠨ᠂ ᠮᠠᠨ ᠤ ᠤᠯᠤᠰ ᠤᠨ ᠪᠡᠶ᠎ᠡ ᠶᠢᠨ ᠲᠠᠮᠢᠷ ᠤᠨ ᠬᠠᠤᠯᠢ ᠪᠠᠷ ᠵᠠᠰᠠᠬᠤ ᠪᠠᠶᠢᠭᠤᠯᠤᠯᠲᠠ ᠰᠢᠨ᠎ᠡ ᠱᠠᠲᠤᠨ ᠳᠤ ᠣᠷᠣᠭᠰᠠᠨ ᠢ ᠬᠠᠷᠠᠭᠤᠯᠵᠤ᠂ ᠰᠢᠨ᠎ᠡ ᠴᠠᠭ ᠦᠶ᠎ᠡ ᠳᠤ ᠪᠡᠶ᠎ᠡ ᠶᠢᠨ ᠲᠠᠮᠢᠷ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠵᠢᠷᠤᠮᠵᠢᠭᠤᠯᠤᠨ ᠬᠥᠲᠥᠯᠥᠨ ᠳᠠᠭᠠᠭᠤᠯᠬᠤ᠂ ᠪᠡᠶ᠎ᠡ ᠶᠢᠨ ᠲᠠᠮᠢᠷ ᠤᠨ ᠬᠦᠴᠦᠷᠬᠡᠭ ᠤᠯᠤᠰ ᠪᠣᠯᠣᠨ ᠡᠷᠡᠭᠦᠯ ᠡᠩᠬᠡ ᠳᠤᠮᠳᠠᠳᠤ ᠤᠯᠤᠰ ᠤᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ ᠳᠤ ᠲᠤᠶᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ᠃     ᠨᠢᠭᠡ᠂ ︽ᠪᠡᠶ᠎ᠡ ᠶᠢᠨ ᠲᠠᠮᠢᠷ ᠤᠨ ᠬᠠᠤᠯᠢ︾ ᠳᠤ ᠵᠠᠰᠠᠪᠤᠷᠢ ᠣᠷᠣᠭᠤᠯᠤᠭᠰᠠᠨ ᠠᠬᠤᠢ ᠪᠠᠶᠢᠳᠠᠯ ᠪᠠ ᠶᠠᠪᠤᠴᠠ     1995 ᠣᠨ ᠤ 8 ᠰᠠᠷ᠎ᠠ ᠶᠢᠨ 29 ᠤ ᠡᠳᠦᠷ᠂ ᠨᠠᠢᠮᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠷᠪᠠᠨ ᠲᠠᠪᠤᠳᠤᠭᠠᠷ ᠬᠤᠷᠠᠯᠳᠤᠭᠠᠨ ᠠᠴᠠ ᠪᠦᠷᠢᠨ ᠪᠢᠯᠧᠲ ᠢᠶᠠᠷ ︽ᠪᠡᠶ᠎ᠡ ᠶᠢᠨ ᠲᠠᠮᠢᠷ ᠤᠨ ᠬᠠᠤᠯᠢ︾ ᠶᠢ ᠪᠠᠲᠤᠯᠠᠵᠤ᠂ ᠤᠯᠤᠰ ᠤᠨ ᠪᠡᠶ᠎ᠡ ᠶᠢᠨ ᠲᠠᠮᠢᠷ ᠤᠨ ᠬᠦᠷᠢᠶᠡᠨ ᠳᠠᠬᠢ ᠬᠠᠤᠯᠢ ᠲᠣᠭᠲᠠᠭᠠᠯᠲᠠ ᠶᠢᠨ ᠬᠤᠭᠤᠰᠤᠨ ᠢ ᠨᠥᠬᠦᠪᠦᠷᠢᠯᠡᠵᠦ᠂ ᠪᠡᠶ᠎ᠡ ᠶᠢᠨ ᠲᠠᠮᠢᠷ ᠤᠨ ᠦᠢᠯᠡᠰ ᠤᠨ ᠵᠢᠷᠤᠮᠯᠠᠬᠤ ᠬᠠᠤᠯᠢ ᠦᠭᠡᠢ ᠪᠠᠶᠢᠭᠰᠠᠨ ᠲᠡᠦᠬᠡ ᠶᠢ ᠡᠴᠦᠰᠯᠡᠭᠦᠯᠦᠭᠡᠳ᠂ ᠪᠡᠶ᠎ᠡ ᠶᠢᠨ ᠲᠠᠮᠢᠷ ᠤᠨ ᠠᠵᠢᠯ ᠢ ᠬᠠᠤᠯᠢ ᠶᠣᠰᠣᠭᠠᠷ ᠵᠠᠰᠠᠭ ᠶᠠᠪᠤᠭᠤᠯᠬᠤ ᠵᠠᠮ ᠳᠤ ᠣᠷᠣᠭᠤᠯᠪᠠ᠃ ᠪᠡᠶ᠎ᠡ ᠶᠢᠨ ᠲᠠᠮᠢᠷ ᠤᠨ ᠬᠦᠷᠢᠶᠡᠨ ᠳᠠᠬᠢ ᠴᠣᠷ ᠤᠨ ᠭᠠᠭᠴᠠ ᠲᠤᠰᠬᠠᠢ ᠬᠠᠤᠯᠢ ᠴᠠᠭᠠᠵᠠ ᠪᠣᠯᠤᠭᠰᠠᠨ ᠤ ᠬᠤᠪᠢ ᠳᠤ᠂ ︽ᠪᠡᠶ᠎ᠡ ᠶᠢᠨ ᠲᠠᠮᠢᠷ ᠤᠨ ᠬᠠᠤᠯᠢ︾ ᠨᠢ ᠨᠠᠮ ᠪᠠ ᠤᠯᠤᠰ ᠤᠨ ᠪᠡᠶ᠎ᠡ ᠶᠢᠨ ᠲᠠᠮᠢᠷ ᠤᠨ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠲᠤᠰᠬᠠᠵᠤ᠂ ᠮᠠᠨ ᠤ ᠤᠯᠤᠰ ᠤᠨ ᠪᠡᠶ᠎ᠡ ᠶᠢᠨ ᠲᠠᠮᠢᠷ ᠤᠨ ᠬᠦᠷᠢᠶᠡᠨ ᠳᠠᠬᠢ ᠦᠨᠳᠦᠰᠦᠨ ᠬᠠᠷᠢᠴᠠᠭ᠎ᠠ ᠶᠢ ᠲᠣᠬᠢᠷᠠᠭᠤᠯᠤᠨ ᠵᠢᠷᠤᠮᠵᠢᠭᠤᠯᠵᠠᠢ᠂ ᠡᠨᠡ ᠪᠣᠯ ᠮᠠᠨ ᠤ ᠤᠯᠤᠰ ᠤᠨ ᠪᠡᠶ᠎ᠡ ᠶᠢᠨ ᠲᠠᠮᠢᠷ ᠤᠨ ᠦᠢᠯᠡᠰ ᠤᠨ ᠬᠥᠭᠵᠢᠯᠲᠡ ᠶᠢᠨ ᠰᠠᠭᠤᠷᠢ ᠴᠢᠨᠠᠷᠲᠠᠢ ᠬᠠᠤᠯᠢ ᠴᠠᠭᠠᠵᠠ ᠮᠥᠨ᠂ ᠮᠠᠨ ᠤ ᠤᠯᠤᠰ ᠤᠨ ᠪᠡᠶ᠎ᠡ ᠶᠢᠨ ᠲᠠᠮᠢᠷ ᠤᠨ ᠬᠠᠤᠯᠢ ᠴᠠᠭᠠᠵᠠ ᠶᠢᠨ ᠵᠢᠷᠤᠮᠵᠢᠯ ᠤᠨ ᠰᠢᠰᠲ᠋ᠧᠮ ᠳᠤ ᠭᠤᠣᠯᠯᠠᠬᠤ ᠪᠠᠶᠢᠷᠢ ᠶᠢ ᠡᠵᠡᠯᠡᠵᠦ ᠪᠠᠶᠢᠳᠠᠭ᠃ ︽ᠪᠡᠶ᠎ᠡ ᠶᠢᠨ ᠲᠠᠮᠢᠷ ᠤᠨ ᠬᠠᠤᠯᠢ︾ ᠶᠢᠨ ᠳᠠᠭᠠᠭᠤᠯᠭ᠎ᠠ ᠳᠣᠣᠷ᠎ᠠ᠂ 2021 ᠣᠨ ᠤ 12 ᠰᠠᠷ᠎ᠠ ᠶᠢᠨ 31 ᠤ ᠡᠳᠦᠷ ᠪᠣᠯᠲᠠᠯ᠎ᠠ᠂ ᠮᠠᠨ ᠤ ᠤᠯᠤᠰ ᠤᠨ ᠣᠲᠣ ᠶᠢᠨ ᠬᠡᠷᠡᠭᠵᠢᠭᠦᠯᠵᠦ ᠪᠠᠶᠢᠭ᠎ᠠ ᠬᠦᠴᠦᠨ ᠪᠦᠬᠦᠢ ᠪᠡᠶ᠎ᠡ ᠶᠢᠨ ᠲᠠᠮᠢᠷ ᠤᠨ ᠬᠠᠤᠯᠢ ᠴᠠᠭᠠᠵᠠ ᠶᠢᠨ ᠵᠢᠷᠤᠮᠵᠢᠯ ᠳᠤ 1 ᠪᠡᠶ᠎ᠡ ᠶᠢᠨ ᠲᠠᠮᠢᠷ ᠤᠨ ᠬᠠᠤᠯᠢ ᠴᠠᠭᠠᠵᠠ᠂ 7 ᠪᠡᠶ᠎ᠡ ᠶᠢᠨ ᠲᠠᠮᠢᠷ ᠤᠨ ᠵᠠᠰᠠᠭ ᠵᠠᠬᠢᠷᠭᠠᠨ ᠤ ᠬᠠᠤᠯᠢ ᠲᠣᠭᠲᠠᠭᠠᠯ᠂ 31 ᠪᠡᠶ᠎ᠡ ᠶᠢᠨ ᠲᠠᠮᠢᠷ ᠤᠨ ᠰᠠᠯᠠᠭ᠎ᠠ ᠮᠥᠴᠢᠷ ᠤᠨ ᠳᠦᠷᠢᠮ ᠲᠣᠭᠲᠠᠭᠠᠯ᠂ 165 ᠪᠡᠶ᠎ᠡ ᠶᠢᠨ ᠲᠠᠮᠢᠷ ᠤᠨ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ᠂ 269 ᠣᠷᠣᠨ ᠨᠤᠲᠤᠭ ᠤᠨ ᠴᠢᠨᠠᠷᠲᠠᠢ ᠪᠡᠶ᠎ᠡ ᠶᠢᠨ ᠲᠠᠮᠢᠷ ᠤᠨ ᠬᠠᠤᠯᠢ ᠲᠣᠭᠲᠠᠭᠠᠯ᠂ ᠳᠦᠷᠢᠮ ᠲᠣᠭᠲᠠᠭᠠᠯ ᠪᠠ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠪᠠᠭᠲᠠᠭᠠᠵᠤ᠂ ᠪᠡᠶ᠎ᠡ ᠶᠢᠨ ᠲᠠᠮᠢᠷ ᠤᠨ ᠬᠠᠤᠯᠢ ᠴᠠᠭᠠᠵᠠ ᠶᠢᠨ ᠵᠢᠷᠤᠮᠵᠢᠯ ᠤᠨ ᠰᠢᠰᠲ᠋ᠧᠮ ᠢ ᠠᠩᠬ᠎ᠠ ᠠᠯᠬᠤᠮ ᠪᠦᠷᠢᠯᠳᠦᠭᠦᠯᠵᠦ᠂ ᠮᠠᠨ ᠤ ᠤᠯᠤᠰ ᠤᠨ ᠪᠡᠶ᠎ᠡ ᠶᠢᠨ ᠲᠠᠮᠢᠷ ᠤᠨ ᠦᠢᠯᠡᠰ ᠤᠨ ᠡᠮᠬᠢ ᠵᠢᠷᠤᠮ ᠲᠠᠢ ᠡᠷᠡᠭᠦᠯ ᠢᠶᠠᠷ ᠬᠥᠭᠵᠢᠬᠦ ᠳᠤ ᠲᠤᠶᠢᠯ ᠤᠨ ᠴᠢᠬᠤᠯᠠ ᠦᠢᠯᠡᠳᠦᠯ ᠦᠵᠡᠭᠦᠯᠪᠡ᠃     ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠪᠡᠶ᠎ᠡ ᠶᠢᠨ ᠲᠠᠮᠢᠷ ᠤᠨ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ ᠶᠢᠨ ᠲᠣᠭᠤᠷᠢᠨ ᠳᠤ ᠠᠯᠢ ᠤᠯᠠᠨ ᠰᠢᠨ᠎ᠡ ᠣᠶᠢᠯᠠᠭᠠᠭᠳᠠᠬᠤᠨ᠂ ᠰᠢᠨ᠎ᠡ ᠦᠵᠡᠯ ᠰᠠᠨᠠᠭ᠎ᠠ᠂ ᠰᠢᠨ᠎ᠡ ᠪᠠᠶᠢᠯᠳᠤᠬᠤ ᠪᠣᠳᠣᠯᠭ᠎ᠠ ᠶᠢ ᠳᠤᠷᠠᠳᠴᠤ᠂ ᠰᠢᠨ᠎ᠡ ᠴᠠᠭ ᠦᠶ᠎ᠡ ᠶᠢᠨ ᠪᠡᠶ᠎ᠡ ᠶᠢᠨ ᠲᠠᠮᠢᠷ ᠤᠨ ᠠᠵᠢᠯ ᠢ ᠰᠠᠶᠢᠲᠤᠷ ᠬᠢᠬᠦ ᠳᠤ ᠦᠨᠳᠦᠰᠦᠨ ᠵᠢᠷᠤᠮᠯᠠᠯ ᠬᠠᠩᠭᠠᠵᠤ᠂ ᠪᠠᠰᠠ ᠪᠡᠶ᠎ᠡ ᠶᠢᠨ ᠲᠠᠮᠢᠷ ᠤᠨ ᠬᠠᠤᠯᠢᠵᠢᠯ ᠤᠨ ᠪᠠᠶᠢᠭᠤᠯᠤᠯᠲᠠ ᠶᠢ ᠴᠢᠩᠭᠠᠳᠬᠠᠬᠤ ᠳᠤ ᠤᠷᠤᠭᠰᠢᠯᠠᠯᠲᠠ ᠶᠢᠨ ᠴᠢᠭᠯᠡᠯ ᠢ ᠵᠢᠭᠠᠵᠤ ᠥᠭᠴᠡᠢ᠃ ᠪᠦᠬᠦ ᠠᠷᠠᠳ ᠤᠨ ᠪᠡᠶ᠎ᠡ ᠮᠠᠬᠠᠪᠤᠳ ᠢᠶᠠᠨ ᠴᠢᠭᠢᠷᠠᠭᠵᠢᠭᠤᠯᠬᠤ᠂ ᠤᠷᠤᠯᠳᠤᠭᠠᠨ ᠤ ᠪᠡᠶ᠎ᠡ ᠶᠢᠨ ᠲᠠᠮᠢᠷ᠂ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ᠂ ᠪᠡᠶ᠎ᠡ ᠶᠢᠨ ᠲᠠᠮᠢᠷ ᠤᠨ ᠠᠵᠤ ᠦᠢᠯᠡᠰ᠂ ᠪᠡᠶ᠎ᠡ ᠶᠢᠨ ᠲᠠᠮᠢᠷ ᠤᠨ ᠰᠣᠶᠣᠯ ᠪᠠ ᠪᠡᠶ᠎ᠡ ᠶᠢᠨ ᠲᠠᠮᠢᠷ ᠤᠨ ᠭᠠᠳᠠᠭᠠᠳᠤ ᠬᠠᠷᠢᠯᠴᠠᠭ᠎ᠠ ᠵᠡᠷᠭᠡ ᠶᠢ ᠪᠠᠭᠲᠠᠭᠠᠭᠰᠠᠨ ᠪᠡᠶ᠎ᠡ ᠶᠢᠨ ᠲᠠᠮᠢᠷ ᠤᠨ ᠦᠢᠯᠡᠰ ᠦᠳᠲᠡᠷ ᠲᠦᠷᠭᠡᠨ ᠬᠥᠭᠵᠢᠪᠡ᠃ ᠪᠡᠶ᠎ᠡ ᠶᠢᠨ ᠲᠠᠮᠢᠷ ᠤᠨ ᠬᠦᠴᠦᠷᠬᠡᠭ ᠤᠯᠤᠰ ᠪᠣᠯᠣᠨ ᠡᠷᠡᠭᠦᠯ ᠡᠩᠬᠡ ᠳᠤᠮᠳᠠᠳᠤ ᠤᠯᠤᠰ ᠤᠨ ᠰᠢᠨ᠎ᠡ ᠠᠶᠠᠨ ᠵᠠᠮ ᠢᠶᠠᠨ ᠡᠬᠢᠯᠡᠭᠦᠯᠵᠦ᠂ ᠰᠢᠨ᠎ᠡ ᠴᠠᠭ ᠦᠶ᠎ᠡ ᠶᠢᠨ ᠪᠡᠶ᠎ᠡ ᠶᠢᠨ ᠲᠠᠮᠢᠷ ᠤᠨ ᠦᠢᠯᠡᠰ ᠤᠨ ᠥᠭᠡᠷᠡᠴᠢᠯᠡᠯᠲᠡ ᠬᠥᠭᠵᠢᠯᠲᠡ ᠳᠤ ᠨᠡᠩ ᠥᠨᠳᠥᠷ ᠱᠠᠭᠠᠷᠳᠠᠯᠭ᠎ᠠ ᠲᠠᠯᠪᠢᠵᠤ᠂ ᠪᠡᠶ᠎ᠡ ᠶᠢᠨ ᠲᠠᠮᠢᠷ ᠤᠨ ᠬᠦᠷᠢᠶᠡᠨ ᠳᠠᠬᠢ ᠵᠠᠷᠢᠮ ᠰᠢᠨ᠎ᠡ ᠠᠰᠠᠭᠤᠳᠠᠯ ᠰᠢᠨ᠎ᠡ ᠵᠥᠷᠢᠴᠡᠯ ᠠᠭᠠᠵᠢᠮ ᠢᠶᠠᠷ ᠲᠣᠪᠣᠶᠢᠮ᠎ᠠ ᠪᠤᠯᠪᠠ᠂ ᠵᠢᠱᠢᠶᠡᠯᠡᠪᠡᠯ ᠪᠡᠶ᠎ᠡ ᠶᠢᠨ ᠲᠠᠮᠢᠷ ᠤᠨ ᠬᠥᠭᠵᠢᠯᠲᠡ ᠲᠡᠩᠴᠡᠭᠦᠷᠢ ᠦᠭᠡᠢ ᠭᠦᠢᠴᠡᠳ ᠦᠭᠡᠢ ᠪᠠᠶᠢᠬᠤ ᠠᠰᠠᠭᠤᠳᠠᠯ ᠨᠡᠯᠢᠶᠡᠳ ᠲᠣᠪᠣᠶᠢᠮ᠎ᠠ ᠪᠠᠶᠢᠵᠤ᠂ ᠠᠷᠠᠳ ᠣᠯᠠᠨ ᠤ ᠣᠯᠠᠨ ᠡᠰᠢᠵᠢᠭᠰᠡᠨ᠂ ᠣᠯᠠᠨ ᠲᠠᠰ ᠳᠠᠪᠬᠤᠷᠭ᠎ᠠ ᠶᠢᠨ ᠪᠡᠶ᠎ᠡ ᠶᠢᠨ ᠲᠠᠮᠢᠷ ᠤᠨ ᠬᠡᠷᠡᠭᠴᠡᠭᠡ ᠱᠠᠭᠠᠷᠳᠠᠯᠭ᠎ᠠ ᠶᠢ ᠬᠠᠷᠠᠬᠠᠨ ᠨᠡᠯᠢᠶᠡᠳ ᠰᠠᠶᠢᠨ ᠬᠠᠩᠭᠠᠵᠤ ᠳᠡᠶᠢᠯᠦᠭᠡᠳᠦᠢ᠂ ᠡᠯ᠎ᠡ ᠲᠥᠷᠥᠯ ᠤᠨ ᠪᠡᠶ᠎ᠡ ᠶᠢᠨ ᠲᠠᠮᠢᠷ ᠤᠨ ᠭᠤᠣᠯ ᠴᠣᠭᠴᠠ ᠶᠢᠨ ᠡᠷᠬᠡ ᠡᠭᠦᠷᠭᠡ ᠶᠢᠨ ᠬᠠᠷᠢᠴᠠᠭ᠎ᠠ ᠶᠢ ᠬᠠᠤᠯᠢ ᠴᠠᠭᠠᠵᠠ ᠳᠤ ᠤᠯᠠᠮ ᠨᠢᠭᠡ ᠠᠯᠬᠤᠮ ᠲᠣᠳᠣᠷᠬᠠᠶᠢᠯᠠᠬᠤ ᠴᠢᠬᠤᠯᠠᠲᠠᠢ ᠪᠠᠶᠢᠵᠤ᠂ ᠪᠡᠶ᠎ᠡ ᠶᠢᠨ ᠲᠠᠮᠢᠷ ᠤᠨ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠴᠢᠬᠤᠯᠠᠲᠠᠢ ᠪᠠᠶᠢᠨ᠎ᠠ᠂ ᠡᠲᠡᠭᠡᠷ ᠠᠰᠠᠭᠤᠳᠠᠯ ᠤᠳ ᠨᠢ ᠴᠥᠮ ︽ᠪᠡᠶ᠎ᠡ ᠶᠢᠨ ᠲᠠᠮᠢᠷ ᠤᠨ ᠬᠠᠤᠯᠢ︾ ᠳᠤ ᠵᠠᠰᠠᠪᠤᠷᠢ ᠣᠷᠣᠭᠤᠯᠬᠤ ᠳᠤ ᠲᠤᠯᠭᠠᠮ᠎ᠠ ᠱᠠᠭᠠᠷᠳᠠᠯᠭ᠎ᠠ ᠳᠤᠷᠠᠳᠤᠭᠰᠠᠨ ᠪᠠᠶᠢᠨ᠎ᠠ᠃     2010 ᠣᠨ ᠳᠤ᠂ ︽ᠪᠡᠶ᠎ᠡ ᠶᠢᠨ ᠲᠠᠮᠢᠷ ᠤᠨ ᠬᠠᠤᠯᠢ︾ ᠶᠢ ᠨᠡᠶᠢᠲᠡᠯᠡᠭᠰᠡᠨ ᠠᠷᠪᠠᠨ ᠲᠠᠪᠤᠨ ᠵᠢᠯ ᠤᠨ ᠤᠢ ᠶᠢᠨ ᠲᠠᠰᠢᠷᠠᠮ ᠳᠤ᠂ ᠪᠡᠶ᠎ᠡ ᠶᠢᠨ ᠲᠠᠮᠢᠷ ᠤᠨ ᠡᠲᠡᠭᠡᠳ᠂ ᠬᠠᠤᠯᠢ ᠴᠠᠭᠠᠵᠠ ᠶᠢᠨ ᠡᠲᠡᠭᠡᠳ ᠤᠨ ᠬᠢᠨ ︽ᠪᠡᠶ᠎ᠡ ᠶᠢᠨ ᠲᠠᠮᠢᠷ ᠤᠨ ᠬᠠᠤᠯᠢ︾ ᠶᠢᠨ ᠦᠢᠯᠡᠳᠦᠯ ᠢ ᠭᠦᠢᠴᠡᠳ ᠨᠤᠲᠠᠯᠠᠬᠤ ᠶᠢᠨ ᠵᠡᠷᠭᠡᠪᠡᠷ ᠲᠡᠭᠦᠨ ᠤ ᠳᠣᠲᠣᠷᠠᠬᠢ ᠬᠡᠰᠡᠭ ᠵᠦᠢᠯ ᠵᠤᠷᠪᠤᠰ ᠨᠢ ᠨᠢᠭᠡᠨᠲᠡ ᠮᠠᠨ ᠤ ᠤᠯᠤᠰ ᠤᠨ ᠪᠡᠶ᠎ᠡ ᠶᠢᠨ ᠲᠠᠮᠢᠷ ᠤᠨ ᠥᠭᠡᠷᠡᠴᠢᠯᠡᠯᠲᠡ ᠬᠥᠭᠵᠢᠯᠲᠡ ᠶᠢᠨ ᠣᠳᠣᠬᠢ ᠪᠠᠶᠢᠳᠠᠯ ᠪᠠ ᠦᠢᠯᠡᠳᠦᠯᠭᠡ ᠳᠤ ᠵᠣᠬᠢᠴᠠᠬᠤ ᠶᠢᠨ ᠠᠷᠭ᠎ᠠ ᠦᠭᠡᠢ ᠪᠣᠯᠤᠭᠰᠠᠨ ᠭᠡᠵᠦ ᠦᠵᠡᠭᠡᠳ ᠵᠠᠰᠠᠪᠤᠷᠢ ᠣᠷᠣᠭᠤᠯᠬᠤ ᠰᠠᠨᠠᠭᠤᠯᠭ᠎ᠠ ᠳᠤᠷᠠᠳᠤᠭᠰᠠᠨ ᠪᠥᠭᠡᠳ ᠵᠠᠷᠢᠮ ᠡᠷᠳᠡᠮᠲᠡᠳ ᠴᠦ ᠬᠤᠯᠪᠣᠭᠳᠠᠯ ᠪᠦᠬᠦᠢ ᠵᠦᠢᠯ ᠵᠤᠷᠪᠤᠰ ᠢ ᠬᠡᠷᠡᠭᠯᠡᠬᠦ ᠪᠠ ᠰᠢᠨ᠎ᠡ ᠪᠠᠷ ᠨᠡᠮᠡᠭᠰᠡᠨ ᠪᠠᠶᠢᠳᠠᠯ ᠤᠨ ᠲᠤᠬᠠᠢ ᠨᠥᠬᠦᠪᠦᠷᠢ ᠵᠦᠢᠯ ᠵᠤᠷᠪᠤᠰ ᠢ ᠡᠬᠢᠯᠡᠨ ᠰᠤᠳᠤᠯᠵᠠᠢ᠃ 2017 ᠣᠨ ᠤ 6 ᠰᠠᠷ᠎ᠠ ᠳᠤ᠂ ᠪᠡᠶ᠎ᠡ ᠶᠢᠨ ᠲᠠᠮᠢᠷ ᠤᠨ ᠶᠡᠷᠦᠩᠬᠡᠢ ᠲᠣᠪᠴᠢᠶ᠎ᠠ ᠶᠢᠨ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠵᠤᠷᠭᠠᠨ ᠲᠦᠷᠦᠭᠦᠯᠡᠨ ︽ᠪᠡᠶ᠎ᠡ ᠶᠢᠨ ᠲᠠᠮᠢᠷ ᠤᠨ ᠬᠠᠤᠯᠢ︾ ᠳᠤ ᠵᠠᠰᠠᠪᠤᠷᠢ ᠣᠷᠣᠭᠤᠯᠬᠤ ᠪᠡᠯᠡᠳᠬᠡᠯ ᠠᠵᠢᠯ ᠢ ᠵᠣᠬᠢᠶᠠᠨ ᠪᠠᠶᠢᠭᠤᠯᠵᠤ᠂ ᠤᠷᠢᠳ ᠬᠤᠵᠢᠳ ᠵᠣᠬᠢᠶᠠᠨ ᠪᠠᠶᠢᠭᠤᠯᠬᠤ ᠠᠵᠢᠯ ᠤᠨ ᠳᠤᠭᠤᠶᠢᠯᠠᠩ᠂ ᠰᠤᠳᠤᠯᠤᠨ ᠲᠤᠭᠤᠷᠪᠢᠬᠤ ᠳᠤᠭᠤᠶᠢᠯᠠᠩ ᠵᠢᠴᠢ ᠲᠤᠰᠬᠠᠢ ᠮᠡᠷᠭᠡᠵᠢᠯᠲᠡᠨ ᠤ ᠵᠥᠪᠯᠡᠭᠴᠢ ᠶᠢᠨ ᠳᠤᠭᠤᠶᠢᠯᠠᠩ ᠢ ᠪᠠᠶᠢᠭᠤᠯᠵᠤ᠂ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠬᠦ᠂ ᠲᠤᠰᠬᠠᠢ ᠰᠡᠳᠦᠪ ᠢᠶᠠᠷ ᠰᠤᠳᠤᠯᠬᠤ ᠪᠠ ᠶᠠᠷᠢᠯᠴᠠᠨ ᠶᠠᠷᠢᠯᠴᠠᠬᠤ ᠵᠡᠷᠭᠡ ᠣᠯᠠᠨ ᠵᠦᠢᠯ ᠤᠨ ᠬᠡᠯᠪᠡᠷᠢ ᠪᠠᠷ ᠳᠠᠮᠵᠢᠭᠤᠯᠤᠨ᠂ ᠵᠠᠰᠠᠪᠤᠷᠢ ᠣᠷᠣᠭᠤᠯᠬᠤ ᠠᠵᠢᠯ ᠢ ᠭᠠᠷᠲᠠᠨ ᠥᠷᠨᠢᠭᠦᠯᠪᠡ᠃ 2017 ᠣᠨ ᠤ 11 ᠰᠠᠷ᠎ᠠ ᠳᠤ᠂ ᠪᠡᠶ᠎ᠡ ᠶᠢᠨ ᠲᠠᠮᠢᠷ ᠤᠨ ᠶᠡᠷᠦᠩᠬᠡᠢ ᠲᠣᠪᠴᠢᠶ᠎ᠠ ︽ᠪᠡᠶ᠎ᠡ ᠶᠢᠨ ᠲᠠᠮᠢᠷ ᠤᠨ ᠬᠠᠤᠯᠢ︾ ᠳᠤ ᠵᠠᠰᠠᠪᠤᠷᠢ ᠣᠷᠣᠭᠤᠯᠤᠭᠰᠠᠨ ᠠᠩᠬᠠᠨ ᠤ ᠨᠣᠣᠷᠠᠭ ᠢ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠡᠷᠡᠭᠦᠯ ᠬᠠᠮᠠᠭᠠᠯᠠᠯ ᠤᠨ ᠵᠦᠪᠯᠡᠯ ᠳᠤ ᠲᠤᠰᠢᠶᠠᠵᠦ ᠬᠢᠨᠠᠨ ᠵᠦᠪᠯᠡᠬᠦᠯᠪᠡ᠃ 2018 ᠣᠨ ᠤ 9 ᠰᠠᠷ᠎ᠠ ᠳᠤ᠂ ︽ᠪᠡᠶ᠎ᠡ ᠶᠢᠨ ᠲᠠᠮᠢᠷ ᠤᠨ ᠬᠠᠤᠯᠢ︾ ᠳᠤ ᠵᠠᠰᠠᠪᠤᠷᠢ ᠣᠷᠣᠭᠤᠯᠵᠤ ᠬᠤᠶᠠᠳᠤᠭᠠᠷ ᠲᠥᠷᠥᠯ ᠤᠨ ᠲᠥᠷᠥᠯ ᠵᠦᠢᠯ ᠪᠣᠯᠭᠠᠭᠠᠳ ︽ᠠᠷᠪᠠᠨ ᠭᠤᠷᠪᠠᠳᠤᠭᠠᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠠᠤᠯᠢ ᠲᠣᠭᠲᠠᠭᠠᠬᠤ ᠲᠥᠯᠦᠪᠵᠢᠭᠦᠯᠭᠡ︾ ᠳᠤ ᠵᠢᠭᠰᠠᠭᠠᠨ ᠣᠷᠣᠭᠤᠯᠵᠤ᠂ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠨᠡᠶᠢᠭᠡᠮ ᠤᠨ ᠪᠠᠶᠢᠭᠤᠯᠤᠯᠲᠠ ᠶᠢᠨ ᠵᠥᠪᠯᠡᠯ      ︵ᠳᠣᠷᠣᠭᠰᠢ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠨᠡᠶᠢᠭᠡᠮ ᠤᠨ ᠪᠠᠶᠢᠭᠤᠯᠤᠯᠲᠠ ᠶᠢᠨ ᠵᠥᠪᠯᠡᠯ ᠭᠡᠵᠦ ᠲᠦᠬᠦᠮᠴᠢᠯᠡᠨ᠎ᠡ︶  ᠬᠠᠷᠢᠭᠤᠴᠠᠬᠤ ᠪᠠᠷ ᠲᠤᠭᠳᠠᠪᠠ᠃ 2019 ᠣᠨ ᠤ 8 ᠰᠠᠷ᠎ᠠ ᠳᠤ᠂ ︽ᠪᠡᠶ᠎ᠡ ᠶᠢᠨ ᠲᠠᠮᠢᠷ ᠤᠨ ᠬᠠᠤᠯᠢ︾ ᠳᠤ ᠵᠠᠰᠠᠪᠤᠷᠢ ᠣᠷᠣᠭᠤᠯᠬᠤ ᠬᠠᠮᠢᠶ᠎ᠠ ᠪᠦᠬᠦᠢ ᠠᠭᠤᠯᠭ᠎ᠠ ᠶᠢ     ︽ᠪᠡᠶ᠎ᠡ ᠶᠢᠨ ᠲᠠᠮᠢᠷ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠬᠥᠲᠥᠯᠪᠦᠷᠢ︾ ᠳᠤ ᠣᠷᠣᠭᠤᠯᠬᠤ ᠶᠢ ᠲᠦᠯᠬᠢᠨ ᠠᠬᠢᠭᠤᠯᠪᠠ᠃ 2020 ᠣᠨ ᠤ 8 ᠰᠠᠷ᠎ᠠ ᠶᠢᠨ 30 ᠤ ᠡᠳᠦᠷ᠂ ᠪᠡᠶ᠎ᠡ ᠶᠢᠨ ᠲᠠᠮᠢᠷ ᠤᠨ ᠶᠡᠷᠦᠩᠬᠡᠢ ᠲᠣᠪᠴᠢᠶ᠎ᠠ ︽ᠪᠡᠶ᠎ᠡ ᠶᠢᠨ ᠲᠠᠮᠢᠷ ᠤᠨ ᠬᠠᠤᠯᠢ︾ ᠶᠢ ᠨᠡᠶᠢᠲᠡᠯᠡᠨ ᠬᠡᠷᠡᠭᠵᠢᠭᠦᠯᠦᠭᠰᠡᠨ 25 ᠵᠢᠯ ᠤᠨ ᠣᠶ ᠶᠢᠨ ᠶᠠᠷᠢᠯᠴᠠᠬᠤ ᠬᠤᠷᠠᠯ ᠬᠤᠷᠠᠯᠳᠤᠭᠤᠯᠵᠤ᠂ ᠲᠤᠰᠬᠠᠢ ᠮᠡᠷᠭᠡᠵᠢᠯᠲᠡᠨ ᠡᠷᠳᠡᠮᠲᠡᠳ ᠤᠨ ᠰᠠᠨᠠᠯ ᠰᠠᠨᠠᠭᠤᠯᠭ᠎ᠠ ᠶᠢ ᠳᠠᠬᠢᠨᠲᠠ ᠰᠣᠨᠣᠰᠪᠠ᠃2020 ᠣᠨ ᠤ 11 ᠰᠠᠷ᠎ᠠ ᠳᠤ᠂ ︽ᠪᠡᠶ᠎ᠡ ᠶᠢᠨ ᠲᠠᠮᠢᠷ ᠤᠨ ᠬᠠᠤᠯᠢ︾ ᠳᠤ ᠵᠠᠰᠠᠪᠤᠷᠢ ᠣᠷᠣᠭᠤᠯᠬᠤ ᠶᠢ ︽ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ 2021 ᠣᠨ ᠤ ᠬᠠᠤᠯᠢ ᠲᠣᠭᠲᠠᠭᠠᠬᠤ ᠠᠵᠢᠯ ᠤᠨ ᠲᠥᠯᠥᠪᠯᠡᠭᠡ︾ ᠳᠤ ᠣᠷᠣᠭᠤᠯᠪᠠ᠃ ᠳᠠᠷᠠᠭ᠎ᠠ ᠪᠠᠷ  ᠨᠢ᠂ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠨᠡᠶᠢᠭᠡᠮ ᠤᠨ ᠪᠦᠲᠦᠭᠡᠨ ᠪᠠᠶᠢᠭᠤᠯᠤᠯᠲᠠ ᠶᠢᠨ ᠵᠥᠪᠯᠡᠯ ︽ᠪᠡᠶ᠎ᠡ ᠶᠢᠨ ᠲᠠᠮᠢᠷ ᠤᠨ ᠬᠠᠤᠯᠢ︾ ᠳᠤ ᠵᠠᠰᠠᠪᠤᠷᠢ ᠣᠷᠣᠭᠤᠯᠬᠤ ᠠᠵᠢᠯ ᠢ ᠵᠢᠩᠬᠢᠨᠢ ᠪᠠᠷ ᠡᠬᠢᠯᠡᠭᠦᠯᠵᠦ᠂ ᠪᠡᠶ᠎ᠡ ᠶᠢᠨ ᠲᠠᠮᠢᠷ ᠤᠨ ᠶᠡᠷᠦᠩᠬᠡᠢ ᠲᠣᠪᠴᠢᠶ᠎ᠠ ᠶᠢᠨ ᠡᠮᠦᠨᠡᠬᠢ ᠬᠤᠭᠤᠴᠠᠭᠠᠨ ᠤ ᠠᠵᠢᠯ ᠤᠨ ᠰᠠᠭᠤᠷᠢᠨ ᠳᠡᠭᠡᠷ᠎ᠡ᠂ ᠣᠯᠠᠨ ᠲᠠᠰ ᠳᠠᠪᠬᠤᠷᠭ᠎ᠠ᠂ ᠶᠡᠭᠡ ᠬᠡᠪᠴᠢᠶᠡᠨ ᠤ ᠪᠠᠶᠢᠴᠠᠭᠠᠨ ᠰᠤᠳᠤᠯᠤᠯᠲᠠ ᠶᠢ ᠵᠣᠬᠢᠶᠠᠨ ᠪᠠᠶᠢᠭᠤᠯᠵᠤ᠂ ︽ᠪᠡᠶ᠎ᠡ ᠶᠢᠨ ᠲᠠᠮᠢᠷ ᠤᠨ ᠬᠠᠤᠯᠢ︾ ᠶᠢ ᠬᠡᠷᠡᠭᠵᠢᠭᠦᠯᠦᠭᠰᠡᠨ ᠪᠠᠶᠢᠳᠠᠯ᠂ ᠣᠷᠣᠰᠢᠵᠤ ᠪᠠᠶᠢᠭ᠎ᠠ ᠠᠰᠠᠭᠤᠳᠠᠯ᠂ ᠵᠠᠰᠠᠪᠤᠷᠢ ᠣᠷᠣᠭᠤᠯᠤᠭᠰᠠᠨ ᠭᠤᠣᠯᠳᠠᠯᠭ᠎ᠠ ᠲᠠᠢ ᠪᠠ ᠪᠣᠯᠣᠮᠵᠢᠲᠠᠢ ᠰᠢᠢᠳᠪᠦᠷᠢᠯᠡᠬᠦ ᠲᠥᠰᠥᠯ ᠢ ᠭᠦᠨᠵᠡᠭᠡᠢ ᠣᠶᠢᠯᠠᠭᠠᠪᠠ᠃     2021 ᠣᠨ ᠤ 3 ᠰᠠᠷ᠎ᠠ ᠶᠢᠨ 19 ᠤ ᠡᠳᠦᠷ᠂ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠨᠡᠶᠢᠭᠡᠮ ᠤᠨ ᠪᠦᠲᠦᠭᠡᠨ ᠪᠠᠶᠢᠭᠤᠯᠤᠯᠲᠠ ᠶᠢᠨ ᠵᠥᠪᠯᠡᠯ ᠡᠮᠦᠨᠡᠬᠢ ᠬᠤᠭᠤᠴᠠᠭᠠᠨ ᠤ ᠪᠠᠶᠢᠴᠠᠭᠠᠨ ᠰᠤᠳᠤᠯᠤᠯᠲᠠ ᠵᠡᠷᠭᠡ ᠠᠵᠢᠯ ᠤᠨ ᠰᠠᠭᠤᠷᠢᠨ ᠲᠡᠭᠡᠷ᠎ᠡ᠂ ︽ᠪᠡᠶ᠎ᠡ ᠶᠢᠨ ᠲᠠᠮᠢᠷ ᠤᠨ ᠬᠠᠤᠯᠢ︾ ᠳᠤ ᠵᠠᠰᠠᠪᠤᠷᠢ ᠣᠷᠣᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠢ ᠲᠦᠷᠦᠭᠦᠯᠡᠨ ᠪᠠᠶᠢᠭᠤᠯᠵᠤ᠂ ᠪᠦᠷᠢᠯᠳᠦᠭᠦᠨ ᠳᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠠᠤᠯᠢ ᠳᠦᠷᠢᠮ ᠤᠨ ᠠᠵᠢᠯ ᠤᠨ ᠵᠥᠪᠯᠡᠯ ︵ᠳᠣᠷᠣᠭᠰᠢ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠠᠤᠯᠢ ᠴᠠᠭᠠᠵᠠ ᠶᠢᠨ ᠠᠵᠢᠯ ᠤᠨ ᠵᠥᠪᠯᠡᠯ ᠭᠡᠵᠦ ᠲᠣᠪᠴᠢᠯᠠᠨ᠎ᠠ︶᠂ ᠠᠷᠠᠳ ᠤᠨ ᠳᠡᠭᠡᠳᠦ ᠰᠢᠭᠦᠬᠦ ᠬᠤᠷᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠰᠤᠷᠭᠠᠨ ᠬᠥᠮᠦᠵᠢᠯ ᠤᠨ ᠶᠠᠮᠤᠨ᠂ ᠠᠷᠠᠳ ᠤᠨ ᠶᠠᠪᠤᠳᠠᠯ ᠤᠨ ᠶᠠᠮᠤᠨ᠂ ᠬᠠᠤᠯᠢ ᠴᠠᠭᠠᠵᠠ ᠶᠢᠨ ᠶᠠᠮᠤᠨ᠂ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ᠂ ᠣᠷᠣᠨ ᠰᠠᠭᠤᠴᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ᠂ ᠰᠣᠶᠣᠯ ᠪᠠ ᠵᠢᠭᠤᠯᠴᠢᠯᠠᠯ ᠤᠨ ᠶᠠᠮᠤᠨ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ᠂ ᠪᠡᠶ᠎ᠡ ᠶᠢᠨ ᠲᠠᠮᠢᠷ ᠤᠨ ᠶᠡᠷᠦᠩᠬᠡᠢ ᠲᠣᠪᠴᠢᠶ᠎ᠠ ᠵᠢᠴᠢ ᠪᠥᠬᠦ ᠤᠯᠤᠰ ᠤᠨ ᠠᠵᠢᠯᠴᠢᠨ ᠤ ᠶᠡᠷᠦᠩᠬᠡᠢ ᠡᠪᠯᠡᠯ᠂ ᠳᠤᠮᠳᠠᠳᠤ ᠤᠯᠤᠰ ᠤᠨ ᠵᠡᠮᠳᠡᠭᠴᠤᠳ ᠤᠨ ᠬᠤᠯᠪᠤᠭ᠎ᠠ ᠵᠡᠷᠭᠡ ᠭᠡᠰᠢᠬᠦᠨ ᠢ ᠪᠠᠭᠳᠠᠭᠠᠬᠤ ᠶᠢᠨ ᠬᠠᠮᠳᠦ ᠤᠳᠤᠷᠢᠳᠬᠤ ᠳᠤᠭᠤᠶᠢᠯᠠᠩ ᠤᠨ ᠠᠩᠬᠠᠳᠤᠭᠠᠷ ᠬᠤᠷᠠᠯᠳᠤᠭᠠᠨ ᠢ ᠬᠤᠷᠠᠯᠳᠤᠭᠤᠯᠵᠤ᠂ ︽ᠪᠡᠶ᠎ᠡ ᠶᠢᠨ ᠲᠠᠮᠢᠷ ᠤᠨ ᠬᠠᠤᠯᠢ ︵ᠵᠠᠰᠠᠪᠤᠷᠢ ᠣᠷᠣᠭᠤᠯᠤᠭᠰᠠᠨ ᠲᠥᠰᠥᠯ ᠤᠨ ᠰᠠᠨᠠᠭᠤᠯᠭ᠎ᠠ ᠶᠢᠨ ᠨᠣᠣᠷᠠᠭ︶︾ ᠶᠢᠨ ᠲᠤᠬᠠᠢ ᠪᠦᠷᠢᠯᠳᠦᠭᠦᠨ ᠨᠢᠭᠡᠴᠡ ᠶᠢᠨ ᠰᠠᠨᠠᠯ ᠰᠠᠨᠠᠭᠤᠯᠭ᠎ᠠ ᠶᠢ ᠬᠤᠷᠢᠶᠠᠪᠠ᠃ 9 ᠰᠠᠷ᠎ᠠ ᠶᠢᠨ 28 ᠤ ᠡᠳᠦᠷ᠂ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠨᠡᠶᠢᠭᠡᠮ ᠤᠨ ᠪᠦᠲᠦᠭᠡᠨ ᠪᠠᠶᠢᠭᠤᠯᠤᠯᠲᠠ ᠶᠢᠨ ᠵᠦᠪᠯᠡᠯ ᠡᠯ᠎ᠡ ᠲᠠᠯ᠎ᠠ ᠶᠢᠨ ᠰᠠᠨᠠᠯ ᠰᠠᠨᠠᠭᠤᠯᠭ᠎ᠠ ᠶᠢ ᠦᠨᠳᠦᠰᠦᠯᠡᠨ ᠲᠥᠰᠥᠯ ᠤᠨ ᠰᠠᠨᠠᠭᠤᠯᠭ᠎ᠠ ᠶᠢᠨ ᠨᠣᠣᠷᠠᠭ ᠲᠤ ᠳᠠᠬᠢᠨᠲᠠ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ ︽ᠪᠡᠶ᠎ᠡ ᠶᠢᠨ ᠲᠠᠮᠢᠷ ᠤᠨ ᠬᠠᠤᠯᠢ ︵ᠵᠠᠰᠠᠪᠤᠷᠢ ᠣᠷᠣᠭᠤᠯᠤᠭᠰᠠᠨ ᠲᠥᠰᠥᠯ︶︾ ︵ᠨᠡᠶᠢᠲᠡ 11 ᠪᠦᠯᠦᠭ᠂ 109 ᠵᠦᠢᠯ︶ ᠶᠢ ᠪᠣᠶ ᠪᠣᠯᠭᠠᠭᠰᠠᠨ ᠪᠥᠭᠡᠳ ᠬᠤᠷᠢᠶᠠᠨ ᠳᠠᠷᠤᠭ᠎ᠠ ᠨᠠᠷ ᠤᠨ ᠬᠤᠷᠠᠯᠳᠤᠭᠠᠨ ᠢᠶᠠᠷ ᠵᠥᠪᠰᠢᠶᠡᠷᠡᠭᠦᠯᠦᠭᠡᠳ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠪᠥᠬᠦᠳᠡ ᠬᠤᠷᠠᠯᠳᠤᠭᠠᠨ ᠳᠤ ᠳᠡᠪᠰᠢᠭᠦᠯᠵᠦ ᠬᠢᠨᠠᠨ ᠶᠠᠷᠢᠯᠴᠠᠭᠤᠯᠪᠠ᠃10 ᠰᠠᠷ᠎ᠠ ᠶᠢᠨ 19 ᠤ ᠡᠳᠦᠷ ᠠᠴᠠ 23 ᠤ ᠡᠳᠦᠷ ᠪᠣᠯᠲᠠᠯ᠎ᠠ᠂ ᠠᠷᠪᠠᠨ ᠭᠤᠷᠪᠠᠳᠤᠭᠠᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠭᠤᠴᠢᠨ ᠨᠢᠭᠡᠳᠦᠭᠡᠷ ᠬᠤᠷᠠᠯᠳᠤᠭᠠᠨ ᠠᠴᠠ ︽ᠪᠡᠶ᠎ᠡ ᠶᠢᠨ ᠲᠠᠮᠢᠷ ᠤᠨ ᠬᠠᠤᠯᠢ ︵ᠵᠠᠰᠠᠪᠤᠷᠢ ᠣᠷᠣᠭᠤᠯᠤᠭᠰᠠᠨ ᠲᠥᠰᠥᠯ︶︾ ᠶᠢ ᠠᠩᠬ᠎ᠠ ᠤᠳᠠᠭ᠎ᠠ ᠬᠢᠨᠠᠨ ᠶᠠᠷᠢᠯᠴᠠᠪᠠ᠃     ᠡᠭᠦᠨ ᠠᠴᠠ ᠰᠡᠭᠦᠯᠡᠷ᠂ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠠᠤᠯᠢ ᠴᠠᠭᠠᠵᠠ ᠶᠢᠨ ᠠᠵᠢᠯ ᠤᠨ ᠵᠥᠪᠯᠡᠯ ︽ᠪᠡᠶ᠎ᠡ ᠶᠢᠨ ᠲᠠᠮᠢᠷ ᠤᠨ ᠬᠠᠤᠯᠢ︾ ᠶᠢ ᠵᠠᠰᠠᠬᠤ ᠠᠵᠢᠯ ᠢ ᠬᠠᠷᠢᠭᠤᠴᠠᠵᠦ᠂ ᠠᠷᠠᠳ ᠤᠨ ᠳᠡᠭᠡᠳᠦ ᠰᠢᠭᠦᠬᠦ ᠬᠤᠷᠢᠶ᠎ᠠ᠂ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠰᠠᠨᠠᠯ ᠢ ᠥᠷᠭᠡᠨ ᠢᠶᠠᠷ ᠬᠤᠷᠢᠶᠠᠵᠤ᠂ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠬᠦ᠂ ᠸᠧᠳᠢᠤ᠋ ᠬᠤᠷᠠᠯ ᠢ ᠣᠯᠠᠨ ᠤᠳᠠᠭ᠎ᠠ ᠵᠣᠬᠢᠶᠠᠨ ᠪᠠᠶᠢᠭᠤᠯᠤᠨ ᠥᠷᠨᠢᠭᠦᠯᠵᠦ᠂ ᠲᠠᠮᠢᠷᠴᠢᠳ᠂ ᠲᠠᠰᠬᠠᠯᠵᠢᠭᠤᠯᠤᠭᠴᠢ ᠵᠡᠷᠭᠡ ᠨᠢᠭᠡᠳᠦᠭᠡᠷ ᠹᠷᠣᠨᠲ ᠤᠨ ᠪᠡᠶ᠎ᠡ ᠶᠢᠨ ᠲᠠᠮᠢᠷ ᠤᠨ ᠠᠵᠢᠯᠲᠠᠳ ᠤᠨ ᠰᠠᠨᠠᠯ ᠢ ᠰᠣᠨᠣᠰᠴᠤ᠂ ᠪᠡᠶ᠎ᠡ ᠶᠢᠨ ᠲᠠᠮᠢᠷ ᠤᠨ ᠶᠡᠷᠦᠩᠬᠡᠢ ᠲᠣᠪᠴᠢᠶ᠎ᠠ ᠲᠠᠢ ᠠᠵᠢᠯ ᠤᠨ ᠲᠠᠰ ᠳᠠᠪᠬᠤᠷᠭ᠎ᠠ ᠶᠢᠨ ᠵᠥᠪᠳᠡᠯᠴᠡᠨ ᠰᠤᠳᠤᠯᠤᠨ ᠶᠠᠷᠢᠯᠴᠠᠵᠤ᠂ ᠬᠠᠮᠢᠶ᠎ᠠ ᠪᠦᠬᠦᠢ ᠵᠦᠢᠯ ᠵᠤᠷᠪᠤᠰ ᠢ ᠲᠠᠰᠤᠷᠠᠯᠲᠠ ᠦᠭᠡᠢ ᠲᠤᠩᠭᠠᠨ ᠪᠣᠳᠣᠯᠬᠢᠯᠠᠵᠤ᠂ ᠡᠯᠪᠡᠭ ᠪᠠᠶᠠᠯᠢᠭ ᠦᠷ᠎ᠡ ᠪᠦᠲᠦᠭᠡᠯ ᠣᠯᠣᠭᠰᠠᠨ ᠪᠠᠶᠢᠨ᠎ᠠ᠃ 2022 ᠣᠨ ᠤ 3 ᠰᠠᠷ᠎ᠠ ᠶᠢᠨ 23 ᠤ ᠡᠳᠦᠷ᠂ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠦᠨᠳᠦᠰᠦᠨ ᠬᠠᠤᠯᠢ ᠪᠠ ᠬᠠᠤᠯᠢ ᠴᠠᠭᠠᠵᠠ ᠶᠢᠨ ᠵᠥᠪᠯᠡᠯ ᠤᠨ 201 ᠳ᠋ᠦᠭᠡᠷ ᠤᠳᠠᠭᠠᠨ ᠤ ᠪᠥᠬᠦᠳᠡ ᠬᠤᠷᠠᠯ   ᠠᠴᠠ ᠬᠢᠨᠠᠨ ᠵᠥᠪᠯᠡᠪᠡ ︵12 ᠪᠦᠯᠦᠭ᠂ 110 ᠵᠦᠢᠯ ᠪᠣᠯᠭᠠᠨ ᠨᠡᠮᠡᠪᠡ︶᠃ 2022 ᠣᠨ ᠤ 4 ᠰᠠᠷ᠎ᠠ ᠶᠢᠨ 14 ᠤ ᠡᠳᠦᠷ ᠠᠴᠠ 15 ᠤ ᠡᠳᠦᠷ ᠪᠣᠯᠲᠠᠯ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠭᠡᠰᠢᠭᠦᠨ᠂ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠬᠤᠷᠢᠶᠠᠨ ᠳᠠᠷᠤᠭ᠎ᠠ ᠸᠠᠩ ᠴᠧᠨ ᠪᠡᠶ᠎ᠡ ᠶᠢᠨ ᠲᠠᠮᠢᠷ ᠤᠨ ᠶᠡᠷᠦᠩᠬᠡᠢ ᠲᠣᠪᠴᠢᠶ᠎ᠠ ᠳᠤ ︽ᠪᠡᠶ᠎ᠡ ᠶᠢᠨ ᠲᠠᠮᠢᠷ ᠤᠨ ᠬᠠᠤᠯᠢ︾ ᠶᠢ ᠵᠠᠰᠠᠪᠤᠷᠢᠯᠠᠬᠤ ᠠᠵᠢᠯ  ᠤᠨ ᠲᠤᠬᠠᠢ ᠲᠤᠰᠬᠠᠢ ᠰᠡᠳᠦᠪᠳᠦ ᠪᠠᠶᠢᠴᠠᠭᠠᠨ ᠰᠤᠳᠤᠯᠤᠯᠳᠠ ᠬᠢᠪᠠ᠃ 4 ᠰᠠᠷ᠎ᠠ ᠶᠢᠨ 18 ᠤ ᠡᠳᠦᠷ ᠠᠴᠠ 20 ᠤ ᠡᠳᠦᠷ ᠪᠣᠯᠲᠠᠯ᠎ᠠ᠂ ᠠᠷᠪᠠᠨ ᠭᠤᠷᠪᠠᠳᠤᠭᠠᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠭᠤᠴᠢᠨ ᠳᠥᠷᠪᠡᠳᠦᠭᠡᠷ ᠬᠤᠷᠠᠯᠳᠤᠭᠠᠨ ᠠᠴᠠ ᠬᠤᠶᠠᠳᠠᠭᠢ ᠤᠳᠠᠭ᠎ᠠ ᠬᠢᠨᠠᠨ ᠵᠥᠪᠯᠡᠪᠡ ︵ᠨᠡᠶᠢᠲᠡ 12 ᠪᠦᠯᠦᠭ᠂ 116 ᠵᠦᠢᠯ ᠪᠣᠯᠭᠠᠨ ᠨᠡᠮᠡᠪᠡ︶᠃ 5 ᠰᠠᠷ᠎ᠠ ᠶᠢᠨ 16 ᠤ ᠡᠳᠦᠷ᠂ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠦᠨᠳᠦᠰᠦᠨ ᠬᠠᠤᠯᠢ ᠪᠠ ᠬᠠᠤᠯᠢ ᠴᠠᠭᠠᠵᠠ ᠶᠢᠨ ᠵᠦᠪᠯᠡᠯ ᠤᠨ 202 ᠳ᠋ᠤᠭᠠᠷ ᠤᠳᠠᠭ᠎ᠠ ᠶᠢᠨ ᠪᠥᠬᠦᠳᠡ ᠬᠤᠷᠠᠯ ᠠᠴᠠ ᠬᠢᠨᠠᠨ ᠵᠥᠪᠯᠡᠪᠡ ︵ᠨᠡᠶᠢᠳᠡ 12 ᠪᠦᠯᠦᠭ ᠲᠠᠢ᠂ 121 ᠵᠦᠢᠯ ᠪᠣᠯᠭᠠᠨ ᠨᠡᠮᠡᠪᠡ︶᠃ 5 ᠰᠠᠷ᠎ᠠ ᠶᠢᠨ 24 ᠤ ᠡᠳᠦᠷ᠂ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠠᠤᠯᠢ ᠴᠠᠭᠠᠵᠠ ᠶᠢᠨ ᠠᠵᠢᠯ ᠤᠨ ᠵᠦᠪᠯᠡᠯ ︽ᠪᠡᠶ᠎ᠡ ᠶᠢᠨ ᠲᠠᠮᠢᠷ ᠤᠨ ᠬᠠᠤᠯᠢ︾ ᠳᠤ ᠵᠠᠰᠠᠪᠤᠷᠢ ᠣᠷᠣᠭᠤᠯᠬᠤ ᠲᠥᠰᠥᠯ ᠢ ᠪᠠᠲᠤᠯᠠᠬᠤ ᠠᠴᠠ ᠡᠮᠦᠨᠡᠬᠢ ᠦᠨᠡᠯᠡᠨ ᠵᠢᠱᠢᠬᠦ ᠬᠤᠷᠠᠯ ᠬᠤᠷᠠᠯᠳᠤᠭᠤᠯᠵᠤ᠂ ᠭᠤᠣᠯ ᠳᠦᠷᠢᠮ ᠤᠨ ᠵᠢᠷᠤᠮᠵᠢᠯ ᠤᠨ ᠪᠣᠯᠣᠮᠵᠢᠲᠤ ᠴᠢᠨᠠᠷ᠂ ᠬᠠᠤᠯᠢ ᠴᠠᠭᠠᠵᠠ ᠶᠢ ᠨᠡᠶᠢᠲᠡᠯᠡᠬᠦ ᠴᠠᠭ ᠲᠣᠬᠢᠶᠠᠯ᠂ ᠬᠠᠤᠯᠢ ᠴᠠᠭᠠᠵᠠ ᠶᠢᠨ ᠬᠡᠷᠡᠭᠵᠢᠭᠦᠯᠦᠯᠲᠡ ᠶᠢᠨ ᠨᠡᠶᠢᠭᠡᠮ ᠤᠨ ᠦᠷ᠎ᠡ ᠪᠦᠲᠦᠮᠵᠢ ᠵᠡᠷᠭᠡ ᠲᠠᠯ᠎ᠠ ᠳᠤ ᠦᠨᠡᠯᠡᠨ ᠵᠢᠱᠢᠯᠲᠡ ᠬᠢᠪᠡ᠃     2022 ᠣᠨ ᠤ 6 ᠰᠠᠷ᠎ᠠ ᠶᠢᠨ 21 ᠠᠴᠠ 24  ᠤ ᠡᠳᠦᠷ ᠪᠣᠯᠲᠠᠯ᠎ᠠ᠂ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠭᠤᠴᠢᠨ ᠲᠠᠪᠤᠳᠤᠭᠠᠷ ᠬᠤᠷᠠᠯ ᠠᠴᠠ︽ᠪᠡᠶ᠎ᠡ ᠶᠢᠨ ᠲᠠᠮᠢᠷ ᠤᠨ ᠬᠠᠤᠯᠢ ︵ᠵᠠᠰᠠᠪᠤᠷᠢ ᠣᠷᠣᠭᠤᠯᠤᠭᠰᠠᠨ ᠲᠥᠰᠥᠯ︶︾  ᠶᠢ ᠬᠢᠨᠠᠨ ᠵᠥᠪᠯᠡᠵᠦ ᠪᠠᠲᠤᠯᠠᠵᠠᠢ᠃ 6 ᠰᠠᠷ᠎ᠠ ᠶᠢᠨ 24 ᠤ ᠡᠳᠦᠷ᠂ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠷᠢᠭᠦᠯᠡᠭᠴᠢ ᠰᠢ ᠶᠢᠨ ᠫᠢᠩ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠪᠡᠶ᠎ᠡ ᠶᠢᠨ ᠲᠠᠮᠢᠷ ᠤᠨ ᠬᠠᠤᠯᠢ︾ ᠳᠤ ᠲᠡᠷᠢᠭᠦᠯᠡᠭᠴᠢ ᠶᠢᠨ ᠵᠠᠷᠯᠢᠭ ᠤᠨ ᠭᠠᠷ ᠤᠨ ᠦᠰᠦᠭ ᠵᠢᠷᠦᠵᠦ ᠵᠢᠩᠬᠢᠨᠢ ᠪᠠᠷ ᠨᠡᠶᠢᠳᠡᠯᠡᠪᠡ᠃     ᠬᠤᠶᠠᠷ᠂ ︽ᠪᠡᠶ᠎ᠡ ᠶᠢᠨ ᠲᠠᠮᠢᠷ ᠤᠨ ᠬᠠᠤᠯᠢ︾ ᠳᠤ ᠵᠠᠰᠠᠪᠤᠷᠢ ᠣᠷᠣᠭᠤᠯᠤᠭᠰᠠᠨ ᠦᠨᠳᠦᠰᠦᠨ ᠵᠠᠷᠴᠢᠮ     ︵ᠨᠢᠭᠡ︶ ᠨᠠᠮ ᠤᠨ ᠤᠳᠤᠷᠢᠳᠤᠯᠭ᠎ᠠ ᠶᠢ ᠪᠠᠷᠢᠮᠲᠠᠯᠠᠨ᠎ᠠ᠃ ᠬᠠᠤᠯᠢ ᠲᠣᠭᠲᠠᠭᠠᠬᠤ ᠠᠵᠢᠯ ᠳᠠᠬᠢ ᠨᠠᠮ ᠤᠨ ᠤᠳᠤᠷᠢᠳᠤᠯᠭ᠎ᠠ ᠶᠢ ᠪᠠᠷᠢᠮᠲᠠᠯᠠᠬᠤ ᠪᠣᠯ ︽ᠪᠡᠶ᠎ᠡ ᠶᠢᠨ ᠲᠠᠮᠢᠷ ᠤᠨ ᠬᠠᠤᠯᠢ︾ ᠳᠤ ᠵᠠᠰᠠᠪᠤᠷᠢ ᠣᠷᠣᠭᠤᠯᠬᠤ ᠶᠢᠨ ᠲᠡᠷᠢᠭᠦᠨ ᠴᠢᠬᠤᠯᠠ ᠵᠠᠷᠴᠢᠮ ᠮᠥᠨ᠃ ᠵᠠᠰᠠᠪᠤᠷᠢ ᠣᠷᠣᠭᠤᠯᠬᠤ ᠶᠠᠪᠤᠴᠠ ᠳᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠮᠵᠢ ᠪᠣᠯᠭᠠᠬᠤ ᠶᠢ ᠪᠠᠷᠢᠮᠲᠠᠯᠠᠵᠤ᠂ ᠰᠢ ᠶᠢᠨ ᠫᠢᠩ  ᠤᠨ ᠬᠠᠤᠯᠢ ᠪᠠᠷ ᠵᠠᠰᠠᠬᠤ ᠦᠵᠡᠯ ᠰᠠᠨᠠᠭ᠎ᠠ  ᠶᠢ ᠭᠦᠨᠵᠡᠭᠡᠢ ᠲᠤᠤᠱᠯᠠᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠪᠡᠶ᠎ᠡ ᠶᠢᠨ ᠲᠠᠮᠢᠷ ᠤᠨ ᠲᠤᠬᠠᠢ ᠴᠢᠬᠤᠯᠠ ᠥᠭᠦᠯᠡᠯᠲᠡ ᠶᠢ ᠡᠷᠡᠰ ᠲᠤᠤᠱᠯᠠᠭᠤᠯᠵᠤ᠂ ︽ᠬᠤᠶᠠᠷ ᠢ ᠲᠣᠭᠲᠠᠭᠠᠬᠤ︾ ᠶᠢᠨ ᠰᠢᠢᠳᠪᠦᠷᠢᠯᠡᠭᠴᠢ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ︽ᠳᠥᠷᠪᠡᠨ ᠤᠬᠠᠮᠰᠠᠷ︾ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠬᠠᠤᠯᠢ ᠴᠠᠭᠠᠵᠠ ᠳᠤ ᠵᠠᠰᠠᠪᠤᠷᠢ ᠣᠷᠣᠭᠤᠯᠬᠤ ᠠᠵᠢᠯ ᠢ ᠤᠬᠠᠮᠰᠠᠷ ᠠᠴᠠ ᠪᠠᠨ ᠨᠠᠮ ᠪᠠ ᠤᠯᠤᠰ ᠤᠨ ᠠᠵᠢᠯ ᠤᠨ ᠶᠡᠭᠡ ᠲᠠᠯ᠎ᠠ ᠳᠤ ᠲᠠᠯᠪᠢᠨ ᠪᠣᠳᠣᠯᠬᠢᠯᠠᠵᠤ᠂ ᠰᠦᠪᠡᠭᠴᠢᠯᠡᠵᠦ᠂ ᠠᠬᠢᠭᠤᠯᠵᠤ᠂ ᠨᠠᠮ ᠤᠨ ᠵᠣᠷᠢᠯᠲᠠ ᠶᠢ ᠬᠠᠤᠯᠢ ᠳᠤ ᠲᠣᠭᠲᠠᠭᠠᠭᠰᠠᠨ ᠵᠢᠷᠤᠮ ᠢᠶᠠᠷ ᠳᠠᠮᠵᠢᠭᠤᠯᠤᠨ ᠤᠯᠤᠰ ᠤᠨ ᠵᠣᠷᠢᠭ ᠰᠠᠨᠠᠭ᠎ᠠ ᠪᠣᠯᠭᠠᠨ ᠬᠤᠪᠢᠷᠠᠭᠤᠯᠵᠤ᠂ ᠨᠠᠮ ᠤᠨ ᠪᠡᠶ᠎ᠡ ᠶᠢᠨ ᠲᠠᠮᠢᠷ ᠤᠨ ᠠᠵᠢᠯ ᠳᠠᠬᠢ ᠤᠳᠤᠷᠢᠳᠤᠯᠭ᠎ᠠ ᠶᠢ ᠳᠦᠷᠢᠮᠵᠢᠭᠦᠯᠬᠦ᠂ ᠵᠢᠷᠤᠮᠵᠢᠭᠤᠯᠬᠤ᠂ ᠬᠠᠤᠯᠢᠵᠢᠭᠤᠯᠬᠤ ᠶᠢ ᠤᠯᠠᠮ ᠨᠢᠭᠡ ᠠᠯᠬᠤᠮ ᠪᠡᠶᠡᠯᠡᠭᠦᠯᠵᠦ᠂ ᠨᠠᠮ ᠤᠨ ᠤᠳᠤᠷᠢᠳᠤᠯᠭ᠎ᠠ ᠶᠢ ᠬᠠᠤᠯᠢ ᠶᠣᠰᠣᠭᠠᠷ ᠪᠡᠶ᠎ᠡ ᠮᠠᠬᠠᠪᠤᠳ ᠢᠶᠠᠨ ᠵᠠᠰᠠᠬᠤ ᠪᠦᠬᠦ ᠶᠠᠪᠤᠴᠠ᠂ ᠡᠯ᠎ᠡ ᠭᠤᠭᠴᠤᠭ᠎ᠠ ᠳᠤ ᠦᠨᠡᠨ ᠬᠦ ᠲᠤᠭᠤᠰᠢᠯᠠᠭᠤᠯᠤᠨ᠎ᠠ᠃     ︵ᠬᠤᠶᠠᠷ︶ ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠨ᠎ᠠ᠃ ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠬᠤ ᠪᠣᠯ ︽ᠪᠡᠶ᠎ᠡ ᠶᠢᠨ ᠲᠠᠮᠢᠷ ᠤᠨ ᠬᠠᠤᠯᠢ︾ ᠳᠤ ᠵᠠᠰᠠᠪᠤᠷᠢ ᠣᠷᠣᠭᠤᠯᠤᠭᠰᠠᠨ ᠥᠷᠲᠡᠭ ᠤᠨ ᠬᠠᠨᠳᠤᠰᠢ ᠮᠥᠨ᠃ ᠪᠡᠶ᠎ᠡ ᠶᠢᠨ ᠲᠠᠮᠢᠷ ᠪᠣᠯ ᠠᠷᠠᠳ ᠲᠦᠮᠡᠨ ᠤ ᠦᠢᠯᠡᠰ ᠮᠥᠨ᠂ ︽ᠪᠡᠶ᠎ᠡ ᠶᠢᠨ ᠲᠠᠮᠢᠷ ᠤᠨ ᠬᠠᠤᠯᠢ︾ ᠳᠤ ᠵᠠᠰᠠᠪᠤᠷᠢ ᠣᠷᠣᠭᠤᠯᠬᠤ ᠳᠠᠭᠠᠨ ᠠᠷᠠᠳ ᠲᠦᠮᠡᠨ ᠤ ᠪᠡᠶ᠎ᠡ ᠶᠢᠨ ᠲᠠᠮᠢᠷ ᠤᠨ ᠲᠠᠯ᠎ᠠ ᠪᠠᠷ ᠬᠢ ᠬᠡᠷᠡᠭᠴᠡᠭᠡ ᠪᠠᠷ ᠡᠭᠦᠰᠬᠡᠯ ᠲᠡᠭᠦᠰᠬᠡᠯ ᠪᠣᠯᠭᠠᠵᠤ᠂ ᠠᠷᠠᠳ ᠤᠯᠠᠨ ᠤ ᠤᠯᠠᠨ ᠲᠡᠰ ᠳᠠᠪᠬᠤᠷᠭ᠎ᠠ ᠶᠢᠨ᠂ ᠤᠯᠠᠨ ᠶᠠᠩᠵᠤ ᠶᠢᠨ ᠪᠡᠶ᠎ᠡ ᠶᠢᠨ ᠲᠠᠮᠢᠷ ᠤᠨ ᠬᠡᠷᠡᠭᠴᠡᠭᠡ ᠶᠢ ᠬᠠᠩᠭᠠᠬᠤ ᠶᠢ ᠪᠣᠳᠣᠯᠬᠢᠯᠠᠵᠤ᠂ ᠨᠡᠩ ᠤᠯᠠᠨ ᠨᠡᠩ ᠰᠠᠶᠢᠨ ᠤᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠦᠢᠯᠡᠴᠢᠯᠡᠭᠡ ᠬᠠᠩᠭᠠᠵᠤ᠂ ᠠᠷᠠᠳ ᠤᠯᠠᠨ ᠳᠤ ᠪᠡᠶ᠎ᠡ ᠶᠢᠨ ᠲᠠᠮᠢᠷ ᠤᠨ ᠬᠥᠭᠵᠢᠯᠲᠡ ᠶᠢᠨ ᠦᠷ᠎ᠡ ᠪᠦᠲᠦᠭᠡᠯ ᠢ ᠬᠠᠮᠲᠤ ᠪᠠᠷ ᠡᠳ᠋ᠯᠡᠭᠦᠯᠵᠦ᠂ ᠠᠷᠠᠳ ᠤᠯᠠᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠢ ᠲᠠᠰᠤᠷᠠᠯᠳᠠ ᠦᠭᠡᠢ ᠬᠠᠩᠭᠠᠨ᠎ᠠ᠃ ︽ᠪᠡᠶ᠎ᠡ ᠶᠢᠨ ᠲᠠᠮᠢᠷ ᠤᠨ ᠬᠠᠤᠯᠢ︾ ᠳᠤ ᠵᠠᠰᠠᠪᠤᠷᠢ ᠣᠷᠣᠭᠤᠯᠬᠤ ᠳᠠᠭᠠᠨ ᠪᠦᠬᠦ ᠶᠠᠪᠤᠴᠠ ᠳᠤ ᠠᠷᠠᠳ ᠤᠨ ᠠᠷᠠᠳᠴᠢᠯᠠᠯ ᠢ ᠢᠮᠠᠭᠲᠠ ᠲᠤᠤᠱᠯᠠᠭᠤᠯᠵᠤ᠂ ︽ᠡᠭᠦᠳᠡ ᠪᠠᠨ ᠨᠡᠭᠡᠭᠡᠵᠦ ᠬᠠᠤᠯᠢ ᠲᠣᠭᠲᠠᠭᠠᠬᠤ︾ ᠶᠢ ᠪᠡᠶᠡᠯᠡᠭᠦᠯᠵᠦ᠂ ᠬᠠᠤᠯᠢ ᠲᠣᠭᠲᠠᠭᠠᠬᠤ ᠠᠵᠢᠯ ᠤᠨ ᠰᠡᠳᠦᠪ ᠲᠣᠭᠲᠠᠭᠠᠬᠤ᠂ ᠲᠤᠭᠤᠷᠪᠢᠬᠤ᠂ ᠬᠢᠨᠠᠨ ᠶᠠᠷᠢᠯᠴᠠᠬᠤ᠂ ᠨᠤᠲᠠᠯᠠᠬᠤ᠂ ᠦᠨᠡᠯᠡᠨ ᠵᠢᠱᠢᠬᠦ᠂ ᠬᠢᠨᠠᠯᠲᠠ ᠲᠠᠯᠪᠢᠬᠤ ᠪᠠ ᠤᠬᠠᠭᠤᠯᠬᠤ ᠵᠡᠷᠭᠡ ᠡᠯ᠎ᠡ ᠵᠠᠩᠭᠢᠯᠠᠭ᠎ᠠ ᠳᠤ ᠠᠷᠠᠳ ᠤᠨ ᠪᠠᠶᠢᠳᠠᠯ ᠢ ᠲᠤᠰᠬᠠᠵᠤ᠂ ᠠᠷᠠᠳ ᠤᠨ ᠰᠠᠨᠠᠭ᠎ᠠ ᠶᠢ ᠰᠣᠨᠣᠰᠴᠤ᠂ ᠠᠷᠠᠳ ᠤᠨ ᠤᠶᠤᠨ ᠤᠬᠠᠭᠠᠨ ᠢ ᠲᠥᠪᠯᠡᠷᠡᠭᠦᠯᠦᠨ᠂ ᠠᠷᠠᠳᠴᠢᠯᠠᠯ ᠢ ᠭᠦᠢᠴᠡᠳ ᠪᠠᠳᠠᠷᠠᠭᠤᠯᠵᠤ᠂ ᠨᠡᠶᠢᠭᠡᠮ ᠤᠨ ᠡᠯ᠎ᠡ ᠡᠲᠡᠭᠡᠳ ᠪᠠ ᠦᠨᠳᠦᠰᠦᠨ ᠱᠠᠲᠤᠨ ᠤ ᠤᠯᠠᠨ ᠲᠦᠮᠡᠨ ᠤ ᠰᠢᠭᠤᠳ ᠡᠮᠬᠢ ᠵᠢᠷᠤᠮ ᠲᠠᠢ ᠪᠠᠷ ᠣᠷᠤᠯᠴᠠᠬᠤ ᠶᠢ ᠴᠢᠩᠭᠠᠳᠬᠠᠪᠠ᠃     ︵ᠭᠤᠷᠪᠠ︶ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠎ᠠ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠬᠤ ᠪᠣᠯ ︽ᠪᠡᠶ᠎ᠡ ᠶᠢᠨ ᠲᠠᠮᠢᠷ ᠤᠨ ᠬᠠᠤᠯᠢ︾ ᠳᠤ ᠵᠠᠰᠠᠪᠤᠷᠢ ᠣᠷᠣᠭᠤᠯᠬᠤ ᠶᠢᠨ ᠴᠢᠬᠤᠯᠠ ᠠᠷᠭ᠎ᠠ ᠮᠥᠨ᠃ ︽ᠪᠡᠶ᠎ᠡ ᠶᠢᠨ ᠲᠠᠮᠢᠷ ᠤᠨ ᠬᠠᠤᠯᠢ︾ ᠳᠤ ᠵᠠᠰᠠᠪᠤᠷᠢ ᠣᠷᠣᠭᠤᠯᠬᠤ ᠶᠠᠪᠤᠴᠠ ᠳᠤ ᠪᠡᠶ᠎ᠡ ᠶᠢᠨ ᠲᠠᠮᠢᠷ ᠤᠨ ᠦᠢᠯᠡᠰ ᠤᠨ ᠬᠥᠭᠵᠢᠯᠲᠡ ᠶᠢᠨ ᠳᠤᠮᠳᠠᠬᠢ ᠦᠨᠳᠦᠰᠦᠨ ᠬᠠᠷᠢᠴᠠᠭ᠎ᠠ ᠪᠠ ᠴᠢᠬᠤᠯᠠ ᠶᠡᠭᠡ ᠠᠰᠠᠭᠤᠳᠠᠯ ᠳᠤ ᠴᠢᠭᠯᠡᠭᠦᠯᠦᠨ ᠨᠠᠷᠢᠨ ᠬᠢᠨᠠᠮᠠᠭᠠᠢ ᠵᠠᠳᠠᠯᠤᠯᠲᠠ ᠬᠢᠵᠦ᠂ ᠭᠦᠨᠵᠡᠭᠡᠢ ᠰᠤᠳᠤᠯᠵᠤ᠂ ᠠᠰᠠᠭᠤᠳᠠᠯ ᠤᠨ ᠵᠠᠩᠭᠢᠯᠠᠭ᠎ᠠ ᠶᠢ ᠡᠷᠢᠨ ᠣᠯᠵᠤ᠂ ᠰᠢᠢᠳᠪᠦᠷᠢᠯᠡᠬᠦ ᠠᠷᠭ᠎ᠠ ᠬᠡᠮᠵᠢᠶ᠎ᠡ ᠲᠣᠭᠲᠠᠭᠠᠨ᠂ ᠬᠠᠤᠯᠢ ᠪᠠᠷ ᠵᠠᠰᠠᠬᠤ ᠶᠢᠨ ᠬᠥᠲᠥᠯᠥᠨ ᠳᠠᠭᠠᠭᠤᠯᠬᠤ᠂ ᠵᠢᠷᠤᠮᠵᠢᠭᠤᠯᠬᠤ ᠪᠠ ᠪᠠᠲᠤᠯᠠᠬᠤ ᠦᠢᠯᠡᠳᠦᠯ ᠢ ᠨᠠᠩ ᠰᠠᠶᠢᠲᠤᠷ ᠪᠠᠳᠠᠷᠠᠭᠤᠯᠤᠨ᠎ᠠ᠃ ᠣᠳᠣᠬᠠᠨ ᠳᠤ᠂ ᠪᠡᠶ᠎ᠡ ᠶᠢᠨ ᠲᠠᠮᠢᠷ ᠤᠨ ᠦᠢᠯᠡᠰ ᠤᠨ ᠥᠭᠡᠷᠡᠴᠢᠯᠡᠯᠲᠡ ᠬᠥᠭᠵᠢᠯᠲᠡ ᠳᠤ ᠮᠠᠰᠢ ᠣᠯᠠᠨ ᠠᠰᠠᠭᠤᠳᠠᠯ ᠲᠤᠯᠭᠠᠷᠠᠵᠤ᠂ ᠡᠭᠦᠨ ᠳᠤ ᠭᠤᠣᠯᠳᠠᠭᠤ᠄ ᠪᠦᠬᠦ ᠠᠷᠠᠳ ᠤᠨ ᠪᠡᠶ᠎ᠡ ᠮᠠᠬᠠᠪᠤᠳ ᠢᠶᠠᠨ ᠴᠢᠭᠢᠷᠠᠭᠵᠢᠭᠤᠯᠬᠤ᠂ ᠤᠷᠤᠯᠳᠤᠭᠠᠨ ᠤ ᠪᠡᠶ᠎ᠡ ᠶᠢᠨ ᠲᠠᠮᠢᠷ ᠤᠨ ᠬᠥᠭᠵᠢᠯᠲᠡ ᠵᠣᠬᠢᠴᠠᠩᠭᠤᠢ ᠪᠤᠰᠤ᠂ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠣᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ ᠲᠡᠭᠦᠯᠳᠡᠷ ᠪᠤᠰᠤ᠂ ᠪᠡᠶ᠎ᠡ ᠶᠢᠨ ᠲᠠᠮᠢᠷ ᠤᠨ ᠪᠥᠬᠦ ᠠᠷᠠᠳ ᠤᠨ ᠡᠷᠡᠭᠦᠯ ᠮᠡᠨᠳᠦ ᠶᠢ ᠠᠬᠢᠭᠤᠯᠬᠤ ᠦᠢᠯᠡᠳᠦᠯ ᠢ ᠭᠦᠢᠴᠡᠳ ᠪᠠᠳᠠᠷᠠᠭᠤᠯᠤᠭᠰᠠᠨ ᠦᠭᠡᠢ᠂ ᠪᠡᠶ᠎ᠡ ᠶᠢᠨ ᠲᠠᠮᠢᠷ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠥᠭᠵᠢᠯᠲᠡ ᠵᠢᠷᠤᠮᠵᠢᠯ ᠦᠭᠡᠢ᠂ ᠤᠷᠤᠯᠳᠤᠭᠠᠨ ᠤ ᠪᠡᠶ᠎ᠡ ᠶᠢᠨ ᠲᠠᠮᠢᠷ ᠤᠨ ᠪᠡᠯᠡᠳᠬᠡᠯ ᠴᠢᠳᠠᠪᠤᠷᠢᠲᠠᠨ ᠢ ᠬᠥᠮᠥᠵᠢᠭᠦᠯᠬᠦ ᠪᠠᠶᠢᠭᠤᠯᠤᠯ ᠰᠢᠯᠤᠭᠤᠨ ᠪᠤᠰᠤ᠂ ᠪᠡᠶ᠎ᠡ ᠶᠢᠨ ᠲᠠᠮᠢᠷ ᠤᠨ ᠠᠵᠤ ᠦᠢᠯᠡᠰ ᠤᠨ ᠬᠥᠭᠵᠢᠯᠲᠡ ᠲᠡᠩᠴᠡᠭᠦᠷᠢ ᠦᠭᠡᠢ᠂ ᠪᠡᠶ᠎ᠡ ᠶᠢᠨ ᠲᠠᠮᠢᠷ ᠤᠨ ᠵᠢᠭᠤᠷᠠᠯᠳᠤᠭᠠᠨ ᠢ ᠰᠢᠢᠳᠪᠦᠷᠢᠯᠡᠬᠦ ᠲᠣᠭᠲᠠᠴᠠ ᠢᠯᠠᠩᠭᠤᠶ᠎ᠠ ᠪᠡᠶ᠎ᠡ ᠶᠢᠨ ᠲᠠᠮᠢᠷ ᠤᠨ ᠬᠥᠨᠳᠡᠯᠡᠨ ᠠᠴᠠ ᠲᠠᠰᠤᠯᠬᠤ ᠳᠦᠷᠢᠮ ᠳᠤᠲᠠᠮᠠᠭ᠂ ᠪᠡᠶ᠎ᠡ ᠶᠢᠨ ᠲᠠᠮᠢᠷ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠬᠦᠷᠦᠯᠴᠡᠬᠦ ᠦᠭᠡᠢ᠂ ᠪᠡᠶ᠎ᠡ ᠶᠢᠨ ᠲᠠᠮᠢᠷ ᠤᠨ ᠬᠠᠤᠯᠢ ᠬᠡᠷᠡᠭᠵᠢᠭᠦᠯᠦᠯᠲᠡ ᠬᠢᠭᠡᠳ ᠵᠠᠬ᠎ᠠ ᠳᠡᠯᠭᠡᠭᠦᠷ ᠤᠨ ᠬᠥᠭᠵᠢᠯᠲᠡ ᠵᠣᠬᠢᠴᠠᠬᠤ ᠦᠭᠡᠢ ᠪᠠᠶᠢᠬᠤ ᠵᠡᠷᠭᠡ ᠪᠣᠯᠣᠨ᠎ᠠ᠃ ᠵᠠᠰᠠᠪᠤᠷᠢ ᠣᠷᠣᠭᠤᠯᠬᠤ ᠠᠵᠢᠯ ᠳᠤ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠡᠳᠡᠭᠡᠷ ᠠᠰᠠᠭᠤᠳᠠᠯ ᠳᠤ ᠴᠥᠮ ᠢᠳᠡᠪᠬᠢᠲᠡᠢ ᠬᠠᠷᠢᠭᠤᠯᠲᠠ ᠥᠭᠴᠦ᠂ ᠬᠤᠯᠪᠣᠭᠳᠠᠯ ᠪᠦᠬᠦᠢ ᠳᠦᠷᠢᠮ ᠲᠣᠭᠲᠠᠭᠠᠯ ᠢ ᠲᠣᠳᠣᠷᠬᠠᠢ ᠪᠣᠯᠭᠠᠬᠤ ᠪᠠ ᠲᠡᠭᠦᠯᠳᠡᠷᠵᠢᠭᠦᠯᠬᠦ ᠪᠠᠷ ᠬᠦᠴᠦᠯᠡᠵᠦ᠂ ᠪᠡᠶ᠎ᠡ ᠶᠢᠨ ᠲᠠᠮᠢᠷ ᠤᠨ ᠬᠠᠤᠯᠢᠵᠢᠯ ᠤᠨ ᠨᠡᠩ ᠥᠨᠳᠥᠷ ᠲᠦᠪᠰᠢᠨ ᠳᠤ ᠬᠦᠷᠬᠦ ᠶᠢ ᠠᠬᠢᠭᠤᠯᠪᠠ᠃     ︵ᠳᠥᠷᠪᠡ︶ ᠵᠢᠷᠤᠮᠵᠢᠯ ᠲᠠᠢ ᠪᠠᠷ ᠬᠥᠲᠥᠯᠥᠨ ᠳᠠᠭᠠᠭᠤᠯᠬᠤ ᠶᠢ ᠪᠠᠷᠢᠮᠲᠠᠯᠠᠨ᠎ᠠ᠃ ᠪᠡᠶ᠎ᠡ ᠶᠢᠨ ᠲᠠᠮᠢᠷ ᠤᠨ ᠦᠢᠯᠡᠰ ᠤᠨ ᠬᠥᠭᠵᠢᠯᠲᠡ ᠶᠢ ᠵᠢᠷᠤᠮᠵᠢᠭᠤᠯᠤᠨ ᠬᠥᠲᠥᠯᠥᠨ ᠳᠠᠭᠠᠭᠤᠯᠬᠤ ᠪᠣᠯ ︽ᠪᠡᠶ᠎ᠡ ᠶᠢᠨ ᠲᠠᠮᠢᠷ ᠤᠨ ᠬᠠᠤᠯᠢ︾ ᠳᠤ ᠵᠠᠰᠠᠪᠤᠷᠢ ᠣᠷᠣᠭᠤᠯᠬᠤ ᠶᠢᠨ ᠴᠢᠬᠤᠯᠠ ᠵᠣᠷᠢᠯᠭ᠎ᠠ ᠪᠣᠯᠣᠨ᠎ᠠ᠃ ᠪᠡᠶ᠎ᠡ ᠶᠢᠨ ᠲᠠᠮᠢᠷ ᠤᠨ ᠬᠦᠷᠢᠶᠡᠨ ᠤ ᠦᠢᠯᠡᠳᠦᠯᠭᠡ ᠪᠠᠷ ᠳᠠᠮᠵᠢᠭᠰᠠᠨ᠂ ᠦᠨᠡᠨ ᠬᠦ ᠪᠦᠲᠦᠮᠵᠢᠲᠡᠶ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ᠂ ᠪᠣᠯᠪᠠᠰᠤᠷᠠᠩᠭᠤᠢ ᠲᠤᠷᠰᠢᠯᠭ᠎ᠠ ᠪᠠ ᠳᠦᠷᠢᠮ ᠤᠨ ᠴᠢᠨᠠᠷᠲᠠᠢ ᠲᠣᠬᠢᠷᠠᠭᠤᠯᠤᠯᠲᠠ ᠶᠢ ᠬᠠᠤᠯᠢ ᠴᠠᠭᠠᠵᠠ ᠶᠢᠨ ᠬᠡᠯᠪᠡᠷᠢ ᠪᠠᠷ ᠲᠣᠭᠲᠠᠪᠤᠷᠢᠵᠢᠭᠤᠯᠵᠤ᠂ ᠪᠡᠶ᠎ᠡ ᠶᠢᠨ ᠲᠠᠮᠢᠷ ᠤᠨ ᠬᠦᠷᠢᠶᠡᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢ ᠲᠦᠯᠬᠢᠨ ᠠᠬᠢᠭᠤᠯᠬᠤ᠂ ᠪᠡᠶ᠎ᠡ ᠶᠢᠨ ᠲᠠᠮᠢᠷ ᠤᠨ ᠬᠥᠭᠵᠢᠯᠲᠡ ᠶᠢᠨ ᠰᠠᠶᠢᠨ ᠰᠠᠶᠢᠬᠠᠨ ᠡᠮᠬᠢ ᠵᠢᠷᠤᠮ ᠢ ᠬᠠᠮᠠᠭᠠᠯᠠᠬᠤ᠂ ᠠᠷᠠᠳ ᠤᠯᠠᠨ ᠤ ᠪᠡᠶ᠎ᠡ ᠶᠢᠨ ᠲᠠᠮᠢᠷ ᠤᠨ ᠡᠷᠬᠡ ᠠᠰᠢᠭ ᠢ ᠨᠡᠩ ᠰᠠᠶᠢᠲᠤᠷ ᠪᠠᠲᠤᠯᠠᠬᠤ ᠳᠤ ᠬᠠᠤᠯᠢ ᠪᠠᠷ ᠵᠠᠰᠠᠬᠤ ᠬᠦᠴᠦᠲᠡᠢ ᠪᠠᠲᠤᠯᠠᠭ᠎ᠠ ᠬᠠᠩᠭᠠᠨ᠎ᠠ᠃ ᠵᠠᠰᠠᠪᠤᠷᠢ ᠣᠷᠣᠭᠤᠯᠬᠤ ᠠᠵᠢᠯ ᠨᠢ 2035 ᠣᠨ ᠳᠤ ᠪᠡᠶ᠎ᠡ ᠶᠢᠨ ᠲᠠᠮᠢᠷ ᠤᠨ ᠬᠦᠴᠦᠷᠬᠡᠭ ᠤᠯᠤᠰ ᠢ ᠪᠠᠶᠢᠭᠤᠯᠬᠤ ᠪᠠᠶᠢᠯᠳᠤᠬᠤ ᠪᠣᠳᠣᠯᠭ᠎ᠠ ᠶᠢᠨ ᠬᠠᠷᠠᠯᠲᠠ ᠶᠢ ᠪᠣᠳᠣᠯᠬᠢᠯᠠᠨ᠂ ᠪᠡᠶ᠎ᠡ ᠶᠢᠨ ᠲᠠᠮᠢᠷ ᠤᠨ ᠥᠭᠡᠷᠡᠴᠢᠯᠡᠯᠲᠡ ᠬᠥᠭᠵᠢᠯᠲᠡ ᠶᠢᠨ ᠳᠤᠮᠳᠠᠬᠢ ︽ᠪᠡᠶ᠎ᠡ ᠶᠢᠨ ᠲᠠᠮᠢᠷ ᠤᠨ ᠬᠠᠤᠯᠢ︾ ᠶᠢᠨ ᠬᠠᠤᠯᠢ ᠪᠠᠷ ᠵᠠᠰᠠᠬᠤ ᠪᠠᠲᠤᠯᠠᠭ᠎ᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠢ ᠲᠥᠯᠥᠪᠯᠡᠨ᠂ ᠪᠡᠶ᠎ᠡ ᠶᠢᠨ ᠲᠠᠮᠢᠷ ᠤᠨ ᠬᠦᠷᠢᠶᠡᠨ ᠤ ᠡᠯ᠎ᠡ ᠲᠠᠯ᠎ᠠ ᠶᠢᠨ ᠬᠠᠷᠢᠴᠠᠭ᠎ᠠ ᠶᠢ ᠵᠥᠪ ᠢᠶᠠᠷ ᠰᠢᠢᠳᠪᠦᠷᠢᠯᠡᠵᠦ᠂ ᠪᠡᠶ᠎ᠡ ᠶᠢᠨ ᠲᠠᠮᠢᠷ ᠤᠨ ᠠᠰᠢᠭ ᠲᠤᠰᠠ ᠶᠢ ᠵᠦᠢ ᠵᠣᠬᠢᠰᠲᠠᠢ ᠲᠣᠬᠢᠷᠠᠭᠤᠯᠤᠨ᠂ ᠪᠡᠶ᠎ᠡ ᠶᠢᠨ ᠲᠠᠮᠢᠷ ᠤᠨ ᠡᠮᠬᠢ ᠵᠢᠷᠤᠮ ᠢ ᠴᠢᠩᠭ᠎ᠠ ᠵᠢᠷᠤᠮᠵᠢᠭᠤᠯᠵᠤ᠂ ᠪᠡᠶ᠎ᠡ ᠶᠢᠨ ᠲᠠᠮᠢᠷ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠬᠥᠲᠥᠯᠥᠨ ᠳᠠᠭᠠᠭᠤᠯᠤᠨ᠎ᠠ᠃     ᠭᠤᠷᠪᠠ᠂ ︽ᠪᠡᠶ᠎ᠡ ᠶᠢᠨ ᠲᠠᠮᠢᠷ ᠤᠨ ᠬᠠᠤᠯᠢ︾ ᠳᠤ ᠵᠠᠰᠠᠪᠤᠷᠢ ᠣᠷᠣᠭᠤᠯᠤᠭᠰᠠᠨ ᠭᠤᠣᠯ ᠠᠭᠤᠯᠭ᠎ᠠ     ᠵᠠᠰᠠᠪᠤᠷᠢ ᠣᠷᠣᠭᠤᠯᠤᠭᠰᠠᠨ ᠤ ᠳᠠᠷᠠᠭ᠎ᠠ᠂ ︽ᠪᠡᠶ᠎ᠡ ᠶᠢᠨ ᠲᠠᠮᠢᠷ ᠤᠨ ᠬᠠᠤᠯᠢ︾ ᠨᠢ ᠤᠤᠯ ᠤᠨ 8 ᠪᠦᠯᠦᠭ 54 ᠵᠦᠢᠯ ᠪᠠᠶᠢᠭᠰᠠᠨ ᠠᠴᠠ ᠪᠠᠨ 12 ᠪᠦᠯᠦᠭ 122 ᠵᠦᠢᠯ ᠪᠣᠯᠵᠤ ᠨᠡᠮᠡᠭᠳᠡᠪᠡ᠂ ᠡᠭᠦᠨ ᠳᠤ ᠶᠡᠷᠦᠩᠬᠡᠢ ᠳᠦᠷᠢᠮ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ᠂ ᠵᠠᠯᠠᠭᠤᠴᠤᠳ ᠪᠠᠭᠠᠴᠤᠳ ᠪᠠ ᠰᠤᠷᠭᠠᠭᠤᠯᠢ ᠶᠢᠨ ᠪᠡᠶ᠎ᠡ ᠶᠢᠨ ᠲᠠᠮᠢᠷ᠂ ᠤᠷᠤᠯᠳᠤᠭᠠᠨ ᠤ ᠪᠡᠶ᠎ᠡ ᠶᠢᠨ ᠲᠠᠮᠢᠷ᠂ ᠬᠥᠭᠡᠷᠦᠭᠦᠯᠬᠦ ᠡᠮ ᠢ ᠡᠰᠡᠷᠭᠦᠴᠡᠬᠦ᠂ ᠪᠡᠶ᠎ᠡ ᠶᠢᠨ ᠲᠠᠮᠢᠷ ᠤᠨ ᠵᠣᠬᠢᠶᠠᠨ ᠪᠠᠶᠢᠭᠤᠯᠤᠯᠲᠠ᠂ ᠪᠡᠶ᠎ᠡ ᠶᠢᠨ ᠲᠠᠮᠢᠷ ᠤᠨ ᠠᠵᠤ ᠦᠢᠯᠡᠰ᠂ ᠪᠠᠲᠤᠯᠠᠭ᠎ᠠ ᠶᠢᠨ ᠨᠥᠬᠦᠴᠡᠯ᠂ ᠪᠡᠶ᠎ᠡ ᠶᠢᠨ ᠲᠠᠮᠢᠷ ᠤᠨ ᠬᠥᠨᠳᠡᠯᠡᠨ ᠤ ᠲᠠᠰᠤᠯᠤᠯᠲᠠ᠂ ᠬᠢᠨᠠᠯᠲᠠ ᠬᠠᠮᠢᠶᠠᠷᠤᠯᠲᠠ᠂ ᠬᠠᠤᠯᠢ ᠶᠢᠨ ᠬᠠᠷᠢᠭᠤᠴᠠᠯᠭ᠎ᠠ ᠪᠠ ᠳᠠᠭᠠᠯᠳᠤᠭᠤᠯᠤᠭᠰᠠᠨ ᠳᠦᠷᠢᠮ ᠪᠠᠭᠲᠠᠨ᠎ᠠ᠃ ᠰᠢᠨ᠎ᠡ ᠴᠠᠭ ᠦᠶ᠎ᠡ ᠳᠤ ᠢᠯᠡᠷᠡᠭᠰᠡᠨ ᠰᠢᠨ᠎ᠡ ᠥᠷᠢᠰᠦᠯᠳᠦᠭᠡᠨ ᠪᠠ ᠰᠢᠨ᠎ᠡ ᠠᠰᠠᠭᠤᠳᠠᠯ ᠳᠤ ᠴᠢᠭᠯᠡᠭᠦᠯᠦᠨ᠂ ︽ᠪᠡᠶ᠎ᠡ ᠶᠢᠨ ᠲᠠᠮᠢᠷ ᠤᠨ ᠬᠠᠤᠯᠢ︾ ᠳᠤ ᠵᠠᠰᠠᠪᠤᠷᠢ ᠣᠷᠣᠭᠤᠯᠬᠤ ᠳᠠᠭᠠᠨ ᠪᠡᠶ᠎ᠡ ᠶᠢᠨ ᠲᠠᠮᠢᠷ ᠤᠨ ᠪᠣᠳᠠᠲᠠᠢ ᠠᠰᠠᠭᠤᠳᠠᠯ ᠳᠤ ᠰᠢᠭᠤᠳ ᠬᠠᠨᠳᠤᠵᠤ᠂ ᠠᠷᠠᠳ ᠣᠯᠠᠨ ᠤ ᠰᠢᠨ᠎ᠡ ᠱᠠᠭᠠᠷᠳᠠᠯᠭ᠎ᠠ ᠰᠢᠨ᠎ᠡ ᠬᠦᠰᠡᠯ ᠡᠷᠡᠮᠡᠯᠵᠡᠯ ᠳᠤ ᠢᠳᠡᠪᠬᠢᠲᠡᠢ ᠬᠠᠷᠢᠭᠤᠯᠲᠠ ᠥᠭᠴᠦ᠂ ᠰᠢᠨ᠎ᠡ ᠴᠠᠭ ᠦᠶ᠎ᠡ ᠶᠢᠨ ᠪᠡᠶ᠎ᠡ ᠶᠢᠨ ᠲᠠᠮᠢᠷ ᠤᠨ ᠦᠢᠯᠡᠰ ᠤᠨ ᠬᠥᠭᠵᠢᠯᠲᠡ ᠳᠤ ᠪᠠᠲᠤ ᠴᠢᠩᠭ᠎ᠠ ᠬᠠᠤᠯᠢ ᠪᠠᠷ ᠵᠠᠰᠠᠬᠤ ᠪᠠᠲᠤᠯᠠᠭ᠎ᠠ ᠬᠠᠩᠭᠠᠭᠰᠠᠨ ᠪᠠᠶᠢᠨ᠎ᠠ᠃     ᠪᠦᠬᠦ ᠠᠷᠠᠳ ᠤᠨ ᠪᠡᠶ᠎ᠡ ᠮᠠᠬᠠᠪᠤᠳ ᠢ ᠴᠢᠭᠢᠷᠠᠭᠵᠢᠭᠤᠯᠬᠤ ᠲᠠᠯ᠎ᠠ ᠪᠠᠷ᠄ ᠪᠡᠶ᠎ᠡ ᠶᠢᠨ ᠲᠠᠮᠢᠷ ᠤᠨ ᠦᠢᠯᠡᠰ ᠤᠨ ᠬᠥᠭᠵᠢᠯᠲᠡ ᠳᠠᠬᠢ ᠪᠥᠬᠦ ᠠᠷᠠᠳ ᠤᠨ ᠪᠡᠶ᠎ᠡ ᠴᠢᠭᠢᠷᠠᠭᠵᠢᠭᠤᠯᠤᠯᠲᠠ ᠶᠢᠨ ᠰᠠᠭᠤᠷᠢ ᠴᠢᠨᠠᠷᠲᠠᠢ ᠦᠢᠯᠡᠳᠦᠯ ᠢ ᠳᠣᠪᠤᠶᠢᠯᠭᠠᠬᠤ ᠶᠢᠨ ᠲᠥᠯᠥᠭᠡ᠂ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠪᠡᠶ᠎ᠡ ᠶᠢᠨ ᠲᠠᠮᠢᠷ ᠤᠨ ᠬᠠᠤᠯᠢ︾ ᠳᠤ ᠤᠤᠯ ᠤᠨ ᠬᠤᠶᠠᠳᠤᠭᠠᠷ ᠪᠦᠯᠦᠭ ᠤᠨ ︽ᠨᠡᠶᠢᠭᠡᠮ ᠤᠨ ᠪᠡᠶ᠎ᠡ ᠶᠢᠨ ᠲᠠᠮᠢᠷ︾ ᠤᠨ ᠪᠦᠯᠦᠭ ᠤᠨ ᠨᠡᠷ᠎ᠡ ᠶᠢ ︽ᠪᠥᠬᠦ ᠠᠷᠠᠳ ᠤᠨ ᠪᠡᠶ᠎ᠡ ᠴᠢᠬᠢᠷᠠᠭᠵᠢᠭᠤᠯᠬᠤ︾ ᠭᠡᠵᠦ ᠵᠠᠰᠠᠵᠤ᠂ ᠤᠯᠤᠰ ᠠᠴᠠ ᠪᠥᠬᠦ ᠠᠷᠠᠳ ᠤᠨ ᠪᠡᠶ᠎ᠡ ᠴᠢᠬᠢᠷᠠᠭᠵᠢᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠦᠨ᠂ ᠪᠥᠬᠦ ᠠᠷᠠᠳ ᠤᠨ ᠪᠡᠶ᠎ᠡ ᠴᠢᠬᠢᠷᠠᠭᠵᠢᠭᠤᠯᠬᠤ ᠣᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠵᠤ᠂ ᠠᠷᠠᠳ ᠢᠷᠭᠡᠳ ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠳᠤ ᠣᠷᠤᠯᠴᠠᠬᠤ ᠶᠢ ᠵᠣᠷᠢᠭᠵᠢᠭᠤᠯᠤᠨ ᠳᠡᠮᠵᠢᠵᠦ᠂ ᠪᠥᠬᠦ ᠠᠷᠠᠳ ᠤᠨ ᠪᠡᠶ᠎ᠡ ᠴᠢᠬᠢᠷᠠᠭᠵᠢᠭᠤᠯᠬᠤ ᠬᠢᠭᠡᠳ ᠪᠥᠬᠦ ᠠᠷᠠᠳ ᠤᠨ ᠡᠷᠡᠭᠦᠯ ᠮᠡᠨᠳᠦ ᠶᠢᠨ ᠭᠦᠨᠵᠡᠭᠡᠢ ᠠᠭᠤᠰᠤᠯᠴᠠᠯ ᠢ ᠠᠬᠢᠭᠤᠯᠤᠨ᠎ᠠ ᠭᠡᠵᠦ ᠲᠣᠳᠣᠷᠬᠠᠢ ᠲᠣᠭᠲᠠᠭᠠᠪᠠ᠃ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯ ᠤᠨ ᠤᠳᠤᠷᠢᠳᠤᠯᠭ᠎ᠠ ᠪᠠ ᠵᠣᠬᠢᠴᠠᠭᠤᠯᠭ᠎ᠠ ᠶᠢ ᠴᠢᠩᠭᠠᠳᠬᠠᠬᠤ ᠶᠢᠨ ᠲᠤᠰᠠᠳᠠ᠂ ︽ᠤᠯᠤᠰ ᠠᠴᠠ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯ ᠤᠨ ᠵᠣᠬᠢᠴᠠᠭᠤᠯᠬᠤ ᠲᠣᠭᠲᠠᠴᠠ ᠶᠢ ᠪᠠᠶᠢᠭᠤᠯᠤᠨ᠎ᠠ︾ ᠭᠡᠬᠦ ᠲᠣᠭᠲᠠᠭᠠᠯ ᠢ ᠨᠡᠮᠡᠪᠡ᠃ ᠨᠡᠶᠢᠭᠡᠮ ᠤᠨ ᠪᠡᠶ᠎ᠡ ᠶᠢᠨ ᠲᠠᠮᠢᠷ ᠤᠨ ᠵᠢᠭᠠᠨ ᠵᠢᠯᠣᠭᠤᠳᠤᠭᠴᠢ ᠶᠢᠨ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠳᠤ ᠦᠵᠡᠭᠦᠯᠬᠦ ᠵᠢᠯᠤᠭᠤᠳᠬᠤ ᠦᠢᠯᠡᠳᠦᠯ ᠢ ᠭᠦᠢᠴᠡᠳ ᠪᠠᠳᠠᠷᠠᠭᠤᠯᠬᠤ ᠶᠢᠨ ᠲᠤᠰᠠᠳᠠ᠂ ᠨᠡᠶᠢᠭᠡᠮ ᠤᠨ ᠪᠡᠶ᠎ᠡ ᠶᠢᠨ ᠲᠠᠮᠢᠷ ᠤᠨ ᠵᠢᠭᠠᠨ ᠵᠢᠯᠣᠭᠤᠳᠤᠭᠴᠢ ᠶᠢᠨ ᠳᠦᠷᠢᠮ ᠢ ᠲᠣᠭᠲᠠᠭᠠᠪᠠ᠃ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠠᠯᠠᠪᠤᠷ ᠤᠨ ᠲᠥᠬᠦᠭᠡᠷᠦᠮᠵᠢ ᠶᠢᠨ ᠠᠰᠠᠭᠤᠳᠠᠯ ᠳᠤ ᠴᠢᠭᠯᠡᠭᠦᠯᠦᠨ᠂ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠪᠡᠶ᠎ᠡ ᠶᠢᠨ ᠲᠠᠮᠢᠷ ᠤᠨ ᠬᠠᠤᠯᠢ︾ ᠨᠢ ᠨᠠᠢᠮᠠᠳᠤᠭᠠᠷ ᠪᠦᠯᠦᠭ ᠤᠨ ︽ᠪᠠᠲᠤᠯᠠᠭ᠎ᠠ ᠶᠢᠨ ᠨᠥᠬᠦᠴᠡᠯ︾ ᠳᠤ᠂ ᠲᠥᠯᠥᠪᠵᠢᠭᠦᠯᠦᠨ ᠵᠢᠷᠤᠵᠤ ᠲᠥᠯᠥᠪᠯᠡᠬᠦ᠂ ᠪᠦᠲᠦᠭᠡᠨ ᠪᠠᠶᠢᠭᠤᠯᠵᠤ ᠲᠣᠬᠢᠷᠠᠭᠤᠯᠬᠤ᠂ ᠴᠢᠯᠦᠭᠡᠲᠡᠢ ᠬᠠᠮᠢᠶᠠᠷᠬᠤ ᠵᠡᠷᠭᠡ ᠲᠠᠯ᠎ᠠ ᠪᠠᠷ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠪᠠᠲᠤᠯᠠᠭ᠎ᠠ ᠶᠢᠨ ᠨᠥᠬᠦᠴᠡᠯ ᠢ ᠨᠠᠷᠢᠯᠢᠭᠵᠢᠭᠤᠯᠵᠤ᠂ ᠳᠦᠷᠢᠮ ᠤᠨ ᠲᠠᠯ᠎ᠠ ᠠᠴᠠ ᠠᠷᠠᠳ ᠣᠯᠠᠨ ᠤ ︽ᠪᠡᠶ᠎ᠡ ᠴᠢᠭᠢᠷᠠᠭᠵᠢᠭᠤᠯᠬᠤ ᠳᠤ ᠬᠠᠮᠢᠭ᠎ᠠ ᠣᠴᠢᠬᠤ︾ ᠬᠦᠴᠢᠷ ᠠᠰᠠᠭᠤᠳᠠᠯ ᠢ ᠰᠢᠢᠳᠪᠦᠷᠢᠯᠡᠪᠡ᠃     ᠵᠠᠯᠠᠭᠤᠴᠤᠳ ᠪᠠᠭᠠᠴᠤᠳ ᠪᠠ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠲᠠᠯ᠎ᠠ ᠪᠠᠷ᠄ ᠵᠠᠯᠠᠭᠤᠴᠤᠳ ᠪᠠᠭᠠᠴᠤᠳ ᠤᠨ ᠪᠡᠶ᠎ᠡ ᠮᠠᠬᠠᠪᠤᠳ ᠢᠶᠠᠨ ᠴᠢᠬᠢᠷᠠᠭᠵᠢᠭᠤᠯᠬᠤ ᠲᠠᠨᠢᠯᠳᠠ ᠶᠢ ᠲᠡᠭᠡᠭᠰᠢᠯᠡᠬᠦᠯᠵᠦ᠂ ᠵᠠᠯᠠᠭᠤᠴᠤᠳ ᠪᠠᠭᠠᠴᠤᠳ ᠤᠨ ᠪᠡᠶ᠎ᠡ ᠰᠡᠳᠬᠢᠯ ᠤᠨ ᠡᠷᠡᠭᠦᠯ ᠮᠡᠨᠳᠦ ᠪᠠ ᠪᠡᠶ᠎ᠡ ᠮᠠᠬᠠᠪᠤᠳ ᠤᠨ ᠡᠷᠡᠭᠦᠯ ᠴᠢᠭᠢᠷᠠᠭ ᠢ ᠠᠬᠢᠭᠤᠯᠬᠤ ᠶᠢᠨ ᠲᠦᠯᠦᠭᠡ᠂ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠪᠡᠶ᠎ᠡ ᠶᠢᠨ ᠲᠠᠮᠢᠷ ᠤᠨ ᠬᠠᠤᠯᠢ︾  ᠳᠠᠬᠢ ᠤᠤᠯ ᠤᠨ ᠭᠤᠷᠪᠠᠳᠤᠭᠠᠷ ᠪᠦᠯᠦᠭ ᠤᠨ ︽ᠰᠤᠷᠭᠠᠭᠤᠯᠢ ᠶᠢᠨ ᠪᠡᠶ᠎ᠡ ᠶᠢᠨ ᠲᠠᠮᠢᠷ︾ ᠭᠡᠬᠦ ᠪᠦᠯᠦᠭ ᠤᠨ ᠨᠡᠷ᠎ᠡ ᠶᠢ ︽ᠵᠠᠯᠠᠭᠤᠴᠤᠳ ᠪᠠᠭᠠᠴᠤᠳ ᠪᠠ ᠰᠤᠷᠭᠠᠭᠤᠯᠢ ᠶᠢᠨ ᠪᠡᠶ᠎ᠡ ᠶᠢᠨ ᠲᠠᠮᠢᠷ︾ ᠭᠡᠵᠦ ᠵᠠᠰᠠᠵᠤ᠂ ︽ᠤᠯᠤᠰ ᠠᠴᠠ ᠵᠠᠯᠠᠭᠤᠴᠤᠳ ᠪᠠᠭᠠᠴᠤᠳ ᠪᠠ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠠᠵᠢᠯᠯᠠᠭ᠎ᠠ ᠶᠢ ᠠᠬᠢᠭᠤᠯᠬᠤ ᠲᠥᠯᠥᠪᠯᠡᠭᠡ ᠶᠢ ᠬᠡᠷᠡᠭᠵᠢᠭᠦᠯᠵᠦ᠂ ᠵᠠᠯᠠᠭᠤᠴᠤᠳ ᠪᠠᠭᠠᠴᠤᠳ ᠪᠠ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠠᠵᠢᠯ ᠤᠨ ᠳᠦᠷᠢᠮ ᠢ ᠲᠡᠭᠦᠯᠳᠡᠷᠵᠢᠭᠦᠯᠦᠨ᠎ᠡ︾ ᠭᠡᠵᠦ ᠳᠤᠷᠠᠳᠴᠤ᠂ ᠵᠠᠯᠠᠭᠤᠴᠤᠳ ᠪᠠᠭᠠᠴᠤᠳ ᠪᠠ ᠰᠤᠷᠭᠠᠭᠤᠯᠢ ᠶᠢᠨ ᠪᠡᠶ᠎ᠡ ᠶᠢᠨ ᠲᠠᠮᠢᠷ ᠢ ᠡᠩ ᠲᠡᠷᠢᠭᠦᠨ ᠳᠤ ᠬᠥᠭᠵᠢᠭᠦᠯᠬᠦ ᠪᠠᠶᠢᠯᠳᠤᠬᠤ ᠪᠣᠳᠣᠯᠭ᠎ᠠ ᠶᠢᠨ ᠪᠠᠶᠢᠷᠢᠨ ᠳᠤ ᠲᠠᠯᠪᠢᠪᠠ᠃ ᠪᠡᠶ᠎ᠡ ᠶᠢᠨ ᠲᠠᠮᠢᠷ ᠤᠨ ᠬᠢᠴᠢᠶᠡᠯ ᠲᠥᠷᠥᠯ ᠢ ᠴᠢᠬᠤᠯᠠᠴᠢᠯᠠᠬᠤ ᠦᠭᠡᠢ᠂ ᠪᠡᠶ᠎ᠡ ᠶᠢᠨ ᠲᠠᠮᠢᠷ ᠤᠨ ᠬᠢᠴᠢᠶᠡᠯ ᠤᠨ ᠴᠠᠭ ᠦᠷᠭᠦᠯᠵᠢ ᠡᠵᠡᠯᠡᠭᠳᠡᠳᠡᠭ ᠵᠡᠷᠭᠡ ᠠᠰᠠᠭᠤᠳᠠᠯ ᠢ ᠰᠢᠢᠳᠪᠦᠷᠢᠯᠡᠬᠦ ᠶᠢᠨ ᠲᠥᠯᠥᠭᠡ᠂ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠪᠡᠶ᠎ᠡ ᠶᠢᠨ ᠲᠠᠮᠢᠷ ᠤᠨ ᠬᠠᠤᠯᠢ︾ ᠳᠤ ᠰᠤᠷᠭᠠᠭᠤᠯᠢ ᠡᠷᠬᠡᠪᠰᠢ ᠪᠡᠶ᠎ᠡ ᠶᠢᠨ ᠲᠠᠮᠢᠷ ᠤᠨ ᠬᠢᠴᠢᠶᠡᠯ ᠢ ᠭᠦᠢᠴᠡᠳ ᠨᠡᠭᠡᠭᠡᠵᠦ᠂ ᠰᠤᠷᠤᠭᠴᠢᠳ ᠤᠨ ᠰᠤᠷᠭᠠᠭᠤᠯᠢ ᠳᠤ ᠪᠠᠶᠢᠬᠤ ᠬᠤᠭᠤᠴᠠᠭᠠᠨ ᠳᠤ ᠡᠳᠦᠷ ᠪᠦᠷᠢ ᠨᠢᠭᠡ ᠴᠠᠭ ᠠᠴᠠ ᠳᠤᠲᠠᠭᠤ ᠦᠭᠡᠢ ᠪᠡᠶ᠎ᠡ ᠶᠢᠨ ᠲᠠᠮᠢᠷ ᠤᠨ ᠪᠣᠯᠪᠠᠰᠤᠷᠠᠯ ᠳᠤ ᠣᠷᠤᠯᠴᠠᠬᠤ ᠶᠢ ᠪᠠᠲᠤᠯᠠᠬᠤ ᠬᠡᠷᠡᠭᠲᠡᠢ ᠭᠡᠵᠦ ᠲᠣᠳᠣᠷᠬᠠᠢ ᠱᠠᠭᠠᠷᠳᠠᠭᠰᠠᠨ ᠪᠠᠶᠢᠨ᠎ᠠ᠃ ᠵᠠᠯᠠᠭᠤᠴᠤᠳ ᠪᠠᠭᠠᠴᠤᠳ ᠤᠨ ᠪᠡᠶ᠎ᠡ ᠮᠠᠬᠠᠪᠤᠳ ᠤᠨ ᠮᠠᠭᠤᠳᠠᠯ ᠤᠨ ᠠᠰᠠᠭᠤᠳᠠᠯ ᠳᠤ ᠴᠢᠭᠯᠡᠭᠦᠯᠦᠨ᠂ ᠪᠡᠶ᠎ᠡ ᠶᠢᠨ ᠲᠠᠮᠢᠷ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ᠪᠡᠶ᠎ᠡ ᠶᠢᠨ ᠲᠠᠮᠢᠷ ᠤᠨ ᠮᠡᠳᠡᠯᠭᠡ ᠤᠷ᠎ᠠ ᠴᠢᠳᠠᠪᠤᠷᠢ ᠶᠢ ᠤᠯᠠᠮᠵᠢᠯᠠᠬᠤ᠂ ᠪᠡᠶ᠎ᠡ ᠶᠢᠨ ᠲᠠᠮᠢᠷ ᠤᠨ ᠪᠣᠯᠪᠠᠰᠤᠷᠠᠯ ᠢ ᠵᠣᠬᠢᠶᠠᠨ ᠪᠠᠶᠢᠭᠤᠯᠬᠤ᠂ ᠪᠡᠶ᠎ᠡ ᠶᠢᠨ ᠲᠠᠮᠢᠷ ᠤᠨ ᠤᠷᠤᠯᠳᠤᠭᠠᠨ ᠤ ᠠᠵᠢᠯᠯᠠᠭ᠎ᠠ ᠡᠷᠭᠢᠯᠡᠬᠦ᠂ ᠪᠡᠶ᠎ᠡ ᠶᠢᠨ ᠲᠠᠮᠢᠷ ᠤᠨ ᠲᠠᠯᠠᠪᠤᠷ ᠲᠥᠬᠦᠭᠡᠷᠦᠮᠵᠢ ᠶᠢ ᠬᠠᠮᠢᠶᠠᠷᠬᠤ ᠵᠡᠷᠭᠡ ᠲᠠᠯ᠎ᠠ ᠪᠠᠷ ᠰᠤᠷᠭᠠᠭᠤᠯᠢ ᠳᠤ ᠵᠢᠯᠣᠭᠤᠳᠤᠯᠭ᠎ᠠ ᠪᠠ ᠬᠠᠪᠰᠤᠷᠤᠯᠭ᠎ᠠ ᠬᠠᠩᠭᠠᠵᠤ᠂ ᠵᠠᠯᠠᠭᠤᠴᠤᠳ ᠪᠠᠭᠠᠴᠤᠳ ᠢ ᠵᠣᠬᠢᠶᠠᠨ ᠪᠠᠶᠢᠭᠤᠯᠤᠨ ᠬᠥᠲᠥᠯᠥᠨ ᠵᠢᠯᠤᠭᠤᠳᠴᠤ ᠪᠠᠶᠢᠭᠠᠳ ᠪᠡᠶ᠎ᠡ ᠶᠢᠨ ᠲᠠᠮᠢᠷ ᠤᠨ ᠬᠥᠳᠡᠯᠭᠡᠭᠡᠨ ᠳᠤ ᠣᠷᠣᠯᠴᠠᠭᠤᠯᠵᠤ᠂ ᠵᠠᠯᠠᠭᠤᠴᠤᠳ ᠪᠠᠭᠠᠴᠤᠳ ᠤᠨ ᠣᠶᠢᠷ᠎ᠠ ᠬᠠᠷᠠᠭ᠎ᠠ᠂ ᠮᠠᠷᠢᠶᠠᠯᠠᠬᠤ ᠵᠡᠷᠭᠡ ᠡᠷᠡᠭᠦᠯ ᠪᠤᠰᠤ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠬᠡᠷᠡᠭᠲᠡᠢ ᠭᠡᠵᠦ ᠲᠣᠳᠣᠷᠬᠠᠢ ᠲᠣᠭᠲᠠᠭᠠᠪᠠ᠃ ᠤᠷᠤᠯᠳᠤᠭᠠᠨ ᠤ ᠪᠡᠶ᠎ᠡ ᠶᠢᠨ ᠲᠠᠮᠢᠷ ᠤᠨ ᠪᠡᠯᠡᠳᠬᠡᠯ ᠴᠢᠳᠠᠪᠤᠷᠢᠲᠠᠨ ᠤ ᠰᠠᠭᠤᠷᠢ ᠶᠢ ᠪᠠᠲᠤᠳᠬᠠᠬᠤ ᠶᠢᠨ ᠲᠥᠯᠥᠭᠡ᠂ ᠪᠡᠶ᠎ᠡ ᠶᠢᠨ ᠲᠠᠮᠢᠷ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠠᠢ ᠬᠠᠮᠵᠢᠯᠴᠠᠨ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠠᠩᠬᠢ ᠪᠠ ᠲᠡᠭᠡᠳᠦ ᠬᠢᠷᠢ ᠲᠦᠪᠰᠢᠨ ᠤ ᠪᠡᠶ᠎ᠡ ᠶᠢᠨ ᠲᠠᠮᠢᠷ ᠤᠨ ᠠᠩᠭᠢ ᠶᠢ ᠪᠦᠳᠦᠭᠡᠨ ᠪᠠᠶᠢᠭᠤᠯᠬᠤ ᠶᠢ ᠲᠦᠯᠬᠢᠨ ᠠᠬᠢᠭᠤᠯᠤᠨ᠎ᠡ ᠭᠡᠵᠦ ᠱᠠᠭᠠᠷᠳᠠᠪᠠ᠃     ᠤᠷᠤᠯᠳᠤᠭᠠᠨ ᠤ ᠪᠡᠶ᠎ᠡ ᠲᠠᠮᠢᠷ ᠤᠨ ᠲᠠᠯ᠎ᠠ ᠪᠠᠷ᠄ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠪᠡᠶ᠎ᠡ ᠶᠢᠨ ᠲᠠᠮᠢᠷ ᠤᠨ ᠬᠠᠤᠯᠢ︾ ᠳᠤ ᠪᠡᠶ᠎ᠡ ᠶᠢᠨ ᠲᠠᠮᠢᠷ ᠤᠨ ᠤᠷᠤᠯᠳᠤᠭᠠᠨ ᠤ ᠬᠠᠮᠢᠶᠠᠷᠤᠯᠲᠠ᠂ ᠲᠠᠮᠢᠷᠴᠢᠳ ᠤᠨ ᠡᠷᠬᠡ ᠠᠰᠢᠭ ᠤᠨ ᠬᠠᠮᠠᠭᠠᠯᠠᠯᠲᠠ᠂ ᠲᠤᠰᠬᠠᠢ ᠮᠡᠷᠭᠡᠵᠢᠯ ᠤᠨ ᠪᠡᠶ᠎ᠡ ᠶᠢᠨ ᠲᠠᠮᠢᠷ ᠤᠨ ᠵᠢᠷᠤᠮᠵᠢᠯ ᠬᠢᠭᠡᠳ ᠠᠬᠢᠭᠤᠯᠤᠯ ᠵᠡᠷᠭᠡ ᠲᠠᠯ᠎ᠠ ᠪᠠᠷ ᠤᠷᠤᠯᠳᠤᠭᠠᠨ ᠤ  ᠪᠡᠶ᠎ᠡ ᠶᠢᠨ  ᠲᠠᠮᠢᠷ  ᠤᠨ  ᠵᠦᠢᠯ  ᠵᠤᠷᠪᠤᠰ  ᠲᠤ ᠵᠠᠰᠠᠪᠤᠷᠢ  ᠣᠷᠣᠭᠤᠯᠤᠨ ᠲᠡᠭᠦᠯᠳᠡᠷᠵᠢᠭᠦᠯᠪᠡ᠃ ᠣᠨᠴᠠᠭᠠᠶᠢᠯᠠᠨ ᠲᠠᠮᠢᠷᠴᠢᠳ ᠤᠨ ᠡᠷᠬᠡ ᠠᠰᠢᠭ ᠢ ᠬᠠᠮᠠᠭᠠᠯᠠᠬᠤ ᠲᠠᠯ᠎ᠠ ᠪᠠᠷ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠵᠦ᠂ ᠪᠦᠬᠦ ᠲᠠᠯ᠎ᠠ ᠪᠠᠷ ᠬᠦᠴᠦᠯᠡᠵᠦ᠂ ᠲᠠᠮᠢᠷᠴᠢᠳ ᠢ ᠰᠢᠨᠵᠢᠯᠡᠬᠦ ᠤᠬᠠᠭᠠᠨᠴᠢ᠂ ᠪᠣᠯᠪᠠᠰᠤᠨ ᠪᠣᠯᠪᠠᠰᠤᠷᠠᠯ  ᠬᠢᠯᠭᠡᠵᠦ᠂ ᠲᠠᠮᠢᠷᠴᠢᠳ ᠤᠨ ᠪᠡᠶ᠎ᠡ ᠰᠡᠳᠬᠢᠯ ᠤᠨ ᠡᠷᠡᠭᠦᠯ ᠮᠡᠨᠳᠦ ᠶᠢ ᠬᠠᠮᠠᠭᠠᠯᠠᠬᠤ ᠪᠠᠷ ᠲᠣᠭᠲᠠᠭᠠᠪᠠ︔ ᠲᠠᠮᠢᠷᠴᠢᠳ ᠤᠨ ᠰᠣᠶᠣᠯ ᠰᠤᠷᠭᠠᠨ ᠬᠥᠮᠦᠵᠢᠯ ᠬᠦᠷᠳᠡᠬᠦ ᠡᠷᠬᠡ ᠶᠢ ᠬᠠᠤᠯᠢ ᠶᠣᠰᠣᠭᠠᠷ ᠪᠠᠲᠤᠯᠠᠨ᠎ᠠ︔ ᠲᠠᠮᠢᠷᠴᠢᠳ ᠤᠨ ᠳᠠᠩᠰᠠᠯᠠᠭᠤᠯᠬᠤ ᠶᠢ ᠰᠣᠩᠭᠤᠬᠤ ᠪᠠ ᠰᠣᠯᠢᠯᠴᠠᠬᠤ ᠡᠷᠬᠡ ᠶᠢ ᠬᠠᠤᠯᠢ ᠶᠣᠰᠣᠭᠠᠷ ᠪᠠᠲᠤᠯᠠᠨ᠎ᠠ︔ ᠰᠢᠯᠢᠳᠡᠭ ᠲᠠᠮᠢᠷᠴᠢᠳ ᠲᠤ ᠠᠵᠢᠯ ᠣᠯᠬᠤ᠂ ᠰᠤᠷᠭᠠᠭᠤᠯᠢ ᠳᠡᠪᠰᠢᠬᠦ ᠲᠠᠯ᠎ᠠ ᠪᠠᠷ ᠬᠠᠷᠠᠭᠠᠯᠵᠠᠯ ᠦᠵᠡᠭᠦᠯᠦᠨ᠎ᠡ︔ ᠴᠡᠷᠢᠭ ᠤᠨ ᠠᠯᠪᠠᠨ ᠠᠴᠠ ᠬᠠᠯᠠᠭᠳᠠᠭᠰᠠᠨ ᠲᠠᠮᠢᠷᠴᠢᠳ ᠤᠨ ᠡᠷᠬᠢᠯᠡᠭᠰᠡᠨ ᠠᠵᠢᠯ ᠮᠡᠷᠭᠡᠵᠢᠯ ᠤᠨ ᠴᠢᠳᠠᠪᠤᠷᠢ ᠶᠢᠨ ᠪᠣᠯᠪᠠᠰᠤᠷᠠᠭᠤᠯᠤᠯ ᠪᠣᠯᠣᠨ ᠨᠡᠶᠢᠭᠡᠮ ᠤᠨ ᠪᠠᠲᠤᠯᠠᠭ᠎ᠠ ᠶᠢ ᠴᠢᠩᠭᠠᠳᠬᠠᠨ᠂ ᠴᠡᠷᠢᠭ ᠤᠨ ᠠᠯᠪᠠᠨ ᠠᠴᠠ ᠬᠠᠯᠠᠭᠳᠠᠭᠰᠠᠨ ᠲᠠᠮᠢᠷᠴᠢᠳ ᠤᠨ ᠠᠵᠢᠯ ᠣᠯᠬᠤ᠂ ᠠᠳᠠᠯ ᠦᠢᠯᠡᠰ ᠪᠣᠰᠬᠠᠬᠤ᢭ ᠲᠤᠨᠢ ᠵᠢᠯᠣᠭᠤᠳᠤᠯᠭ᠎ᠠ ᠪᠣᠯᠣᠨ ᠦᠢᠯᠡᠴᠢᠯᠡᠭᠡ ᠬᠠᠩᠭᠠᠬᠤ ᠬᠡᠷᠡᠭᠲᠡᠢ ᠭᠡᠵᠦ ᠲᠣᠭᠲᠠᠭᠠᠵᠠᠢ᠃     ᠪᠡᠶ᠎ᠡ ᠶᠢᠨ ᠲᠠᠮᠢᠷ ᠤᠨ ᠠᠵᠤ ᠦᠢᠯᠡᠰ ᠤᠨ ᠲᠠᠯ᠎ᠠ ᠪᠠᠷ᠄ ᠣᠶᠢᠷ᠎ᠠ ᠶᠢᠨ ᠵᠢᠯ ᠤᠳ ᠲᠤ᠂ ᠮᠠᠨ ᠤ ᠤᠯᠤᠰ ᠤᠨ ᠪᠡᠶ᠎ᠡ ᠶᠢᠨ ᠲᠠᠮᠢᠷ ᠤᠨ ᠠᠵᠤ ᠦᠢᠯᠡᠰ ᠤᠨ ᠬᠥᠭᠵᠢᠯᠲᠡ ᠲᠦᠷᠭᠡᠨ᠂ ᠠᠯᠤᠰ ᠢᠷᠡᠭᠡᠳᠦᠢ ᠠᠭᠤᠳᠠᠮ ᠰᠠᠷᠠᠭᠤᠯ ᠪᠠᠶᠢᠵᠤ᠂ ᠠᠵᠤ ᠠᠬᠤᠢ ᠶᠢᠨ ᠪᠦᠲᠦᠴᠡ ᠶᠢ ᠲᠣᠬᠢᠷᠠᠭᠤᠯᠬᠤ᠂ ᠠᠵᠢᠯ ᠣᠯᠭᠤᠯᠲᠠ ᠶᠢ ᠨᠡᠮᠡᠭᠳᠡᠭᠦᠯᠬᠦ᠂ ᠠᠵᠤ ᠠᠬᠤᠢ ᠶᠢᠨ ᠰᠢᠨ᠎ᠡ ᠨᠡᠮᠡᠭᠳᠡᠯ ᠤᠨ ᠴᠡᠭ ᠢ ᠪᠣᠶᠢᠵᠢᠭᠤᠯᠬᠤ ᠪᠠ ᠠᠷᠠᠳ ᠤᠯᠠᠨ ᠤ ᠤᠯᠠᠨ ᠶᠠᠩᠵᠤᠴᠢᠯᠠᠭᠰᠠᠨ ᠪᠡᠶ᠎ᠡ ᠶᠢᠨ ᠲᠠᠮᠢᠷ ᠤᠨ ᠬᠡᠷᠡᠭᠴᠡᠭᠡ ᠶᠢ ᠬᠠᠩᠭᠠᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠪᠡᠶ᠎ᠡ ᠶᠢᠨ ᠲᠠᠮᠢᠷ ᠤᠨ ᠬᠠᠤᠯᠢ︾ ᠳᠤ ᠤᠯᠤᠰ ᠤᠨ ᠪᠡᠶ᠎ᠡ ᠶᠢᠨ ᠲᠠᠮᠢᠷ ᠤᠨ ᠠᠵᠤ ᠦᠢᠯᠡᠰ ᠢ ᠬᠥᠭᠵᠢᠭᠦᠯᠬᠦ ᠦᠨᠳᠦᠰᠦᠨ ᠵᠣᠭᠰᠣᠯᠲᠠ ᠪᠠ ᠪᠣᠳᠠᠲᠠᠢ ᠠᠷᠭ᠎ᠠ ᠬᠡᠮᠵᠢᠶ᠎ᠡ ᠶᠢ ᠲᠣᠳᠣᠷᠬᠠᠶᠢᠯᠠᠵᠤ᠂ ᠶᠡᠷᠦᠩᠬᠡᠢ ᠳᠦᠷᠢᠮ ᠳᠤ ᠤᠯᠤᠰ ᠠᠴᠠ ᠪᠡᠶ᠎ᠡ ᠶᠢᠨ ᠲᠠᠮᠢᠷ ᠤᠨ ᠠᠵᠤ ᠦᠢᠯᠡᠰ ᠤᠨ ᠬᠥᠭᠵᠢᠯᠲᠡ ᠶᠢ ᠲᠡᠮᠵᠢᠵᠤ᠂ ᠪᠡᠶ᠎ᠡ ᠶᠢᠨ ᠲᠠᠮᠢᠷ ᠤᠨ ᠠᠵᠤ ᠦᠢᠯᠡᠰ ᠤᠨ ᠰᠢᠰᠲ᠋ᠧᠮ ᠢ ᠲᠡᠭᠦᠯᠳᠡᠷᠵᠢᠭᠦᠯᠦᠨ᠂ ᠪᠡᠶ᠎ᠡ ᠶᠢᠨ ᠲᠠᠮᠢᠷ ᠤᠨ ᠵᠠᠬ᠎ᠠ ᠳᠡᠯᠭᠡᠭᠦᠷ ᠤᠨ ᠡᠮᠬᠢ ᠵᠢᠷᠤᠮ ᠢ ᠵᠢᠷᠤᠮᠵᠢᠭᠤᠯᠵᠤ᠂ ᠪᠡᠶ᠎ᠡ ᠶᠢᠨ ᠲᠠᠮᠢᠷ ᠤᠨ ᠵᠠᠬ᠎ᠠ ᠳᠡᠯᠭᠡᠭᠦᠷ ᠤᠨ ᠬᠠᠩᠭᠠᠯᠭ᠎ᠠ ᠶᠢ ᠥᠷᠭᠡᠳᠬᠡᠬᠦ ᠶᠢ ᠵᠣᠷᠢᠭᠵᠢᠭᠤᠯᠵᠤ᠂ ᠪᠡᠶ᠎ᠡ ᠶᠢᠨ ᠲᠠᠮᠢᠷ ᠤᠨ ᠠᠵᠤ ᠦᠢᠯᠡᠰ ᠤᠨ ᠪᠡᠯᠡ ᠣᠷᠣᠭᠤᠯᠵᠤ ᠪᠡᠯᠡ ᠲᠣᠬᠢᠷᠠᠭᠤᠯᠬᠤ ᠠᠷᠭ᠎ᠠ ᠵᠠᠮ ᠢ ᠥᠷᠭᠡᠳᠬᠡᠵᠦ᠂ ᠪᠡᠶ᠎ᠡ ᠶᠢᠨ ᠲᠠᠮᠢᠷ ᠤᠨ ᠬᠡᠷᠡᠭᠯᠡᠭᠡ ᠶᠢ ᠠᠬᠢᠭᠤᠯᠤᠨ᠎ᠠ ᠭᠡᠵᠦ ᠲᠣᠭᠲᠠᠭᠠᠵᠠᠢ᠃ ︽ᠪᠡᠶ᠎ᠡ ᠶᠢᠨ ᠲᠠᠮᠢᠷ ᠤᠨ ᠠᠵᠤ ᠦᠢᠯᠡᠰ︾ ᠭᠡᠬᠦ‍ ᠨᠢᠭᠡ ᠪᠦᠯᠦᠭ ᠢ ᠨᠡᠮᠡᠵᠦ᠂ ᠪᠡᠶ᠎ᠡ ᠶᠢᠨ ᠲᠠᠮᠢᠷ ᠤᠨ ᠦᠢᠯᠡᠰ ᠤᠨ ᠬᠥᠭᠵᠢᠯᠲᠡ ᠶᠢᠨ ᠲᠥᠯᠦᠪᠵᠢᠭᠦᠯᠭᠡ ᠶᠢ ᠪᠣᠳᠠᠲᠠᠢ ᠲᠣᠭᠲᠠᠭᠠᠵᠤ᠂ ᠠᠵᠢᠯ ᠤᠨ ᠵᠣᠬᠢᠴᠠᠭᠤᠯᠬᠤ ᠲᠣᠭᠲᠠᠴᠠ᠂ ᠪᠡᠶ᠎ᠡ ᠶᠢᠨ ᠲᠠᠮᠢᠷ ᠤᠨ ᠠᠵᠤ ᠦᠢᠯᠡᠰ ᠤᠨ ᠬᠦᠷᠢᠶ᠎ᠡ ᠬᠡᠪᠴᠢᠶ᠎ᠡ᠂ ᠪᠡᠶ᠎ᠡ ᠶᠢᠨ ᠲᠠᠮᠢᠷ ᠤᠨ ᠬᠡᠷᠡᠭᠰᠡᠯ ᠦᠶᠯᠡᠳᠬᠦ ᠦᠢᠯᠡᠰ᠂ ᠪᠡᠶ᠎ᠡ ᠶᠢᠨ ᠲᠠᠮᠢᠷ ᠤᠨ ᠦᠢᠯᠡᠴᠢᠯᠡᠭᠡᠨ ᠤ ᠦᠢᠯᠡᠰ ᠪᠠ ᠠᠵᠢᠯ ᠮᠡᠷᠭᠡᠵᠢᠯ ᠤᠨ ᠪᠡᠶ᠎ᠡ ᠶᠢᠨ ᠲᠠᠮᠢᠷ ᠤᠨ ᠬᠥᠭᠵᠢᠯᠲᠡ ᠶᠢ  ᠲᠡᠮᠵᠢᠬᠦ᠂ ᠣᠷᠣᠨ ᠨᠤᠲᠤᠭ ᠤᠨ ᠣᠷᠣᠨ ᠪᠦᠰᠡ ᠶᠢᠨ ᠣᠨᠴᠠᠯᠢᠭ ᠲᠠᠢ᠂ ᠦᠨᠳᠦᠰᠦᠲᠡᠨ ᠤ ᠣᠨᠴᠠᠯᠢᠭ ᠲᠠᠢ ᠪᠡᠶ᠎ᠡ ᠶᠢᠨ ᠲᠠᠮᠢᠷ ᠤᠨ ᠠᠵᠤ ᠦᠢᠯᠡᠰ ᠢ ᠬᠥᠭᠵᠢᠭᠦᠯᠬᠦ ᠶᠢ ᠲᠡᠮᠵᠢᠬᠦ᠂ ᠣᠷᠣᠨ ᠪᠦᠰᠡ ᠶᠢᠨ ᠪᠡᠶ᠎ᠡ ᠶᠢᠨ ᠲᠠᠮᠢᠷ ᠤᠨ ᠠᠵᠤ ᠦᠢᠯᠡᠰ ᠤᠨ ᠵᠣᠬᠢᠴᠠᠯᠳᠤᠨ ᠬᠥᠳᠡᠯᠦᠯᠴᠡᠬᠦ ᠲᠣᠭᠲᠠᠴᠠ ᠶᠢ ᠪᠠᠶᠢᠭᠤᠯᠤᠨ ᠪᠦᠷᠢᠨᠰᠢᠬᠦᠯᠬᠦ᠂ ᠨᠡᠶᠢᠭᠡᠮ ᠤᠨ ᠬᠥᠷᠥᠩᠭᠡ ᠶᠢᠨ ᠪᠡᠶ᠎ᠡ ᠶᠢᠨ ᠲᠠᠮᠢᠷ ᠤᠨ ᠠᠵᠤ ᠦᠢᠯᠡᠰ ᠲᠤ ᠣᠷᠣᠭᠤᠯᠤᠯᠲᠠ ᠬᠢᠬᠦ ᠶᠢ ᠵᠤᠷᠢᠭᠵᠢᠭᠤᠯᠬᠤ᠂ ᠪᠡᠶ᠎ᠡ ᠶᠢᠨ ᠲᠠᠮᠢᠷ ᠤᠨ ᠠᠵᠤ ᠦᠢᠯᠡᠰ ᠤᠨ ᠲᠤᠰᠬᠠᠢ ᠴᠢᠳᠠᠪᠤᠷᠢᠳᠠᠨ ᠢ ᠬᠦᠮᠦᠵᠢᠭᠦᠯᠬᠦ᠂ ᠪᠡᠶ᠎ᠡ ᠶᠢᠨ ᠲᠠᠮᠢᠷ ᠤᠨ ᠠᠵᠦ ᠦᠢᠯᠡᠰ ᠤᠨ ᠪᠦᠷᠢᠳᠬᠡᠯ  ᠤᠨ ᠰᠢᠰᠲ᠋ᠧᠮ ᠢ ᠲᠡᠭᠦᠯᠳᠡᠷᠵᠢᠬᠦᠯᠬᠦ ᠵᠡᠷᠭᠡ ᠠᠭᠤᠯᠭ᠎ᠠ ᠶᠢ ᠪᠠᠭᠳᠠᠭᠠᠪᠠ᠃     ᠠᠵᠢᠯ ᠮᠡᠷᠭᠡᠵᠢᠯ ᠤᠨ ᠤᠨ ᠪᠡᠶ᠎ᠡ ᠶᠢᠨ ᠲᠠᠮᠢᠷ ᠤᠨ ᠲᠤᠬᠠᠢ᠄ ᠠᠵᠢᠯ ᠮᠡᠷᠭᠡᠵᠢᠯ ᠤᠨ ᠪᠡᠶ᠎ᠡ ᠶᠢᠨ ᠲᠠᠮᠢᠷ ᠪᠣᠯ ᠪᠡᠶ᠎ᠡ ᠶᠢᠨ ᠲᠠᠮᠢᠷ ᠤᠨ ᠵᠠᠬ᠎ᠠ ᠳᠡᠯᠭᠡᠭᠦᠷᠴᠢᠯᠡᠯᠲᠡ᠂ ᠨᠡᠶᠢᠭᠡᠮᠴᠢᠯᠡᠯᠲᠡ ᠶᠢᠨ ᠬᠥᠭᠵᠢᠯᠲᠡ ᠶᠢᠨ ᠴᠢᠬᠤᠯᠠ ᠬᠡᠯᠪᠡᠷᠢ ᠮᠥᠨ᠂ ᠤᠷᠤᠯᠳᠤᠭᠠᠨ ᠤ ᠪᠡᠶ᠎ᠡ ᠶᠢᠨ ᠲᠠᠮᠢᠷ ᠤᠨ ᠣᠨᠴᠠᠯᠢᠭ ᠲᠠᠢ ᠮᠥᠷᠲᠡᠭᠡᠨ ᠪᠠᠰᠠ ᠪᠡᠶ᠎ᠡ ᠶᠢᠨ ᠲᠠᠮᠢᠷ ᠤᠨ ᠠᠵᠤ ᠦᠢᠯᠡᠰ ᠤᠨ ᠰᠢᠨᠵᠢ ᠴᠢᠨᠠᠷ ᠲᠠᠢ ᠪᠠᠶᠢᠳᠠᠭ᠃ ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠳᠤ ᠠᠵᠢᠯ ᠮᠡᠷᠭᠡᠵᠢᠯ ᠤᠨ ᠪᠡᠶ᠎ᠡ ᠶᠢᠨ ᠲᠠᠮᠢᠷ ᠤᠨ ᠥᠭᠡᠷᠡᠴᠢᠯᠡᠯᠲᠡ ᠶᠢ ᠲᠦᠯᠬᠢᠨ ᠠᠬᠢᠭᠤᠯᠵᠤ᠂ ᠠᠵᠢᠯ ᠮᠡᠷᠭᠡᠵᠢᠯ ᠤᠨ ᠪᠡᠶ᠎ᠡ ᠶᠢᠨ ᠲᠠᠮᠢᠷ ᠤᠨ ᠬᠥᠭᠵᠢᠯᠲᠡ ᠶᠢᠨ ᠠᠷᠭ᠎ᠠ ᠵᠠᠮ ᠢ ᠥᠷᠭᠡᠳᠬᠡᠨ᠂ ᠨᠥᠬᠦᠴᠡᠯ ᠪᠦᠷᠢᠯᠳᠦᠭᠦᠯᠦᠭᠰᠡᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠵᠦᠢᠯᠡᠰ ᠤᠨ ᠲᠤᠰᠬᠠᠢ ᠮᠡᠷᠭᠡᠵᠢᠬᠦ ᠵᠠᠮ ᠢᠶᠠᠷ ᠵᠠᠮᠨᠠᠬᠤ ᠶᠢ ᠵᠣᠷᠢᠭᠵᠢᠭᠤᠯᠵᠤ᠂ ᠲᠠᠮᠢᠷᠴᠢᠨ᠂ ᠲᠠᠰᠬᠠᠯᠵᠢᠭᠤᠯᠤᠭᠴᠢ ᠶᠢᠨ ᠲᠤᠰᠬᠠᠢ ᠮᠡᠷᠭᠡᠵᠢᠬᠦ ᠬᠥᠭᠵᠢᠯᠲᠡ ᠶᠢ ᠳᠡᠮᠵᠢᠬᠦ ᠬᠡᠷᠡᠭᠲᠡᠢ ᠭᠡᠵᠦ ᠣᠯᠠᠨᠲᠠ ᠳᠤᠷᠠᠳᠤᠨ ᠭᠠᠷᠭᠠᠵᠠᠢ᠃ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠪᠡᠶ᠎ᠡ ᠶᠢᠨ ᠲᠠᠮᠢᠷ ᠤᠨ ᠬᠠᠤᠯᠢ︾ ᠶᠢᠨ ᠳᠥᠷᠪᠡᠳᠦᠭᠡᠷ ᠪᠦᠯᠦᠭ ᠤᠨ ︽ᠤᠷᠤᠯᠳᠤᠭᠠᠨ ᠤ ᠪᠡᠶ᠎ᠡ ᠶᠢᠨ ᠲᠠᠮᠢᠷ︾ ᠳᠤ᠂ ᠤᠯᠤᠰ ᠠᠴᠠ ᠠᠵᠢᠯ ᠮᠡᠷᠭᠡᠵᠢᠯ ᠤᠨ ᠪᠡᠶ᠎ᠡ ᠶᠢᠨ ᠲᠠᠮᠢᠷ ᠤᠨ ᠵᠠᠬ᠎ᠠ ᠳᠡᠯᠭᠡᠭᠦᠷᠴᠢᠯᠡᠯᠲᠡ᠂ ᠠᠵᠢᠯ ᠮᠡᠷᠭᠡᠵᠢᠯᠲᠡ ᠶᠢᠨ ᠬᠥᠭᠵᠢᠯᠲᠡ ᠶᠢ ᠠᠬᠢᠭᠤᠯᠤᠨ ᠵᠢᠷᠤᠮᠵᠢᠭᠤᠯᠵᠤ᠂ ᠠᠵᠢᠯ ᠮᠡᠷᠭᠡᠵᠢᠯ ᠤᠨ ᠪᠡᠶ᠎ᠡ ᠶᠢᠨ ᠲᠠᠮᠢᠷ ᠤᠨ ᠤᠷᠤᠯᠳᠤᠭᠠᠨ ᠤ ᠴᠢᠳᠠᠪᠤᠷᠢ ᠪᠠ ᠤᠷᠤᠯᠳᠤᠭᠠᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ︔ ᠳᠣᠯᠣᠳᠤᠭᠠᠷ ᠪᠦᠯᠦᠭ ︽ᠪᠡᠶ᠎ᠡ ᠶᠢᠨ ᠲᠠᠮᠢᠷ ᠤᠨ ᠠᠵᠤ ᠦᠢᠯᠡᠰ︾ ᠲᠤ᠂ ᠤᠯᠤᠰ ᠠᠴᠠ ᠠᠵᠢᠯ ᠮᠡᠷᠭᠡᠵᠢᠯ ᠤᠨ ᠪᠡᠶ᠎ᠡ ᠶᠢᠨ ᠲᠠᠮᠢᠷ ᠤᠨ ᠬᠥᠭᠵᠢᠯᠲᠡ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠠᠵᠢᠯ ᠮᠡᠷᠭᠡᠵᠢᠯ ᠤᠨ ᠪᠡᠶ᠎ᠡ ᠶᠢᠨ ᠲᠠᠮᠢᠷ ᠤᠨ ᠬᠥᠭᠵᠢᠯᠲᠡ ᠶᠢᠨ ᠠᠷᠭ᠎ᠠ ᠵᠠᠮ ᠢ ᠥᠷᠭᠡᠳᠬᠡᠨ᠂ ᠲᠠᠮᠢᠷᠴᠢᠨ᠂ ᠲᠠᠰᠬᠠᠯᠵᠢᠭᠤᠯᠤᠭᠴᠢ ᠶᠢᠨ ᠠᠵᠢᠯ ᠮᠡᠷᠭᠡᠵᠢᠯ ᠤᠨ ᠬᠥᠭᠵᠢᠯᠲᠡ ᠶᠢ ᠲᠡᠮᠵᠢᠵᠤ᠂ ᠠᠵᠢᠯ ᠮᠡᠷᠭᠡᠵᠢᠯ ᠤᠨ ᠪᠡᠶ᠎ᠡ ᠶᠢᠨ ᠲᠠᠮᠢᠷ ᠤᠨ ᠪᠣᠯᠪᠠᠰᠤᠷᠠᠯᠲᠠ ᠶᠢᠨ ᠬᠡᠮᠵᠢᠶ᠎ᠡ ᠪᠠ ᠵᠢᠷᠦᠮᠵᠢᠯᠲᠡ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ︔ ᠠᠵᠢᠯ ᠮᠡᠷᠭᠡᠵᠢᠯ ᠤᠨ ᠪᠡᠶ᠎ᠡ ᠶᠢᠨ ᠲᠠᠮᠢᠷ ᠤᠨ ᠺᠯᠦ᠋ᠪ ᠤᠳ ᠳᠣᠲᠣᠭᠠᠳᠤ ᠶᠢᠨ ᠵᠠᠰᠠᠯᠲᠠ ᠶᠢᠨ ᠲᠣᠭᠲᠠᠴᠠ ᠪᠠᠨ ᠪᠦᠷᠢᠨᠰᠢᠭᠦᠯᠵᠦ᠂ ᠬᠠᠤᠯᠢ ᠶᠢᠨ ᠡᠷᠬᠡᠲᠡᠨ ᠤ ᠵᠠᠰᠠᠯᠲᠠ ᠶᠢᠨ ᠪᠦᠲᠦᠴᠡ ᠪᠠᠨ ᠲᠡᠭᠦᠯᠳᠡᠷᠵᠢᠭᠦᠯᠦᠨ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠤᠨ᠎ᠡ ᠭᠡᠵᠦ ᠲᠤᠭᠳᠠᠭᠠᠪᠠ᠃ ᠡᠳᠡᠭᠡᠷ ᠲᠣᠭᠲᠠᠭᠠᠯ ᠨᠢ ᠮᠠᠨ ᠤ ᠤᠯᠤᠰ ᠤᠨ ᠠᠵᠢᠯ ᠮᠡᠷᠭᠡᠵᠢᠯ ᠤᠨ ᠪᠡᠶ᠎ᠡ ᠶᠢᠨ ᠲᠠᠮᠢᠷ ᠤᠨ ᠬᠥᠭᠵᠢᠯᠲᠡ ᠶᠢᠨ ᠴᠢᠭᠯᠡᠯ ᠢ ᠲᠣᠳᠣᠷᠬᠠᠢ ᠪᠣᠯᠭᠠᠭᠰᠠᠨ ᠪᠠᠶᠢᠨ᠎ᠠ᠃     ᠬᠥᠭᠡᠷᠦᠭᠦᠯᠬᠦ ᠡᠮ ᠢ ᠡᠰᠡᠷᠭᠦᠴᠡᠬᠦ ᠲᠠᠯ᠎ᠠ ᠪᠠᠷ᠄ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠬᠥᠭᠡᠷᠦᠭᠦᠯᠬᠦ ᠡᠮ ᠬᠡᠷᠡᠭᠯᠡᠬᠦ ᠶᠢ ᠡᠰᠡᠷᠭᠦᠴᠡᠬᠦ ᠠᠵᠢᠯ ᠢ ᠶᠡᠷᠦ ᠠᠴᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠠᠷᠢᠭᠤᠨ ᠴᠡᠪᠡᠷ᠂ ᠡᠷᠡᠭᠦᠯ ᠮᠡᠨᠳᠦ ᠪᠠ ᠡᠷᠬᠡ ᠲᠡᠭᠰᠢ ᠥᠷᠢᠰᠦᠯᠳᠦᠭᠡᠨ ᠢ ᠡᠷᠡᠰ ᠬᠠᠮᠠᠭᠠᠯᠠᠵᠤ᠂ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠳᠤᠮᠳᠠ ᠬᠥᠭᠡᠷᠦᠭᠦᠯᠬᠦ ᠡᠮ ᠬᠡᠷᠡᠭᠯᠡᠬᠦ ᠶᠢ ᠬᠤᠷᠢᠭᠯᠠᠨ᠎ᠠ᠃ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠪᠡᠶ᠎ᠡ ᠶᠢᠨ ᠲᠠᠮᠢᠷ ᠤᠨ ᠬᠠᠤᠯᠢ︾ ᠳᠤ ︽ᠬᠥᠭᠡᠷᠦᠭᠦᠯᠬᠦ ᠡᠮ ᠢ ᠡᠰᠡᠷᠭᠦᠴᠡᠬᠦ︾ ᠨᠢᠭᠡ ᠪᠦᠯᠦᠭ ᠢ ᠰᠢᠨ᠎ᠡ ᠪᠠᠷ ᠨᠡᠮᠡᠵᠦ᠂ ᠤᠯᠤᠰ ᠠᠴᠠ ᠬᠥᠭᠡᠷᠦᠭᠦᠯᠬᠦ ᠡᠮ ᠢ ᠡᠰᠡᠷᠭᠦᠴᠡᠬᠦ ᠳᠦᠷᠢᠮ ᠢ ᠪᠠᠶᠢᠭᠤᠯᠤᠨ ᠲᠡᠭᠦᠯᠳᠡᠷᠵᠢᠭᠦᠯᠦᠨ᠎ᠡ︔ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠪᠡᠶ᠎ᠡ ᠶᠢᠨ ᠲᠠᠮᠢᠷ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ᠂ ᠬᠥᠭᠡᠷᠦᠭᠦᠯᠬᠦ ᠡᠮ ᠤᠨ ᠠᠰᠠᠭᠤᠳᠠᠯ ᠢ ᠶᠡᠷᠦᠩᠬᠡᠶᠢᠯᠡᠨ ᠵᠠᠰᠠᠨ᠎ᠠ︔ ᠲᠥᠷᠥ ᠶᠢᠨ ᠶᠠᠪᠤᠳᠠᠯ ᠤᠨ ᠬᠤᠷᠢᠶᠠᠨ ᠤ ᠪᠡᠶ᠎ᠡ ᠶᠢᠨ ᠲᠠᠮᠢᠷ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠬᠦᠭᠡᠷᠦᠬᠦᠯᠬᠦ ᠡᠮ ᠢ ᠡᠰᠡᠷᠬᠦᠴᠡᠬᠦ ᠠᠵᠢᠯ ᠢ ᠵᠢᠷᠤᠮᠵᠢᠭᠤᠯᠬᠤ ᠠᠵᠢᠯ ᠢ ᠬᠠᠷᠢᠭᠤᠴᠠᠨ᠎ᠠ︔ ᠤᠯᠤᠰ ᠠᠴᠠ ᠬᠥᠭᠡᠷᠦᠭᠦᠯᠬᠦ ᠡᠮ ᠢ ᠡᠰᠡᠷᠭᠦᠴᠡᠬᠦ ᠪᠠᠶᠢᠭᠤᠯᠤᠮᠵᠢ ᠶᠢ ᠪᠠᠶᠢᠭᠤᠯᠤᠨ᠎ᠠ︔ ᠬᠥᠭᠡᠷᠦᠭᠦᠯᠬᠦ ᠡᠮ ᠢ ᠡᠰᠡᠷᠭᠦᠴᠡᠬᠦ ᠪᠠᠶᠢᠭᠤᠯᠤᠮᠵᠢ ᠨᠢ ᠬᠥᠭᠡᠷᠦᠭᠦᠯᠬᠦ ᠡᠮ ᠢ ᠡᠰᠡᠷᠭᠦᠴᠡᠬᠦ ᠮᠡᠳᠡᠭᠡ ᠵᠠᠩᠭᠢ ᠶᠢ ᠬᠠᠤᠯᠢ ᠶᠣᠰᠣᠭᠠᠷ ᠢᠯᠡ ᠪᠣᠯᠭᠠᠬᠤ ᠶᠢᠨ ᠬᠠᠮᠲᠤ ᠨᠡᠶᠢᠭᠡᠮ ᠤᠨ ᠬᠢᠨᠠᠯᠲᠠ ᠶᠢ ᠬᠦᠯᠢᠶᠡᠨ᠎ᠡ︔ ᠤᠯᠤᠰ ᠠᠴᠠ ᠪᠠᠶᠢᠭᠤᠯᠤᠭᠰᠠᠨ ᠪᠤᠶᠤ ᠣᠷᠣᠯᠴᠠᠭᠰᠠᠨ ᠬᠤᠯᠪᠣᠭᠳᠠᠯ ᠪᠦᠬᠦᠢ ᠤᠯᠠᠨ ᠤᠯᠤᠰ ᠤᠨ ᠭᠡᠷ᠎ᠡ ᠶᠢ ᠦᠨᠳᠦᠰᠦᠯᠡᠨ᠂ ᠬᠥᠭᠡᠷᠦᠭᠦᠯᠬᠦ ᠡᠮ ᠢ ᠡᠰᠡᠷᠭᠦᠴᠡᠬᠦ ᠤᠯᠠᠨ ᠤᠯᠤᠰ ᠤᠨ ᠬᠠᠮᠲᠤᠷᠠᠯᠴᠠᠭ᠎ᠠ ᠶᠢ ᠥᠷᠨᠢᠭᠦᠯᠵᠦ᠂ ᠬᠥᠭᠡᠷᠦᠭᠦᠯᠬᠦ ᠡᠮ ᠢ ᠡᠰᠡᠷᠭᠦᠴᠡᠬᠦ ᠤᠯᠠᠨ ᠤᠯᠤᠰ ᠤᠨ ᠡᠭᠦᠷᠭᠡ ᠶᠢ ᠭᠦᠢᠴᠡᠳᠬᠡᠨ᠎ᠡ᠃ ᠡᠳᠡᠭᠡᠷ ᠲᠣᠭᠲᠠᠭᠠᠯ ᠨᠢ ᠬᠥᠭᠡᠷᠦᠭᠦᠯᠬᠦ ᠡᠮ ᠢ ᠡᠰᠡᠷᠭᠦᠴᠡᠬᠦ ᠠᠰᠠᠭᠤᠳᠠᠯ ᠤᠨ ᠲᠠᠯ᠎ᠠ ᠪᠠᠷ ᠬᠢ ᠮᠠᠨ ᠤ ᠤᠯᠤᠰ ᠤᠨ ᠡᠷᠡᠰ ᠪᠠᠲᠤ ᠵᠣᠭᠰᠣᠯᠲᠠ ᠪᠠ ᠡᠷᠡᠰ ᠪᠠᠲᠤ ᠣᠪᠣᠷ ᠢ ᠳᠠᠬᠢᠨᠲᠠ ᠬᠠᠷᠠᠭᠤᠯᠤᠭᠰᠠᠨ ᠪᠠᠶᠢᠨ᠎ᠠ᠃     ᠳᠤᠮᠳᠠᠳᠤ ᠶᠢᠨ ᠪᠡᠶ᠎ᠡ ᠶᠢᠨ ᠲᠠᠮᠢᠷ ᠤᠨ ᠵᠣᠷᠢᠭ ᠰᠠᠨᠠᠭ᠎ᠠ ᠶᠢ ᠪᠠᠳᠠᠷᠠᠭᠤᠯᠬᠤ ᠲᠠᠯ᠎ᠠ ᠪᠠᠷ᠄ ︽ᠡᠬᠡ ᠣᠷᠣᠨ ᠳᠠᠭᠠᠨ ᠢᠷᠠᠭᠤ ᠠᠯᠳᠠᠷ ᠣᠯᠭᠤᠬᠤ᠂ ᠭᠤᠶᠠᠴᠢ ᠦᠭᠡᠢ ᠵᠢᠳᠬᠦᠬᠦ᠂ ᠰᠢᠨᠵᠢᠯᠡᠬᠦ ᠤᠬᠠᠭᠠᠨᠴᠢ ᠪᠠᠷ ᠦᠨᠡᠨ ᠢ ᠪᠠᠷᠢᠮᠲᠠᠯᠠᠬᠤ᠂ ᠰᠠᠬᠢᠯᠭ᠎ᠠ ᠪᠠᠲᠤ ᠶᠢ ᠵᠢᠷᠤᠮᠯᠠᠨ ᠬᠠᠤᠯᠢ ᠶᠢ ᠰᠠᠬᠢᠬᠤ᠂ ᠪᠦᠯᠬᠦᠮᠳᠡᠨ ᠬᠠᠮᠵᠢᠯᠴᠠᠬᠤ᠂ ᠡᠷᠡᠯᠬᠡᠭᠯᠡᠨ ᠲᠡᠮᠡᠴᠡᠬᠦ︾ ᠪᠠᠷ ᠭᠤᠣᠯ ᠠᠭᠤᠯᠭ᠎ᠠ ᠪᠣᠯᠭᠠᠭᠰᠠᠨ ᠳᠤᠮᠳᠠᠳᠤ ᠶᠢᠨ ᠪᠡᠶ᠎ᠡ ᠶᠢᠨ ᠲᠠᠮᠢᠷ ᠤᠨ ᠵᠣᠷᠢᠭ ᠰᠠᠨᠠᠭ᠎ᠠ ᠨᠢ ᠮᠠᠨ ᠤ ᠤᠯᠤᠰ ᠤᠨ ᠪᠡᠶ᠎ᠡ ᠶᠢᠨ ᠲᠠᠮᠢᠷ ᠤᠨ ᠦᠢᠯᠡᠰ ᠤᠨ ᠦᠷᠳᠡᠭ ᠤᠨ ᠤᠳᠤᠷᠢᠳᠤᠮᠵᠢ ᠪᠠ ᠰᠣᠶᠣᠯ ᠤᠨ ᠬᠥᠭᠡᠭᠡᠴᠡᠯᠳᠦᠯ ᠢ ᠲᠤᠰᠬᠠᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠨ ᠪᠡᠶ᠎ᠡ ᠶᠢᠨ ᠲᠠᠮᠢᠷ ᠤᠨ ᠦᠢᠯᠡᠳᠦᠯᠭᠡ ᠳᠠᠬᠢ ᠪᠣᠳᠠᠲᠠᠢ ᠢᠯᠡᠷᠡᠯ ᠮᠥᠨ᠂ ᠳᠤᠮᠳᠠᠳᠤ ᠤᠯᠤᠰ ᠤᠨ ᠵᠣᠷᠢᠭ ᠰᠠᠨᠠᠭᠠᠨ ᠤ ᠴᠢᠬᠤᠯᠠ ᠢᠯᠡᠷᠡᠯ ᠮᠥᠨ᠃ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠪᠡᠶ᠎ᠡ ᠶᠢᠨ ᠲᠠᠮᠢᠷ ᠤᠨ ᠬᠠᠤᠯᠢ︾ ᠶᠢᠨ ᠶᠡᠷᠦᠩᠬᠡᠢ ᠳᠦᠷᠢᠮ ᠳᠤ ︽ᠳᠤᠮᠳᠠᠳᠤ ᠶᠢᠨ ᠪᠡᠶ᠎ᠡ ᠶᠢᠨ ᠲᠠᠮᠢᠷ ᠤᠨ ᠵᠣᠷᠢᠭ ᠰᠠᠨᠠᠭ᠎ᠠ ᠶᠢ ᠪᠠᠳᠠᠷᠠᠭᠤᠯᠤᠨ᠎ᠠ︾ ᠭᠡᠵᠦ ᠲᠣᠳᠣᠷᠬᠠᠢ ᠲᠣᠭᠲᠠᠭᠠᠵᠤ᠂ ᠪᠡᠶ᠎ᠡ ᠶᠢᠨ ᠲᠠᠮᠢᠷ ᠤᠨ ᠠᠵᠢᠯᠯᠠᠭ᠎ᠠ ᠶᠢ ᠥᠷᠨᠢᠭᠦᠯᠬᠦ ᠪᠠ ᠲᠡᠭᠦᠨ ᠳᠤ ᠣᠷᠤᠯᠴᠠᠬᠤ ᠳᠤ ︽ᠦᠨᠡᠨᠴᠢ ᠢᠲᠡᠭᠡᠮᠵᠢᠲᠡᠢ ᠪᠠᠶᠢᠬᠤ᠂ ᠰᠢᠨᠵᠢᠯᠡᠬᠦ ᠤᠬᠠᠭᠠᠨ ᠢ ᠬᠦᠨᠳᠦᠳᠬᠡᠬᠦ︾ ᠵᠡᠷᠭᠡ ᠵᠠᠷᠴᠢᠮ ᠢ ᠵᠢᠷᠤᠮᠯᠠᠬᠤ ᠶᠢ ᠳᠤᠷᠠᠳᠤ᠋ ᠭᠠᠷᠭᠠᠪᠠ᠃ ᠳᠥᠷᠪᠡᠳᠦᠭᠡᠷ ᠪᠦᠯᠦᠭ ᠤᠨ ︽ᠤᠷᠤᠯᠳᠤᠭᠠᠨ ᠤ ᠪᠡᠶ᠎ᠡ ᠶᠢᠨ ᠲᠠᠮᠢᠷ︾ ᠳᠤ ︽ᠪᠡᠶ᠎ᠡ ᠶᠢᠨ ᠲᠠᠮᠢᠷ ᠤᠨ ᠤᠷᠤᠯᠳᠤᠭᠠᠨ ᠳᠤ ᠲᠥᠪ ᠭᠤᠥᠯᠴᠢ ᠪᠠᠷ ᠥᠷᠢᠰᠦᠯᠳᠦᠬᠦ ᠵᠠᠷᠴᠢᠮ ᠢ ᠬᠡᠷᠡᠭᠵᠢᠭᠦᠯᠦᠨ᠎ᠡ︾ ᠭᠡᠵᠦ ᠲᠣᠳᠣᠷᠬᠠᠢ ᠲᠣᠭᠲᠠᠭᠠᠵᠤ᠂ ᠲᠠᠪᠤᠳᠤᠭᠠᠷ ᠪᠦᠯᠦᠭ ᠤᠨ ︽ᠬᠥᠭᠡᠷᠦᠭᠦᠯᠬᠦ ᠡᠮ ᠢ ᠡᠰᠡᠷᠭᠦᠴᠡᠬᠦ︾ ᠳᠤ ︽ᠤᠯᠤᠰ ᠠᠴᠠ ᠡᠷᠡᠭᠦᠯ ᠪᠣᠯᠪᠠᠰᠤᠨ᠂ ᠲᠥᠪ ᠭᠤᠥᠯᠴᠢ ᠪᠠᠷ ᠥᠷᠢᠰᠦᠯᠳᠦᠬᠦ ᠶᠢ ᠰᠠᠨᠠᠭᠠᠴᠢᠯᠠᠬᠤ ᠪᠡᠶ᠎ᠡ ᠶᠢᠨ ᠲᠠᠮᠢᠷ ᠤᠨ ᠬᠥᠳᠡᠯᠭᠡᠭᠡᠨ︾ ᠵᠡᠷᠭᠡ ᠶᠢ ᠳᠤᠷᠠᠳᠤᠨ ᠭᠠᠷᠭᠠᠪᠠ᠃ ︽ᠪᠡᠶ᠎ᠡ ᠶᠢᠨ ᠲᠠᠮᠢᠷ ᠤᠨ ᠬᠠᠤᠯᠢ︾ ᠶᠢᠨ ︽ᠳᠤᠮᠳᠠᠳᠤ ᠶᠢᠨ ᠪᠡᠶ᠎ᠡ ᠶᠢᠨ ᠲᠠᠮᠢᠷ ᠤᠨ ᠵᠣᠷᠢᠭ ᠰᠠᠨᠠᠭ᠎ᠠ︾ ᠶᠢᠨ ᠲᠤᠬᠠᠢ ᠲᠣᠭᠲᠠᠭᠠᠯ ᠪᠠ ᠪᠣᠳᠠᠲᠠᠢ ᠵᠦᠢᠯ ᠵᠤᠷᠪᠤᠰ ᠲᠠᠬᠢ ᠨᠠᠶᠢᠳᠠᠪᠤᠷᠢᠵᠢᠭᠤᠯᠤᠯᠲᠠ ᠪᠠᠷ ᠳᠠᠮᠵᠢᠭᠤᠯᠤᠨ᠂ ᠪᠡᠶ᠎ᠡ ᠶᠢᠨ ᠲᠠᠮᠢᠷ ᠤᠨ ᠬᠥᠮᠥᠰ ᠤᠨ ᠡᠭᠦᠷᠭᠡ ᠬᠠᠷᠢᠭᠤᠴᠠᠯᠭ᠎ᠠ ᠡᠭᠦᠷᠭᠡᠯᠡᠬᠦ᠂ ᠲᠡᠮᠡᠴᠡᠯ ᠳᠤ ᠪᠢ ᠪᠠᠶᠢᠬᠤ ᠵᠣᠷᠢᠭ ᠰᠠᠨᠠᠭ᠎ᠠ ᠶᠢ ᠤᠯᠠᠮ ᠨᠢᠭᠡ ᠠᠯᠬᠤᠮ ᠬᠥᠭᠵᠢᠭᠡᠵᠦ᠂ ᠨᠡᠶᠢᠭᠡᠮ ᠳᠤ ᠨᠡᠩ ᠤᠯᠠᠨ ᠢᠳᠡᠪᠬᠢ ᠬᠦᠴᠦᠨ ᠢ ᠳᠠᠮᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠳᠤ ᠰᠡᠳᠬᠢᠯ ᠰᠠᠨᠠᠭ᠎ᠠ ᠶᠢ ᠨᠢᠭᠲᠠᠷᠠᠭᠤᠯᠤᠨ ᠬᠦᠴᠦᠨ ᠴᠢᠳᠠᠯ ᠢ ᠨᠢᠭᠲᠠᠷᠠᠭᠤᠯᠬᠤ ᠬᠦᠴᠦᠷᠬᠡᠭ ᠶᠡᠭᠡ ᠤᠶᠤᠨ ᠰᠠᠨᠠᠭᠠᠨ ᠤ ᠬᠦᠴᠦᠨ ᠢ ᠬᠠᠩᠭᠠᠬᠤ ᠪᠣᠯᠣᠨ᠎ᠠ᠃     ᠪᠡᠶ᠎ᠡ ᠲᠠᠮᠢᠷ ᠤᠨ ᠵᠣᠬᠢᠶᠠᠨ ᠪᠠᠶᠢᠭᠤᠯᠤᠯᠲᠠ ᠶᠢᠨ ᠲᠠᠯ᠎ᠠ ᠪᠠᠷ᠄ ᠪᠡᠶ᠎ᠡ ᠶᠢᠨ ᠲᠠᠮᠢᠷ ᠤᠨ ᠵᠣᠬᠢᠶᠠᠨ ᠪᠠᠶᠢᠭᠤᠯᠤᠯᠲᠠ ᠪᠣᠯ ᠪᠡᠶ᠎ᠡ ᠶᠢᠨ ᠲᠠᠮᠢᠷ ᠤᠨ ᠦᠢᠯᠡᠰ ᠤᠨ ᠬᠥᠭᠵᠢᠯᠲᠡ ᠶᠢ ᠲᠦᠯᠬᠢᠨ ᠠᠬᠢᠭᠤᠯᠬᠤ ᠴᠢᠬᠤᠯᠠ ᠬᠦᠴᠦᠨ ᠮᠥᠨ᠂ ᠲᠡᠭᠦᠨ ᠤ ᠬᠠᠤᠯᠢ ᠴᠠᠭᠠᠵᠠ ᠶᠢᠨ ᠪᠠᠶᠢᠷᠢ ᠲᠣᠭᠲᠠᠭᠠᠯᠲᠠ ᠵᠢᠴᠢ ᠡᠭᠦᠷᠭᠡ ᠬᠠᠷᠢᠭᠤᠴᠠᠯᠭ᠎ᠠ ᠶᠢᠨ ᠡᠷᠬᠡ ᠶᠢᠨ ᠬᠢᠵᠠᠭᠠᠷ  ᠨᠢ ᠪᠡᠶ᠎ᠡ ᠶᠢᠨ ᠲᠠᠮᠢᠷ ᠤᠨ ᠬᠠᠮᠢᠶᠠᠷᠤᠯᠲᠠ ᠶᠢᠨ ᠪᠠᠶᠢᠭᠤᠯᠤᠯ ᠤᠨ ᠥᠭᠡᠷᠡᠴᠢᠯᠡᠯᠲᠡ ᠪᠠ ᠵᠠᠰᠠᠭ ᠤᠨ ᠤᠷᠳᠤᠨ ᠤ ᠴᠢᠳᠡᠪᠬᠢ ᠶᠢᠨ ᠬᠤᠪᠢᠷᠠᠭᠤᠯᠤᠯᠳᠠ ᠲᠠᠢ ᠨᠢᠠᠠᠳᠠ ᠬᠤᠯᠪᠤᠭᠳᠠᠨ᠎ᠠ᠃ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠪᠡᠶ᠎ᠡ ᠶᠢᠨ ᠲᠠᠮᠢᠷ ᠤᠨ ᠬᠠᠤᠯᠢ︾ ᠳᠤ ︽ᠪᠡᠶ᠎ᠡ ᠶᠢᠨ ᠲᠠᠮᠢᠷ ᠤᠨ ᠨᠡᠶᠢᠭᠡᠮ ᠤᠨ ᠪᠦᠯᠬᠦᠮ︾ ᠭᠡᠳᠡᠭ ᠢ ︽ᠪᠡᠶ᠎ᠡ ᠶᠢᠨ ᠲᠠᠮᠢᠷ ᠤᠨ ᠵᠣᠬᠢᠶᠠᠨ ᠪᠠᠶᠢᠭᠤᠯᠤᠯᠲᠠ︾ ᠭᠡᠵᠦ ᠵᠠᠰᠠᠵᠤ᠂ ᠪᠡᠶ᠎ᠡ ᠶᠢᠨ ᠲᠠᠮᠢᠷ ᠤᠨ ᠵᠣᠬᠢᠶᠠᠨ ᠪᠠᠶᠢᠭᠤᠯᠤᠯᠲᠠ ᠶᠢᠨ ᠬᠠᠤᠯᠢ ᠴᠠᠭᠠᠵᠠ ᠬᠠᠤᠯᠢ ᠲᠣᠭᠲᠠᠭᠠᠯ ᠪᠠ ᠳᠦᠷᠢᠮ ᠲᠣᠭᠲᠠᠭᠠᠯ ᠶᠣᠰᠣᠭᠠᠷ ᠠᠵᠢᠯᠯᠠᠭ᠎ᠠ ᠥᠷᠨᠢᠭᠦᠯᠬᠦ ᠶᠢ ᠲᠣᠳᠣᠷᠬᠠᠶᠢᠯᠠᠪᠠ︔ ᠪᠥᠬᠦ ᠤᠯᠤᠰ ᠤᠨ ᠴᠢᠨᠠᠷᠲᠠᠢ ᠳ᠋ᠠᠩ ᠵᠦᠢᠯ ᠤᠨ ᠪᠡᠶ᠎ᠡ ᠶᠢᠨ ᠲᠠᠮᠢᠷ ᠤᠨ ᠨᠡᠶᠢᠭᠡᠮᠯᠢᠭ ᠪᠣᠯ ᠬᠠᠤᠯᠢ ᠶᠣᠰᠣᠭᠠᠷ ᠳᠠᠩᠰᠠᠯᠠᠭᠤᠯᠤᠭᠰᠠᠨ ᠪᠡᠶ᠎ᠡ ᠶᠢᠨ ᠲᠠᠮᠢᠷ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠮᠥᠨ ᠭᠡᠵᠦ ᠲᠣᠭᠲᠠᠭᠠᠵᠤ᠂ ᠲᠡᠭᠦᠨ ᠤ ︽ᠵᠣᠬᠢᠴᠠᠩᠭᠤᠢ ᠵᠦᠢᠯᠡᠰ ᠤᠨ ᠮᠡᠷᠭᠡᠵᠢᠯ ᠤᠨ ᠵᠢᠷᠤᠮᠵᠢᠯ᠂ ᠤᠷᠤᠯᠳᠤᠭᠠᠨ ᠤ ᠳᠦᠷᠢᠮ᠂ ᠪᠦᠯᠬᠦᠮ ᠤᠨ ᠪᠠᠷᠢᠮᠵᠢᠶ᠎ᠠ ᠶᠢ ᠲᠣᠭᠲᠠᠭᠠᠵᠤ᠂ ᠪᠡᠶ᠎ᠡ ᠶᠢᠨ ᠲᠠᠮᠢᠷ ᠤᠨ ᠤᠷᠤᠯᠳᠤᠭᠠᠨ ᠤ ᠠᠵᠢᠯᠯᠠᠭ᠎ᠠ ᠶᠢ ᠵᠢᠷᠤᠮᠵᠢᠭᠤᠯᠬᠤ︾ ᠵᠡᠷᠭᠡ ᠲᠤᠬᠠᠶᠢᠯᠠᠭᠰᠠᠨ ᠠᠵᠢᠯ ᠤᠨ ᠬᠦᠷᠢᠶ᠎ᠡ ᠬᠡᠪᠴᠢᠶ᠎ᠡ ᠶᠢ ᠲᠣᠳᠣᠷᠬᠠᠢ ᠲᠣᠭᠲᠠᠭᠠᠪᠠ︔ ᠪᠡᠶ᠎ᠡ ᠶᠢᠨ ᠲᠠᠮᠢᠷ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠬᠢᠭᠡᠳ ᠳ᠋ᠠᠩ ᠵᠦᠢᠯ ᠤᠨ ᠪᠡᠶ᠎ᠡ ᠶᠢᠨ ᠲᠠᠮᠢᠷ ᠤᠨ ᠨᠡᠶᠢᠭᠡᠮᠯᠢᠭ ᠤᠨ ᠬᠠᠷᠢᠴᠠᠭ᠎ᠠ ᠶᠢ ᠵᠠᠭᠠᠭᠯᠠᠨ ᠲᠣᠭᠲᠠᠭᠠᠵᠤ᠂ ᠳ᠋ᠠᠩ ᠵᠦᠢᠯ ᠤᠨ ᠪᠡᠶ᠎ᠡ ᠶᠢᠨ ᠲᠠᠮᠢᠷ ᠤᠨ ᠨᠡᠶᠢᠭᠡᠮᠯᠢᠭ ᠨᠢ ᠪᠡᠶ᠎ᠡ ᠶᠢᠨ ᠲᠠᠮᠢᠷ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠵᠢᠯᠣᠭᠤᠳᠤᠯᠭ᠎ᠠ ᠪᠠ ᠬᠢᠨᠠᠯᠲᠠ ᠬᠠᠮᠢᠶᠠᠷᠤᠯᠲᠠ ᠶᠢ ᠬᠦᠯᠢᠶᠡᠵᠦ᠂ ᠳ᠋ᠠᠩ ᠵᠦᠢᠯ ᠤᠨ ᠪᠡᠶ᠎ᠡ ᠶᠢᠨ ᠲᠠᠮᠢᠷ ᠤᠨ ᠨᠡᠶᠢᠭᠡᠮᠯᠢᠭ ᠤᠨ ᠳᠣᠲᠣᠭᠠᠳᠤ ᠶᠢᠨ ᠵᠠᠰᠠᠯᠲᠠ ᠪᠠ ᠠᠵᠢᠯ ᠲᠥᠷᠥᠯ ᠤᠨ ᠠᠵᠢᠯ ᠲᠦᠷᠦᠯ ᠤᠨ ᠵᠢᠷᠦᠮᠵᠢᠯ ᠢ ᠴᠢᠩᠭᠠᠳᠬᠠᠪᠠ︔ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠪᠡᠶ᠎ᠡ ᠶᠢᠨ ᠲᠠᠮᠢᠷ ᠤᠨ ᠬᠠᠤᠯᠢ︾ ᠨᠢ ᠳ᠋ᠠᠩ ᠵᠦᠢᠯ ᠤᠨ ᠪᠡᠶ᠎ᠡ ᠶᠢᠨ ᠲᠠᠮᠢᠷ ᠤᠨ ᠨᠡᠶᠢᠭᠡᠮᠯᠢᠭ ᠤᠨ ᠪᠣᠳᠠᠲᠤ ᠴᠣᠭᠴᠠᠲᠤ ᠥᠭᠡᠷᠡᠴᠢᠯᠡᠯᠲᠡ ᠶᠢᠨ ᠦᠢᠯᠡᠳᠦᠯᠭᠡ ᠠᠴᠠ ᠡᠭᠦᠰᠴᠦ᠂ ᠪᠡᠶ᠎ᠡ ᠶᠢᠨ ᠲᠠᠮᠢᠷ ᠤᠨ ᠵᠣᠬᠢᠶᠠᠨ ᠪᠠᠶᠢᠭᠤᠯᠤᠯᠲᠠ ᠶᠢᠨ ᠡᠷᠡᠭᠦᠯ ᠢᠶᠠᠷ ᠬᠥᠭᠵᠢᠬᠦ ᠳᠤ ᠬᠠᠤᠯᠢ ᠪᠠᠷ ᠵᠠᠰᠠᠬᠤ ᠪᠠᠲᠤᠯᠠᠭ᠎ᠠ ᠬᠠᠩᠭᠠᠭᠰᠠᠨ ᠪᠠᠶᠢᠨ᠎ᠠ᠃     ᠪᠡᠶ᠎ᠡ ᠶᠢᠨ ᠲᠠᠮᠢᠷ ᠤᠨ ᠬᠥᠨᠳᠡᠯᠡᠨ ᠠᠴᠠ ᠲᠠᠰᠤᠯᠬᠤ ᠲᠠᠯ᠎ᠠ ᠪᠠᠷ᠄ ᠪᠡᠶ᠎ᠡ ᠪᠠᠨ ᠳᠠᠭᠠᠭᠠᠭᠰᠠᠨ ᠪᠡᠶ᠎ᠡ ᠶᠢᠨ ᠲᠠᠮᠢᠷ ᠤᠨ ᠬᠥᠨᠳᠡᠯᠡᠨ ᠠᠴᠠ ᠲᠠᠰᠤᠯᠬᠤ ᠳᠦᠷᠢᠮ ᠢ ᠪᠠᠶᠢᠭᠤᠯᠬᠤ ᠪᠣᠯ ︽ᠪᠡᠶ᠎ᠡ ᠶᠢᠨ ᠲᠠᠮᠢᠷ ᠤᠨ ᠬᠠᠤᠯᠢ︾ ᠳᠤ ᠵᠠᠰᠠᠪᠤᠷᠢ ᠣᠷᠣᠭᠤᠯᠬᠤ ᠳᠤ ᠳᠡᠭᠡᠳᠦ ᠬᠡᠮᠵᠢᠶ᠎ᠡ ᠪᠠᠷ ᠠᠩᠬᠠᠷᠤᠯ ᠲᠠᠯᠪᠢᠭᠰᠠᠨ ᠴᠢᠬᠤᠯᠠ ᠠᠰᠠᠭᠤᠳᠠᠯ ᠪᠤᠯᠤᠨ᠎ᠡ᠃ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠪᠡᠶ᠎ᠡ ᠶᠢᠨ ᠲᠠᠮᠢᠷ ᠤᠨ ᠬᠠᠤᠯᠢ︾ ᠳᠤ ︽ᠪᠡᠶ᠎ᠡ ᠶᠢᠨ ᠲᠠᠮᠢᠷ ᠤᠨ ᠬᠥᠨᠳᠡᠯᠡᠨ ᠠᠴᠠ ᠲᠠᠰᠤᠯᠬᠤ︾ ᠨᠢᠭᠡ ᠪᠦᠯᠦᠭ ᠢ ᠨᠡᠮᠡᠵᠦ᠂ ᠤᠯᠤᠰ ᠠᠴᠠ ᠪᠡᠶ᠎ᠡ ᠶᠢᠨ ᠲᠠᠮᠢᠷ ᠤᠨ ᠬᠥᠨᠳᠡᠯᠡᠨ ᠠᠴᠠ ᠲᠠᠰᠤᠯᠬᠤ ᠳᠦᠷᠢᠮ ᠢ ᠪᠠᠶᠢᠭᠤᠯᠵᠤ᠂ ᠪᠡᠶ᠎ᠡ ᠶᠢᠨ ᠲᠠᠮᠢᠷ ᠤᠨ ᠵᠢᠭᠤᠷᠠᠯᠳᠤᠭᠠᠨ ᠢ ᠴᠠᠭ ᠲᠤᠬᠠᠢ ᠳᠤᠨᠢ ᠲᠥᠪ ᠭᠤᠣᠯᠴᠢ ᠪᠠᠷ ᠰᠢᠢᠳᠪᠦᠷᠢᠯᠡᠨ᠎ᠡ ᠭᠡᠪᠡ᠃ ᠲᠤᠰ ᠪᠦᠯᠦᠭ ᠲᠤ ᠪᠡᠶ᠎ᠡ ᠶᠢᠨ ᠲᠠᠮᠢᠷ ᠤᠨ ᠬᠥᠨᠳᠡᠯᠡᠨ ᠠᠴᠠ ᠲᠠᠰᠤᠯᠬᠤ ᠵᠠᠷᠴᠢᠮ᠂ ᠬᠦᠷᠢᠶ᠎ᠡ ᠬᠡᠪᠴᠢᠶ᠎ᠡ᠂ ᠵᠢᠷᠤᠮ ᠵᠡᠷᠭᠡ ᠦᠨᠳᠦᠰᠦᠨ ᠳᠦᠷᠢᠮ ᠢ ᠲᠣᠭᠲᠠᠭᠠᠵᠤ᠂ ᠪᠡᠶ᠎ᠡ ᠶᠢᠨ ᠲᠠᠮᠢᠷ ᠤᠨ ᠬᠥᠨᠳᠡᠯᠡᠨ ᠠᠴᠠ ᠲᠠᠰᠤᠯᠬᠤ ᠺᠣᠮᠢᠰ ᠢ ᠪᠠᠶᠢᠭᠤᠯᠬᠤ ᠳᠦᠷᠢᠮ ᠢ ᠲᠣᠭᠲᠠᠭᠠᠵᠤ᠂ ᠪᠡᠶ᠎ᠡ ᠶᠢᠨ ᠲᠠᠮᠢᠷ ᠤᠨ ᠬᠥᠨᠳᠡᠯᠡᠨ ᠠᠴᠠ ᠲᠠᠰᠤᠯᠬᠤ ᠪᠠ ᠪᠡᠶ᠎ᠡ ᠶᠢᠨ ᠲᠠᠮᠢᠷ ᠤᠨ ᠵᠣᠬᠢᠶᠠᠨ ᠪᠠᠶᠢᠭᠤᠯᠤᠯᠲᠠ ᠶᠢᠨ ᠳᠣᠲᠣᠭᠠᠳᠤ ᠶᠢᠨ ᠵᠠᠭᠤᠷᠠᠯᠳᠤᠭᠠᠨ ᠢ ᠰᠢᠢᠳᠪᠦᠷᠢᠯᠡᠬᠦ ᠲᠣᠭᠲᠠᠴᠠ᠂ ᠪᠤᠰᠤᠳ ᠬᠥᠨᠳᠡᠯᠡᠨ ᠠᠴᠠ ᠲᠠᠰᠤᠯᠬᠤ ᠳᠦᠷᠢᠮ᠂ ᠰᠢᠭᠦᠬᠦ ᠬᠤᠷᠢᠶᠠᠨ ᠤ ᠬᠠᠤᠯᠢ ᠴᠠᠭᠠᠵᠠ ᠶᠢᠨ ᠬᠠᠷᠢᠶᠠᠯᠠᠯ ᠵᠡᠷᠭᠡ ᠶᠢᠨ ᠬᠠᠷᠢᠴᠠᠭ᠎ᠠ ᠶᠢ ᠲᠣᠳᠣᠷᠬᠠᠶᠢᠯᠠᠵᠤ᠂ ᠪᠡᠶ᠎ᠡ ᠶᠢᠨ ᠲᠠᠮᠢᠷ ᠤᠨ ᠬᠥᠨᠳᠡᠯᠡᠨ ᠠᠴᠠ ᠲᠠᠰᠤᠯᠬᠤ ᠲᠤᠰᠬᠠᠢ ᠵᠢᠷᠤᠮ ᠢ ᠪᠠᠶᠢᠭᠤᠯᠬᠤ ᠵᠡᠷᠭᠡ ᠶᠢ ᠲᠣᠭᠲᠠᠭᠠᠵᠠᠢ᠃ ᠪᠡᠶ᠎ᠡ ᠶᠢᠨ ᠲᠠᠮᠢᠷ ᠤᠨ ᠬᠥᠨᠳᠡᠯᠡᠨ ᠠᠴᠠ ᠲᠠᠰᠤᠯᠬᠤ ᠳᠦᠷᠢᠮ ᠨᠢ ᠣᠷᠳᠣ ᠬᠤᠭᠤᠴᠠᠭᠠᠨ ᠤ ᠲᠤᠷᠰᠢ ᠮᠠᠨ ᠤ ᠤᠯᠤᠰ ᠤᠨ ᠪᠡᠶ᠎ᠡ ᠶᠢᠨ ᠲᠠᠮᠢᠷ ᠤᠨ ᠵᠢᠭᠤᠷᠠᠯᠳᠤᠭᠠᠨ ᠢ ᠰᠢᠢᠳᠪᠦᠷᠢᠯᠡᠬᠦ ᠶᠢ ᠬᠠᠷᠰᠢᠯᠠᠵᠤ ᠪᠠᠶᠢᠭᠰᠠᠨ ᠳᠦᠷᠢᠮ ᠤᠨ ᠬᠠᠷᠰᠢ ᠰᠠᠭᠠᠳ ᠢ ᠠᠷᠢᠯᠭᠠᠭᠰᠠᠨ ᠠᠴᠠ ᠪᠡᠶ᠎ᠡ ᠶᠢᠨ ᠲᠠᠮᠢᠷ ᠤᠨ ᠬᠦᠷᠢᠶᠡᠨ ᠳᠤ ᠬᠠᠤᠯᠢ ᠴᠠᠭᠠᠵᠠ ᠪᠠ ᠳᠦᠷᠢᠮ ᠤᠨ ᠤᠬᠠᠮᠰᠠᠷ ᠢ ᠴᠢᠩᠭᠠᠷᠠᠭᠤᠯᠤᠨ᠂ ᠡᠷᠬᠡ ᠶᠢ ᠲᠡᠳᠬᠦᠬᠦ ᠰᠢᠨ᠎ᠡ ᠠᠷᠭ᠎ᠠ ᠵᠠᠮ ᠢ ᠨᠡᠭᠡᠭᠡᠵᠦ᠂ ᠪᠡᠶ᠎ᠡ ᠶᠢᠨ ᠲᠠᠮᠢᠷ ᠤᠨ ᠵᠢᠭᠤᠷᠠᠯᠳᠤᠭᠠᠨ ᠢ ᠴᠠᠭ ᠲᠤᠬᠠᠢ ᠳᠤᠨᠢ᠂ ᠲᠥᠪ ᠭᠤᠥᠯᠴᠢ ᠪᠠᠷ ᠰᠢᠢᠳᠪᠦᠷᠢᠯᠡᠵᠦ᠂ ᠲᠤᠬᠠᠢ ᠶᠢᠨ ᠬᠥᠮᠥᠨ ᠤ ᠬᠠᠤᠯᠢ ᠶᠣᠰᠣᠨ ᠤ ᠡᠷᠬᠡ ᠠᠰᠢᠭ ᠢ ᠨᠠᠩ ᠰᠠᠶᠢᠲᠤᠷ ᠬᠠᠮᠠᠭᠠᠯᠠᠬᠤ ᠶᠢᠨ ᠬᠠᠮᠲᠤ ᠪᠠᠰᠠ ᠤᠯᠤᠰ ᠤᠨ ᠳᠣᠲᠣᠭᠠᠳᠤ ᠶᠢᠨ ᠵᠢᠭᠤᠷᠠᠯᠳᠤᠭᠠᠨ ᠢ ᠣᠯᠠᠨ ᠤᠯᠤᠰᠴᠢᠯᠠᠬᠤ ᠠᠰᠠᠭᠤᠳᠠᠯ ᠭᠠᠷᠬᠤ ᠠᠴᠠ ᠵᠣᠬᠢᠬᠤ ᠬᠡᠮᠵᠢᠶ᠎ᠡ ᠪᠠᠷ ᠵᠠᠶᠢᠯᠠᠰᠬᠢᠵᠦ ᠴᠢᠳᠠᠨ᠎ᠠ᠃     ᠬᠢᠨᠠᠯᠲᠠ ᠬᠠᠮᠢᠶᠠᠷᠤᠯᠲᠠ ᠶᠢᠨ ᠲᠠᠯ᠎ᠠ ᠪᠠᠷ᠄ ᠣᠶᠢᠷ᠎ᠠ ᠶᠢᠨ ᠵᠢᠯ ᠤᠳ ᠲᠤ᠂ ᠪᠡᠶ᠎ᠡ ᠶᠢᠨ ᠲᠠᠮᠢᠷ ᠤᠨ ᠡᠵᠡᠩᠨᠡᠯᠲᠡ ᠶᠢᠨ ᠠᠵᠢᠯᠯᠠᠭ᠎ᠠ ᠡᠳᠦᠷ ᠢᠷᠡᠬᠦᠶ᠎ᠡ ᠨᠡᠮᠡᠭᠳᠡᠵᠦ᠂ ᠪᠡᠶ᠎ᠡ ᠶᠢᠨ ᠲᠠᠮᠢᠷ ᠤᠨ ᠵᠠᠬ᠎ᠠ ᠳᠡᠯᠭᠡᠭᠦᠷ ᠥᠷᠨᠢᠨ ᠬᠥᠭᠵᠢᠭᠰᠡᠨ ᠪᠣᠯᠪᠠᠴᠤ ᠡᠯ᠎ᠡ ᠲᠥᠷᠥᠯ ᠤᠨ ᠪᠡᠶ᠎ᠡ ᠶᠢᠨ ᠲᠠᠮᠢᠷ ᠤᠨ ᠵᠠᠬ᠎ᠠ ᠳᠡᠯᠭᠡᠭᠦᠷ ᠲᠤ ᠡᠷᠦᠢ ᠬᠤᠷᠤᠢ ᠦᠭᠡᠢ ᠦᠵᠡᠭᠳᠡᠯ ᠲᠠᠰᠤᠷᠠᠯᠲᠠ ᠦᠭᠡ᠊ ᠡᠭᠦᠰᠴᠦ ᠪᠤᠢ᠃ ‍ᠢ‌‍ᠪᠡᠶ᠎ᠡ ᠶᠢᠨ ᠲᠠᠮᠢᠷ ᠤᠨ ᠠᠵᠢᠯ ᠲᠦᠷᠦᠯ ᠤᠨ ᠬᠢᠨᠠᠯᠲᠠ ᠬᠠᠮᠢᠶᠠᠷᠤᠯᠲᠠ ᠶᠢᠨ ᠠᠵᠢᠯ ᠢ ᠴᠢᠩᠭᠠᠳᠬᠠᠬᠤ ᠶᠢᠨ ᠲᠥᠯᠥᠭᠡ᠂ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠪᠡᠶ᠎ᠡ ᠶᠢᠨ ᠲᠠᠮᠢᠷ ᠤᠨ ᠬᠠᠤᠯᠢ︾ ᠳᠤ ︽ᠬᠢᠨᠠᠯᠲᠠ ᠬᠠᠮᠢᠶᠠᠷᠤᠯᠲᠠ︾ ᠭᠡᠬᠦ‍ ᠨᠢᠭᠡ ᠪᠦᠯᠦᠭ ᠢ ᠨᠡᠮᠡᠵᠦ᠂ ᠪᠡᠶ᠎ᠡ ᠶᠢᠨ ᠲᠠᠮᠢᠷ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠪᠠ ᠳᠣᠲᠣᠭᠠᠳᠤ ᠶᠢ ᠬᠠᠮᠠᠭᠠᠯᠠᠬᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠤᠨ ᠬᠢᠨᠠᠯᠲᠠ ᠬᠠᠮᠢᠶᠠᠷᠤᠯᠲᠠ ᠶᠢᠨ ᠲᠤᠰᠢᠶᠠᠯ ᠬᠠᠷᠢᠭᠤᠴᠠᠯᠭ᠎ᠠ ᠶᠢ ᠲᠣᠭᠲᠠᠭᠠᠪᠠ︔ ᠪᠡᠶ᠎ᠡ ᠶᠢᠨ ᠲᠠᠮᠢᠷ ᠤᠨ ᠤᠷᠤᠯᠳᠤᠭᠠᠨ ᠤ ᠠᠵᠢᠯᠯᠠᠭ᠎ᠠ ᠶᠢ ᠵᠣᠬᠢᠶᠠᠨ ᠪᠠᠶᠢᠭᠤᠯᠤᠭᠴᠢ ᠶᠢᠨ ᠠᠮᠤᠷ ᠲᠦᠪᠰᠢᠨ ᠢ ᠪᠠᠲᠤᠯᠠᠬᠤ ᠡᠭᠦᠷᠭᠡ ᠵᠢᠴᠢ ᠭᠡᠨᠡᠳᠲᠡ ᠶᠢᠨ ᠬᠡᠷᠡᠭ ᠠᠴᠠ ᠪᠣᠯᠵᠤ ᠪᠡᠶ᠎ᠡ ᠶᠢᠨ ᠲᠠᠮᠢᠷ ᠤᠨ ᠤᠷᠤᠯᠳᠤᠭᠠᠨ ᠤ ᠠᠵᠢᠯᠯᠠᠭ᠎ᠠ ᠶᠢ ᠴᠠᠭ ᠲᠤᠬᠠᠢ ᠳᠤᠨᠢ ᠵᠣᠭᠰᠤᠭᠠᠬᠤ ᠲᠣᠭᠲᠠᠴᠠ ᠶᠢ ᠲᠣᠳᠣᠷᠬᠠᠢ ᠲᠣᠭᠲᠠᠭᠠᠪᠠ︔ ᠪᠡᠶ᠎ᠡ ᠶᠢᠨ ᠲᠠᠮᠢᠷ ᠤᠨ ᠵᠦᠢᠯᠡᠰ ᠤᠨ ᠬᠠᠮᠢᠶᠠᠷᠤᠯᠲᠠ ᠶᠢᠨ ᠳᠦᠷᠢᠮ ᠢ ᠲᠣᠳᠣᠷᠬᠠᠢ ᠲᠣᠭᠲᠠᠭᠠᠵᠤ᠂ ᠰᠢᠨ᠎ᠡ ᠪᠠᠷ ᠪᠠᠶᠢᠭᠤᠯᠤᠭᠰᠠᠨ ᠪᠡᠶ᠎ᠡ ᠶᠢᠨ ᠲᠠᠮᠢᠷ ᠤᠨ ᠵᠦᠢᠯᠡᠰ ᠢ ᠲᠥᠷᠥ ᠶᠢᠨ ᠶᠠᠪᠤᠳᠠᠯ ᠤᠨ ᠬᠤᠷᠢᠶᠠᠨ ᠤ ᠲᠠᠮᠢᠷ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠠᠴᠠ ᠵᠦᠪᠰᠢᠶᠡᠷᠡᠯ ᠤᠯᠭᠤᠨ᠎ᠡ᠃ ᠠᠶᠤᠯ ᠲᠦᠭᠰᠢᠭᠦᠷᠢ ᠶᠡᠬᠡᠲᠡᠢ ᠪᠡᠶ᠎ᠡ ᠶᠢᠨ ᠲᠠᠮᠢᠷ ᠤᠨ ᠲᠥᠷᠥᠯ ᠵᠦᠢᠯ ᠢ ᠡᠵᠡᠩᠨᠡᠬᠦ᠂ ᠠᠶᠤᠯ ᠲᠦᠭᠰᠢᠭᠦᠷᠢ ᠶᠡᠬᠡᠲᠡᠢ ᠪᠡᠶ᠎ᠡ ᠶᠢᠨ ᠲᠠᠮᠢᠷ ᠤᠨ ᠤᠷᠤᠯᠳᠤᠭᠠᠨ ᠤ ᠠᠵᠢᠯᠯᠠᠭ᠎ᠠ ᠶᠢ ᠡᠷᠭᠢᠯᠡᠬᠦ ᠵᠠᠰᠠᠭ ᠵᠠᠬᠢᠷᠭᠠᠨ ᠤ ᠵᠥᠪᠰᠢᠶᠡᠷᠡᠯ ᠤᠨ ᠳᠦᠷᠢᠮ ᠢ ᠪᠠᠶᠢᠭᠤᠯᠤᠨ ᠲᠡᠭᠦᠯᠳᠡᠷᠵᠢᠭᠦᠯᠦᠨ᠎ᠡ︔ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠪᠡᠶ᠎ᠡ ᠶᠢᠨ ᠲᠠᠮᠢᠷ ᠤᠨ ᠬᠠᠤᠯᠢ ᠬᠡᠷᠡᠭᠵᠢᠭᠦᠯᠬᠦ ᠲᠣᠭᠲᠠᠴᠠ ᠶᠢ ᠪᠠᠶᠢᠭᠤᠯᠵᠤ᠂ ᠪᠡᠶ᠎ᠡ ᠶᠢᠨ ᠲᠠᠮᠢᠷ ᠤᠨ ᠬᠠᠤᠯᠢ ᠬᠡᠷᠡᠭᠵᠢᠭᠦᠯᠬᠦ ᠳᠤ ᠴᠢᠬᠤᠯᠠ ᠪᠦᠬᠦᠢ ᠪᠠᠲᠤᠯᠠᠭ᠎ᠠ ᠬᠠᠩᠭᠠᠬᠤ ᠬᠡᠷᠡᠭᠲᠡᠢ ᠭᠡᠬᠦ ᠵᠡᠷᠭᠡ ᠶᠢ ᠳᠤᠷᠠᠳᠤᠨ ᠭᠠᠷᠭᠠᠪᠠ᠃     ᠪᠡᠶ᠎ᠡ ᠶᠢᠨ ᠲᠠᠮᠢᠷ ᠤᠨ ᠭᠠᠳᠠᠭᠠᠳᠦ ᠬᠠᠷᠢᠯᠴᠠᠭ᠎ᠠ ᠶᠢᠨ ᠲᠠᠯ᠎ᠠ ᠪᠠᠷ᠄ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠪᠡᠶ᠎ᠡ ᠶᠢᠨ ᠲᠠᠮᠢᠷ ᠤᠨ ᠭᠠᠳᠠᠭᠠᠳᠤ ᠬᠠᠷᠢᠯᠴᠠᠭ᠎ᠠ ᠡᠳᠦᠷ ᠢᠷᠡᠬᠦᠶ᠎ᠡ ᠬᠥᠭᠵᠢᠶᠡᠨᠲᠡᠢ ᠪᠣᠯᠵᠤ᠂ ᠪᠡᠶ᠎ᠡ ᠶᠢᠨ ᠲᠠᠮᠢᠷ ᠤᠨ ᠭᠠᠳᠠᠭᠠᠳᠤ ᠯᠤᠭ᠎ᠠ ᠶᠢᠨ ᠠᠵᠢᠯ ᠲᠠᠰᠤᠷᠠᠯᠲᠠ ᠦᠭᠡᠢ ᠭᠦᠨᠵᠡᠭᠡᠶᠢᠷᠡᠵᠦ᠂ ᠪᠡᠶ᠎ᠡ ᠶᠢᠨ ᠲᠠᠮᠢᠷ ᠨᠢ ᠠᠷᠠᠳ ᠤᠨ ᠰᠡᠳᠬᠢᠯ ᠢ ᠨᠡᠪᠲᠡᠷᠡᠯᠴᠡᠭᠦᠯᠬᠦ ᠴᠢᠬᠤᠯᠠ ᠬᠥᠭᠦᠷᠭᠡ ᠪᠣᠯᠤᠭᠰᠠᠨ ᠪᠠᠶᠢᠨ᠎ᠠ᠃ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠪᠡᠶ᠎ᠡ ᠶᠢᠨ ᠲᠠᠮᠢᠷ ᠤᠨ ᠬᠠᠤᠯᠢ︾ ᠳᠤ ᠤᠤᠯ ᠤᠨ ᠶᠡᠷᠦᠩᠬᠡᠢ ᠳᠦᠷᠢᠮ ᠳᠠᠬᠢ ︽ᠤᠯᠤᠰ ᠤᠨ ᠡᠷᠬᠡ ᠮᠡᠳᠡᠯ ᠪᠠ ᠨᠡᠷ᠎ᠡ ᠬᠦᠨᠳᠦ ᠶᠢ ᠬᠠᠮᠠᠭᠠᠯᠠᠬᠤ︾ ᠭᠡᠳᠡᠭ ᠢ ︽ᠤᠯᠤᠰ ᠤᠨ ᠡᠷᠬᠡ ᠮᠡᠳᠡᠯ᠂ ᠠᠮᠤᠷ ᠲᠦᠪᠰᠢᠨ᠂ ᠬᠥᠭᠵᠢᠯᠲᠡ ᠶᠢᠨ ᠠᠰᠢᠭ ᠲᠤᠰᠠ ᠪᠠ ᠨᠡᠷ᠎ᠡ ᠬᠦᠨᠳᠦ ᠶᠢ ᠬᠠᠮᠠᠭᠠᠯᠠᠬᠤ︾ ᠭᠡᠵᠦ ᠵᠠᠰᠠᠪᠠ᠃ ᠡᠭᠦᠨ ᠤ ᠬᠠᠮᠲᠤ ︽ᠣᠯᠢᠮᠫᠢᠺ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠳᠡᠯᠡᠬᠡᠢ ᠶᠢᠨ ᠪᠡᠶ᠎ᠡ ᠶᠢᠨ ᠲᠠᠮᠢᠷ ᠤᠨ ᠬᠥᠳᠡᠯᠭᠡᠭᠡᠨ ᠳᠤ ᠣᠷᠤᠯᠴᠠᠬᠤ ᠶᠢ ᠲᠡᠮᠵᠢᠨ᠎ᠠ︾ ᠭᠡᠵᠦ ᠨᠡᠮᠡᠬᠦ ᠶᠢᠨ ᠬᠠᠮᠲᠤ ᠳᠠᠭᠠᠯᠳᠤᠭᠤᠯᠤᠭᠰᠠᠨ ᠳᠦᠷᠢᠮ ᠳᠤ ︽ᠶᠠᠮᠠᠷᠪᠠ ᠤᠯᠤᠰ᠂ ᠭᠠᠵᠠᠷ ᠣᠷᠣᠨ ᠪᠤᠶᠤ ᠵᠣᠬᠢᠶᠠᠨ ᠪᠠᠶᠢᠭᠤᠯᠤᠯᠲᠠ ᠳᠡᠯᠡᠬᠡᠢ ᠶᠢᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠳᠤᠮᠳᠠ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠷᠬᠡ ᠮᠡᠳᠡᠯ᠂ ᠠᠮᠤᠷ ᠲᠦᠪᠰᠢᠨ᠂ ᠬᠥᠭᠵᠢᠯᠲᠡ ᠶᠢᠨ ᠠᠰᠢᠭ ᠲᠤᠰᠠ ᠪᠠ ᠨᠡᠷ᠎ᠡ ᠬᠦᠨᠳᠦ ᠶᠢ ᠬᠤᠬᠢᠷᠠᠭᠤᠯᠤᠭᠰᠠᠨ ᠪᠠᠶᠢᠪᠠᠯ᠂ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠣᠳᠠᠲᠤ ᠪᠠᠶᠢᠳᠠᠯ ᠢᠶᠠᠨ ᠦᠨᠳᠦᠰᠦᠯᠡᠨ ᠵᠣᠬᠢᠴᠠᠩᠭᠤᠢ ᠠᠷᠭ᠎ᠠ ᠬᠡᠮᠵᠢᠶ᠎ᠡ ᠠᠪᠴᠤ ᠪᠣᠯᠣᠨ᠎ᠠ︾ ᠭᠡᠵᠦ ᠨᠢᠭᠡ ᠵᠤᠷᠪᠤᠰ ᠲᠣᠭᠲᠠᠭᠠᠯ ᠨᠡᠮᠡᠪᠡ᠃ ᠤᠯᠤᠰ ᠠᠴᠠ ᠭᠠᠳᠠᠭᠠᠳᠤ ᠯᠤᠭ᠎ᠠ ᠶᠢᠨ ᠪᠡᠶ᠎ᠡ ᠶᠢᠨ ᠲᠠᠮᠢᠷ ᠤᠨ ᠶᠠᠪᠤᠯᠴᠠᠭ᠎ᠠ ᠥᠷᠨᠢᠭᠦᠯᠬᠦ ᠶᠢ ᠵᠣᠷᠢᠭᠵᠢᠭᠤᠯᠵᠤ᠂ ᠣᠯᠢᠮᠫᠢᠺ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠤᠯᠤᠰ ᠤᠨ ᠡᠷᠬᠡ ᠮᠡᠳᠡᠯ᠂ ᠠᠮᠤᠷ ᠲᠦᠪᠰᠢᠨ᠂ ᠬᠥᠭᠵᠢᠯᠲᠡ ᠶᠢᠨ ᠠᠰᠢᠭ ᠲᠤᠰᠠ ᠪᠣᠯᠣᠨ ᠨᠡᠷ᠎ᠡ ᠬᠦᠨᠳᠦ ᠶᠢ ᠬᠠᠮᠠᠭᠠᠯᠠᠵᠤ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠤᠨ᠎ᠠ ᠭᠡᠵᠦ ᠴᠢᠬᠤᠯᠠᠴᠢᠯᠠᠪᠠ᠃     ᠳᠥᠷᠪᠡ᠂ ︽ᠪᠡᠶ᠎ᠡ ᠶᠢᠨ ᠲᠠᠮᠢᠷ ᠤᠨ ᠬᠠᠤᠯᠢ︾ ᠶᠢ ᠲᠤᠤᠱᠯᠠᠭᠤᠯᠤᠨ ᠬᠡᠷᠡᠭᠵᠢᠭᠦᠯᠬᠦ ᠶᠢ ᠦᠨᠡᠨᠬᠦ ᠠᠬᠢᠭᠤᠯᠬᠤ ᠬᠡᠷᠡᠭᠲᠡᠢ     ︽ᠪᠡᠶ᠎ᠡ ᠶᠢᠨ ᠲᠠᠮᠢᠷ ᠤᠨ ᠬᠠᠤᠯᠢ︾ ᠳᠤ ᠵᠠᠰᠠᠪᠤᠷᠢ ᠣᠷᠣᠭᠤᠯᠤᠭᠰᠠᠨ ᠪᠠ ᠨᠡᠶᠢᠲᠡᠯᠡᠨ ᠬᠡᠷᠡᠭᠵᠢᠭᠦᠯᠦᠭᠰᠡᠨ ᠨᠢ ᠮᠠᠨ ᠤ ᠤᠯᠤᠰ ᠤᠨ ᠪᠡᠶ᠎ᠡ ᠶᠢᠨ ᠲᠠᠮᠢᠷ ᠤᠨ ᠬᠠᠤᠯᠢ ᠪᠠᠷ ᠵᠠᠰᠠᠬᠤ ᠪᠠᠶᠢᠭᠤᠯᠤᠯᠲᠠ ᠶᠢᠨ ᠰᠢᠨ᠎ᠡ ᠬᠠᠭᠤᠳᠠᠰᠤ ᠶᠢ ᠪᠥᠬᠦ ᠲᠠᠯ᠎ᠠ ᠪᠠᠷ ᠨᠡᠭᠡᠭᠡᠭᠰᠡᠨ ᠪᠠᠶᠢᠨ᠎ᠠ᠂ ᠪᠢᠳᠡ ᠨᠠᠷᠢᠨ ᠬᠢᠨᠠᠮᠠᠭᠠᠢ ᠰᠤᠷᠤᠯᠴᠠᠵᠤ᠂ ᠭᠦᠨᠵᠡᠭᠡᠢ ᠲᠤᠤᠱᠯᠠᠭᠤᠯᠤᠨ᠂ ᠴᠢᠩᠭ᠎ᠠ ᠨᠠᠶᠢᠳᠠᠪᠤᠷᠢᠵᠢᠭᠤᠯᠵᠤ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠪᠠ ᠪᠥᠬᠦ ᠲᠠᠯ᠎ᠠ ᠪᠠᠷ ᠬᠠᠤᠯᠢ ᠶᠣᠰᠣᠭᠠᠷ ᠪᠡᠶ᠎ᠡ ᠶᠢᠨ ᠲᠠᠮᠢᠷ ᠢᠶᠠᠨ ᠵᠠᠰᠠᠬᠤ ᠶᠢ ᠤᠯᠠᠮ ᠨᠢᠭᠡ ᠠᠯᠬᠤᠮ ᠲᠦᠯᠬᠢᠨ ᠠᠬᠢᠭᠤᠯᠵᠤ᠂ ᠪᠡᠶ᠎ᠡ ᠶᠢᠨ ᠲᠠᠮᠢᠷ ᠤᠨ ᠬᠦᠴᠦᠷᠬᠡᠭ ᠤᠯᠤᠰ ᠤᠨ ᠪᠠᠶᠢᠭᠤᠯᠤᠯᠲᠠ ᠳᠤ ᠬᠠᠤᠯᠢ ᠪᠠᠷ ᠵᠠᠰᠠᠬᠤ ᠰᠠᠶᠢᠨ ᠰᠠᠶᠢᠬᠠᠨ ᠣᠷᠴᠢᠨ ᠨᠥᠬᠦᠴᠡᠯ ᠢ ᠪᠣᠶ ᠪᠣᠯᠭᠠᠬᠤ ᠬᠡᠷᠡᠭᠲᠡᠢ᠃     ᠰᠤᠷᠤᠯᠴᠠᠯᠭ᠎ᠠ ᠶᠢ ᠨᠠᠷᠢᠨ ᠨᠢᠮᠪᠠᠢ ᠵᠣᠬᠢᠶᠠᠨ ᠪᠠᠶᠢᠭᠤᠯᠤᠨ ᠦᠷᠨᠢᠬᠦᠯᠬᠦ ᠬᠡᠷᠡᠭᠳᠡᠢ᠃ ︽ᠪᠡᠶ᠎ᠡ ᠶᠢᠨ ᠲᠠᠮᠢᠷ ᠤᠨ ᠬᠠᠤᠯᠢ︾ ᠶᠢ ᠰᠤᠷᠤᠯᠴᠠᠨ ᠤᠬᠠᠭᠤᠯᠵᠤ ᠲᠤᠤᠱᠯᠠᠭᠤᠯᠬᠤ ᠶᠢ ᠨᠢᠭᠡ ᠵᠦᠢᠯ ᠤᠨ ᠴᠢᠬᠤᠯᠠ ᠶᠡᠭᠡ ᠡᠭᠦᠷᠭᠡ ᠪᠣᠯᠭᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠯᠤᠭ᠎ᠠ ᠤᠶᠠᠯᠳᠤᠭᠤᠯᠵᠤ᠂ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠪᠠ ᠰᠢ ᠶᠢᠨ ᠫᠢᠩ ᠶᠡᠷᠦᠩᠬᠡᠢ ᠱᠦᠵᠢ ᠶᠢᠨ ᠪᠡᠶ᠎ᠡ ᠶᠢᠨ ᠲᠠᠮᠢᠷ ᠤᠨ ᠲᠤᠬᠠᠢ ᠴᠢᠬᠤᠯᠠ ᠥᠭᠦᠯᠡᠯᠲᠡ ᠶᠢ ᠰᠤᠷᠤᠯᠴᠠᠨ ᠲᠤᠤᠱᠯᠠᠭᠤᠯᠬᠤ ᠯᠤᠭ᠎ᠠ ᠤᠶᠠᠯᠳᠤᠭᠤᠯᠬᠤ ᠬᠡᠷᠡᠭᠲᠡᠢ᠃ ᠢᠯᠠᠩᠭᠤᠶ᠎ᠠ ᠡᠯ᠎ᠡ ᠱᠠᠲᠤᠨ ᠤ ᠪᠡᠶ᠎ᠡ ᠶᠢᠨ ᠲᠠᠮᠢᠷ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠤᠳᠤᠷᠢᠳᠬᠤ ᠺᠠᠳ᠋ᠷ ᠪᠠ ᠠᠵᠢᠯᠲᠠᠳ ᠲᠦᠷᠦᠭᠦᠯᠡᠨ ᠰᠤᠷᠤᠯᠴᠠᠵᠤ᠂ ᠭᠦᠨᠵᠡᠭᠡᠢ ᠰᠤᠷᠤᠯᠴᠠᠵᠤ᠂ ᠲᠤᠰᠬᠠᠢ ᠰᠡᠳᠦᠪᠲᠦ ᠪᠤᠯᠪᠠᠰᠤᠷᠠᠯ ᠤᠨ ᠠᠩᠭᠢ ᠡᠷᠭᠢᠯᠡᠬᠦ᠂ ᠲᠤᠰᠬᠠᠢ ᠮᠡᠷᠭᠡᠵᠢᠯᠲᠡᠨ ᠢ ᠤᠷᠢᠵᠤ ᠬᠢᠴᠢᠶᠡᠯ ᠣᠷᠣᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ︽ᠪᠡᠶ᠎ᠡ ᠶᠢᠨ ᠲᠠᠮᠢᠷ ᠤᠨ ᠬᠠᠤᠯᠢ︾ ᠶᠢᠨ ᠵᠣᠷᠢᠭ ᠰᠠᠨᠠᠭᠠᠨ ᠤ ᠮᠥᠨ ᠴᠢᠨᠠᠷ ᠪᠠ ᠭᠤᠣᠯ ᠴᠢᠬᠤᠯᠠ ᠠᠭᠤᠯᠭ᠎ᠠ ᠶᠢ ᠣᠨᠣᠪᠴᠢᠲᠠᠶ ᠡᠵᠡᠮᠳᠡᠬᠦ ᠶᠢ ᠦᠨᠡᠨᠬᠦ ᠪᠠᠲᠤᠯᠠᠵᠤ᠂ ᠵᠦᠢᠯ ᠵᠤᠷᠪᠤᠰ ᠨᠢᠭᠡᠪᠦᠷᠢ ᠶᠢᠨ ᠠᠭᠤᠯᠤᠭᠳᠠᠬᠤᠨ ᠪᠠ ᠠᠭᠤᠯᠬᠤᠨ ᠢ ᠣᠨᠣᠪᠴᠢᠲᠠᠶ ᠨᠡᠪᠲᠡᠷᠡᠲᠡᠯ᠎ᠡ ᠣᠶᠢᠯᠠᠭᠠᠬᠤ ᠶᠢᠨ ᠬᠠᠮᠲᠤ ᠪᠣᠳᠠᠲᠠᠢ ᠠᠵᠢᠯ ᠤᠨ ᠳᠤᠮᠳᠠ ᠪᠠᠨ ᠠᠮᠢᠳᠤᠯᠢᠭ ᠢᠶᠠᠷ ᠬᠡᠷᠡᠭᠯᠡᠵᠦ᠂ ᠪᠣᠳᠠᠲᠠᠢ ᠳᠤ ᠨᠠᠶᠢᠳᠠᠪᠤᠷᠢᠵᠢᠭᠤᠯᠬᠤ ᠬᠡᠷᠡᠭᠳᠡᠢ᠃     ᠬᠠᠤᠯᠢ ᠴᠠᠭᠠᠵᠠ ᠶᠢ ᠲᠦᠭᠡᠮᠡᠯᠵᠢᠭᠦᠯᠬᠦ ᠤᠬᠠᠭᠤᠯᠭ᠎ᠠ ᠶᠢ ᠬᠢᠨᠠᠮᠠᠭᠠᠢ ᠰᠠᠶᠢᠲᠤᠷ  ᠬᠢᠬᠦ ᠬᠡᠷᠡᠭᠳᠡᠢ᠃ ︽︿ᠠᠷᠪᠠᠨ ᠳᠥᠷᠪᠡᠳᠦᠭᠡᠷ ᠲᠠᠪᠤᠨ ᠵᠢᠯ﹀ ᠤᠨ ᠪᠡᠶ᠎ᠡ ᠶᠢᠨ ᠲᠠᠮᠢᠷ ᠤᠨ ᠬᠠᠤᠯᠢ ᠪᠠᠷ ᠵᠠᠰᠠᠬᠤ ᠪᠠᠶᠢᠭᠤᠯᠤᠯᠲᠠ ᠶᠢᠨ ᠲᠥᠯᠦᠪᠵᠢᠭᠦᠯᠭᠡ︾ ︽ᠪᠡᠶ᠎ᠡ ᠶᠢᠨ ᠲᠠᠮᠢᠷ ᠤᠨ ᠶᠡᠷᠦᠩᠬᠡᠢ ᠲᠣᠪᠴᠢᠶ᠎ᠠ ᠶᠢᠨ ᠬᠠᠤᠯᠢ ᠪᠠᠷ ᠵᠠᠰᠠᠬᠤ ᠤᠬᠠᠭᠤᠯᠭ᠎ᠠ ᠬᠥᠮᠦᠵᠢᠯ ᠤᠨ ᠨᠠᠢᠮᠠᠳᠤᠭᠠᠷ ᠲᠠᠪᠤᠨ ᠵᠢᠯ ᠤᠨ ᠲᠥᠯᠦᠪᠵᠢᠭᠦᠯᠭᠡ ︵2021 ︱ 2025 ᠣᠨ︶ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠲᠤᠬᠠᠢ ᠮᠡᠳᠡᠭᠳᠡᠯ︾ ᠤᠨ ᠬᠠᠮᠢᠶ᠎ᠠ ᠪᠦᠬᠦᠢ ᠱᠠᠭᠠᠷᠳᠠᠯᠭ᠎ᠠ ᠶᠣᠰᠣᠭᠠᠷ᠂      ︽ᠪᠡᠶ᠎ᠡ ᠶᠢᠨ ᠲᠠᠮᠢᠷ ᠤᠨ ᠬᠠᠤᠯᠢ︾ ᠶᠢᠨ ᠤᠬᠠᠭᠤᠯᠭ᠎ᠠ ᠬᠥᠮᠦᠵᠢᠯ ᠪᠠ ᠲᠤᠤᠱᠯᠠᠭᠤᠯᠤᠨ ᠬᠡᠷᠡᠭᠵᠢᠭᠦᠯᠬᠦ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠨ᠎ᠡ᠃ ᠪᠡᠶ᠎ᠡ ᠶᠢᠨ ᠲᠠᠮᠢᠷ ᠤᠨ ᠬᠠᠤᠯᠢ ᠪᠠᠷ ᠵᠠᠰᠠᠬᠤ ᠤᠬᠠᠭᠤᠯᠭ᠎ᠠ ᠬᠥᠮᠦᠵᠢᠯ ᠤᠨ ᠠᠷᠭ᠎ᠠ ᠮᠠᠶ᠋ᠢᠭ ᠢ ᠪᠠᠶᠠᠯᠢᠭᠵᠢᠭᠤᠯᠬᠤ ᠪᠠ ᠰᠢᠨ᠎ᠡ ᠶᠢ ᠡᠭᠦᠳᠴᠦ᠂ ᠲᠠᠮᠢᠷᠴᠢᠨ᠂ ᠲᠠᠰᠬᠠᠯᠵᠢᠭᠤᠯᠤᠭᠴᠢ᠂ ᠬᠢᠨᠠᠭᠴᠢ ᠪᠠ ᠪᠡᠶ᠎ᠡ ᠶᠢᠨ ᠲᠠᠮᠢᠷ ᠤᠨ ᠠᠵᠢᠯ ᠲᠥᠷᠥᠯ ᠤᠨ ᠪᠤᠰᠤᠳ ᠠᠵᠢᠯ ᠡᠷᠬᠢᠯᠡᠭᠰᠡᠳ ᠲᠤ ᠲᠤᠰᠬᠠᠢ ᠰᠡᠳᠦᠪᠲᠦ ᠪᠤᠯᠪᠠᠰᠤᠷᠠᠯ ᠢ ᠲᠣᠭᠲᠠᠮᠠᠯ ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠤᠨ ᠥᠷᠨᠢᠭᠦᠯᠵᠦ᠂ ᠰᠢᠨ᠎ᠡ ᠵᠠᠭᠤᠴᠢᠯᠠᠭᠤᠷ ᠢ ᠢᠳᠡᠪᠬᠢᠲᠡᠢ ᠪᠠᠷ ᠠᠰᠢᠭᠯᠠᠨ ᠨᠡᠶᠢᠭᠡᠮ ᠪᠠ ᠣᠯᠠᠨ ᠨᠡᠶᠢᠲᠡ ᠳᠤ ᠬᠠᠨᠳᠤᠭᠤᠯᠤᠭᠰᠠᠨ ᠬᠠᠤᠯᠢ ᠲᠦᠭᠡᠮᠡᠯᠵᠢᠭᠦᠯᠬᠦ ᠠᠵᠢᠯᠯᠠᠭ᠎ᠠ ᠶᠢ ᠥᠷᠨᠢᠭᠦᠯᠦᠨ᠎ᠡ᠃ ᠬᠤᠯᠪᠣᠭᠳᠠᠯ ᠪᠦᠬᠦᠢ ᠡᠷᠳᠡᠮ ᠰᠢᠨᠵᠢᠯᠡᠭᠡᠨ ᠤ ᠶᠠᠷᠢᠶᠠᠨ ᠤ ᠲᠠᠪᠴᠠᠩ ᠪᠠ ᠰᠤᠳᠤᠯᠤᠨ ᠶᠠᠷᠢᠯᠴᠠᠬᠤ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠭᠠᠷ ᠳᠡᠪᠲᠡᠷ᠂ ᠡᠯᠭᠦᠭᠡ ᠵᠢᠷᠤᠭ᠂ ᠪᠢᠴᠢᠯ ᠸᠧᠳᠢᠤ᠋ ᠵᠡᠷᠭᠡ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ‌ᠦᠢᠯᠡᠳᠬᠦᠨ ᠢ ᠦᠢᠯᠡᠳᠴᠦ᠂ ᠨᠡᠶᠢᠭᠡᠮ ᠳᠠᠶᠠᠭᠠᠷ ᠲᠤ ︽ᠪᠡᠶ᠎ᠡ ᠶᠢᠨ ᠲᠠᠮᠢᠷ ᠤᠨ ᠬᠠᠤᠯᠢ︾ ᠶᠢ ᠰᠤᠷᠤᠯᠴᠠᠨ ᠤᠬᠠᠭᠤᠯᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠬᠤ ᠶᠢ ᠲᠦᠯᠬᠢᠨ ᠠᠬᠢᠭᠤᠯᠤᠨ᠎ᠠ᠃     ᠢᠵᠢ ᠪᠦᠷᠢᠳᠦᠭᠦᠯᠬᠦ ᠳᠦᠷᠢᠮ ᠢ ᠬᠦᠴᠦᠯᠡᠨ ᠲᠡᠭᠦᠯᠳᠡᠷᠵᠢᠭᠦᠯᠦᠨ᠎ᠡ᠃ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠪᠡᠶ᠎ᠡ ᠶᠢᠨ ᠲᠠᠮᠢᠷ ᠤᠨ ᠬᠠᠤᠯᠢ︾ ᠶᠢᠨ ᠲᠣᠭᠲᠠᠭᠠᠯ ᠳᠤ ᠪᠠᠷᠢᠮᠵᠢᠶ᠎ᠠ ᠶᠢ ᠬᠢᠨᠠᠮᠠᠭᠠᠢ ᠬᠠᠷᠭᠤᠭᠤᠯᠵᠤ᠂ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠢ ᠲᠣᠭᠲᠠᠭᠠᠬᠤ᠂ ᠵᠠᠰᠠᠬᠤ᠂ ᠬᠦᠴᠦᠨ ᠦᠭᠡᠢ ᠪᠣᠯᠭᠠᠬᠤ᠂ ᠲᠠᠶᠢᠯᠪᠤᠷᠢᠯᠠᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ ᠭᠡᠵᠦ ᠱᠠᠭᠠᠷᠳᠠᠪᠠ᠃ ᠪᠡᠶ᠎ᠡ ᠶᠢᠨ ᠲᠠᠮᠢᠷ  ᠤᠨ ᠬᠥᠨᠳᠡᠯᠡᠨ ᠠᠴᠠ ᠲᠠᠰᠤᠯᠬᠤ ᠳᠦᠷᠢᠮ᠂ ᠠᠶᠤᠯ ᠶᠡᠬᠡᠲᠡᠢ ᠪᠡᠶ᠎ᠡ ᠶᠢᠨ ᠲᠠᠮᠢᠷ ᠤᠨ ᠤᠷᠤᠯᠳᠤᠭᠠᠨ ᠤ ᠠᠵᠢᠯᠯᠠᠭ᠎ᠠ ᠶᠢᠨ ᠭᠠᠷᠴᠠᠭ ᠵᠡᠷᠭᠡ ᠰᠠᠯᠠᠭ᠎ᠠ ᠮᠥᠴᠢᠷ ᠤᠨ ᠴᠢᠬᠤᠯᠠ ᠳᠦᠷᠢᠮ ᠲᠣᠭᠲᠠᠭᠠᠯ ᠪᠣᠯᠣᠨ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠡᠯ ᠢ ᠴᠠᠭ ᠲᠤᠬᠠᠢ ᠳᠤᠨᠢ ᠲᠤᠭᠳᠠᠭᠠᠬᠤ ᠬᠡᠷᠡᠭᠳᠡᠢ᠃ ᠪᠡᠶ᠎ᠡ ᠶᠢᠨ ᠲᠠᠮᠢᠷ ᠤᠨ ᠬᠦᠷᠢᠶᠡᠨ ᠳᠠᠬᠢ ᠣᠲᠣ ᠶᠢᠨ ᠪᠠᠶᠢᠭ᠎ᠠ ᠬᠠᠤᠯᠢ ᠲᠣᠭᠲᠠᠭᠠᠯ᠂ ᠳᠦᠷᠢᠮ ᠲᠣᠭᠲᠠᠭᠠᠯ ᠪᠠ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠪᠥᠬᠦ ᠲᠠᠯ᠎ᠠ ᠪᠠᠷ ᠡᠮᠬᠢᠯᠡᠨ ᠳᠢᠭᠯᠡᠵᠦ᠂ ᠵᠠᠰᠠᠪᠤᠷᠢ ᠣᠷᠣᠭᠤᠯᠤᠨ ᠲᠡᠭᠦᠯᠳᠡᠷᠵᠢᠭᠦᠯᠬᠦ ᠠᠵᠢᠯ ᠢ ᠰᠠᠶᠢᠲᠤᠷ ᠬᠢᠨ᠎ᠡ᠃ ᠪᠡᠶ᠎ᠡ ᠶᠢᠨ ᠲᠠᠮᠢᠷ ᠤᠨ ᠶᠡᠷᠦᠩᠬᠡᠢ ᠲᠣᠪᠴᠢᠶ᠎ᠠ ᠶᠢᠨ ᠪᠡᠶ᠎ᠡ ᠶᠢᠨ ᠲᠠᠮᠢᠷ ᠤᠨ ᠲᠥᠷᠥᠯ ᠵᠦᠢᠯ ᠤᠨ ᠬᠠᠮᠢᠶᠠᠷᠤᠯᠲᠠ ᠶᠢᠨ ᠲᠥᠪ᠂ ᠳ᠋ᠠᠩ  ᠵᠦᠢᠯ ᠤᠨ ᠪᠡᠶ᠎ᠡ ᠶᠢᠨ ᠲᠠᠮᠢᠷ ᠤᠨ ᠨᠡᠶᠢᠭᠡᠮᠯᠢᠭ ᠨᠢ ᠪᠡᠶ᠎ᠡ ᠶᠢᠨ ᠲᠠᠮᠢᠷ ᠤᠨ ᠲᠥᠷᠥᠯ ᠵᠦᠢᠯ ᠤᠨ ᠪᠠᠷᠢᠮᠵᠢᠶᠠᠨ ᠵᠢᠷᠦᠮᠵᠢᠬᠤ ᠶᠢ ᠤᠯᠠᠮ ᠨᠢᠭᠡ ᠠᠯᠬᠤᠮ ᠲᠡᠭᠦᠯᠳᠡᠷᠵᠢᠬᠦᠯᠦᠨ᠎ᠡ᠃ ᠣᠷᠣᠨ ᠨᠤᠲᠤᠭ  ᠤᠨ ᠪᠡᠶ᠎ᠡ ᠶᠢᠨ ᠲᠠᠮᠢᠷ   ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤᠰ ᠭᠠᠵᠠᠷ ᠣᠷᠣᠨ ᠤ ᠪᠠᠨ ᠬᠠᠮᠢᠶ᠎ᠠ ᠪᠦᠬᠦᠢ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ᠂ ᠣᠷᠣᠨ ᠨᠤᠲᠤᠭ ᠤᠨ ᠵᠠᠰᠠᠭ ᠤᠨ ᠣᠷᠳᠣᠨ ᠤ ᠳᠦᠷᠢᠮ ᠳᠤ ᠵᠠᠰᠠᠪᠤᠷᠢ ᠣᠷᠣᠭᠤᠯᠬᠤ ᠶᠢ ᠲᠦᠯᠬᠢᠨ ᠠᠬᠢᠭᠤᠯᠵᠤ᠂ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠪᠡᠶ᠎ᠡ ᠶᠢᠨ ᠲᠠᠮᠢᠷ ᠤᠨ ᠬᠠᠤᠯᠢ︾ ᠪᠠᠷ ᠳᠠᠭᠠᠭᠤᠯᠤᠭᠴᠢ ᠪᠣᠯᠭᠠᠭᠰᠠᠨ᠂ ᠵᠠᠰᠠᠭ ᠵᠠᠬᠢᠷᠭᠠᠨ   ᠤ ᠬᠠᠤᠯᠢ ᠲᠣᠭᠲᠠᠭᠠᠯ᠂ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ᠂ ᠳᠦᠷᠢᠮ ᠲᠣᠭᠲᠠᠭᠠᠯ ᠢᠶᠠᠷ ᠭᠤᠣᠯ ᠪᠣᠯᠭᠠᠭᠰᠠᠨ᠂ ᠵᠢᠷᠤᠮᠵᠢᠯ   ᠤᠨ ᠴᠢᠨᠠᠷᠲᠠᠢ ᠪᠢᠴᠢᠭ ᠮᠠᠲ᠋ᠧᠷᠢᠶᠡᠯ ᠢᠶᠠᠷ ᠨᠥᠬᠦᠪᠦᠷᠢ ᠪᠣᠯᠭᠠᠭᠰᠠᠨ᠂ ᠰᠢᠰᠲ᠋ᠧᠮ ᠨᠢ ᠪᠥᠬᠦ ᠲᠠᠯ᠎ᠠ ᠶᠢᠨ ᠪᠡᠶ᠎ᠡ ᠶᠢᠨ ᠲᠠᠮᠢᠷ ᠤᠨ ᠬᠠᠤᠯᠢ ᠴᠠᠭᠠᠵᠠ ᠶᠢᠨ ᠵᠢᠷᠤᠮᠵᠢᠯ   ᠤᠨ ᠰᠢᠰᠲ᠋ᠧᠮ ᠢ ᠲᠦᠷᠭᠡᠬᠡᠨ ᠪᠤᠢ ᠪᠣᠯᠭᠠᠬᠤ ᠬᠡᠷᠡᠭᠲᠡᠢ᠃     ᠬᠢᠨᠠᠨ ᠵᠢᠯᠤᠭᠤᠳᠴᠤ ᠪᠠᠶᠢᠴᠠᠭᠠᠬᠤ ᠶᠢ ᠨᠠᠶᠢᠳᠠᠪᠤᠷᠢᠵᠢᠭᠤᠯᠬᠤ ᠶᠢ ᠴᠢᠩᠭᠠᠳᠬᠠᠬᠤ ᠬᠡᠷᠡᠭᠳᠡᠢ᠃ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠲᠣᠭᠲᠠᠴᠠ ᠶᠢ ᠪᠦᠷᠢᠨᠰᠢᠭᠦᠯᠵᠦ᠂ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠵᠤ᠂ ᠨᠠᠶᠢᠳᠠᠪᠤᠷᠢᠵᠢᠭᠤᠯᠬᠤ ᠲᠥᠰᠥᠯ ᠢ ᠲᠣᠭᠲᠠᠭᠠᠨ ᠨᠠᠷᠢᠯᠢᠭᠵᠢᠭᠤᠯᠵᠤ᠂ ᠡᠯ᠎ᠡ ᠵᠦᠢᠯ ᠤᠨ ᠡᠭᠦᠷᠭᠡ ᠶᠢ ᠪᠡᠶᠡᠯᠡᠭᠦᠯᠬᠦ ᠴᠠᠭ ᠤᠨ ᠬᠦᠰᠦᠨᠦᠭᠲᠦ᠂ ᠵᠠᠮ ᠱᠤᠭᠤᠮ ᠤᠨ ᠵᠢᠷᠤᠭ ᠢ ᠲᠣᠳᠣᠷᠬᠠᠶᠢᠯᠠᠨ᠎ᠠ᠃ ᠪᠡᠶ᠎ᠡ ᠶᠢᠨ ᠲᠠᠮᠢᠷ ᠤᠨ ᠰᠢᠰᠲ᠋ᠧᠮ ᠤᠨ ᠡᠯ᠎ᠡ ᠰᠠᠯᠠᠭ᠎ᠠ ᠮᠥᠴᠢᠷ ᠡᠯ᠎ᠡ ᠨᠢᠭᠡᠴᠡ ᠢᠳᠡᠪᠬᠢᠲᠡᠢ ᠪᠠᠷ ᠬᠥᠳᠡᠯᠦᠯᠴᠡᠨ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ︽ᠪᠡᠶ᠎ᠡ ᠶᠢᠨ ᠲᠠᠮᠢᠷ ᠤᠨ ᠬᠠᠤᠯᠢ︾ ᠶᠢ ᠲᠥᠷᠥᠯ ᠵᠦᠢᠯ ᠤᠨ ᠲᠠᠰ ᠳᠠᠪᠬᠤᠷᠭ᠎ᠠ ᠪᠠ ᠣᠷᠣᠨ ᠨᠤᠲᠤᠭ ᠤᠨ ᠲᠠᠰ ᠳᠠᠪᠬᠤᠷᠭ᠎ᠠ ᠳᠤ ᠨᠠᠶᠢᠳᠠᠪᠤᠷᠢᠵᠢᠭᠤᠯᠬᠤ ᠶᠢ ᠲᠦᠷᠭᠡᠳᠬᠡᠨ᠎ᠡ᠃ ᠡᠭᠦᠨ ᠤ ᠬᠠᠮᠲᠤ᠂ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠪᠡᠶ᠎ᠡ ᠶᠢᠨ ᠲᠠᠮᠢᠷ ᠤᠨ ᠬᠠᠤᠯᠢ︾ ᠶᠢ ᠰᠤᠷᠤᠯᠴᠠᠵᠤ ᠤᠬᠠᠭᠤᠯᠤᠨ ᠲᠤᠤᠱᠯᠠᠭᠤᠯᠬᠤ ᠶᠢ ᠰᠢᠮᠳᠠᠭᠤᠯᠤᠨ ᠵᠢᠯᠤᠭᠤᠳᠴᠤ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠠᠰᠠᠭᠤᠳᠠᠯ ᠢ ᠴᠠᠭ ᠲᠤᠬᠠᠢ ᠳᠤᠨᠢ ᠢᠯᠡᠷᠡᠭᠦᠯᠵᠦ᠂ ᠲᠤᠷᠰᠢᠯᠭ᠎ᠠ ᠪᠠᠨ ᠳ᠋ᠦᠩᠨᠡᠨ ᠳᠡᠯᠭᠡᠷᠡᠭᠦᠯᠵᠦ᠂ ᠡᠯ᠎ᠡ ᠵᠦᠢᠯ ᠤᠨ ᠲᠣᠭᠲᠠᠭᠠᠯ ᠢ ᠪᠣᠳᠠᠲᠠᠢ ᠪᠠᠷ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠵᠤ᠂ ᠪᠡᠶ᠎ᠡ ᠶᠢᠨ ᠲᠠᠮᠢᠷ ᠤᠨ ᠦᠢᠯᠡᠰ ᠤᠨ ᠡᠷᠡᠭᠦᠯ ᠪᠥᠭᠡᠳ ᠡᠮᠬᠢ ᠵᠢᠷᠤᠮ ᠲᠠᠢ ᠬᠥᠭᠵᠢᠬᠦ ᠶᠢ ᠦᠨᠡᠨᠬᠦ ᠪᠠᠲᠤᠯᠠᠬᠤ ᠬᠡᠷᠡᠭᠲᠡᠢ᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18004690号