ᠦᠰᠦᠭ ᠪᠢᠴᠢᠭ ᠤᠨ ᠲᠠᠶᠢᠯᠦᠮᠵᠢ᠄ ᠪᠡᠶ᠎ᠡ ᠶᠢᠨ ᠲᠠᠮᠢᠷ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠬᠠᠤᠯᠢ ᠪᠠᠷ ᠵᠠᠰᠠᠬᠤ ᠰᠠᠭᠤᠷᠢ ᠶᠢ ᠪᠠᠳᠤᠳᠬᠠᠨ᠎ᠠ
ᠨᠡᠶᠢᠲᠡᠯᠡᠭᠰᠡᠨ ᠴᠠᠭ᠄
2022/7/20
    ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠮᠠᠨ ᠤ ᠤᠯᠤᠰ ᠤᠨ ᠪᠡᠶ᠎ᠡ ᠶᠢᠨ ᠲᠠᠮᠢᠷ ᠤᠨ ᠦᠢᠯᠡᠰ ᠦᠳᠲᠡᠷ ᠲᠦᠷᠭᠡᠨ ᠬᠥᠭᠵᠢᠵᠦ᠂ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ᠂ ᠤᠷᠤᠯᠳᠤᠭᠠᠨ ᠤ ᠪᠡᠶ᠎ᠡ ᠶᠢᠨ ᠲᠠᠮᠢᠷ᠂ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ᠂ ᠪᠡᠶ᠎ᠡ ᠶᠢᠨ ᠲᠠᠮᠢᠷ ᠤᠨ ᠠᠵᠤ ᠦᠢᠯᠡᠰ᠂ ᠪᠡᠶ᠎ᠡ ᠶᠢᠨ ᠲᠠᠮᠢᠷ ᠤᠨ ᠰᠣᠶᠣᠯ ᠪᠠ ᠪᠡᠶ᠎ᠡ ᠶᠢᠨ ᠲᠠᠮᠢᠷ ᠤᠨ ᠭᠠᠳᠠᠭᠠᠳᠤ ᠬᠠᠷᠢᠯᠴᠠᠭ᠎ᠠ ᠵᠡᠷᠭᠡ ᠡᠯ᠎ᠡ ᠬᠦᠷᠢᠶᠡᠨ ᠳᠤ ᠴᠥᠮ ᠲᠦᠷᠭᠡᠨ ᠬᠥᠭᠵᠢᠯᠲᠡ ᠲᠠᠢ ᠪᠣᠯᠪᠠ᠃ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠭᠤᠴᠢᠨ ᠲᠠᠪᠤᠳᠤᠭᠠᠷ ᠬᠤᠷᠠᠯ ᠠᠴᠠ ᠰᠢᠨ᠎ᠡ ᠪᠠᠷ ᠵᠠᠰᠠᠪᠤᠷᠢ ᠣᠷᠣᠭᠤᠯᠤᠭᠰᠠᠨ︽ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠪᠡᠶ᠎ᠡ ᠶᠢᠨ ᠲᠠᠮᠢᠷ ᠤᠨ ᠬᠠᠤᠯᠢ︾ ᠶᠢ ᠪᠠᠲᠤᠯᠠᠭᠰᠠᠨ ᠨᠢ ᠮᠠᠨ ᠤ ᠤᠯᠤᠰ ᠤᠨ ᠪᠡᠶ᠎ᠡ ᠶᠢᠨ ᠲᠠᠮᠢᠷ ᠤᠨ ᠬᠠᠤᠯᠢᠵᠢᠯ ᠤᠨ ᠲᠠᠰᠤᠷᠠᠯ ᠦᠭᠡᠢ ᠲᠡᠭᠦᠯᠳᠡᠷᠵᠢᠵᠦ ᠪᠠᠶᠢᠭ᠎ᠠ ᠶᠢ ᠬᠠᠷᠠᠭᠤᠯᠵᠦ ᠪᠤᠢ᠃     ᠪᠡᠶ᠎ᠡ ᠶᠢᠨ ᠲᠠᠮᠢᠷ ᠤᠨ ᠬᠠᠤᠯᠢ ᠳᠤ ᠵᠠᠰᠠᠪᠤᠷᠢ ᠣᠷᠣᠭᠤᠯᠤᠭᠰᠠᠨ ᠨᠢ ᠮᠠᠨ ᠤ ᠨᠠᠮ ᠪᠠ ᠤᠯᠤᠰ ᠠᠴᠠ ᠪᠡᠶ᠎ᠡ ᠶᠢᠨ ᠲᠠᠮᠢᠷ ᠤᠨ ᠦᠢᠯᠡᠰ ᠪᠠ ᠪᠦᠬᠦ ᠠᠷᠠᠳ ᠤᠨ ᠡᠷᠡᠭᠦᠯ ᠮᠡᠨᠳᠦ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠬᠤ ᠶᠢ ᠬᠠᠷᠠᠭᠤᠯᠵᠤ ᠪᠠᠶᠢᠨ᠎ᠠ᠃ ᠰᠢᠨ᠎ᠡ ᠪᠠᠷ ᠵᠠᠰᠠᠪᠤᠷᠢ ᠣᠷᠣᠭᠤᠯᠤᠭᠰᠠᠨ ᠪᠡᠶ᠎ᠡ ᠶᠢᠨ ᠲᠠᠮᠢᠷ ᠤᠨ ᠬᠠᠤᠯᠢ ᠥᠩᠭᠡᠷᠡᠭᠰᠡᠨ ᠢᠶᠠᠨ ᠦᠷᠭᠦᠯᠵᠢᠯᠡᠭᠦᠯᠵᠦ᠂ ᠣᠳᠣᠬᠠᠨ ᠤ ᠪᠠᠶᠢᠳᠠᠯ ᠳᠠᠭᠠᠨ ᠰᠠᠭᠤᠷᠢᠯᠠᠨ᠂ ᠠᠯᠤᠰ ᠢᠷᠡᠭᠡᠳᠦᠢ ᠶᠢ ᠪᠣᠳᠣᠯᠬᠢᠯᠠᠵᠤ᠂ ᠣᠯᠠᠨ ᠵᠢᠯ ᠤᠨ ᠲᠤᠷᠰᠢᠬᠢ ᠢᠯᠠᠩᠭᠤᠶ᠎ᠠ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢᠬᠢ ᠮᠠᠨ ᠤ ᠤᠯᠤᠰ ᠤᠨ ᠪᠡᠶ᠎ᠡ ᠶᠢᠨ ᠲᠠᠮᠢᠷ ᠤᠨ ᠬᠦᠷᠢᠶᠡᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠦᠭᠰᠡᠨ ᠠᠮᠵᠢᠯᠲᠠ  ᠲᠠᠢ ᠲᠤᠷᠰᠢᠯᠭ᠎ᠠ ᠶᠢᠨ ᠳ᠋ᠦᠩᠨᠡᠯᠲᠡ ᠪᠣᠯᠬᠤ  ᠪᠠᠷ ᠪᠠᠷᠠᠬᠤ ᠦᠭᠡᠢ᠂ ᠮᠥᠨ ᠴᠦ ᠣᠳᠣᠬᠠᠨ ᠤ ᠪᠡᠶ᠎ᠡ ᠶᠢᠨ ᠲᠠᠮᠢᠷ ᠤᠨ ᠦᠢᠯᠡᠰ ᠤᠨ ᠬᠥᠭᠵᠢᠯᠲᠡ ᠶᠢᠨ ᠳᠤᠮᠳᠠᠬᠢ ᠲᠣᠪᠣᠶᠢᠮ᠎ᠠ ᠠᠰᠠᠭᠤᠳᠠᠯ ᠤᠨ ᠬᠠᠷᠢᠭᠤ ᠲᠤᠰᠬᠠᠯ ᠮᠥᠨ᠂ ᠡᠨᠡ ᠨᠢ ᠪᠡᠶ᠎ᠡ ᠶᠢᠨ ᠲᠠᠮᠢᠷ ᠤᠨ ᠬᠦᠴᠦᠷᠬᠡᠭ ᠤᠯᠤᠰ ᠢ ᠲᠦᠷᠭᠡᠪᠴᠢᠯᠡᠨ ᠪᠦᠲᠦᠭᠡᠨ ᠪᠠᠶᠢᠭᠤᠯᠬᠤ ᠱᠠᠭᠠᠷᠳᠠᠯᠭ᠎ᠠ ᠶᠢ ᠭᠦᠢᠴᠡᠳ ᠬᠠᠷᠠᠭᠤᠯᠵᠤ᠂ ᠰᠢᠨ᠎ᠡ ᠴᠠᠭ ᠦᠶ᠎ᠡ ᠶᠢᠨ ᠪᠡᠶ᠎ᠡ ᠶᠢᠨ ᠲᠠᠮᠢᠷ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠲᠦᠯᠬᠢᠨ ᠠᠬᠢᠭᠤᠯᠬᠤ᠂ ᠠᠷᠠᠳ ᠣᠯᠠᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠬᠠᠩᠭᠠᠬᠤ ᠳᠤ ᠪᠠᠲᠤ ᠴᠢᠩᠭ᠎ᠠ ᠬᠠᠤᠯᠢ ᠪᠠᠷ ᠵᠠᠰᠠᠬᠤ ᠪᠠᠲᠤᠯᠠᠭ᠎ᠠ ᠬᠠᠩᠭᠠᠭᠰᠠᠨ ᠪᠠᠶᠢᠨ᠎ᠠ᠃     ᠲᠣᠰ ᠤᠳᠠᠭᠠᠨ ᠤ ᠪᠡᠶ᠎ᠡ ᠶᠢᠨ ᠲᠠᠮᠢᠷ ᠤᠨ ᠬᠠᠤᠯᠢ ᠳᠤ ᠵᠠᠰᠠᠪᠤᠷᠢ ᠣᠷᠣᠭᠤᠯᠤᠭᠰᠠᠨ ᠬᠡᠮᠵᠢᠶ᠎ᠡ ᠨᠢ ᠶᠡᠭᠡ᠂ ᠬᠤᠯᠪᠣᠭᠳᠠᠬᠤ ᠠᠭᠤᠯᠭ᠎ᠠ ᠨᠢ ᠣᠯᠠᠨ᠂ ᠨᠥᠯᠥᠭᠡᠯᠡᠬᠦ ᠬᠡᠪᠴᠢᠶ᠎ᠡ ᠨᠢ ᠥᠷᠭᠡᠨ ᠪᠠᠶᠢᠵᠤ᠂ ᠮᠠᠰᠢ ᠣᠯᠠᠨ ᠬᠢᠯᠠᠰ ᠴᠡᠭ ᠢᠯᠡᠷᠡᠭᠰᠡᠨ ᠪᠠᠶᠢᠨ᠎ᠠ᠃ ᠰᠢᠨ᠎ᠡ ᠪᠠᠷ ᠵᠠᠰᠠᠪᠤᠷᠢ ᠣᠷᠣᠭᠤᠯᠤᠭᠰᠠᠨ ᠪᠡᠶ᠎ᠡ ᠶᠢᠨ ᠲᠠᠮᠢᠷ ᠤᠨ ᠬᠠᠤᠯᠢ ᠶᠢᠨ ︽ᠶᠡᠷᠦᠩᠬᠡᠢ ᠳᠦᠷᠢᠮ︾ ᠳᠤ ︽ᠳᠤᠮᠳᠠᠳᠤ ᠶᠢᠨ ᠪᠡᠶ᠎ᠡ ᠶᠢᠨ ᠲᠠᠮᠢᠷ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠳᠤᠮᠳᠠᠳᠤ ᠶᠢᠨ ᠪᠡᠶ᠎ᠡ ᠶᠢᠨ ᠲᠠᠮᠢᠷ ᠤᠨ ᠰᠣᠶᠣᠯ ᠢ  ᠪᠤᠢ ᠪᠤᠯᠭᠠᠨ᠎ᠠ︾ ᠭᠡᠵᠦ ᠲᠤᠭ ᠲᠡᠮᠳᠡᠭ ᠲᠣᠳᠣᠷᠬᠠᠢ ᠪᠠᠷ ᠳᠤᠷᠠᠳᠤᠨ ᠭᠠᠷᠭᠠᠵᠤ᠂ ᠪᠡᠶ᠎ᠡ ᠶᠢᠨ ᠲᠠᠮᠢᠷ ᠤᠨ ᠬᠥᠳᠡᠯᠭᠡᠭᠡᠨ ᠢᠶᠠᠷ ᠳᠠᠮᠵᠢᠭᠤᠯᠤᠨ ᠤᠯᠠᠨ ᠲᠦᠮᠡᠨ ᠤ ᠲᠡᠮᠡᠴᠡᠯ ᠤᠨ ᠬᠠᠯᠠᠭᠤᠨ ᠰᠡᠳᠬᠢᠯᠭᠡ ᠪᠠ ᠤᠶᠤᠨ ᠰᠠᠨᠠᠭᠠᠨ ᠤ ᠬᠦᠴᠦᠨ ᠴᠢᠳᠠᠯ ᠢ ᠬᠥᠭᠵᠢᠭᠡᠬᠦ ᠶᠢ ᠴᠢᠬᠤᠯᠠᠴᠢᠯᠠᠪᠠ︔ ᠤᠤᠯ ᠤᠨ ᠬᠤᠶᠠᠳᠤᠭᠠᠷ ᠪᠦᠯᠦᠭ ᠤᠨ ︽ᠨᠡᠶᠢᠭᠡᠮ ᠤᠨ ᠪᠡᠶ᠎ᠡ ᠶᠢᠨ ᠲᠠᠮᠢᠷ︾ ᠤᠨ ᠪᠦᠯᠦᠭ ᠤᠨ ᠭᠠᠷᠴᠠᠭ ᠢ ︽ᠪᠥᠬᠦ ᠠᠷᠠᠳ ᠤᠨ ᠪᠡᠶ᠎ᠡ ᠴᠢᠬᠢᠷᠠᠭᠵᠢᠭᠤᠯᠬᠤ︾ ᠭᠡᠵᠦ ᠵᠠᠰᠠᠵᠤ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠤᠯᠲᠠ ᠶᠢᠨ ᠪᠡᠶ᠎ᠡ ᠶᠢᠨ ᠲᠠᠮᠢᠷ ᠤᠨ ᠦᠢᠯᠡᠰ ᠤᠨ ᠬᠥᠭᠵᠢᠯᠲᠡ ᠳᠠᠬᠢ ᠰᠠᠭᠤᠷᠢ ᠦᠢᠯᠡᠳᠦᠯ ᠢ ᠨᠠᠩ ᠲᠣᠪᠤᠶᠢᠯᠭᠠᠨ᠂ ᠪᠥᠬᠦ ᠠᠷᠠᠳ ᠤᠨ ᠪᠡᠶ᠎ᠡ ᠴᠢᠬᠢᠷᠠᠭᠵᠢᠭᠤᠯᠬᠤ ᠪᠠ ᠪᠥᠬᠦ ᠠᠷᠠᠳ ᠤᠨ ᠡᠷᠡᠭᠦᠯ ᠮᠡᠨᠳᠦ ᠶᠢ ᠨᠢᠭᠲᠠ ᠤᠶᠠᠯᠳᠤᠭᠤᠯᠪᠠ︔ ᠤᠤᠯ ᠤᠨ ᠭᠤᠷᠪᠠᠳᠤᠭᠠᠷ ᠪᠦᠯᠦᠭ ᠤᠨ ︽ᠰᠤᠷᠭᠠᠭᠤᠯᠢ ᠶᠢᠨ ᠪᠡᠶ᠎ᠡ ᠶᠢᠨ ᠲᠠᠮᠢᠷ︾ ᠭᠡᠬᠦ ᠪᠦᠯᠦᠭ ᠤᠨ ᠭᠠᠷᠴᠠᠭ ᠢ ︽ᠵᠠᠯᠠᠭᠤᠴᠤᠳ ᠪᠠᠭᠠᠴᠤᠳ ᠪᠣᠯᠣᠨ ᠰᠤᠷᠭᠠᠭᠤᠯᠢ ᠶᠢᠨ ᠪᠡᠶ᠎ᠡ ᠶᠢᠨ ᠲᠠᠮᠢᠷ︾ ᠭᠡᠵᠦ ᠵᠠᠰᠠᠵᠤ᠂ ᠵᠠᠯᠠᠭᠤᠴᠤᠳ ᠪᠠᠭᠠᠴᠤᠳ ᠪᠣᠯᠣᠨ ᠰᠤᠷᠭᠠᠭᠤᠯᠢ ᠶᠢᠨ ᠪᠡᠶ᠎ᠡ ᠶᠢᠨ ᠲᠠᠮᠢᠷ ᠢ ᠡᠩ ᠲᠡᠷᠢᠭᠦᠨ ᠳᠤ ᠬᠥᠭᠵᠢᠭᠦᠯᠬᠦ ᠪᠠᠶᠢᠯᠳᠤᠬᠤ ᠪᠣᠳᠣᠯᠭ᠎ᠠ ᠶᠢᠨ ᠪᠠᠶᠢᠷᠢᠨ ᠳᠤ ᠲᠠᠯᠪᠢᠪᠠ︔ ᠡᠭᠦᠨ ᠤ ᠬᠠᠮᠲᠤ ᠤᠤᠯ ᠤᠨ 8 ᠪᠦᠯᠦᠭ 54 ᠵᠦᠢᠯ ᠪᠠᠶᠢᠭᠰᠠᠨ ᠠᠴᠠ ᠪᠠᠨ 12 ᠪᠦᠯᠦᠭ 122 ᠵᠦᠢᠯ ᠪᠣᠯᠣᠨ ᠨᠡᠮᠡᠭᠳᠡᠵᠦ᠂ ︽ᠬᠥᠭᠡᠷᠦᠭᠦᠯᠬᠦ ᠡᠮ ᠢ ᠡᠰᠡᠷᠭᠦᠴᠡᠬᠦ︾᠂ ︽ᠪᠡᠶ᠎ᠡ ᠶᠢᠨ ᠲᠠᠮᠢᠷ ᠤᠨ ᠠᠵᠤ ᠦᠢᠯᠡᠰ︾᠂ ︽ᠪᠡᠶ᠎ᠡ ᠶᠢᠨ ᠲᠠᠮᠢᠷ ᠤᠨ ᠬᠥᠨᠳᠡᠯᠡᠨ ᠤ ᠲᠠᠰᠤᠯᠤᠯᠲᠠ︾᠂ ︽ᠬᠢᠨᠠᠯᠲᠠ ᠬᠠᠮᠢᠶᠠᠷᠤᠯᠲᠠ︾ ᠭᠡᠬᠦ 4 ᠪᠦᠯᠦᠭ ᠢ ᠨᠡᠮᠡᠨ ᠪᠠᠶᠢᠭᠤᠯᠵᠤ᠂ ᠨᠡᠯᠢᠶᠡᠳ ᠲᠡᠭᠦᠯᠳᠡᠷᠵᠢᠭᠰᠡᠨ ᠪᠡᠶ᠎ᠡ ᠶᠢᠨ ᠲᠠᠮᠢᠷ ᠤᠨ ᠬᠠᠤᠯᠢᠵᠢᠯ ᠤᠨ ᠦᠨᠳᠦᠰᠦᠨ ᠪᠣᠷᠣ ᠲᠥᠯᠥᠪ ᠢ ᠪᠠᠶᠢᠭᠤᠯᠪᠠ ᠁ ᠰᠢᠨ᠎ᠡ ᠪᠠᠷ ᠵᠠᠰᠠᠪᠤᠷᠢ ᠣᠷᠣᠭᠤᠯᠤᠭᠰᠠᠨ ᠪᠡᠶ᠎ᠡ ᠶᠢᠨ ᠲᠠᠮᠢᠷ ᠤᠨ ᠬᠠᠤᠯᠢ ᠳᠤ ︽ᠠᠷᠠᠳ ᠲᠦᠮᠡᠨ ᠢᠶᠠᠷ ᠭᠤᠣᠯ ᠪᠣᠯᠭᠠᠬᠤ︾ᠭᠤᠣᠯ ᠱᠤᠭᠤᠮ ᠲᠤᠤᠱᠯᠠᠭᠳᠠᠵᠤ᠂ ᠤᠷᠳᠤ ᠬᠤᠭᠤᠴᠠᠭᠠᠨ ᠤ ᠲᠤᠷᠰᠢᠬᠢ ᠪᠡᠶ᠎ᠡ ᠶᠢᠨ ᠲᠠᠮᠢᠷ ᠤᠨ ᠦᠢᠯᠡᠰ ᠤᠨ ᠬᠥᠭᠵᠢᠯᠲᠡ ᠶᠢ ᠬᠢᠵᠠᠭᠠᠷᠯᠠᠵᠤ ᠪᠠᠶᠢᠭᠰᠠᠨ ᠳᠦᠷᠢᠮ ᠤᠨ ᠳᠤᠲᠠᠭᠤᠳᠠᠯ ᠢ ᠪᠦᠲᠦᠮᠵᠢᠲᠡᠢ ᠨᠥᠬᠦᠪᠦᠷᠢᠯᠡᠵᠦ᠂ ᠰᠢᠨ᠎ᠡ ᠴᠠᠭ ᠦᠶ᠎ᠡ ᠶᠢᠨ ᠪᠡᠶ᠎ᠡ ᠶᠢᠨ ᠲᠠᠮᠢᠷ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠣᠯᠣᠨ᠎ᠠ᠃     ᠬᠠᠤᠯᠢ ᠴᠠᠭᠠᠵᠠ ᠶᠢᠨ ᠠᠮᠢᠵᠢᠷᠠᠯ ᠤᠨ ᠬᠦᠴᠦᠨ ᠨᠢ ᠬᠡᠷᠡᠭᠵᠢᠭᠦᠯᠬᠦ ᠳᠤ ᠪᠠᠶᠢᠳᠠᠭ᠃ ᠰᠢᠨ᠎ᠡ ᠪᠠᠷ ᠵᠠᠰᠠᠪᠤᠷᠢ ᠣᠷᠣᠭᠤᠯᠤᠭᠰᠠᠨ ᠪᠡᠶ᠎ᠡ ᠶᠢᠨ ᠲᠠᠮᠢᠷ ᠤᠨ ᠬᠠᠤᠯᠢ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠳᠤ᠂ ᠵᠠᠰᠠᠭ ᠤᠨ ᠣᠷᠳᠣᠨ ᠤ ᠰᠠᠯᠠᠭ᠎ᠠ ᠮᠥᠴᠢᠷ᠂ ᠨᠡᠶᠢᠭᠡᠮ᠂ ᠬᠤᠪᠢ ᠬᠥᠮᠥᠨ ᠢᠳᠡᠪᠬᠢᠲᠡᠢ ᠬᠥᠳᠡᠯᠦᠯᠴᠡᠵᠦ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠬᠠᠮᠲᠤᠪᠠᠷ ᠠᠬᠢᠭᠤᠯᠬᠤ ᠬᠡᠷᠡᠭᠲᠡᠢ᠃ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠲᠠᠰ ᠳᠠᠪᠬᠤᠷᠭ᠎ᠠ ᠳᠤ᠂ ᠰᠢᠨ᠎ᠡ ᠪᠠᠷ ᠵᠠᠰᠠᠪᠤᠷᠢ ᠣᠷᠣᠭᠤᠯᠤᠭᠰᠠᠨ ᠪᠡᠶ᠎ᠡ ᠶᠢᠨ ᠲᠠᠮᠢᠷ ᠤᠨ ᠬᠠᠤᠯᠢ ᠶᠢ ᠦᠨᠳᠦᠰᠦᠯᠡᠨ ᠡᠭᠦᠷᠭᠡ ᠬᠠᠷᠢᠭᠤᠴᠠᠯᠭ᠎ᠠ ᠨᠢ ᠲᠣᠳᠣᠷᠬᠠᠢ᠂ ᠬᠠᠤᠯᠢ ᠶᠣᠰᠣᠭᠠᠷ ᠵᠠᠰᠠᠭ ᠶᠠᠪᠤᠭᠤᠯᠬᠤ ᠪᠡᠶ᠎ᠡ ᠶᠢᠨ ᠲᠠᠮᠢᠷ ᠤᠨ ᠵᠠᠰᠠᠯᠲᠠ ᠶᠢᠨ ᠰᠢᠰᠲ᠋ᠧᠮ ᠢ ᠪᠠᠶᠢᠭᠤᠯᠬᠤ ᠬᠡᠷᠡᠭᠲᠡᠢ᠃ ᠥᠩᠭᠡᠷᠡᠭᠰᠡᠨ ᠳᠤ᠂ ᠬᠢᠨᠠᠯᠲᠠ ᠬᠠᠮᠢᠶᠠᠷᠤᠯᠲᠠ ᠶᠢᠨ ᠵᠢᠷᠤᠮᠵᠢᠯ ᠤᠨ ᠲᠤᠲᠠᠭᠳᠠᠵᠤ ᠪᠠᠶᠢᠭᠰᠠᠨ ᠪᠠ ᠬᠠᠤᠯᠢ ᠶᠢᠨ ᠬᠠᠷᠢᠭᠤᠴᠠᠯᠭ᠎ᠠ ᠶᠢᠨ ᠵᠢᠷᠤᠮᠵᠢᠯ ᠤᠨ ᠪᠠᠷᠢᠮᠵᠢᠶ᠎ᠠ ᠳᠤ ᠬᠦᠷᠬᠦ ᠦᠭᠡᠢ ᠠᠴᠠ ᠪᠣᠯᠵᠤ᠂ ᠪᠡᠶ᠎ᠡ ᠶᠢᠨ ᠲᠠᠮᠢᠷ ᠤᠨ ᠬᠠᠤᠯᠢ ᠶᠢ ᠬᠢᠵᠠᠭᠠᠷᠯᠠᠬᠤ ᠬᠦᠴᠦᠨ ᠢᠶᠠᠷ ᠳᠤᠲᠠᠮᠠᠭ ᠭᠡᠵᠦ ᠦᠵᠡᠵᠦ ᠪᠠᠶᠢᠪᠠ᠃ ᠡᠨᠡ ᠤᠳᠠᠭ᠎ᠠ ᠶᠢᠨ ᠵᠠᠰᠠᠪᠤᠷᠢ ᠣᠷᠣᠭᠤᠯᠤᠯᠲᠠ ᠳᠤ ᠬᠢᠨᠠᠯᠲᠠ ᠬᠠᠮᠢᠶᠠᠷᠤᠯᠲᠠ ᠪᠣᠯᠣᠨ ᠬᠠᠷᠢᠭᠤᠴᠠᠯᠭ᠎ᠠ ᠶᠢᠨ ᠵᠢᠷᠤᠮᠵᠢᠯ ᠢ ᠨᠡᠮᠡᠵᠦ᠂ ᠬᠤᠯᠪᠣᠭᠳᠠᠯ ᠪᠦᠬᠦᠢ ᠵᠠᠰᠠᠭ ᠵᠠᠬᠢᠷᠭᠠᠨ ᠤ ᠪᠠᠶᠢᠭᠤᠯᠤᠯᠭ᠎ᠠ ᠶᠢᠨ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠵᠠᠰᠠᠭ ᠤᠨ ᠣᠷᠳᠣᠨ ᠪᠣᠯᠣᠨ ᠵᠠᠬ᠎ᠠ ᠳᠡᠯᠭᠡᠭᠦᠷ᠂ ᠵᠠᠰᠠᠭ ᠤᠨ ᠣᠷᠳᠣᠨ ᠪᠣᠯᠣᠨ ᠨᠡᠶᠢᠭᠡᠮ ᠤᠨ ᠬᠠᠷᠢᠴᠠᠭ᠎ᠠ ᠶᠢ ᠲᠣᠳᠣᠷᠬᠠᠶᠢᠯᠠᠵᠤ᠂ ᠰᠢᠨᠵᠢᠯᠡᠬᠦ ᠤᠬᠠᠭᠠᠨᠴᠢ ᠪᠠᠷ ᠬᠠᠤᠯᠢ ᠲᠣᠭᠲᠠᠭᠠᠬᠤ ᠨᠢ ᠬᠠᠤᠯᠢ ᠶᠢ ᠴᠢᠩᠭ᠎ᠠ ᠬᠡᠷᠡᠭᠵᠢᠭᠦᠯᠬᠦ᠂ ᠲᠥᠪ ᠭᠤᠣᠯᠴᠢ ᠪᠠᠷ ᠬᠠᠤᠯᠢ ᠪᠠᠷᠢᠬᠤ᠂ ᠪᠦᠬᠦ ᠠᠷᠠᠳ ᠢᠶᠠᠷ ᠢᠶᠠᠨ ᠬᠠᠤᠯᠢ ᠶᠢ ᠰᠠᠬᠢᠬᠤ ᠳᠤ ᠬᠠᠤᠯᠢ ᠴᠠᠭᠠᠵᠠ ᠶᠢᠨ ᠦᠨᠳᠦᠰᠦ ᠪᠠᠷᠢᠮᠲᠠ ᠬᠠᠩᠭᠠᠵᠤ᠂ ᠮᠦᠨ ᠴᠦ ᠬᠠᠤᠯᠢ ᠪᠠᠷ ᠵᠠᠰᠠᠬᠤ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠳᠤ ᠪᠡᠶ᠎ᠡ ᠶᠢᠨ ᠲᠠᠮᠢᠷ ᠤᠨ ᠬᠠᠤᠯᠢ ᠪᠠᠷ ᠵᠠᠰᠠᠬᠤ ᠤᠶᠤᠨ ᠤᠬᠠᠭᠠᠨ ᠢ ᠨᠡᠮᠡᠷᠢᠯᠡᠵᠡᠢ᠃ ᠨᠡᠶᠢᠭᠡᠮ ᠤᠨ ᠳᠠᠪᠬᠤᠷᠭ᠎ᠠ ᠳᠤ᠂ ᠨᠡᠶᠢᠭᠡᠮ ᠤᠨ ᠬᠠᠷᠢᠴᠠᠭ᠎ᠠ ᠶᠢ ᠵᠣᠬᠢᠴᠠᠭᠤᠯᠬᠤ᠂ ᠨᠡᠶᠢᠭᠡᠮ ᠤᠨ ᠠᠵᠢᠯᠯᠠᠭ᠎ᠠ ᠶᠢ ᠬᠢᠵᠠᠭᠠᠷᠯᠠᠬᠤ᠂ ᠨᠡᠶᠢᠭᠡᠮ ᠤᠨ ᠡᠮᠬᠢ ᠳᠢᠭᠯᠢᠮ ᠢ ᠬᠠᠮᠠᠭᠠᠯᠠᠬᠤ ᠲᠠᠯ᠎ᠠ ᠪᠠᠷ ᠬᠢ ᠪᠡᠶ᠎ᠡ ᠶᠢᠨ ᠲᠠᠮᠢᠷ ᠤᠨ ᠵᠣᠬᠢᠶᠠᠨ ᠪᠠᠶᠢᠭᠤᠯᠤᠯᠲᠠ ᠶᠢᠨ ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠲᠡᠢ᠃ ᠰᠢᠨ᠎ᠡ ᠪᠠᠷ ᠵᠠᠰᠠᠪᠤᠷᠢ ᠣᠷᠣᠭᠤᠯᠤᠭᠰᠠᠨ ᠪᠡᠶ᠎ᠡ ᠶᠢᠨ ᠲᠠᠮᠢᠷ ᠤᠨ ᠬᠠᠤᠯᠢ ᠳᠤ ᠪᠡᠶ᠎ᠡ ᠶᠢᠨ ᠲᠠᠮᠢᠷ ᠤᠨ ᠦᠢᠯᠡᠰ ᠤᠨ ᠬᠥᠭᠵᠢᠯᠲᠡ ᠳᠠᠬᠢ ᠪᠡᠶ᠎ᠡ ᠶᠢᠨ ᠲᠠᠮᠢᠷ ᠤᠨ ᠵᠣᠬᠢᠶᠠᠨ ᠪᠠᠶᠢᠭᠤᠯᠤᠯᠲᠠ ᠶᠢᠨ ᠪᠠᠶᠢᠷᠢ ᠰᠠᠭᠤᠷᠢ ᠶᠢ ᠨᠤᠲᠠᠯᠠᠨ ᠲᠣᠭᠲᠠᠭᠠᠵᠤ᠂ ᠠᠵᠢᠯ ᠲᠦᠷᠦᠯ ᠤᠨ ᠥᠪᠡᠷ ᠢ ᠪᠠᠨ ᠱᠠᠭᠠᠷᠳᠠᠬᠤ ᠶᠢ ᠴᠢᠩᠭᠠᠳᠬᠠᠬᠤ ᠪᠠᠷ ᠳᠠᠮᠵᠢᠭᠤᠯᠤᠨ ᠠᠵᠢᠯ ᠲᠦᠷᠦᠯ ᠤᠨ ᠰᠤᠷᠲᠠᠯ ᠤᠨ ᠪᠠᠶᠢᠭᠤᠯᠤᠯᠲᠠ ᠶᠢ ᠠᠬᠢᠭᠤᠯᠵᠤ᠂ ᠠᠵᠢᠯ ᠲᠦᠷᠦᠯ ‍ᠦᠨ‌‍ᠲ᠋ᠣᠲᠣᠭᠠᠳᠤ ᠶᠢᠨ ᠵᠠᠰᠠᠯᠲᠠ ᠶᠢ ᠲᠡᠭᠦᠯᠳᠡᠷᠵᠢᠭᠦᠯᠬᠦ ᠪᠠᠷ ᠳᠠᠮᠵᠢᠭᠤᠯᠤᠨ ᠭᠡᠰᠢᠭᠦᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠵᠤ᠂ ᠢᠳᠡᠪᠬᠢ ᠬᠦᠴᠦᠨ ᠢ ᠪᠠᠳᠠᠷᠠᠭᠤᠯᠤᠨ᠎ᠠ᠃    ᠢᠷᠡᠭᠡᠳᠦᠢ ᠪᠠᠨ ᠪᠠᠷᠠᠯᠠᠬᠤᠶ᠎ᠠ᠂ ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠵᠤ᠂ ᠰᠢᠨ᠎ᠡ ᠪᠠᠷ ᠵᠠᠰᠠᠪᠤᠷᠢ ᠣᠷᠣᠭᠤᠯᠤᠭᠰᠠᠨ ᠪᠡᠶ᠎ᠡ ᠶᠢᠨ ᠲᠠᠮᠢᠷ ᠤᠨ ᠬᠠᠤᠯᠢ ᠶᠢ ᠬᠡᠷᠡᠭᠯᠡᠨ ᠪᠡᠶ᠎ᠡ ᠶᠢᠨ ᠲᠠᠮᠢᠷ ᠤᠨ ᠬᠦᠷᠢᠶᠡᠨ ᠳᠠᠬᠢ ᠰᠠᠶᠢᠨ ᠵᠠᠰᠠᠭ ᠰᠠᠶᠢᠨ ᠵᠠᠰᠠᠯᠲᠠ ᠶᠢ ᠪᠡᠶᠡᠯᠡᠭᠦᠯᠪᠡᠯ᠂ ᠯᠠᠪᠳᠠᠶ᠎ᠠ ᠪᠦᠬᠦ ᠠᠷᠠᠳ ᠤᠨ ᠪᠡᠶ᠎ᠡ ᠴᠢᠬᠢᠷᠠᠭᠵᠢᠭᠤᠯᠬᠤ ᠪᠠᠷ ᠪᠦᠬᠦ ᠠᠷᠠᠳ ᠤᠨ ᠡᠷᠡᠭᠦᠯ ᠮᠡᠨᠳᠤ ᠶᠢ ᠠᠬᠢᠭᠤᠯᠵᠤ᠂ ᠪᠡᠶ᠎ᠡ ᠶᠢᠨ ᠲᠠᠮᠢᠷ ᠤᠨ ᠦᠢᠯᠡᠰ ᠤᠨ ᠲᠡᠩᠴᠡᠭᠦᠷᠢᠲᠡᠢ᠂ ᠭᠦᠢᠴᠡᠳ ᠬᠥᠭᠵᠢᠯᠲᠡ ᠶᠢ ᠠᠬᠢᠭᠤᠯᠵᠤ᠂ ᠪᠡᠶ᠎ᠡ ᠶᠢᠨ ᠲᠠᠮᠢᠷ ᠤᠨ ᠬᠦᠴᠦᠷᠬᠡᠭ ᠤᠯᠤᠰ ᠪᠠ ᠡᠷᠡᠭᠦᠯ ᠡᠩᠬᠡ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ ᠴᠢᠳᠠᠨ᠎ᠠ᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18004690号