ᠬᠦᠳᠡᠯᠭᠡᠭᠡᠨ ᠬᠢᠬᠦ ᠦᠬᠡᠢ ᠤᠳᠠᠭᠠᠨ ᠰᠠᠭᠤᠪᠠᠯ ᠡᠷᠳᠡ ᠦᠳᠡᠯᠦᠨ᠎ᠠ
ᠨᠡᠶᠢᠲᠡᠯᠡᠭᠰᠡᠨ ᠴᠠᠭ᠄
2022/7/21
     ᠠᠮᠧᠷᠢᠺᠠ ᠶᠢᠨ ᠰᠢᠨᠵᠢᠯᠡᠬᠦ ᠤᠬᠠᠭᠠᠨᠳᠠᠳ ᠤᠨ ᠢᠯᠡᠷᠡᠬᠦᠯᠦᠭᠰᠡᠨ ᠢᠶᠠᠷ᠂ ᠨᠠᠰᠤᠳᠠᠶᠢᠴᠤᠤᠯ ᠤᠳᠠᠭᠠᠨ ᠰᠠᠭᠤᠪᠠᠯ ᠦᠳᠡᠯᠬᠦ ᠬᠤᠷᠳᠤᠴᠠ ᠪᠠᠨ ᠲᠦᠷᠭᠡᠳᠭᠡᠨ᠎ᠡ᠃ ᠨᠢᠬᠡ ᠡᠳᠦᠷ ᠲᠤ 10 ᠴᠠᠭ ᠠᠴᠠ ᠲᠡᠭᠡᠭᠰᠢ ᠨᠠᠮ ᠰᠠᠭᠤᠬᠤ ᠮᠦᠷᠲᠡᠬᠡᠨ 40 ᠮᠢᠨᠦ᠋ᠲ ᠠᠴᠠ ᠲᠤᠷᠤᠭᠰᠢ ᠬᠦᠳᠡᠯᠬᠡᠬᠡᠨ ᠬᠢᠭᠰᠡᠳ ᠦᠪᠡᠷ ᠤᠨ ᠪᠤᠳᠠᠳᠠᠢ ᠨᠠᠰᠤᠨ ᠠᠴᠠ ᠪᠠᠨ ᠠᠳᠠᠬ ᠲᠠᠭᠠᠨ 8 ᠵᠢᠯ ᠡᠷᠳᠡ ᠦᠳᠡᠯᠦᠨ᠎ᠠ᠃ ᠺᠠᠯᠢᠹᠤᠷᠨᠢᠶ᠎ᠠ ᠶᠡᠭᠡ ᠰᠤᠷᠭᠠᠭᠤᠯᠢ ᠶᠢᠨ ᠰᠤᠳᠤᠯᠭᠠᠳᠠᠳ 1500 ᠨᠡᠷ᠎ᠠ 64 -95 ᠨᠠᠰᠤᠨ ᠤ ᠨᠠᠰᠤᠳᠠᠶᠢᠴᠤᠤᠯ ᠳᠤ ᠬᠢᠨᠠᠨ ᠬᠡᠮᠵᠢᠯᠳᠡ ᠶᠢᠨ ᠲᠦᠬᠦᠬᠡᠷᠦᠮᠵᠢ ᠵᠡᠬᠦᠯᠬᠡᠨ᠂ ᠳᠡᠳᠡᠨ ᠤ ᠨᠢᠬᠡ ᠭᠠᠷᠠᠭ ᠤᠨ ᠬᠤᠭᠤᠴᠠᠭᠠᠨ ᠳᠠᠬᠢ ᠬᠦᠳᠡᠯᠬᠡᠬᠡᠨ ᠤ ᠪᠠᠶᠢᠳᠠᠯ ᠢ ᠳᠡᠮᠳᠡᠭᠯᠡᠵᠦ᠂ ᠲᠡᠬᠢᠨ ᠴᠢᠰᠤᠨ ᠤ ᠪᠠᠶᠢᠴᠠᠭᠠᠯᠳᠠ ᠪᠠᠷ ᠲᠠᠮᠵᠢᠨ ᠪᠡᠶ᠎ᠠ ᠶᠢᠨ ᠡᠰ ᠤᠨ ᠡᠷᠡᠬᠦᠯ ᠴᠢᠬᠢᠷᠠᠬ ᠤᠨ ᠪᠠᠶᠢᠳᠠᠯ ᠢ ᠵᠠᠳᠠᠯᠪᠠ᠃ ᠪᠠᠶᠢᠴᠠᠭᠠᠯᠳᠠ ᠶᠢᠨ ᠳ᠋ᠦᠡᠭ ᠳᠤ᠂ ᠬᠦᠳᠡᠯᠬᠡᠬᠡᠨ ᠬᠢᠭᠰᠡᠨ ᠨᠢ ᠪᠠᠭ᠎ᠠ ᠨᠠᠰᠤᠳᠠᠶᠢᠴᠤᠤᠯ ᠤᠨ ᠡᠰ ᠮᠠᠰᠢ ᠡᠷᠡᠬᠦᠯ ᠪᠤᠰᠤ ᠮᠦᠷᠳᠡᠬᠡᠨ ᠪᠤᠳᠤᠭᠳᠤ ᠴᠤᠭᠴᠠ ᠶᠢᠨ ᠤᠷᠳᠦ ᠶᠢᠨ ᠬᠡᠮᠵᠢᠶ᠎ᠠ ᠨᠡᠩ ᠤᠬᠤᠷ ᠭᠡᠳᠡᠭ ᠢ ᠢᠯᠡᠷᠡᠬᠦᠯᠵᠡᠢ᠃ ᠶᠡᠷᠦᠩᠬᠡᠢ ᠳᠡᠭᠡᠨ᠂ ᠬᠦᠮᠦᠨ ᠤ ᠪᠤᠳᠠᠳᠠᠢ ᠨᠠᠰᠦ ᠨᠡᠮᠡᠭᠳᠡᠬᠦ ᠳᠤᠰᠤᠮ ᠪᠤᠳᠤᠭᠳᠦ ᠪᠡᠶ᠎ᠠ ᠶᠢᠨ ᠦᠵᠦᠬᠦᠷᠯᠢᠭ ᠤᠯᠠᠮ ᠤᠬᠤᠷ ᠪᠤᠯᠳᠠᠬ᠃ ᠬᠡᠪᠡᠴᠦ ᠤᠳᠠᠭᠠᠨ ᠰᠠᠭᠤᠭᠰᠠᠨ ᠠᠴᠠ ᠪᠤᠯᠤᠬᠰᠠᠨ ᠬᠡᠮ ᠠᠷᠬᠠᠬ ᠢ ᠬᠦᠳᠡᠯᠬᠡᠬᠡᠨ ᠬᠢᠬᠦ ᠪᠠᠷ ᠲᠡᠮᠵᠢᠨ ᠨᠦᠬᠦᠪᠦᠷᠢᠯᠡᠵᠦ ᠪᠤᠯᠤᠨ᠎ᠠ ᠬᠡᠵᠦ ᠰᠤᠳᠤᠯᠭᠠᠳᠠᠳ ᠦᠵᠡᠵᠦ ᠪᠠᠶᠢᠨ᠎ᠠ᠃ ᠲᠤᠬᠠᠶᠢᠯᠠᠪᠠᠯ ᠦᠷᠬᠦᠯᠵᠢ ᠬᠦᠳᠡᠯᠬᠡᠬᠡᠨ ᠬᠢᠬᠦ ᠦᠬᠡᠢ ᠰᠠᠭᠤᠭᠠᠳ ᠯᠡ ᠪᠠᠶᠢᠳᠠᠭ ᠨᠠᠰᠤᠳᠠᠶᠢᠴᠤᠤᠯ ᠡᠳᠦᠷ ᠪᠦᠷᠢ ᠬᠠᠭᠠᠰ ᠴᠠᠭ ᠠᠴᠠ ᠲᠡᠭᠡᠭᠰᠢ ᠬᠦᠳᠡᠯᠬᠡᠬᠡᠨ ᠬᠢᠪᠡᠯ ᠡᠷᠲᠡ ᠦᠳᠡᠯᠬᠦ ᠠᠴᠠ ᠵᠠᠶᠢᠯᠠᠰᠬᠢᠵᠦ ᠲᠡᠶᠢᠯᠤᠨ᠎ᠠ᠃ ᠬᠡᠬᠦ ᠳᠤ ᠪᠠᠨ ᠡᠨᠡᠬᠦ ᠰᠤᠳᠤᠯᠭᠠᠨ ᠨᠢ ᠵᠦᠪᠬᠡᠨ ᠡᠮᠡᠭᠳᠡᠶᠢᠴᠤᠳ ᠢᠶᠠᠷ ᠰᠤᠳᠤᠯᠤᠬᠳᠠᠬᠤᠨ ᠪᠤᠯᠭᠠᠬᠰᠠᠨ ᠶᠤᠮ᠃ ᠤᠳᠠᠭᠠᠨ ᠰᠠᠭᠤᠬᠤ ᠨᠢ ᠪᠠᠰᠠ ᠦᠮᠡᠨ ᠡᠪᠡᠳᠴᠢᠨ᠂ ᠰᠢᠬᠢᠷ ᠰᠢᠵᠢᠩ ᠡᠪᠡᠳᠴᠢᠨ ᠪᠤᠯᠤᠨ ᠵᠢᠷᠦᠭᠡ ᠴᠢᠰᠦᠨ ᠰᠤᠳᠠᠯ ᠤᠨ ᠡᠪᠡᠳᠴᠢᠨ ᠳᠤ ᠨᠡᠷᠪᠡᠭᠳᠡᠬᠦ ᠨᠤᠷᠮ᠎ᠠ ᠶᠢ ᠵᠤᠬᠢᠬᠤ ᠬᠡᠮᠵᠢᠶ᠎ᠠ ᠪᠠᠷ ᠲᠡᠭᠡᠭᠰᠢᠯᠡᠬᠦᠯᠤᠨ᠎ᠠ ᠬᠡᠵᠦ ᠰᠤᠳᠤᠯᠭᠠᠳᠠᠳ ᠰᠠᠨᠠᠭᠤᠯᠵᠡᠢ᠃
 
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠪᠡᠶ᠎ᠡ ᠶᠢᠨ ᠲᠠᠮᠢᠷ ᠤᠨ ᠲᠤᠪᠴᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18004690号