ᠦᠰᠦᠭ ᠪᠢᠴᠢᠭ ᠤᠨ ᠲᠡᠶᠢᠯᠦᠮᠵᠢ᠄ ᠪᠡᠶ᠎ᠡ ᠶᠢᠨ ᠲᠠᠮᠢᠷ ᠤᠨ ᠬᠠᠤᠯᠢ ᠲᠣᠭᠲᠠᠭᠠᠯᠲᠠ ᠶᠢ ᠲᠡᠭᠦᠯᠳᠡᠷᠵᠢᠭᠦᠯᠵᠦ ᠤᠷᠤᠯᠳᠤᠭᠠᠨ ᠤ ᠪᠡᠶ᠎ᠡ ᠶᠢᠨ ᠲᠠᠮᠢᠷ ᠤᠨ ᠴᠢᠨᠠᠷ ᠰᠠᠶᠢᠳᠠᠢ ᠬᠦᠭᠵᠢᠯᠳᠡ ᠶᠢ ᠪᠠᠳᠤᠯᠠᠨ᠎ᠠ
ᠨᠡᠶᠢᠲᠡᠯᠡᠭᠰᠡᠨ ᠴᠠᠭ᠄
2022/7/14
    1995 ᠣᠨ ᠳᠤ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠪᠡᠶ᠎ᠡ ᠶᠢᠨ ᠲᠠᠮᠢᠷ ᠤᠨ ᠬᠠᠤᠯᠢ︾ ᠶᠢ ᠨᠡᠶᠢᠲᠡᠯᠡᠨ ᠬᠡᠷᠡᠭᠵᠢᠭᠦᠯᠦᠭᠰᠡᠨ ᠨᠢ ᠮᠠᠨ ᠤ ᠤᠯᠤᠰ ᠤᠨ ᠪᠡᠶ᠎ᠡ ᠶᠢᠨ ᠲᠠᠮᠢᠷ ᠤᠨ ᠦᠢᠯᠡᠰ ᠤᠨ ᠬᠥᠭᠵᠢᠯᠲᠡ ᠳᠤ ᠢᠳᠡᠪᠬᠢᠲᠡᠢ ᠠᠬᠢᠭᠤᠯᠬᠤ ᠪᠠ ᠪᠠᠲᠤᠯᠠᠬᠤ ᠦᠢᠯᠡᠳᠦᠯ ᠦᠵᠡᠭᠦᠯᠦᠭᠰᠡᠨ ᠪᠠᠶᠢᠨ᠎ᠠ᠃ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢ ᠳᠠᠭᠠᠯᠳᠤᠨ᠂ ᠤᠤᠯ ᠤᠨ ᠪᠡᠶ᠎ᠡ ᠶᠢᠨ ᠲᠠᠮᠢᠷ ᠤᠨ ᠬᠠᠤᠯᠢ ᠳᠠᠬᠢ ᠤᠷᠤᠯᠳᠤᠭᠠᠨ ᠤ ᠪᠡᠶ᠎ᠡ ᠶᠢᠨ ᠲᠠᠮᠢᠷ ᠤᠨ ᠬᠡᠰᠡᠭ ᠤᠨ ᠲᠤᠬᠠᠢ ᠲᠣᠭᠲᠠᠭᠠᠯ ᠨᠢ ᠨᠢᠭᠡᠨᠲᠡ ᠰᠢᠨ᠎ᠡ ᠴᠠᠭ ᠦᠶ᠎ᠡ ᠶᠢᠨ ᠤᠷᠤᠯᠳᠤᠭᠠᠨ ᠤ ᠪᠡᠶ᠎ᠡ ᠶᠢᠨ ᠲᠠᠮᠢᠷ ᠤᠨ ᠥᠭᠡᠷᠡᠴᠢᠯᠡᠯᠲᠡ ᠬᠥᠭᠵᠢᠯᠲᠡ ᠶᠢᠨ ᠬᠡᠷᠡᠭᠴᠡᠭᠡ ᠳᠤ ᠨᠠᠩ ᠰᠠᠶᠢᠨ ᠵᠣᠬᠢᠴᠠᠵᠤ ᠴᠢᠳᠠᠬᠤ ᠦᠭᠡᠢ ᠪᠤᠯᠪᠠ᠃     ᠤᠤᠯ ᠤᠨ ᠪᠡᠶ᠎ᠡ ᠲᠠᠮᠢᠷ ᠤᠨ ᠬᠠᠤᠯᠢ ᠳᠤ ᠤᠷᠤᠯᠳᠤᠭᠠᠨ ᠤ ᠪᠡᠶ᠎ᠡ ᠲᠠᠮᠢᠷ ᠬᠢᠭᠡᠳ ᠨᠡᠶᠢᠭᠡᠮ ᠤᠨ ᠪᠡᠶ᠎ᠡ ᠲᠠᠮᠢᠷ᠂ ᠰᠤᠷᠭᠠᠭᠤᠯᠢ ᠶᠢᠨ ᠪᠡᠶ᠎ᠡ ᠲᠠᠮᠢᠷ ᠢ ᠵᠡᠷᠭᠡᠴᠡᠭᠦᠯᠵᠦ᠂ ᠲᠤᠰᠠᠭᠠᠷ ᠨᠢᠭᠡ ᠪᠦᠯᠦᠭ ᠪᠣᠯᠭᠠᠨ᠂ ᠨᠡᠶᠢᠲᠡ 11 ᠵᠦᠢᠯ ᠵᠤᠷᠪᠤᠰ ᠲᠠᠢ᠃ ᠤᠷᠤᠯᠳᠤᠭᠠᠨ ᠤ ᠪᠡᠶ᠎ᠡ ᠶᠢᠨ ᠲᠠᠮᠢᠷ ᠤᠨ ᠬᠥᠭᠵᠢᠯᠲᠡ ᠶᠢᠨ ᠵᠣᠷᠢᠯᠭ᠎ᠠ᠂ ᠪᠡᠶ᠎ᠡ ᠶᠢᠨ ᠲᠠᠮᠢᠷ ᠤᠨ ᠪᠡᠯᠡᠳᠬᠡᠯ ᠴᠢᠳᠠᠪᠤᠷᠢᠲᠠᠨ ᠢ ᠬᠥᠮᠥᠵᠢᠭᠦᠯᠬᠦ᠂ ᠲᠠᠮᠢᠷᠴᠢᠨ ᠢ ᠪᠣᠯᠪᠠᠰᠤᠷᠠᠭᠤᠯᠬᠤ ᠪᠠ ᠬᠠᠮᠢᠶᠠᠷᠬᠤ᠂ ᠰᠢᠯᠢᠳᠡᠭ ᠲᠠᠮᠢᠷᠴᠢᠨ ᠢ ᠬᠠᠷᠠᠭᠠᠯᠵᠠᠬᠤ᠂ ᠵᠡᠷᠭᠡ ᠳᠡᠰ ᠤᠨ ᠬᠢᠷᠢ ᠬᠡᠮ᠂ ᠲᠠᠮᠢᠷ ᠤᠨ ᠠᠩᠭᠢ ᠶᠢ ᠵᠣᠬᠢᠶᠠᠨ ᠪᠠᠶᠢᠭᠤᠯᠬᠤ᠂ ᠪᠡᠶ᠎ᠡ ᠶᠢᠨ ᠲᠠᠮᠢᠷ ᠤᠨ ᠤᠷᠤᠯᠳᠤᠭᠠᠨ ᠢ ᠬᠠᠮᠢᠶᠠᠷᠬᠤ ᠵᠡᠷᠭᠡ ᠵᠦᠢᠯᠡᠰ ᠤᠨ ᠲᠤᠬᠠᠢ ᠲᠣᠭᠲᠠᠭᠠᠯ ᠭᠠᠷᠭᠠᠵᠠᠢ᠃ ᠡᠲᠡᠭᠡᠷ ᠵᠦᠢᠯ ᠵᠤᠷᠪᠤᠰ ᠤᠳ ᠨᠢ ᠤᠷᠤᠯᠳᠤᠭᠠᠨ ᠤ ᠪᠡᠶ᠎ᠡ ᠶᠢᠨ ᠲᠠᠮᠢᠷ ᠤᠨ ᠨᠡᠶᠢᠭᠡᠮ ᠤᠨ ᠬᠠᠷᠢᠴᠠᠭ᠎ᠠ ᠶᠢ ᠪᠥᠬᠦ ᠲᠠᠯ᠎ᠠ ᠪᠠᠷ ᠲᠣᠬᠢᠷᠠᠭᠤᠯᠬᠤ ᠶᠢᠨ ᠬᠠᠮᠲᠤ᠂ ᠲᠤᠬᠠᠢ ᠶᠢᠨ ᠦᠶ᠎ᠡ ᠶᠢᠨ ᠲᠡᠦᠬᠡᠨ ᠨᠥᠬᠦᠴᠡᠯ ᠳᠤ ᠬᠢᠵᠠᠭᠠᠷᠯᠠᠭᠳᠠᠵᠤ᠂ ᠪᠠᠰᠠ ᠵᠠᠰᠠᠭ ᠵᠠᠬᠢᠷᠭᠠᠨ ᠤ ᠬᠠᠮᠢᠶᠠᠷᠤᠯᠲᠠ ᠶᠢ ᠬᠡᠲᠦᠷᠬᠡᠢ ᠴᠢᠬᠤᠯᠠᠴᠢᠯᠠᠵᠤ᠂ ᠲᠠᠮᠢᠷᠴᠢᠳ ᠵᠡᠷᠭᠡ ᠨᠡᠶᠢᠭᠡᠮ ᠤᠨ ᠪᠡᠶᠡᠴᠢ ᠴᠣᠭᠴᠠ ᠶᠢᠨ ᠠᠰᠢᠭ ᠲᠤᠰᠠ ᠬᠢᠭᠡᠳ ᠬᠦᠰᠡᠯ ᠱᠠᠭᠠᠷᠳᠠᠯᠭ᠎ᠠ ᠶᠢ ᠠᠩᠬᠠᠷᠤᠭᠰᠠᠨ ᠢᠶᠠᠷ ᠬᠦᠷᠦᠯᠴᠡᠬᠦ ᠦᠭᠡᠢ ᠵᠡᠷᠭᠡ ᠠᠰᠠᠭᠤᠳᠠᠯ ᠣᠷᠣᠰᠢᠵᠤ ᠪᠠᠶᠢᠨ᠎ᠠ᠃ ᠰᠢᠨ᠎ᠡ ᠪᠠᠷ ᠵᠠᠰᠠᠪᠤᠷᠢ ᠣᠷᠣᠭᠤᠯᠤᠭᠰᠠᠨ ᠪᠡᠶ᠎ᠡ ᠶᠢᠨ ᠲᠠᠮᠢᠷ ᠤᠨ ᠬᠠᠤᠯᠢ ᠳᠤ ᠪᠡᠶ᠎ᠡ ᠶᠢᠨ ᠲᠠᠮᠢᠷ ᠤᠨ ᠤᠷᠤᠯᠳᠤᠭᠠᠨ ᠤ ᠬᠠᠮᠢᠶᠠᠷᠤᠯᠲᠠ᠂ ᠲᠠᠮᠢᠷᠴᠢᠨ ᠤ ᠡᠷᠬᠡ ᠶᠢᠨ ᠬᠠᠮᠠᠭᠠᠯᠠᠯᠲᠠ᠂ ᠲᠤᠰᠬᠠᠢ ᠮᠡᠷᠭᠡᠵᠢᠯ ᠤᠨ ᠪᠡᠶ᠎ᠡ ᠶᠢᠨ ᠲᠠᠮᠢᠷ ᠤᠨ ᠵᠢᠷᠤᠮᠵᠢᠯ ᠬᠢᠭᠡᠳ ᠠᠬᠢᠭᠤᠯᠤᠯ ᠵᠡᠷᠭᠡ ᠲᠠᠯ᠎ᠠ ᠪᠠᠷ ᠤᠷᠤᠯᠳᠤᠭᠠᠨ ᠤ ᠪᠡᠶ᠎ᠡ ᠶᠢᠨ ᠲᠠᠮᠢᠷ ᠤᠨ ᠵᠦᠢᠯ ᠵᠤᠷᠪᠤᠰ ᠢ ᠵᠠᠰᠠᠵᠤ ᠲᠡᠭᠦᠯᠳᠡᠷᠵᠢᠭᠦᠯᠪᠡ᠃     ᠰᠢᠨ᠎ᠡ ᠪᠠᠷ ᠵᠠᠰᠠᠪᠤᠷᠢ ᠣᠷᠣᠭᠤᠯᠤᠭᠰᠠᠨ ᠪᠡᠶ᠎ᠡ ᠶᠢᠨ ᠲᠠᠮᠢᠷ ᠤᠨ ᠬᠠᠤᠯᠢ ᠨᠢ ᠪᠡᠶ᠎ᠡ ᠶᠢᠨ ᠲᠠᠮᠢᠷ ᠤᠨ ᠤᠷᠤᠯᠳᠤᠭᠠᠨ ᠤ ᠠᠵᠢᠯᠯᠠᠭ᠎ᠠ ᠶᠢ ᠲᠠᠰ ᠲᠥᠷᠥᠯ ᠬᠤᠪᠢᠶᠠᠨ ᠬᠠᠮᠢᠶᠠᠷᠬᠤ ᠲᠣᠭᠲᠠᠭᠠᠯ ᠢ ᠳᠥᠭᠦᠮᠴᠢᠯᠡᠵᠦ᠂ ᠳ᠋ᠠᠩ ᠲᠦᠷᠦᠯ ᠤᠨ ᠪᠡᠶ᠎ᠡ ᠶᠢᠨ ᠲᠠᠮᠢᠷ ᠤᠨ ᠨᠡᠶᠢᠭᠡᠮᠯᠢᠭ ᠤᠨ ᠠᠵᠢᠯ ᠲᠥᠷᠥᠯ ᠤᠨ ᠥᠪᠡᠷ ᠢ ᠪᠠᠨ ᠬᠢᠵᠠᠭᠠᠷᠯᠠᠬᠤ ᠴᠢᠨᠠᠷᠲᠠᠢ ᠬᠠᠮᠢᠶᠠᠷᠤᠯᠲᠠ ᠶᠢᠨ ᠡᠷᠬᠡ ᠪᠠᠨ ᠬᠡᠷᠡᠭᠵᠢᠭᠦᠯᠬᠦ ᠳᠤ ᠠᠰᠢᠭᠲᠠᠢ᠃ ᠤᠤᠯ ᠤᠨ ᠪᠡᠶ᠎ᠡ ᠶᠢᠨ ᠲᠠᠮᠢᠷ ᠤᠨ ᠬᠠᠤᠯᠢ ᠶᠢᠨ ᠭᠤᠴᠢᠨ ᠨᠢᠭᠡᠳᠦᠭᠡᠷ ᠵᠦᠢᠯ ᠤᠨ ᠭᠤᠷᠪᠠᠳᠤᠭᠠᠷ ᠪᠠᠳᠠᠭ ᠲᠤ᠄ ᠪᠦᠬᠦ ᠤᠯᠤᠰ ᠤᠨ ᠳ᠋ᠠᠩ ᠲᠦᠷᠦᠯ ᠤᠨ ᠪᠡᠶ᠎ᠡ ᠶᠢᠨ ᠲᠠᠮᠢᠷ ᠤᠨ ᠤᠷᠤᠯᠳᠤᠭᠠᠨ ᠢ ᠲᠤᠰ ᠵᠦᠢᠯ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠪᠦᠬᠦ ᠤᠯᠤᠰ ᠤᠨ ᠴᠢᠨᠠᠷᠲᠠᠢ  ᠨᠡᠶᠢᠭᠡᠮᠯᠢᠭ  ᠠᠴᠠ  ᠬᠠᠷᠢᠭᠤᠴᠠᠨ  ᠬᠠᠮᠢᠶᠠᠷᠤᠨ᠎ᠠ  ᠭᠡᠵᠦ  ᠲᠤᠭᠳᠠᠭᠠᠪᠠ᠃  ᠲᠤᠰ  ᠵᠦᠢᠯ  ᠵᠤᠷᠪᠤᠰ  ᠲᠠᠬᠢ     ︽ᠬᠠᠮᠢᠶᠠᠷᠤᠯᠲᠠ︾ ᠶᠢᠨ ᠠᠭᠤᠯᠭ᠎ᠠ ᠨᠢ ᠡᠯᠪᠡᠭ ᠪᠠᠶᠠᠯᠢᠭ ᠪᠠᠶᠢᠵᠤ᠂ ᠬᠤᠪᠢ ᠬᠥᠮᠥᠨ ᠤ ᠬᠠᠮᠢᠶᠠᠷᠤᠯᠲᠠ ᠪᠠᠶᠢᠵᠤ ᠪᠣᠯᠬᠤ ᠮᠥᠷᠲᠡᠭᠡᠨ ᠪᠠᠰᠠ ᠤᠯᠠᠨ ᠨᠡᠶᠢᠲᠡ ᠶᠢᠨ ᠬᠠᠮᠢᠶᠠᠷᠤᠯᠲᠠ ᠪᠠᠶᠢᠵᠤ ᠪᠣᠯᠣᠨ᠎ᠠ︔ ᠵᠠᠰᠠᠭ ᠵᠠᠬᠢᠷᠭᠠᠨ ᠤ ᠬᠠᠮᠢᠶᠠᠷᠤᠯᠲᠠ ᠭᠡᠵᠦ ᠲᠠᠶᠢᠯᠪᠤᠷᠢᠯᠠᠵᠤ ᠪᠣᠯᠬᠤ ᠮᠥᠷᠲᠡᠭᠡᠨ ᠪᠠᠰᠠ ᠠᠵᠢᠯ ᠲᠥᠷᠥᠯ ᠤᠨ ᠬᠠᠮᠢᠶᠠᠷᠤᠯᠲᠠ ᠭᠡᠵᠦ ᠲᠠᠶᠢᠯᠪᠤᠷᠢᠯᠠᠵᠤ ᠪᠣᠯᠣᠨ᠎ᠠ᠃ ᠤᠬᠠᠭᠳᠠᠬᠤᠨ ᠤ ᠪᠠᠯᠠᠷᠬᠠᠢ ᠴᠢᠨᠠᠷ ᠨᠢ ᠳ᠋ᠠᠩ ᠲᠦᠷᠦᠯ ᠤᠨ ᠪᠡᠶ᠎ᠡ ᠶᠢᠨ ᠲᠠᠮᠢᠷ ᠤᠨ ᠨᠡᠶᠢᠭᠡᠮᠯᠢᠭ ᠤᠨ ᠠᠳᠠᠯᠢ ᠪᠤᠰᠤ ᠰᠢᠨᠵᠢ ᠴᠢᠨᠠᠷ ᠲᠠᠢ ᠬᠠᠮᠢᠶᠠᠷᠤᠯᠲᠠ ᠶᠢᠨ ᠡᠷᠬᠡ ᠪᠠᠨ ᠬᠡᠷᠡᠭᠵᠢᠭᠦᠯᠬᠦ ᠳᠤ ᠥᠷᠭᠡᠨ ᠳᠡᠯᠭᠡᠷᠡᠩᠭᠦᠢ ᠲᠠᠶᠢᠯᠪᠤᠷᠢᠯᠠᠬᠤ ᠣᠷᠣᠨ ᠵᠠᠢ ᠬᠠᠩᠭᠠᠵᠤ᠂ ᠪᠡᠶ᠎ᠡ ᠶᠢᠨ ᠲᠠᠮᠢᠷ ᠤᠨ ᠦᠢᠯᠡᠳᠦᠯᠭᠡ ᠶᠢᠨ ᠳᠤᠮᠳᠠ ᠳ᠋ᠠᠩ ᠲᠦᠷᠦᠯ ᠤᠨ ᠪᠡᠶ᠎ᠡ ᠶᠢᠨ ᠲᠠᠮᠢᠷ ᠤᠨ ᠨᠡᠶᠢᠭᠡᠮᠯᠢᠭ ᠢ ᠤᠯᠤᠰ ᠤᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠡᠷᠬᠡ ᠲᠠᠢ ︽ᠬᠠᠤᠯᠢ ᠴᠠᠭᠠᠵᠠ᠂ ᠬᠠᠤᠯᠢ ᠲᠣᠭᠲᠠᠭᠠᠯ ᠠᠴᠠ ᠡᠷᠬᠡ ᠣᠯᠭᠤᠭᠰᠠᠨ ᠵᠣᠬᠢᠶᠠᠨ ᠪᠠᠶᠢᠭᠤᠯᠤᠯᠲᠠ︾ ᠭᠡᠵᠦ ᠣᠶᠢᠯᠠᠭᠠᠬᠤ ᠳᠤ ᠮᠠᠰᠢ ᠠᠮᠠᠷᠬᠠᠨ ᠪᠠᠶᠢᠳᠠᠭ᠃ ᠡᠨᠡ ᠨᠢ ︽ᠵᠠᠰᠠᠭ ᠪᠠ ᠠᠵᠢᠯ ᠦᠢᠯᠡᠰ ᠢ ᠰᠠᠯᠭᠠᠬᠤ᠂ ᠬᠠᠮᠢᠶᠠᠷᠬᠤ ᠪᠠ ᠡᠷᠬᠢᠯᠡᠬᠦ ᠶᠢ ᠰᠠᠯᠭᠠᠬᠤ︾ ᠵᠠᠷᠴᠢᠮ ᠶᠣᠰᠣᠭᠠᠷ ᠵᠠᠰᠠᠭ ᠤᠨ ᠣᠷᠳᠣᠨ ᠬᠢᠭᠡᠳ ᠨᠡᠶᠢᠭᠡᠮᠯᠢᠭ ᠤᠨ ᠬᠠᠷᠢᠴᠠᠭ᠎ᠠ ᠶᠢ ᠰᠢᠯᠤᠭᠤᠳᠬᠠᠬᠤ ᠳᠤ ᠠᠰᠢᠭ ᠦᠭᠡᠢ ᠶᠤᠮ᠃ ᠰᠢᠨ᠎ᠡ ᠪᠠᠷ ᠵᠠᠰᠠᠪᠤᠷᠢ ᠣᠷᠣᠭᠤᠯᠤᠭᠰᠠᠨ ᠪᠡᠶ᠎ᠡ ᠶᠢᠨ ᠲᠠᠮᠢᠷ ᠤᠨ ᠬᠠᠤᠯᠢ ᠳᠤ ᠲᠣᠰ ᠵᠦᠢᠯ ᠵᠤᠷᠪᠤᠰ ᠢ ᠬᠠᠰᠤᠵᠤ᠂ ᠳ᠋ᠠᠩ ᠲᠦᠷᠦᠯ ᠤᠨ ᠪᠡᠶ᠎ᠡ ᠶᠢᠨ ᠲᠠᠮᠢᠷ ᠤᠨ ᠨᠡᠶᠢᠭᠡᠮᠯᠢᠭ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠤᠤᠯ ᠤᠨ ᠳᠦᠷᠰᠦ ᠪᠠᠶᠢᠳᠠᠯ ᠢ ᠰᠡᠷᠭᠦᠭᠡᠵᠦ᠂ ᠲᠡᠭᠦᠨ ᠤ ᠠᠵᠢᠯ ᠲᠥᠷᠥᠯ ᠤᠨ ᠥᠪᠡᠷ ᠢ ᠪᠠᠨ ᠬᠢᠵᠠᠭᠠᠷᠯᠠᠬᠤ ᠴᠢᠨᠠᠷᠲᠠᠢ ᠬᠠᠮᠢᠶᠠᠷᠤᠯᠲᠠ ᠶᠢᠨ ᠡᠷᠬᠡ ᠶᠢ ᠬᠦᠨᠳᠦᠳᠬᠡᠭᠰᠡᠨ ᠪᠣᠯᠬᠤᠷ ᠪᠡᠶ᠎ᠡ ᠶᠢᠨ ᠲᠠᠮᠢᠷ ᠤᠨ ᠤᠷᠤᠯᠳᠤᠭᠠᠨ ᠤ ᠬᠠᠮᠢᠶᠠᠷᠤᠯᠲᠠ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠬᠠᠤᠯᠢ ᠶᠣᠰᠣᠭᠠᠷ ᠲᠦᠯᠬᠢᠨ ᠠᠬᠢᠭᠤᠯᠬᠤ ᠳᠤ ᠠᠰᠢᠭᠳᠠᠢ᠃     ᠰᠢᠨ᠎ᠡ ᠪᠠᠷ ᠵᠠᠰᠠᠪᠤᠷᠢ ᠣᠷᠣᠭᠤᠯᠤᠭᠰᠠᠨ ᠪᠡᠶ᠎ᠡ ᠶᠢᠨ ᠲᠠᠮᠢᠷ ᠤᠨ ᠬᠠᠤᠯᠢ ᠳᠤ ᠲᠠᠮᠢᠷᠴᠢᠳ ᠤᠨ ᠡᠷᠬᠡ ᠠᠰᠢᠭ ᠢ ᠪᠠᠲᠤᠯᠠᠬᠤ ᠵᠦᠢᠯ ᠵᠤᠷᠪᠤᠰ ᠢ ᠨᠡᠮᠡᠵᠦ᠂ ᠲᠠᠮᠢᠷᠴᠢᠳ ᠤᠨ ᠪᠦᠬᠦ ᠲᠠᠯ᠎ᠠ ᠶᠢᠨ ᠬᠥᠭᠵᠢᠯᠲᠡ ᠶᠢ ᠪᠡᠶᠡᠯᠡᠭᠦᠯᠬᠦ ᠳᠤ ᠠᠰᠢᠭᠲᠠᠢ ᠶᠤᠮ᠃ ᠤᠤᠯ ᠤᠨ ᠪᠡᠶ᠎ᠡ ᠶᠢᠨ ᠲᠠᠮᠢᠷ ᠤᠨ ᠬᠠᠤᠯᠢ ᠶᠢ ᠲᠣᠭᠲᠠᠭᠠᠬᠤ ᠦᠶ᠎ᠡ ᠳᠤ᠂ ᠮᠠᠨ ᠤ ᠤᠯᠤᠰ ᠬᠠᠷᠠᠬᠠᠨ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠢ ᠶᠢᠨ ᠪᠠᠶᠢᠭᠤᠯᠤᠯ ᠢ ᠲᠣᠭᠲᠠᠭᠠᠬᠤ ᠡᠬᠢᠨ ᠤ ᠦᠶ᠎ᠡ ᠳᠤ ᠣᠷᠣᠰᠢᠵᠤ᠂ ︽ᠤᠳᠤᠬᠢᠴᠢᠯᠠᠭᠰᠠᠨ ᠪᠦᠲᠦᠭᠡᠨ ᠪᠠᠶᠢᠭᠤᠯᠤᠯᠲᠠ ᠶᠢᠨ ᠠᠯᠬᠤᠴᠠ ᠶᠢ ᠲᠦᠷᠭᠡᠳᠬᠡᠬᠦ︾ ᠲᠡᠦᠬᠡᠨ ᠠᠵᠠ ᠲᠣᠬᠢᠶᠠᠯ ᠳᠤ ᠲᠤᠯᠭᠠᠷᠠᠵᠤ᠂ ︽ᠦᠷ᠎ᠡ ᠪᠦᠲᠦᠮᠵᠢ ᠶᠢ ᠲᠡᠷᠢᠭᠦᠨ ᠳᠤ ᠲᠠᠯᠪᠢᠵᠤ᠂ ᠭᠤᠣᠯᠴᠢ ᠪᠠᠶᠢᠬᠤ ᠶᠢ ᠬᠠᠮᠲᠤ ᠳᠤᠨᠢ ᠬᠠᠷᠠᠭᠠᠯᠵᠠᠬᠤ︾ ᠶᠢ ᠴᠢᠬᠤᠯᠠᠴᠢᠯᠠᠵᠠᠢ᠃ ᠤᠷᠤᠯᠳᠤᠭᠠᠨ ᠤ ᠪᠡᠶ᠎ᠡ ᠶᠢᠨ ᠲᠠᠮᠢᠷ ᠤᠨ ᠬᠠᠤᠯᠢ ᠲᠣᠭᠲᠠᠭᠠᠯᠲᠠ ᠳᠤ ᠪᠠᠰᠠ ᠲᠠᠮᠢᠷᠴᠢᠳ ᠤᠨ ᠤᠷᠮᠠᠰᠢᠭᠤᠯᠤᠯ ᠢ ᠴᠢᠬᠤᠯᠠᠴᠢᠯᠠᠵᠤ᠂ ᠴᠢᠬᠤᠯᠠ ᠪᠦᠬᠦᠢ ᠡᠷᠬᠡ ᠶᠢᠨ ᠪᠠᠲᠤᠯᠠᠭ᠎ᠠ ᠶᠢ ᠣᠮᠲᠣᠭᠠᠶᠢᠯᠠᠭᠰᠠᠨ ᠢᠶᠠᠷ ᠢᠯᠡᠷᠡᠵᠦ ᠪᠠᠶᠢᠨ᠎ᠠ᠃ ᠬᠡᠳᠦᠨ ᠠᠷᠪᠠᠨ ᠵᠢᠯ ᠤᠨ ᠬᠥᠭᠵᠢᠯᠲᠡ ᠪᠠᠷ ᠳᠠᠮᠵᠢᠭᠠᠳ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠰᠢᠨ᠎ᠡ ᠴᠠᠭ ᠦᠶ᠎ᠡ ᠳᠤ ᠣᠷᠣᠵᠤ᠂ ᠬᠥᠮᠥᠨ ᠤ ᠪᠦᠬᠦ ᠲᠠᠯ᠎ᠠ ᠶᠢᠨ ᠬᠥᠭᠵᠢᠯᠲᠡ ᠡᠷᠬᠢᠮ ᠨᠠᠨᠳᠢᠨ ᠪᠠᠶᠢᠬᠤ ᠶᠢ ᠢᠯᠡᠷᠡᠭᠦᠯᠵᠦ᠂ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠬᠢᠷᠢ ᠪᠦᠲᠦᠮᠵᠢ ᠶᠢ ᠣᠯᠬᠤ ᠳᠤ ᠲᠠᠮᠢᠷᠴᠢᠳ ᠤᠨ ᠰᠣᠶᠣᠯ ᠰᠤᠷᠭᠠᠨ ᠬᠥᠮᠦᠵᠢᠯ ᠤᠨ ᠡᠷᠬᠡ᠂ ᠠᠵᠢᠯ ᠣᠯᠭᠤᠯᠲᠠ ᠶᠢᠨ ᠡᠷᠬᠡ ᠵᠡᠷᠭᠡ ᠭᠤᠣᠯᠯᠠᠭᠴᠢ ᠡᠷᠬᠡ ᠶᠢ ᠦᠷᠡᠭᠳᠡᠭᠦᠯᠬᠦ ᠪᠠᠷ ᠦᠨ᠎ᠡ ᠲᠥᠯᠥᠪᠦᠷᠢ ᠪᠣᠯᠭᠠᠵᠤ ᠪᠣᠯᠬᠤ ᠦᠭᠡᠢ᠂ ᠡᠨᠡ ᠨᠢ ᠨᠢᠭᠡᠨᠲᠡ ᠨᠡᠶᠢᠳᠡᠮ ᠤᠨ ᠬᠠᠮᠲᠤ ᠶᠢᠨ ᠲᠠᠨᠢᠯᠲᠠ ᠪᠣᠯᠵᠠᠢ᠃ ᠰᠢᠨ᠎ᠡ ᠪᠠᠷ ᠵᠠᠰᠠᠪᠤᠷᠢ ᠣᠷᠣᠭᠤᠯᠤᠭᠰᠠᠨ ᠪᠡᠶ᠎ᠡ ᠶᠢᠨ ᠲᠠᠮᠢᠷ ᠤᠨ ᠬᠠᠤᠯᠢ ᠳᠤ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ  ᠶᠢ ᠪᠠᠷᠢᠮᠲᠠᠯᠠᠵᠤ᠂ ᠤᠤᠯ ᠤᠨ ᠵᠦᠢᠯ ᠵᠤᠷᠪᠤᠰ ᠤᠨ ︽ᠤᠯᠤᠰ ᠠᠴᠠ ᠰᠢᠯᠢᠳᠡᠭ ᠲᠠᠮᠢᠷᠴᠢᠳ ᠲᠤ ᠠᠵᠢᠯ  ᠤᠯᠭᠤᠬᠤ ᠪᠤᠶᠤ ᠰᠤᠷᠭᠠᠭᠤᠯᠢ ᠳᠡᠪᠰᠢᠬᠦ ᠲᠠᠯ᠎ᠠ ᠪᠠᠷ ᠬᠠᠷᠠᠭᠠᠯᠵᠠᠯ ᠦᠵᠡᠭᠦᠯᠦᠨ᠎ᠡ︾ ᠭᠡᠰᠡᠨ ᠰᠠᠭᠤᠷᠢᠨ ᠳᠡᠭᠡᠷ᠎ᠡ᠂ ᠬᠡᠷᠡᠭᠵᠢᠭᠦᠯᠵᠦ ᠪᠣᠯᠬᠤᠶᠢᠴᠠ ᠠᠷᠭ᠎ᠠ ᠬᠡᠮᠵᠢᠶ᠎ᠡ ᠶᠢ ᠲᠣᠭᠲᠠᠭᠠᠵᠤ᠂ ︽ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠤᠭᠤᠳ ᠠᠵᠢᠯ ᠠᠴᠠ ᠪᠠᠨ ᠬᠠᠯᠠᠭᠳᠠᠭᠰᠠᠨ ᠲᠠᠮᠢᠷᠴᠢᠳ ᠤᠨ ᠲᠤᠬᠠᠶᠢᠯᠠᠭᠰᠠᠨ ᠠᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠪᠠ ᠨᠡᠶᠢᠭᠡᠮ ᠤᠨ ᠪᠠᠲᠤᠯᠠᠭ᠎ᠠ ᠶᠢ ᠴᠢᠩᠭᠠᠳᠬᠠᠵᠤ᠂ ᠠᠵᠢᠯ ᠠᠴᠠ ᠪᠠᠨ ᠬᠠᠯᠠᠭᠳᠠᠭᠰᠠᠨ ᠲᠠᠮᠢᠷᠴᠢᠳ ᠤᠨ ᠠᠵᠢᠯ ᠣᠯᠬᠤ᠂ ᠠᠳᠠᠯ ᠦᠢᠯᠡᠰ ᠴᠣᠭᠴᠠᠯᠠᠬᠤ ᠳᠤ ᠵᠢᠯᠣᠭᠤᠳᠤᠯᠭ᠎ᠠ ᠪᠠ ᠦᠢᠯᠡᠴᠢᠯᠡᠭᠡ ᠬᠠᠩᠭᠠᠨ᠎ᠠ︾ ᠭᠡᠵᠦ ᠴᠢᠬᠤᠯᠠᠴᠢᠯᠠᠪᠠ᠃ ᠡᠭᠦᠨ ᠤ ᠬᠠᠮᠲᠤ᠂ ᠰᠤᠷᠤᠯᠭ᠎ᠠ ᠪᠣᠯᠪᠠᠰᠤᠷᠠᠯ ᠤᠨ ᠵᠥᠷᠢᠴᠡᠯ ᠵᠡᠷᠭᠡ ᠲᠠᠮᠢᠷᠴᠢᠳ ᠤᠨ ᠪᠥᠬᠦ ᠲᠠᠯ᠎ᠠ ᠶᠢᠨ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠪᠣᠳᠠᠲᠠᠢ ᠠᠰᠠᠭᠤᠳᠠᠯ ᠢ ᠰᠢᠢᠳᠪᠦᠷᠢᠯᠡᠬᠦ ᠶᠢᠨ ᠲᠥᠯᠥᠭᠡ᠂ ᠤᠯᠤᠰ ᠠᠴᠠ ᠲᠠᠮᠢᠷᠴᠢᠳ ᠤᠨ ᠰᠣᠶᠣᠯ ᠰᠤᠷᠭᠠᠨ ᠬᠥᠮᠦᠵᠢᠯ ᠭᠥᠷᠳᠡᠬᠦ ᠡᠷᠬᠡ ᠶᠢ ᠬᠠᠤᠯᠢ ᠶᠣᠰᠣᠭᠠᠷ ᠪᠠᠲᠤᠯᠠᠬᠤ ᠵᠡᠷᠭᠡ ᠠᠭᠤᠯᠭ᠎ᠠ ᠶᠢ ᠲᠣᠭᠲᠠᠭᠠᠵᠠᠢ᠃     ᠰᠢᠨ᠎ᠡ ᠪᠠᠷ ᠵᠠᠰᠠᠪᠤᠷᠢ ᠣᠷᠣᠭᠤᠯᠤᠭᠰᠠᠨ ᠪᠡᠶ᠎ᠡ ᠶᠢᠨ ᠲᠠᠮᠢᠷ ᠤᠨ ᠬᠠᠤᠯᠢ ᠳᠤ ᠠᠵᠢᠯ ᠮᠡᠷᠭᠡᠵᠢᠯ ᠤᠨ ᠪᠡᠶ᠎ᠡ ᠶᠢᠨ ᠲᠠᠮᠢᠷ ᠤᠨ ᠲᠤᠬᠠᠢ ᠵᠦᠢᠯ ᠵᠤᠷᠪᠤᠰ ᠢ ᠨᠡᠮᠡᠵᠦ ᠣᠷᠣᠭᠤᠯᠤᠭᠰᠠᠨ ᠨᠢ ᠠᠵᠢᠯ ᠮᠡᠷᠭᠡᠵᠢᠯ ᠤᠨ ᠪᠡᠶ᠎ᠡ ᠶᠢᠨ ᠲᠠᠮᠢᠷ ᠤᠨ ᠡᠷᠡᠭᠦᠯ ᠢᠶᠠᠷ ᠦᠷᠭᠦᠯᠵᠢᠯᠡᠨ ᠬᠦᠭᠵᠢᠭᠦ ᠳᠤ ᠠᠰᠢᠭᠳᠠᠢ᠃ ᠠᠵᠢᠯ ᠮᠡᠷᠭᠡᠵᠢᠯ ᠤᠨ ᠪᠡᠶ᠎ᠡ ᠶᠢᠨ ᠲᠠᠮᠢᠷ ᠪᠣᠯ ᠲᠠᠸᠠᠷ ᠤᠨ ᠠᠵᠤ ᠠᠬᠤᠢ ᠶᠢᠨ ᠨᠥᠬᠦᠴᠡᠯ ᠳᠣᠣᠷᠠᠬᠢ ᠤᠷᠤᠯᠳᠤᠭᠠᠨ ᠤ ᠪᠡᠶ᠎ᠡ ᠲᠠᠮᠢᠷ ᠤᠨ ᠲᠤᠰ ᠪᠡᠶ᠎ᠡ ᠶᠢᠨ ᠤᠯᠠᠷᠢᠯ ᠬᠤᠪᠢᠰᠤᠯ ᠤᠨ ᠪᠦᠲᠦᠭᠡᠭᠳᠡᠬᠦᠨ ᠪᠣᠯᠣᠨ᠎ᠠ᠃ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠢ ᠶᠢᠨ ᠨᠥᠬᠦᠴᠡᠯ ᠳᠣᠣᠷ᠎ᠠ᠂ ᠠᠵᠢᠯ ᠮᠡᠷᠭᠡᠵᠢᠯ ᠤᠨ ᠪᠡᠶ᠎ᠡ ᠶᠢᠨ ᠲᠠᠮᠢᠷ ᠨᠢ ᠤᠷᠤᠯᠳᠤᠭᠠᠨ ᠤ ᠪᠡᠶ᠎ᠡ ᠶᠢᠨ ᠲᠠᠮᠢᠷ ᠤᠨ ᠬᠢᠷᠢ ᠲᠦᠪᠰᠢᠨ ᠢ ᠳᠡᠭᠡᠭᠰᠢᠯᠡᠭᠦᠯᠬᠦ ᠴᠢᠳᠠᠮᠵᠢ ᠪᠠ ᠡᠭᠦᠷᠭᠡ ᠲᠠᠢ ᠮᠥᠷᠲᠡᠭᠡᠨ ᠪᠠᠰᠠ ᠵᠠᠬ᠎ᠠ ᠳᠡᠯᠭᠡᠭᠦᠷ ᠤᠨ ᠵᠢᠮ᠎ᠡ ᠶᠣᠰᠣ ᠶᠢ ᠵᠢᠷᠤᠮᠯᠠᠨ᠂ ᠪᠡᠶ᠎ᠡ ᠶᠢᠨ ᠲᠠᠮᠢᠷ ᠤᠨ ᠠᠵᠤ ᠦᠢᠯᠡᠰ ᠢ ᠬᠥᠭᠵᠢᠭᠦᠯᠬᠦ ᠳᠣᠲᠣᠭᠠᠳᠤ ᠬᠥᠳᠡᠯᠭᠡᠭᠦ ᠬᠦᠴᠦᠨ ᠲᠠᠢ ᠪᠠᠶᠢᠳᠠᠭ᠃ ᠤᠷᠤᠯᠳᠤᠭᠠᠨ ᠤ ᠪᠡᠶ᠎ᠡ ᠶᠢᠨ ᠲᠠᠮᠢᠷ ᠤᠨ ᠪᠦᠯᠦᠭ ᠲᠤ ᠠᠩᠬ᠎ᠠ ᠤᠳᠠᠭ᠎ᠠ ︽ᠤᠯᠤᠰ ᠠᠴᠠ ᠠᠵᠢᠯ ᠮᠡᠷᠭᠡᠵᠢᠯ ᠤᠨ ᠪᠡᠶ᠎ᠡ ᠶᠢᠨ ᠲᠠᠮᠢᠷ ᠤᠨ ᠵᠠᠬ᠎ᠠ ᠳᠡᠯᠭᠡᠭᠦᠷᠴᠢᠯᠡᠬᠦ᠂ ᠠᠵᠢᠯ ᠮᠡᠷᠭᠡᠵᠢᠭᠦᠯᠬᠦ ᠬᠥᠭᠵᠢᠯᠲᠡ ᠶᠢ ᠠᠬᠢᠭᠤᠯᠤᠨ ᠵᠢᠷᠤᠮᠵᠢᠭᠤᠯᠵᠤ᠂ ᠠᠵᠢᠯ ᠮᠡᠷᠭᠡᠵᠢᠯ ᠤᠨ ᠪᠡᠶ᠎ᠡ ᠶᠢᠨ ᠲᠠᠮᠢᠷ ᠤᠨ ᠤᠷᠤᠯᠳᠤᠭᠠᠨ ᠤ ᠴᠢᠳᠠᠪᠤᠷᠢ ᠪᠣᠯᠣᠨ ᠤᠷᠤᠯᠳᠤᠭᠠᠨ ᠤ ᠬᠢᠷᠢ ᠲᠦᠪᠰᠢᠨ  ᠢ ᠳᠡᠭᠡᠭᠰᠢᠯᠡᠭᠦᠯᠦᠨ᠎ᠡ︾ ᠭᠡᠵᠦ ᠲᠣᠭᠲᠠᠭᠠᠵᠤ᠂ ᠠᠵᠢᠯ ᠮᠡᠷᠭᠡᠵᠢᠯ ᠤᠨ ᠪᠡᠶ᠎ᠡ ᠶᠢᠨ ᠲᠠᠮᠢᠷ ᠤᠨ ᠤᠷᠤᠯᠳᠤᠭᠠᠨ ᠤ ᠰᠢᠨᠵᠢ ᠶᠢ ᠴᠢᠬᠤᠯᠠᠴᠢᠯᠡᠪᠡ᠃ ᠲᠣᠰ ᠠᠭᠤᠯᠭ᠎ᠠ ᠨᠢ ᠰᠢᠨ᠎ᠡ ᠪᠠᠷ ᠵᠠᠰᠠᠪᠤᠷᠢ ᠣᠷᠣᠭᠤᠯᠤᠭᠰᠠᠨ ᠪᠡᠶ᠎ᠡ ᠶᠢᠨ ᠲᠠᠮᠢᠷ ᠤᠨ ᠬᠠᠤᠯᠢ ᠶᠢᠨ ᠪᠡᠶ᠎ᠡ ᠶᠢᠨ ᠲᠠᠮᠢᠷ ᠤᠨ ᠠᠵᠤ ᠦᠢᠯᠡᠰ ᠤᠨ ᠪᠦᠯᠦᠭ ᠲᠠᠬᠢ ᠠᠵᠢᠯ ᠮᠡᠷᠭᠡᠵᠢᠯ ᠤᠨ ᠪᠡᠶ᠎ᠡ ᠶᠢᠨ ᠲᠠᠮᠢᠷ ᠤᠨ ᠠᠵᠤ ᠠᠬᠤᠢ ᠶᠢᠨ ᠰᠢᠨᠵᠢ ᠴᠢᠨᠠᠷ ᠢ ᠬᠠᠷᠠᠭᠤᠯᠤᠭᠰᠠᠨ ᠵᠦᠢᠯ ᠵᠤᠷᠪᠤᠰ ᠲᠠᠢ ᠬᠠᠷᠢᠯᠴᠠᠨ ᠠᠪᠴᠠᠯᠳᠤᠵᠤ᠂ ᠬᠠᠮᠲᠤ ᠪᠠᠷ ᠮᠠᠨ ᠤ ᠤᠯᠤᠰ ᠤᠨ ᠠᠵᠢᠯ ᠮᠡᠷᠭᠡᠵᠢᠯ ᠤᠨ ᠪᠡᠶ᠎ᠡ ᠶᠢᠨ ᠲᠠᠮᠢᠷ ᠤᠨ ᠬᠠᠤᠯᠢ ᠴᠠᠭᠠᠵᠠ ᠶᠢᠨ ᠳᠦᠷᠢᠮ ᠤᠨ ᠳᠡᠭᠡᠳᠦ ᠳᠠᠪᠬᠤᠷᠭ᠎ᠠ ᠶᠢᠨ ᠵᠢᠷᠤᠭ ᠲᠥᠯᠥᠪᠯᠡᠭᠡ ᠶᠢ ᠪᠦᠷᠢᠯᠳᠦᠭᠦᠯᠵᠦ᠂ ᠡᠯ᠎ᠡ ᠲᠥᠷᠥᠯ ᠤᠨ ᠠᠵᠢᠯ ᠮᠡᠷᠭᠡᠵᠢᠯ ᠤᠨ ᠪᠡᠶ᠎ᠡ ᠶᠢᠨ ᠲᠠᠮᠢᠷ ᠤᠨ ᠨᠡᠶᠢᠭᠡᠮ ᠤᠨ ᠬᠠᠷᠢᠴᠠᠭ᠎ᠠ ᠶᠢ ᠪᠥᠬᠦ ᠲᠠᠯ᠎ᠠ ᠪᠠᠷ ᠲᠣᠬᠢᠷᠠᠭᠤᠯᠬᠤ ᠢᠵᠢ ᠪᠦᠷᠢᠳᠦᠭᠰᠡᠨ ᠬᠠᠤᠯᠢ ᠲᠣᠭᠲᠠᠭᠠᠯᠲᠠ ᠶᠢ ᠴᠠᠭ ᠲᠤᠨᠢ ᠲᠣᠬᠢᠷᠠᠭᠤᠯᠤᠨ ᠲᠣᠭᠲᠠᠭᠠᠬᠤ ᠳᠤ ᠳᠡᠭᠡᠳᠦ ᠪᠠᠶᠢᠷᠢ ᠶᠢᠨ ᠬᠠᠤᠯᠢ ᠶᠢᠨ ᠳᠡᠮᠵᠢᠯᠭᠡ ᠬᠠᠩᠭᠠᠪᠠ᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18004690号