ᠦᠰᠦᠭ ᠪᠢᠴᠢᠭ ᠤᠨ ᠲᠡᠶᠢᠯᠦᠮᠵᠢ᠄ ᠪᠡᠶ᠎ᠡ ᠶᠢᠨ ᠲᠠᠮᠢᠷ ᠤᠨ ᠬᠦᠴᠦᠷᠬᠡᠭ ᠤᠯᠤᠰ ᠪᠠ ᠡᠷᠡᠭᠦᠯ ᠡᠩᠬᠡ ᠳᠤᠮᠳᠠᠳᠤ ᠤᠯᠤᠰ ᠤᠨ ᠪᠠᠶᠢᠭᠤᠯᠤᠯᠲᠠ ᠳᠤ ᠬᠦᠴᠦᠨ ᠨᠡᠮᠡᠷᠢᠯᠡᠨ᠎ᠡ —— ᠲᠤᠰᠬᠠᠢ ᠮᠡᠷᠭᠡᠵᠢᠯᠲᠡᠨ ᠰᠢᠨ᠎ᠡ ᠪᠠᠷ ᠵᠠᠰᠠᠪᠤᠷᠢ ᠣᠷᠣᠭᠤᠯᠤᠭᠰᠠᠨ ᠪᠡᠶ᠎ᠡ ᠶᠢᠨ ᠲᠠᠮᠢᠷ ᠤᠨ ᠬᠠᠤᠯᠢ ᠶᠢᠨ ᠲᠤᠬᠠᠢ ᠲᠠᠶᠢᠯᠤᠮᠵᠢ ᠬᠢᠪᠡ
ᠨᠡᠶᠢᠲᠡᠯᠡᠭᠰᠡᠨ ᠴᠠᠭ᠄
2022/7/21
    ᠣᠯᠠᠨ ᠤᠳᠠᠭ᠎ᠠ ᠵᠠᠰᠠᠪᠤᠷᠢ ᠣᠷᠣᠭᠤᠯᠵᠤ ᠬᠢᠨᠠᠨ ᠶᠠᠷᠢᠯᠴᠠᠭᠰᠠᠨ ᠤ ᠳᠠᠷᠠᠭ᠎ᠠ᠂ ᠰᠢᠨ᠎ᠡ ᠪᠠᠷ ᠵᠠᠰᠠᠪᠤᠷᠢ ᠣᠷᠣᠭᠤᠯᠤᠭᠰᠠᠨ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠪᠡᠶ᠎ᠡ ᠶᠢᠨ ᠲᠠᠮᠢᠷ ᠤᠨ ᠬᠠᠤᠯᠢ ᠶᠢ ᠲᠡᠭᠡᠷ᠎ᠡ ᠰᠠᠷ᠎ᠠ ᠳᠤ ᠬᠢᠨᠠᠨ ᠶᠠᠷᠢᠯᠴᠠᠵᠤ ᠪᠠᠲᠤᠯᠠᠪᠠ᠃ ᠲᠣᠰ ᠤᠳᠠᠭ᠎ᠠ ᠵᠠᠰᠠᠪᠤᠷᠢ ᠣᠷᠣᠭᠤᠯᠤᠭᠰᠠᠨ ᠶᠠᠪᠤᠳᠠᠯ ᠪᠣᠯ ᠲᠣᠰ ᠬᠠᠤᠯᠢ ᠶᠢ 1995 ᠣᠨ ᠳᠤ ᠨᠡᠶᠢᠲᠡᠯᠡᠵᠦ ᠬᠡᠷᠡᠭᠵᠢᠭᠦᠯᠦᠭᠰᠡᠨ ᠤ ᠳᠠᠷᠠᠭ᠎ᠠ᠂ ᠣᠶᠢᠷ᠎ᠠ ᠶᠢᠨ 27 ᠵᠢᠯ ᠤᠨ ᠳᠠᠷᠠᠭ᠎ᠠ ᠠᠩᠬ᠎ᠠ ᠤᠳᠠᠭ᠎ᠠ ᠪᠥᠬᠦ ᠲᠠᠯ᠎ᠠ ᠪᠠᠷ ᠰᠢᠰᠲ᠋ᠧᠮ ᠲᠠᠢ ᠵᠠᠰᠠᠪᠤᠷᠢ ᠣᠷᠣᠭᠤᠯᠤᠭᠰᠠᠨ ᠶᠠᠪᠤᠳᠠᠯ ᠪᠣᠯᠣᠨ᠎ᠠ᠂ ᠰᠢᠨ᠎ᠡ ᠪᠠᠶᠢᠳᠠᠯ᠂ ᠰᠢᠨ᠎ᠡ ᠠᠰᠠᠭᠤᠳᠠᠯ ᠤᠨ ᠡᠮᠦᠨ᠎ᠡ᠂ ᠪᠡᠶ᠎ᠡ ᠶᠢᠨ ᠲᠠᠮᠢᠷ ᠤᠨ ᠬᠠᠤᠯᠢ ᠳᠤ ᠵᠠᠰᠠᠪᠤᠷᠢ ᠣᠷᠣᠭᠤᠯᠬᠤ ᠳᠠᠭᠠᠨ ᠪᠡᠶ᠎ᠡ ᠶᠢᠨ ᠲᠠᠮᠢᠷ ᠤᠨ ᠬᠦᠷᠢᠶᠡᠨ ᠳᠠᠬᠢ ᠴᠢᠬᠤᠯᠠ ᠶᠡᠭᠡ ᠰᠠᠭᠤᠷᠢ ᠴᠢᠨᠠᠷᠲᠠᠢ᠂ ᠪᠦᠬᠦᠯᠢ ᠴᠣᠭᠴᠠ ᠶᠢᠨ ᠴᠢᠨᠠᠷᠲᠠᠢ ᠠᠰᠠᠭᠤᠳᠠᠯ ᠢ ᠬᠠᠤᠯᠢ ᠴᠠᠭᠠᠵᠠ ᠶᠢᠨ ᠲᠠᠯ᠎ᠠ ᠠᠴᠠ ᠰᠢᠢᠳᠪᠦᠷᠢᠯᠡᠭᠰᠡᠨ ᠪᠠᠶᠢᠨ᠎ᠠ᠃     ᠪᠡᠶ᠎ᠡ ᠶᠢᠨ ᠲᠠᠮᠢᠷ ᠤᠨ ᠬᠠᠤᠯᠢ ᠶᠢᠨ ᠲᠤᠰᠬᠠᠢ ᠮᠡᠷᠭᠡᠵᠢᠯᠲᠡᠨ ᠢᠯᠡᠷᠬᠡᠶᠢᠯᠡᠬᠦ ᠳᠡᠭᠡᠨ᠂ ᠲᠣᠰ ᠤᠳᠠᠭᠠᠨ ᠤ ᠪᠡᠶ᠎ᠡ ᠶᠢᠨ ᠲᠠᠮᠢᠷ ᠤᠨ ᠬᠠᠤᠯᠢ ᠳᠤ ᠵᠠᠰᠠᠪᠤᠷᠢ ᠤᠷᠤᠭᠤᠯᠤᠭᠰᠠᠨ ᠶᠠᠪᠤᠳᠠᠯ ᠪᠣᠯ ᠪᠡᠶ᠎ᠡ ᠶᠢᠨ ᠲᠠᠮᠢᠷ ᠤᠨ ᠦᠢᠯᠡᠰ ᠤᠨ ᠬᠥᠭᠵᠢᠯᠲᠡ ᠶᠢᠨ ᠶᠠᠪᠤᠴᠠ ᠳᠠᠬᠢ ᠴᠢᠬᠤᠯᠠ ᠨᠢᠭᠡ ᠠᠯᠬᠤᠮ ᠮᠥᠨ᠂ ᠪᠡᠶ᠎ᠡ ᠶᠢᠨ ᠲᠠᠮᠢᠷ ᠤᠨ ᠬᠦᠴᠦᠷᠬᠡᠭ ᠤᠯᠤᠰ ᠪᠠ ᠡᠷᠡᠭᠦᠯ ᠡᠩᠬᠡ ᠳᠤᠮᠳᠠᠳᠤ ᠤᠯᠤᠰ ᠤᠨ ᠪᠠᠶᠢᠭᠤᠯᠤᠯᠲᠠ ᠳᠤ ᠠᠯᠤᠰ ᠬᠡᠲᠦ ᠶᠢᠨ ᠨᠥᠯᠥᠭᠡ ᠦᠵᠡᠭᠦᠯᠬᠦ ᠪᠣᠯᠣᠨ᠎ᠠ ᠭᠡᠵᠡᠢ᠃     ᠪᠡᠶ᠎ᠡ ᠶᠢᠨ ᠲᠠᠮᠢᠷ ᠤᠨ ᠬᠦᠴᠦᠷᠬᠡᠭ ᠤᠯᠤᠰ ᠪᠠ ᠡᠷᠡᠭᠦᠯ ᠡᠩᠬᠡ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠳᠤ ᠬᠦᠴᠦᠨ ᠨᠡᠮᠡᠷᠢᠯᠡᠨ᠎ᠡ     ᠱᠠᠨᠳᠦ᠋ᠩ ᠶᠡᠭᠡ ᠰᠤᠷᠭᠠᠭᠤᠯᠢ ᠶᠢᠨ ᠬᠠᠤᠯᠢ ᠶᠢᠨ ᠤᠬᠠᠭᠠᠨ ᠤ ᠳᠡᠭᠡᠳᠦ ᠰᠤᠷᠭᠠᠭᠤᠯᠢ ᠶᠢᠨ ᠫᠷᠤᠹᠥᠰᠰᠤᠷ ᠵᠢᠶᠠᠩ ᠱᠢ ᠪᠥᠸᠧ ᠠᠴᠠ ᠪᠡᠶ᠎ᠡ ᠶᠢᠨ ᠲᠠᠮᠢᠷ ᠤᠨ ᠬᠠᠤᠯᠢ ᠲᠣᠭᠲᠠᠭᠠᠬᠤ ᠳᠤ ᠡᠷᠬᠡᠪᠰᠢ ᠪᠡᠶ᠎ᠡ ᠶᠢᠨ ᠲᠠᠮᠢᠷ ᠤᠨ ᠦᠢᠯᠡᠰ ᠤᠨ ᠬᠥᠭᠵᠢᠯᠲᠡ ᠶᠢᠨ ᠲᠣᠪᠣᠶᠢᠮ᠎ᠠ ᠠᠰᠠᠭᠤᠳᠠᠯ ᠳᠤ ᠬᠠᠷᠢᠭᠤᠯᠲᠠ ᠥᠭᠴᠦ᠂ ᠠᠷᠠᠳ ᠲᠦᠮᠡᠨ ᠤ ᠡᠷᠡᠭᠦᠯ ᠴᠢᠭᠢᠷᠠᠭ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠳᠤ ᠬᠠᠷᠢᠭᠤᠯᠲᠠ ᠥᠭᠬᠦ ᠬᠡᠷᠡᠭᠲᠡᠢ᠃ ᠰᠢᠨ᠎ᠡ ᠪᠠᠷ ᠵᠠᠰᠠᠪᠤᠷᠢ ᠣᠷᠣᠭᠤᠯᠤᠭᠰᠠᠨ ᠪᠡᠶ᠎ᠡ ᠶᠢᠨ ᠲᠠᠮᠢᠷ ᠤᠨ ᠬᠠᠤᠯᠢ ᠶᠢᠨ ᠶᠡᠷᠦᠩᠬᠡᠢ ᠳᠦᠷᠢᠮ ᠤᠨ ᠬᠤᠶᠠᠳᠤᠭᠠᠷ ᠵᠦᠢᠯ ᠳᠤ    ︽ᠪᠡᠶ᠎ᠡ ᠶᠢᠨ ᠲᠠᠮᠢᠷ ᠤᠨ ᠬᠦᠴᠦᠷᠬᠡᠭ ᠤᠯᠤᠰ ᠪᠠ ᠡᠷᠡᠭᠦᠯ ᠡᠩᠬᠡ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ︾ ᠭᠡᠰᠡᠨ ᠥᠭᠦᠯᠡᠯᠲᠡ ᠶᠢ ᠨᠡᠮᠡᠭᠰᠡᠨ ᠨᠢ ᠶᠠᠭ ᠪᠡᠶ᠎ᠡ ᠶᠢᠨ ᠲᠠᠮᠢᠷ ᠤᠨ ᠬᠠᠤᠯᠢ ᠳᠤ ᠵᠠᠰᠠᠪᠤᠷᠢ ᠣᠷᠣᠭᠤᠯᠤᠭᠰᠠᠨ ᠤ ᠬᠠᠷᠢᠭᠤ ᠲᠤᠰᠬᠠᠯ ᠪᠣᠯᠣᠨ᠎ᠠ ᠭᠡᠪᠡ᠃      ᠵᠢᠶᠠᠩ ᠱᠢ ᠪᠦᠸᠧ ᠬᠡᠯᠡᠬᠦ ᠳᠡᠭᠡᠨ᠂ ︽ᠮᠠᠰᠢ ᠣᠯᠠᠨ ᠳᠦᠷᠢᠮ ᠨᠢ ᠢᠷᠡᠭᠡᠳᠦᠢ ᠶᠢᠨ ᠴᠢᠨᠠᠷᠲᠠᠢ᠂ ᠤᠷᠲᠤ ᠬᠤᠭᠤᠴᠠᠭᠠᠲᠤ ᠴᠢᠨᠠᠷᠲᠠᠢ᠂ ᠡᠳᠡᠭᠡᠷ ᠰᠢᠨ᠎ᠡ ᠣᠶᠢᠯᠠᠭᠠᠭᠳᠠᠬᠤᠨ᠂ ᠰᠢᠨ᠎ᠡ ᠳᠦᠷᠢᠮ ᠨᠢ ᠬᠠᠤᠯᠢ ᠴᠠᠭᠠᠵᠠ ᠶᠢᠨ ᠳᠡᠰ ᠳᠠᠪᠬᠤᠷᠭ᠎ᠠ ᠳᠤ ᠬᠦᠷᠴᠦ᠂ ᠢᠷᠡᠭᠡᠳᠦᠢ ᠳᠤ ᠮᠠᠨ ᠤ ᠤᠯᠤᠰ ᠤᠨ ᠪᠡᠶ᠎ᠡ ᠶᠢᠨ ᠲᠠᠮᠢᠷ ᠤᠨ ᠬᠦᠴᠦᠷᠬᠡᠭ ᠤᠯᠤᠰ ᠪᠣᠯᠣᠨ ᠡᠷᠡᠭᠦᠯ ᠡᠩᠬᠡ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠳᠤ ᠪᠠᠲᠤ ᠪᠠᠬᠢ ᠬᠠᠤᠯᠢ ᠴᠠᠭᠠᠵᠠ ᠶᠢᠨ ᠪᠠᠲᠤᠯᠠᠭ᠎ᠠ ᠬᠠᠩᠭᠠᠵᠤ᠂ ᠮᠠᠨ ᠤ ᠤᠯᠤᠰ ᠤᠨ ᠪᠡᠶ᠎ᠡ ᠶᠢᠨ ᠲᠠᠮᠢᠷ ᠤᠨ ᠬᠠᠤᠯᠢ ᠪᠠᠷ ᠵᠠᠰᠠᠬᠤ ᠪᠠᠶᠢᠭᠤᠯᠤᠯᠲᠠ ᠶᠢ ᠰᠢᠨ᠎ᠡ ᠱᠠᠲᠤᠨ ᠳᠤ ᠣᠷᠣᠭᠤᠯᠬᠤ ᠪᠣᠯᠣᠨ᠎ᠠ ᠭᠡᠳᠡᠭ ᠢ ᠢᠲᠡᠭᠡᠵᠦ ᠪᠠᠶᠢᠨ᠎ᠠ︾ ᠭᠡᠪᠡ᠃     ᠰᠢᠨ᠎ᠡ ᠪᠠᠷ ᠵᠠᠰᠠᠪᠤᠷᠢ ᠣᠷᠣᠭᠤᠯᠤᠭᠰᠠᠨ ᠪᠡᠶ᠎ᠡ ᠶᠢᠨ ᠲᠠᠮᠢᠷ ᠤᠨ ᠬᠠᠤᠯᠢ ᠶᠢᠨ ᠶᠡᠷᠦᠩᠬᠡᠢ ᠳᠦᠷᠢᠮ ᠤᠨ ᠨᠢᠭᠡᠳᠦᠭᠡᠷ ᠵᠦᠢᠯ ᠳᠤ ︽ᠳᠤᠮᠳᠠᠳᠤ ᠶᠢᠨ ᠪᠡᠶ᠎ᠡ ᠶᠢᠨ ᠲᠠᠮᠢᠷ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠳᠤᠮᠳᠠᠳᠤ ᠶᠢᠨ ᠪᠡᠶ᠎ᠡ ᠶᠢᠨ ᠲᠠᠮᠢᠷ ᠤᠨ ᠰᠣᠶᠣᠯ ᠢ ᠪᠣᠶᠢᠵᠢᠭᠤᠯᠤᠨ᠎ᠠ︾  ᠭᠡᠪᠡ᠃ ᠴᠢᠩᠬᠤᠸᠠ ᠶᠡᠭᠡ ᠰᠤᠷᠭᠠᠭᠤᠯᠢ ᠶᠢᠨ ᠬᠠᠤᠯᠢ ᠶᠢᠨ ᠤᠬᠠᠭᠠᠨ ᠤ ᠳᠡᠭᠡᠳᠦ ᠰᠤᠷᠭᠠᠭᠤᠯᠢ ᠶᠢᠨ ᠫᠷᠤᠹᠧᠰᠰᠤᠷ ᠲᠢᠶᠠᠨ ᠰᠧ ᠶᠤᠸᠠᠨ ᠢᠯᠡᠷᠬᠡᠶᠢᠯᠡᠬᠦ ᠳᠡᠭᠡᠨ᠂ ᠳᠤᠮᠳᠠᠳᠤ ᠶᠢᠨ ᠪᠡᠶ᠎ᠡ ᠶᠢᠨ ᠲᠠᠮᠢᠷ ᠤᠨ ᠵᠣᠷᠢᠭ ᠰᠠᠨᠠᠭ᠎ᠠ ᠪᠣᠯ ︽ᠳᠤᠮᠳᠠᠳᠤ ᠤᠯᠤᠰ ᠤᠨ ᠵᠣᠷᠢᠭ ᠰᠠᠨᠠᠭ᠎ᠠ︾ ᠶᠢᠨ ᠪᠡᠶ᠎ᠡ ᠶᠢᠨ ᠲᠠᠮᠢᠷ ᠤᠨ ᠬᠦᠷᠢᠶᠡᠨ ᠳᠠᠬᠢ ᠪᠣᠳᠠᠲᠠᠢ ᠢᠯᠡᠷᠡᠯ ᠮᠥᠨ᠂ ᠳᠤᠮᠳᠠᠳᠤ ᠤᠯᠤᠰ ᠤᠨ ᠪᠡᠶ᠎ᠡ ᠶᠢᠨ ᠲᠠᠮᠢᠷ ᠤᠨ ᠣᠬᠢ ᠰᠣᠳᠣ ᠪᠠ ᠰᠦᠭ ᠰᠦᠨᠡᠰᠦ ᠮᠥᠨ᠂ ᠨᠢᠭᠡᠨ ᠬᠥᠭᠵᠢᠭᠰᠡᠨ᠂ ᠨᠡᠭᠡᠭᠡᠯᠲᠡᠲᠤ ᠴᠢᠨᠠᠷᠲᠠᠢ ᠦᠵᠡᠯ ᠰᠠᠨᠠᠭ᠎ᠠ ᠪᠠ ᠥᠷᠲᠡᠭ ᠤᠨ ᠰᠢᠰᠲ᠋ᠧᠮ ᠮᠥᠨ᠂ ᠮᠠᠨ ᠤ ᠤᠯᠤᠰ ᠤᠨ ᠪᠡᠶ᠎ᠡ ᠶᠢᠨ ᠲᠠᠮᠢᠷ ᠤᠨ ᠦᠢᠯᠡᠰ ᠤᠨ ᠵᠣᠬᠢᠬᠤ ᠱᠠᠲᠤᠨ ᠳᠤ ᠬᠦᠷᠲᠡᠯ᠎ᠡ ᠬᠥᠭᠵᠢᠭᠰᠡᠨ ᠤ ᠣᠶᠤᠨ ᠰᠠᠨᠠᠭᠠᠨ ᠤ ᠪᠦᠲᠦᠭᠡᠭᠳᠡᠬᠦᠨ ᠮᠥᠨ ᠭᠡᠵᠡᠢ᠃     ᠲᠢᠶᠠᠨ ᠰᠧ ᠶᠤᠸᠠᠨ ᠬᠡᠯᠡᠬᠦ ᠳᠡᠭᠡᠨ᠄ ︽ᠳᠤᠮᠳᠠᠳᠤ ᠶᠢᠨ ᠪᠡᠶ᠎ᠡ ᠶᠢᠨ ᠲᠠᠮᠢᠷ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠳᠤᠮᠳᠠᠳᠤ ᠶᠢᠨ ᠪᠡᠶ᠎ᠡ ᠶᠢᠨ ᠲᠠᠮᠢᠷ ᠤᠨ ᠰᠣᠶᠣᠯ ᠢ ᠪᠣᠶᠢᠵᠢᠭᠤᠯᠬᠤ ᠨᠢ ᠪᠡᠶ᠎ᠡ ᠶᠢᠨ ᠲᠠᠮᠢᠷ ᠤᠨ ᠬᠠᠤᠯᠢ ᠶᠢ ᠪᠥᠬᠦ ᠲᠠᠯ᠎ᠠ ᠪᠠᠷ ᠬᠡᠷᠡᠭᠵᠢᠭᠦᠯᠬᠦ ᠳᠤ ᠠᠰᠢᠭᠲᠠᠢ ᠶᠤᠮ᠂ ᠪᠡᠶ᠎ᠡ ᠶᠢᠨ ᠲᠠᠮᠢᠷ ᠤᠨ ᠬᠠᠤᠯᠢ ᠶᠢᠨ ᠮᠠᠰᠢ ᠣᠯᠠᠨ ᠵᠦᠢᠯ ᠵᠤᠷᠪᠤᠰ ᠲᠤ ᠴᠥᠮ ᠳᠤᠮᠳᠠᠳᠤ ᠶᠢᠨ ᠪᠡᠶ᠎ᠡ ᠶᠢᠨ ᠲᠠᠮᠢᠷ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠳᠤᠮᠳᠠᠳᠤ ᠶᠢᠨ ᠪᠡᠶ᠎ᠡ ᠶᠢᠨ ᠲᠠᠮᠢᠷ ᠤᠨ ᠰᠣᠶᠣᠯ ᠢ ᠪᠣᠶᠢᠵᠢᠭᠤᠯᠬᠤ ᠱᠠᠭᠠᠷᠳᠠᠯᠭ᠎ᠠ ᠶᠢ ᠢᠯᠡᠷᠡᠭᠦᠯᠪᠡ᠂ ᠳᠤᠮᠳᠠᠳᠤ ᠶᠢᠨ ᠪᠡᠶ᠎ᠡ ᠶᠢᠨ ᠲᠠᠮᠢᠷ ᠤᠨ ᠵᠣᠷᠢᠭ ᠰᠠᠨᠠᠭ᠎ᠠ ᠪᠠ ᠳᠤᠮᠳᠠᠳᠤ ᠶᠢᠨ ᠪᠡᠶ᠎ᠡ ᠶᠢᠨ ᠲᠠᠮᠢᠷ ᠤᠨ ᠰᠣᠶᠣᠯ ᠤᠨ ᠲᠤᠬᠠᠢ ᠲᠠᠶᠢᠯᠪᠤᠷᠢᠯᠠᠯᠲᠠ ᠪᠠ ᠨᠠᠶᠢᠳᠠᠪᠤᠷᠢᠵᠢᠭᠤᠯᠤᠯᠲᠠ ᠮᠥᠨ︾ ᠭᠡᠵᠡᠢ᠃      ᠶᠡᠬᠡᠪᠡᠷ ᠵᠠᠰᠠᠪᠤᠷᠢ ᠤᠷᠤᠭᠤᠯᠤᠭᠰᠠᠨ ᠨᠢ ᠪᠡᠶ᠎ᠡ ᠶᠢᠨ ᠲᠠᠮᠢᠷ ᠤᠨ ᠦᠢᠯᠡᠰ ᠤᠨ ᠰᠢᠨ᠎ᠡ ᠴᠠᠭ ᠦᠶ᠎ᠡ ᠶᠢᠨ ᠠᠬᠤᠢ ᠪᠠᠶᠢᠳᠠᠯ ᠪᠣᠯᠣᠨ ᠪᠣᠳᠠᠲᠤ ᠬᠡᠷᠡᠭᠴᠡᠭᠡ ᠳᠤ ᠨᠡᠶᠢᠴᠠᠨ᠎ᠡ     1995 ᠣᠨ ᠳᠤ ᠪᠡᠶ᠎ᠡ ᠶᠢᠨ ᠲᠠᠮᠢᠷ ᠤᠨ ᠬᠠᠤᠯᠢ ᠶᠢ ᠨᠡᠶᠢᠲᠡᠯᠡᠭᠰᠡᠨ ᠠᠴᠠ ᠨᠠᠰᠢᠬᠢ ᠬᠤᠷᠢ ᠭᠠᠷᠤᠢ ᠵᠢᠯ ᠤᠨ ᠬᠤᠭᠤᠴᠠᠭᠠᠨ ᠳᠤ᠂ ᠳᠤᠮᠳᠠᠳᠤ ᠤᠯᠤᠰ ᠤᠨ ᠪᠡᠶ᠎ᠡ ᠶᠢᠨ ᠲᠠᠮᠢᠷ ᠤᠨ ᠦᠢᠯᠡᠰ ᠦᠳᠲᠡᠷ ᠲᠦᠷᠭᠡᠨ ᠬᠥᠭᠵᠢᠵᠦ᠂ ᠪᠦᠬᠦ ᠠᠷᠠᠳ ᠤᠨ ᠪᠡᠶ᠎ᠡ ᠮᠠᠬᠠᠪᠤᠳ ᠢᠶᠠᠨ ᠴᠢᠭᠢᠷᠠᠭᠵᠢᠭᠤᠯᠬᠤ᠂ ᠤᠷᠤᠯᠳᠤᠭᠠᠨ ᠤ ᠪᠡᠶ᠎ᠡ ᠶᠢᠨ ᠲᠠᠮᠢᠷ᠂ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ᠂ ᠪᠡᠶ᠎ᠡ ᠶᠢᠨ ᠲᠠᠮᠢᠷ ᠤᠨ ᠠᠵᠤ ᠦᠢᠯᠡᠰ᠂ ᠪᠡᠶ᠎ᠡ ᠶᠢᠨ ᠲᠠᠮᠢᠷ ᠤᠨ ᠰᠣᠶᠣᠯ ᠪᠠ ᠪᠡᠶ᠎ᠡ ᠶᠢᠨ ᠲᠠᠮᠢᠷ ᠤᠨ ᠭᠠᠳᠠᠭᠠᠳᠤ ᠬᠠᠷᠢᠯᠴᠠᠭ᠎ᠠ ᠵᠡᠷᠭᠡ ᠡᠯ᠎ᠡ ᠬᠦᠷᠢᠶ᠎ᠡ ᠬᠡᠪᠴᠢᠶᠡᠨ ᠳᠤ ᠴᠥᠮ ᠶᠡᠬᠡᠬᠡᠨ ᠳᠠᠪᠰᠢᠯᠲᠠ ᠲᠠᠢ ᠪᠣᠯᠤᠭᠰᠠᠨ ᠤ ᠬᠠᠮᠲᠤ᠂ ᠪᠡᠶ᠎ᠡ ᠶᠢᠨ ᠲᠠᠮᠢᠷ ᠤᠨ ᠦᠢᠯᠡᠰ ᠲᠤ ᠲᠤᠯᠭᠠᠷᠠᠵᠤ ᠪᠠᠶᠢᠭ᠎ᠠ ᠴᠠᠭ ᠦᠶ᠎ᠡ ᠶᠢᠨ ᠠᠬᠤᠢ ᠪᠠᠶᠢᠳᠠᠯ ᠪᠠ ᠪᠣᠳᠠᠲᠤ ᠬᠡᠷᠡᠭᠴᠡᠭᠡ ᠳᠤ ᠴᠦ ᠨᠡᠯᠢᠶᠡᠳ ᠶᠡᠭᠡ ᠬᠤᠪᠢᠷᠠᠯᠲᠠ ᠭᠠᠷᠴᠠᠢ᠃     ᠲᠣᠰ ᠤᠳᠠᠭᠠᠨ ᠤ ᠪᠡᠶ᠎ᠡ ᠶᠢᠨ ᠲᠠᠮᠢᠷ ᠤᠨ ᠬᠠᠤᠯᠢ ᠳᠤ ᠵᠠᠰᠠᠪᠤᠷᠢ ᠣᠷᠣᠭᠤᠯᠬᠤ ᠳᠠᠭᠠᠨ᠂ ︽ᠨᠡᠶᠢᠭᠡᠮ ᠤᠨ ᠪᠡᠶ᠎ᠡ ᠶᠢᠨ ᠲᠠᠮᠢᠷ︾ ᠤᠨ ᠪᠦᠯᠦᠭ ᠤᠨ ᠨᠡᠷ᠎ᠡ ᠶᠢ ︽ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ︾ ᠭᠡᠵᠦ ᠵᠠᠰᠠᠵᠤ᠂ ᠤᠯᠤᠰ ᠠᠴᠠ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠶᠢ ᠬᠠᠤᠯᠢ ᠴᠠᠭᠠᠵᠠ ᠳᠤ ᠪᠢᠴᠢᠵᠦ ᠣᠷᠣᠭᠤᠯᠪᠠ︔ ︽ᠰᠤᠷᠭᠠᠭᠤᠯᠢ ᠶᠢᠨ ᠪᠡᠶ᠎ᠡ ᠶᠢᠨ ᠲᠠᠮᠢᠷ︾ ᠤᠨ ᠪᠦᠯᠦᠭ ᠤᠨ ᠨᠡᠷ᠎ᠡ ᠶᠢ     ︽ᠵᠠᠯᠠᠭᠤᠴᠤᠳ ᠪᠠᠭᠠᠴᠤᠳ ᠪᠠ ᠰᠤᠷᠭᠠᠭᠤᠯᠢ ᠶᠢᠨ ᠪᠡᠶ᠎ᠡ ᠶᠢᠨ ᠲᠠᠮᠢᠷ︾ ᠭᠡᠵᠦ ᠵᠠᠰᠠᠵᠤ᠂ ᠵᠠᠯᠠᠭᠤᠴᠤᠳ ᠪᠠᠭᠠᠴᠤᠳ ᠪᠠ ᠰᠤᠷᠭᠠᠭᠤᠯᠢ ᠶᠢᠨ ᠪᠡᠶ᠎ᠡ ᠶᠢᠨ ᠲᠠᠮᠢᠷ ᠢ ᠡᠩ ᠲᠡᠷᠢᠭᠦᠨ ᠳᠤ ᠬᠥᠭᠵᠢᠭᠦᠯᠬᠦ ᠪᠠᠶᠢᠯᠳᠤᠬᠤ ᠪᠣᠳᠣᠯᠭ᠎ᠠ ᠶᠢᠨ ᠪᠠᠶᠢᠷᠢᠨ ᠳᠤ ᠲᠠᠯᠪᠢᠪᠠ︔ ︽ᠤᠷᠤᠯᠳᠤᠭᠠᠨ ᠤ ᠪᠡᠶ᠎ᠡ ᠶᠢᠨ ᠲᠠᠮᠢᠷ︾ ᠭᠡᠬᠦ ᠪᠦᠯᠦᠭ ᠲᠤ᠂ ᠲᠠᠮᠢᠷᠴᠢᠨ ᠤ ᠡᠷᠬᠡ ᠶᠢᠨ ᠬᠠᠮᠠᠭᠠᠯᠠᠯᠲᠠ ᠶᠢ ᠳᠣᠪᠤᠶᠢᠯᠭᠠᠵᠤ᠂ ᠨᠠᠷᠢᠯᠢᠭ ᠣᠨᠣᠴᠠᠲᠠᠢ ᠪᠠᠷ ᠠᠷᠭ᠎ᠠ ᠪᠣᠳᠣᠯᠭ᠎ᠠ ᠬᠡᠷᠡᠭᠵᠢᠭᠦᠯᠦᠨ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠵᠢᠭᠦᠯᠵᠦ᠂ ᠪᠥᠬᠦ ᠲᠠᠯ᠎ᠠ ᠪᠠᠷ ᠬᠦᠴᠦᠯᠡᠪᠡ︔ ︽ᠪᠡᠶ᠎ᠡ ᠶᠢᠨ ᠲᠠᠮᠢᠷ ᠤᠨ ᠠᠵᠤ ᠦᠢᠯᠡᠰ︾ ᠭᠡᠬᠦ‍ ᠨᠢᠭᠡ ᠪᠦᠯᠦᠭ ᠢ ᠨᠡᠮᠡᠵᠦ᠂ ᠪᠡᠶ᠎ᠡ ᠶᠢᠨ ᠲᠠᠮᠢᠷ ᠤᠨ ᠠᠵᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ ᠪᠠᠭᠲᠠᠭᠠᠮᠵᠢ ᠶᠢ ᠥᠷᠭᠡᠳᠬᠡᠬᠦ ᠶᠢ ᠠᠬᠢᠭᠤᠯᠵᠤ᠂ ᠪᠡᠶ᠎ᠡ ᠶᠢᠨ ᠲᠠᠮᠢᠷ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢ ᠲᠦᠯᠬᠢᠨ ᠠᠬᠢᠭᠤᠯᠬᠤ ᠴᠢᠬᠤᠯᠠ ᠬᠥᠳᠡᠯᠭᠡᠭᠴᠢ ᠬᠦᠴᠦᠨ ᠪᠣᠯᠬᠤ ᠦᠢᠯᠡᠳᠦᠯ ᠢ ᠪᠠᠳᠠᠷᠠᠭᠤᠯᠪᠠ︔ ᠠᠵᠢᠯ ᠮᠡᠷᠭᠡᠵᠢᠯ ᠤᠨ ᠪᠡᠶ᠎ᠡ ᠶᠢᠨ ᠲᠠᠮᠢᠷ ᠤᠨ ᠠᠭᠤᠯᠭ᠎ᠠ ᠶᠢ ᠨᠡᠮᠡᠵᠦ᠂ ᠠᠵᠢᠯ ᠮᠡᠷᠭᠡᠵᠢᠯ ᠤᠨ ᠪᠡᠶ᠎ᠡ ᠶᠢᠨ ᠲᠠᠮᠢᠷ ᠢ ᠠᠬᠢᠭᠤᠯᠤᠨ ᠵᠢᠷᠤᠮᠵᠢᠭᠤᠯᠵᠤ᠂ ᠠᠵᠢᠯ ᠮᠡᠷᠭᠡᠵᠢᠯ ᠤᠨ ᠪᠡᠶ᠎ᠡ ᠶᠢᠨ ᠲᠠᠮᠢᠷ ᠤᠨ ᠬᠥᠭᠵᠢᠯᠲᠡ ᠶᠢᠨ ᠰᠢᠰᠲ᠋ᠧᠮ ᠢ ᠲᠡᠭᠦᠯᠳᠡᠷᠵᠢᠭᠦᠯᠪᠡ᠃     ᠪᠥᠬᠦ ᠠᠷᠠᠳ ᠤᠨ ᠪᠡᠶ᠎ᠡ ᠴᠢᠬᠢᠷᠠᠭᠵᠢᠭᠤᠯᠬᠤ ᠲᠠᠯ᠎ᠠ ᠪᠠᠷ᠂ ᠰᠦᠵᠧᠦ ᠶᠡᠭᠡ ᠰᠤᠷᠭᠠᠭᠤᠯᠢ ᠶᠢᠨ ᠫᠷᠤᠹᠧᠰᠰᠤᠷ ᠸᠠᠩ ᠵᠢᠶᠠ ᠬᠤᠩ ᠤᠨ ᠦᠵᠡᠬᠦ ᠪᠠᠷ᠂ ᠲᠣᠰ ᠤᠳᠠᠭ᠎ᠠ ᠬᠠᠤᠯᠢ ᠳᠤ ᠵᠠᠰᠠᠪᠤᠷᠢ ᠤᠷᠤᠭᠤᠯᠤᠭᠰᠠᠨ ᠨᠢ ᠪᠥᠬᠦ ᠠᠷᠠᠳ ᠤᠨ ᠪᠡᠶ᠎ᠡ ᠴᠢᠬᠢᠷᠠᠭᠵᠢᠭᠤᠯᠬᠤ ᠦᠢᠯᠡᠰ ᠤᠨ ᠥᠭᠡᠷᠡᠴᠢᠯᠡᠯᠲᠡ ᠳᠤ ᠬᠦᠴᠦᠷᠬᠡᠭ ᠶᠡᠭᠡ ᠬᠥᠳᠡᠯᠭᠡᠭᠦ ᠬᠦᠴᠦᠨ ᠨᠡᠮᠡᠷᠢᠯᠡᠬᠦ ᠪᠥᠭᠡᠳ ᠪᠥᠬᠦ ᠠᠷᠠᠳ ᠤᠨ ᠪᠡᠶ᠎ᠡ ᠴᠢᠬᠢᠷᠠᠭᠵᠢᠭᠤᠯᠬᠤ ᠶᠢᠨ ᠬᠠᠤᠯᠢ ᠪᠠᠷ ᠵᠠᠰᠠᠬᠤ ᠶᠢᠨ ᠲᠡᠭᠦᠯᠳᠡᠷᠵᠢᠯᠲᠡ  ᠨᠢ ᠨᠠᠩ ᠥᠨᠳᠥᠷ ᠬᠢᠷᠢ ᠲᠦᠪᠰᠢᠨ ᠪᠦᠬᠦᠢ ᠪᠥᠬᠦ ᠠᠷᠠᠳ ᠤᠨ ᠪᠡᠶ᠎ᠡ ᠴᠢᠬᠢᠷᠠᠭᠵᠢᠭᠤᠯᠬᠤ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠬᠤ ᠳᠤ ᠪᠠᠲᠤᠯᠠᠭ᠎ᠠ ᠪᠣᠯᠬᠤ ᠪᠣᠯᠣᠨ᠎ᠠ᠃     ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠲᠠᠯ᠎ᠠ ᠪᠠᠷ᠂ ᠨᠠᠨᠵᠢᠩ ᠤᠨ ᠪᠡᠶ᠎ᠡ ᠶᠢᠨ ᠲᠠᠮᠢᠷ ᠤᠨ ᠳᠡᠭᠡᠳᠦ ᠰᠤᠷᠭᠠᠭᠤᠯᠢ ᠶᠢᠨ ᠳᠡᠳ᠋ ᠵᠠᠬᠢᠷᠤᠯ ᠯᠢ ᠵᠢᠶᠠᠩ ᠢᠯᠡᠷᠬᠡᠶᠢᠯᠡᠬᠦ ᠳᠡᠭᠡᠨ᠂ ᠵᠠᠯᠠᠭᠤᠴᠤᠳ ᠪᠠᠭᠠᠴᠤᠳ ᠤᠨ ᠡᠷᠡᠭᠦᠯ ᠮᠡᠨᠳᠤ ᠪᠣᠯ ᠪᠦᠬᠦ ᠠᠷᠠᠳ ᠤᠨ ᠡᠷᠡᠭᠦᠯ ᠮᠡᠨᠳᠤ ᠶᠢᠨ ᠰᠠᠭᠤᠷᠢ ᠮᠥᠨ᠂ ᠰᠢᠨ᠎ᠡ ᠪᠠᠷ ᠵᠠᠰᠠᠪᠤᠷᠢ ᠣᠷᠣᠭᠤᠯᠤᠭᠰᠠᠨ ᠪᠡᠶ᠎ᠡ ᠶᠢᠨ ᠲᠠᠮᠢᠷ ᠤᠨ ᠬᠠᠤᠯᠢ ᠳᠤ ︽ᠡᠷᠡᠭᠦᠯ ᠮᠡᠨᠳᠤ ᠶᠢ ᠲᠡᠷᠢᠭᠦᠨ ᠳᠤ ᠲᠠᠯᠪᠢᠬᠤ︾ ᠰᠤᠷᠭᠠᠨ ᠬᠥᠮᠦᠵᠢᠯ ᠤᠨ ᠣᠶᠢᠯᠠᠭᠠᠭᠳᠠᠬᠤᠨ ᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠤᠯᠤᠰ ᠤᠨ ᠣᠨᠴᠠᠯᠢᠭ ᠲᠠᠢ ᠪᠡᠶ᠎ᠡ ᠶᠢᠨ ᠲᠠᠮᠢᠷ ᠪᠠ ᠰᠤᠷᠭᠠᠨ ᠬᠥᠮᠦᠵᠢᠯ ᠤᠨ ᠠᠭᠤᠰᠤᠯᠴᠠᠨ ᠬᠥᠭᠵᠢᠬᠦ ᠶᠢ ᠭᠦᠨᠵᠡᠭᠡᠶᠢᠷᠡᠭᠦᠯᠵᠦ᠂ ᠵᠠᠯᠠᠭᠤᠴᠤᠳ ᠪᠠᠭᠠᠴᠤᠳ ᠤᠨ ᠰᠣᠶᠣᠯ ᠤᠨ ᠰᠤᠷᠤᠯᠴᠠᠯᠭ᠎ᠠ ᠪᠠ ᠪᠡᠶ᠎ᠡ ᠶᠢᠨ ᠲᠠᠮᠢᠷ ᠤᠨ ᠪᠣᠯᠪᠠᠰᠤᠷᠠᠯ ᠤᠨ ᠵᠣᠬᠢᠴᠠᠩᠭᠤᠢ ᠬᠥᠭᠵᠢᠯᠲᠡ ᠶᠢ ᠠᠬᠢᠭᠤᠯᠵᠤ᠂ ᠵᠠᠯᠠᠭᠤᠴᠤᠳ ᠪᠠᠭᠠᠴᠤᠳ ᠤᠨ ᠡᠷᠡᠭᠦᠯ ᠢᠶᠠᠷ ᠦᠰᠦᠨ ᠪᠣᠶᠢᠵᠢᠬᠤ ᠶᠢ ᠠᠬᠢᠭᠤᠯᠬᠤ ᠳᠤ ᠬᠠᠤᠯᠢᠵᠢᠯ ᠤᠨ ᠬᠥᠲᠥᠯᠥᠨ ᠳᠠᠭᠠᠭᠤᠯᠬᠤ ᠪᠠ ᠪᠠᠲᠤᠯᠠᠬᠤ ᠦᠢᠯᠡᠳᠦᠯ ᠦᠵᠡᠭᠦᠯᠪᠡ ᠭᠡᠪᠡ᠃     ᠤᠷᠤᠯᠳᠤᠭᠠᠨ ᠤ ᠪᠡᠶ᠎ᠡ ᠶᠢᠨ ᠲᠠᠮᠢᠷ ᠤᠨ ᠲᠠᠯ᠎ᠠ ᠪᠠᠷ᠂ ᠨᠠᠨᠵᠢᠩ ᠤᠨ ᠪᠡᠶ᠎ᠡ ᠶᠢᠨ ᠲᠠᠮᠢᠷ ᠤᠨ ᠳᠡᠭᠡᠳᠦ ᠰᠤᠷᠭᠠᠭᠤᠯᠢ ᠶᠢᠨ ᠵᠠᠬᠢᠷᠤᠯ ᠶᠠᠩ ᠭᠦᠸᠧ ᠴᠢᠩ ᠲᠠᠨᠢᠯᠴᠠᠭᠤᠯᠬᠤ ᠳᠠᠭᠠᠨ᠂ ᠰᠢᠨ᠎ᠡ ᠪᠠᠷ ᠵᠠᠰᠠᠪᠤᠷᠢ ᠣᠷᠣᠭᠤᠯᠤᠭᠰᠠᠨ ᠪᠡᠶ᠎ᠡ ᠶᠢᠨ ᠲᠠᠮᠢᠷ ᠤᠨ ᠬᠠᠤᠯᠢ ᠳᠤ ᠪᠡᠶ᠎ᠡ ᠶᠢᠨ ᠲᠠᠮᠢᠷ ᠤᠨ ᠤᠷᠤᠯᠳᠤᠭᠠᠨ ᠤ ᠬᠠᠮᠢᠶᠠᠷᠤᠯᠲᠠ᠂ ᠲᠠᠮᠢᠷᠴᠢᠨ ᠤ ᠡᠷᠬᠡ ᠠᠰᠢᠭ ᠤᠨ ᠬᠠᠮᠠᠭᠠᠯᠠᠯᠲᠠ᠂ ᠠᠵᠢᠯ ᠮᠡᠷᠭᠡᠵᠢᠯ ᠤᠨ ᠪᠡᠶ᠎ᠡ ᠶᠢᠨ ᠲᠠᠮᠢᠷ ᠤᠨ ᠵᠢᠷᠤᠮᠵᠢᠯ ᠬᠢᠭᠡᠳ ᠠᠬᠢᠭᠤᠯᠤᠯ ᠵᠡᠷᠭᠡ ᠲᠠᠯ᠎ᠠ ᠪᠠᠷ ᠤᠷᠤᠯᠳᠤᠭᠠᠨ ᠤ ᠪᠡᠶ᠎ᠡ ᠶᠢᠨ ᠲᠠᠮᠢᠷ ᠤᠨ ᠵᠦᠢᠯ ᠵᠤᠷᠪᠤᠰ ᠢ ᠵᠠᠰᠠᠨ ᠲᠡᠭᠦᠯᠳᠡᠷᠵᠢᠭᠦᠯᠪᠡ ᠭᠡᠪᠡ᠃     ᠪᠡᠶ᠎ᠡ ᠶᠢᠨ ᠲᠠᠮᠢᠷ ᠤᠨ ᠠᠵᠤ ᠦᠢᠯᠡᠰ ᠤᠨ ᠲᠠᠯ᠎ᠠ ᠪᠠᠷ᠂ ᠱᠠᠩᠬᠠᠢ ᠶᠢᠨ ᠪᠡᠶ᠎ᠡ ᠶᠢᠨ ᠲᠠᠮᠢᠷ ᠤᠨ ᠳᠡᠭᠡᠳᠦ ᠰᠤᠷᠭᠠᠭᠤᠯᠢ ᠶᠢᠨ ᠫᠷᠤᠹᠧᠰᠰᠤᠷ ᠬᠤᠸᠠᠩ ᠬᠠᠢ ᠶᠠᠨ ᠬᠡᠯᠡᠬᠦ ᠳᠡᠭᠡᠨ᠂ ᠰᠢᠨ᠎ᠡ ᠪᠠᠷ ᠵᠠᠰᠠᠪᠤᠷᠢ ᠣᠷᠣᠭᠤᠯᠤᠭᠰᠠᠨ ᠪᠡᠶ᠎ᠡ ᠶᠢᠨ ᠲᠠᠮᠢᠷ ᠤᠨ ᠬᠠᠤᠯᠢ ᠳᠠᠬᠢ ᠪᠡᠶ᠎ᠡ ᠶᠢᠨ ᠲᠠᠮᠢᠷ ᠤᠨ ᠠᠵᠤ ᠦᠢᠯᠡᠰ ᠤᠨ ᠬᠤᠯᠪᠣᠭᠳᠠᠯ ᠪᠦᠬᠦᠢ ᠵᠦᠢᠯ ᠵᠤᠷᠪᠤᠰ ᠨᠢ ᠪᠡᠶ᠎ᠡ ᠶᠢᠨ ᠲᠠᠮᠢᠷ ᠤᠨ ᠣᠯᠠᠨ ᠡᠰᠢᠲᠦ ᠥᠷᠲᠡᠭ ᠤᠨ ᠴᠢᠳᠠᠮᠵᠢ ᠶᠢ ᠪᠠᠳᠠᠷᠠᠭᠤᠯᠬᠤ᠂ ᠪᠡᠶ᠎ᠡ ᠶᠢᠨ ᠲᠠᠮᠢᠷ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ ᠪᠡᠶ᠎ᠡ ᠶᠢᠨ ᠲᠠᠮᠢᠷ ᠤᠨ ᠬᠦᠴᠦᠷᠬᠡᠭ ᠤᠯᠤᠰ ᠢ ᠲᠦᠷᠭᠡᠳᠬᠡᠨ ᠪᠠᠶᠢᠭᠤᠯᠬᠤ ᠳᠤ ᠴᠢᠬᠤᠯᠠ ᠶᠡᠭᠡ ᠠᠴᠢ ᠬᠤᠯᠪᠤᠭᠳᠠᠯ ᠲᠠᠢ ᠭᠡᠪᠡ᠃     ︽ᠬᠠᠤᠯᠢ ᠪᠠᠷ ᠪᠡᠶ᠎ᠡ ᠶᠢᠨ ᠲᠠᠮᠢᠷ ᠢᠶᠠᠨ ᠵᠠᠰᠠᠬᠤ︾ ᠰᠢᠨ᠎ᠡ ᠬᠠᠭᠤᠳᠠᠰᠤ ᠶᠢ ᠨᠡᠭᠡᠭᠡᠪᠡ     ᠰᠢᠨ᠎ᠡ ᠪᠠᠷ ᠵᠠᠰᠠᠪᠤᠷᠢ ᠣᠷᠣᠭᠤᠯᠤᠭᠰᠠᠨ ᠪᠡᠶ᠎ᠡ ᠶᠢᠨ ᠲᠠᠮᠢᠷ ᠤᠨ ᠬᠠᠤᠯᠢ ᠳᠤ ︽ᠬᠥᠭᠡᠷᠦᠭᠦᠯᠬᠦ ᠡᠮ ᠢ ᠡᠰᠡᠷᠭᠦᠴᠡᠬᠦ︾ ᠭᠡᠬᠦ‍ ᠨᠢᠭᠡ ᠪᠦᠯᠦᠭ ᠢ ᠨᠡᠮᠡᠵᠦ᠂ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠠᠷᠢᠭᠤᠨ ᠴᠡᠪᠡᠷ᠂ ᠡᠷᠡᠭᠦᠯ ᠴᠢᠭᠢᠷᠠᠭ ᠪᠠ ᠭᠤᠣᠯᠴᠢ ᠥᠷᠢᠰᠦᠯᠳᠦᠭᠡᠨ ᠢ ᠡᠷᠡᠰ ᠬᠠᠮᠠᠭᠠᠯᠠᠪᠠ︔ ︽ᠪᠡᠶ᠎ᠡ ᠶᠢᠨ ᠲᠠᠮᠢᠷ ᠤᠨ ᠨᠡᠶᠢᠭᠡᠮ ᠤᠨ ᠪᠦᠯᠬᠦᠮ︾ ᠤᠨ ᠪᠦᠯᠦᠭ ᠤᠨ ᠨᠡᠷ᠎ᠡ ᠶᠢ ︽ᠪᠡᠶ᠎ᠡ ᠶᠢᠨ ᠲᠠᠮᠢᠷ ᠤᠨ ᠵᠣᠬᠢᠶᠠᠨ ᠪᠠᠶᠢᠭᠤᠯᠤᠯᠲᠠ︾ ᠭᠡᠵᠦ ᠵᠠᠰᠠᠵᠤ᠂ ᠲᠠᠩ ᠵᠦᠢᠯ ᠤᠨ ᠪᠡᠶ᠎ᠡ ᠶᠢᠨ ᠲᠠᠮᠢᠷ ᠤᠨ ᠨᠡᠶᠢᠭᠡᠮᠯᠢᠭ ᠤᠨ ᠳᠣᠲᠣᠭᠠᠳᠤ ᠶᠢᠨ ᠵᠠᠰᠠᠯᠲᠠ ᠪᠠ ᠠᠵᠢᠯ ᠲᠦᠷᠦᠯ ᠤᠨ ᠥᠪᠡᠷ ᠢ ᠪᠠᠨ ᠱᠠᠭᠠᠷᠳᠠᠬᠤ ᠲᠤᠬᠠᠢ ᠭᠤᠣᠯᠳᠠᠯᠭ᠎ᠠ ᠲᠠᠢ ᠲᠣᠭᠲᠠᠭᠠᠯ ᠭᠠᠷᠭᠠᠪᠠ︔ ︽ᠪᠡᠶ᠎ᠡ ᠶᠢᠨ ᠲᠠᠮᠢᠷ ᠤᠨ ᠬᠥᠨᠳᠡᠯᠡᠨ ᠠᠴᠠ ᠲᠠᠰᠤᠯᠬᠤ︾ ᠨᠢᠭᠡ ᠪᠦᠯᠦᠭ ᠢ ᠨᠡᠮᠡᠵᠦ᠂ ᠤᠯᠤᠰ ᠠᠴᠠ ᠪᠡᠶ᠎ᠡ ᠶᠢᠨ ᠲᠠᠮᠢᠷ ᠤᠨ ᠬᠥᠨᠳᠡᠯᠡᠨ ᠠᠴᠠ ᠲᠠᠰᠤᠯᠬᠤ ᠳᠦᠷᠢᠮ ᠢ ᠪᠠᠶᠢᠭᠤᠯᠵᠤ᠂ ᠪᠡᠶ᠎ᠡ ᠶᠢᠨ ᠲᠠᠮᠢᠷ ᠤᠨ ᠵᠢᠭᠤᠷᠠᠯᠳᠤᠭᠠᠨ ᠢ ᠴᠠᠭ ᠲᠤᠬᠠᠢ ᠳᠤᠨᠢ ᠲᠥᠪ ᠭᠤᠣᠯᠴᠢ ᠪᠠᠷ ᠰᠢᠢᠳᠪᠦᠷᠢᠯᠡᠬᠦ ᠪᠤᠯᠪᠠ︔ ︽ᠬᠢᠨᠠᠯᠲᠠ ᠬᠠᠮᠢᠶᠠᠷᠤᠯᠲᠠ︾ ᠭᠡᠬᠦ‍ ᠨᠢᠭᠡ ᠪᠦᠯᠦᠭ ᠢ ᠨᠡᠮᠡᠵ᠊ ᠤ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠢ ᠲᠥᠯᠥᠪᠯᠡᠨ᠂ ᠪᠡᠶ᠎ᠡ ᠶᠢᠨ ᠲᠠᠮᠢᠷ ᠤᠨ ᠠᠵᠢᠯ ᠲᠦᠷᠦᠯ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠪᠤᠯᠪᠠ᠃     ᠬᠥᠭᠡᠷᠦᠭᠦᠯᠬᠦ ᠡᠮ ᠢ ᠡᠰᠡᠷᠭᠦᠴᠡᠬᠦ ᠲᠠᠯ᠎ᠠ ᠪᠠᠷ᠂ ᠰᠢᠶᠠᠩᠲ᠋ᠠᠨ ᠶᠡᠭᠡ ᠰᠤᠷᠭᠠᠭᠤᠯᠢ ᠶᠢᠨ ᠫᠷᠤᠹᠧᠰᠰᠤᠷ ᠵᠧᠦ ᠴᠢᠩ ᠱᠠᠨ ᠤ ᠦᠵᠡᠬᠦ ᠪᠠᠷ᠂ ᠰᠢᠨ᠎ᠡ ᠪᠠᠷ ᠵᠠᠰᠠᠪᠤᠷᠢ ᠣᠷᠣᠭᠤᠯᠤᠭᠰᠠᠨ ᠪᠡᠶ᠎ᠡ ᠶᠢᠨ ᠲᠠᠮᠢᠷ ᠤᠨ ᠬᠠᠤᠯᠢ ᠨᠢ ᠬᠠᠤᠯᠢ ᠴᠠᠭᠠᠵᠠ ᠶᠢᠨ ᠠᠷᠭ᠎ᠠ ᠮᠠᠶ᠋ᠢᠭ ᠢᠶᠠᠷ ᠳᠠᠮᠵᠢᠭᠤᠯᠤᠨ ᠬᠥᠭᠡᠷᠦᠭᠦᠯᠬᠦ ᠡᠮ ᠢ ᠡᠰᠡᠷᠭᠦᠴᠡᠬᠦ ᠰᠢᠰᠲ᠋ᠧᠮᠲᠦ ᠰᠡᠳᠬᠢᠬᠦᠢ ᠶᠢ ᠤᠯᠠᠮ ᠨᠢᠭᠡ ᠠᠯᠬᠤᠮ ᠴᠢᠩᠭᠠᠳᠬᠠᠵᠤ᠂ ᠬᠥᠭᠡᠷᠦᠭᠦᠯᠬᠦ ᠡᠮ ᠢ ᠪᠠᠶᠢᠴᠠᠭᠠᠬᠤ᠂ ᠬᠥᠭᠡᠷᠦᠭᠦᠯᠬᠦ ᠡᠮ ᠢ ᠡᠰᠡᠷᠭᠦᠴᠡᠬᠦ ᠤᠬᠠᠭᠤᠯᠭ᠎ᠠ ᠬᠥᠮᠦᠵᠢᠯ ᠪᠠ ᠰᠢᠨᠵᠢᠯᠡᠬᠦ ᠤᠬᠠᠭᠠᠨ ᠤ ᠰᠤᠳᠤᠯᠭᠠᠨ ᠤ ᠲᠤᠬᠠᠢ ᠲᠣᠭᠲᠠᠭᠠᠯ ᠭᠠᠷᠭᠠᠵᠤ᠂ ᠮᠠᠨ ᠤ ᠤᠯᠤᠰ ᠤᠨ ᠬᠥᠭᠡᠷᠦᠭᠦᠯᠬᠦ ᠡᠮ ᠢ ᠡᠰᠡᠷᠭᠦᠴᠡᠬᠦ ᠣᠯᠠᠨ ᠤᠯᠤᠰ ᠤᠨ ᠬᠠᠮᠲᠤᠷᠠᠯᠴᠠᠭ᠎ᠠ ᠳᠤ ᠣᠷᠤᠯᠴᠠᠬᠤ ᠡᠷᠡᠰ ᠵᠣᠷᠢᠭ ᠢ ᠤᠯᠠᠮ ᠨᠢᠭᠡ ᠠᠯᠬᠤᠮ ᠴᠢᠩᠭᠠᠳᠬᠠᠪᠠ ᠭᠡᠪᠡ᠃     ᠪᠡᠶ᠎ᠡ ᠶᠢᠨ ᠲᠠᠮᠢᠷ ᠤᠨ ᠵᠣᠬᠢᠶᠠᠨ ᠪᠠᠶᠢᠭᠤᠯᠤᠯᠲᠠ ᠶᠢᠨ ᠲᠠᠯ᠎ᠠ ᠪᠠᠷ᠂ ᠳᠤᠮᠳᠠᠳᠤ ᠤᠯᠤᠰ ᠤᠨ ᠤᠯᠤᠰ ᠲᠥᠷᠥ ᠬᠠᠤᠯᠢ ᠴᠠᠭᠠᠵᠠ ᠶᠢᠨ ᠶᠡᠭᠡ ᠰᠤᠷᠭᠠᠭᠤᠯᠢ ᠶᠢᠨ ᠬᠠᠤᠯᠢ ᠶᠢᠨ ᠤᠬᠠᠭᠠᠨ ᠤ ᠳᠡᠭᠡᠳᠦ ᠰᠤᠷᠭᠠᠭᠤᠯᠢ ᠶᠢᠨ ᠫᠷᠤᠹᠧᠰᠰᠤᠷ ᠶᠤᠸᠠᠨ ᠭᠠᠩ ᠢᠯᠡᠷᠬᠡᠶᠢᠯᠡᠬᠦ ᠳᠡᠭᠡᠨ᠂ ᠲᠣᠰ ᠤᠳᠠᠭ᠎ᠠ ᠵᠠᠰᠠᠪᠤᠷᠢ ᠣᠷᠣᠭᠤᠯᠬᠤ ᠳᠠᠭᠠᠨ ᠪᠡᠶ᠎ᠡ ᠶᠢᠨ ᠲᠠᠮᠢᠷ ᠤᠨ ᠵᠣᠬᠢᠶᠠᠨ ᠪᠠᠶᠢᠭᠤᠯᠤᠯᠲᠠ ᠶᠢᠨ ᠬᠠᠤᠯᠢ ᠶᠤᠰᠤᠭᠠᠷ ᠪᠡᠶ᠎ᠡ ᠶᠢᠨ ᠲᠠᠮᠢᠷ ᠤᠨ ᠠᠵᠢᠯᠯᠠᠭ᠎ᠠ ᠳᠤ ᠣᠷᠤᠯᠴᠠᠬᠤ ᠦᠷᠨᠢᠬᠦᠯᠬᠦ  ᠶᠢ ᠬᠥᠲᠥᠯᠥᠨ ᠵᠢᠯᠤᠭᠤᠳᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠪᠡᠶ᠎ᠡ ᠶᠢᠨ ᠲᠠᠮᠢᠷ ᠤᠨ ᠠᠵᠢᠯ ᠲᠥᠷᠥᠯ ᠤᠨ ᠥᠪᠡᠷ ᠢ ᠪᠠᠨ ᠱᠠᠭᠠᠷᠳᠠᠬᠤ ᠶᠢ ᠭᠤᠣᠯᠳᠠᠯᠭ᠎ᠠ ᠲᠠᠢ ᠴᠢᠩᠭᠠᠳᠬᠠᠨ᠂  ᠲᠠᠩ ᠲᠦᠷᠦᠯ ᠤᠨ ᠪᠡᠶ᠎ᠡ ᠶᠢᠨ ᠲᠠᠮᠢᠷ ᠤᠨ ᠨᠡᠶᠢᠭᠡᠮᠯᠢᠭ ᠤᠨ ᠬᠦᠭᠵᠢᠯᠲᠡ ᠶᠢ ᠠᠬᠢᠭᠤᠯᠪᠠ ᠭᠡᠪᠡ᠃     ᠪᠡᠶ᠎ᠡ ᠶᠢᠨ ᠲᠠᠮᠢᠷ ᠤᠨ ᠬᠥᠨᠳᠡᠯᠡᠨ ᠠᠴᠠ ᠲᠠᠰᠤᠯᠬᠤ ᠲᠠᠯ᠎ᠠ ᠪᠠᠷ᠂ ᠹᠦᠵᠧᠦ ᠶᠡᠭᠡ ᠰᠤᠷᠭᠠᠭᠤᠯᠢ ᠶᠢᠨ ᠬᠠᠤᠯᠢ ᠶᠢᠨ ᠤᠬᠠᠭᠠᠨ ᠤ ᠳᠡᠭᠡᠳᠦ ᠰᠤᠷᠭᠠᠭᠤᠯᠢ ᠶᠢᠨ ᠫᠷᠤᠹᠧᠰᠰᠤᠷ ᠯᠢ ᡁᠢ ᠶᠢᠨ ᠦᠵᠡᠬᠦ ᠪᠠᠷ᠂ ᠵᠠᠰᠠᠪᠤᠷᠢ ᠣᠷᠣᠭᠤᠯᠤᠭᠰᠠᠨ ᠤ ᠳᠠᠷᠠᠭᠠᠬᠢ ᠪᠡᠶ᠎ᠡ ᠶᠢᠨ ᠲᠠᠮᠢᠷ ᠤᠨ ᠬᠠᠤᠯᠢ ᠳᠤ ︽ᠪᠡᠶ᠎ᠡ ᠶᠢᠨ ᠲᠠᠮᠢᠷ ᠤᠨ ᠬᠥᠨᠳᠡᠯᠡᠨ ᠠᠴᠠ ᠲᠠᠰᠤᠯᠬᠤ︾ ᠨᠢᠭᠡ ᠪᠦᠯᠦᠭ ᠭᠠᠷᠭᠠᠵᠤ᠂ ᠬᠥᠨᠳᠡᠯᠡᠨ ᠠᠴᠠ ᠲᠠᠰᠤᠯᠬᠤ ᠪᠠᠶᠢᠭᠤᠯᠤᠮᠵᠢ ᠶᠢᠨ ᠪᠠᠶᠢᠷᠢᠯᠠᠭᠤᠯᠤᠯᠲᠠ᠂ ᠬᠥᠨᠳᠡᠯᠡᠨ ᠠᠴᠠ ᠲᠠᠰᠤᠯᠬᠤ ᠬᠡᠪᠴᠢᠶ᠎ᠡ᠂ ᠲᠠᠰᠤᠯᠤᠯᠲᠠ ᠶᠢᠨ ᠬᠦᠴᠦᠨ᠂ ᠬᠥᠨᠳᠡᠯᠡᠨ ᠠᠴᠠ ᠲᠠᠰᠤᠯᠬᠤ ᠵᠢᠷᠤᠮ ᠢ ᠵᠣᠯᠭᠠᠭᠤᠯᠬᠤ ᠵᠡᠷᠭᠡ ᠠᠭᠤᠯᠭ᠎ᠠ ᠶᠢ ᠵᠢᠷᠤᠮᠵᠢᠭᠤᠯᠵᠤ᠂ ᠬᠠᠤᠯᠢ ᠲᠣᠭᠲᠠᠭᠠᠯᠲᠠ ᠶᠢᠨ ᠲᠠᠯ᠎ᠠ ᠪᠠᠷ ᠪᠡᠶ᠎ᠡ ᠪᠠᠨ ᠳᠠᠭᠠᠭᠠᠭᠰᠠᠨ᠂ ᠲᠤᠰᠬᠠᠢ ᠮᠡᠷᠭᠡᠵᠢᠯ ᠤᠨ ᠪᠡᠶ᠎ᠡ ᠶᠢᠨ ᠲᠠᠮᠢᠷ ᠤᠨ ᠬᠥᠨᠳᠡᠯᠡᠨ ᠠᠴᠠ ᠲᠠᠰᠤᠯᠬᠤ ᠳᠦᠷᠢᠮ ᠢ ᠲᠣᠭᠲᠠᠭᠠᠭᠰᠠᠨ ᠪᠠᠶᠢᠨ᠎ᠠ ᠭᠡᠪᠡ᠃     ᠬᠢᠨᠠᠯᠲᠠ ᠬᠠᠮᠢᠶᠠᠷᠤᠯᠲᠠ ᠶᠢᠨ ᠲᠠᠯ᠎ᠠ ᠪᠠᠷ᠂ ᠪᠡᠭᠡᠵᠢᠩ ᠤᠨ ᠢ ᠾᠧ ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ ᠶᠠᠨ ᠯᠢ ᠪᠢᠨ ᠢᠯᠡᠷᠬᠡᠶᠢᠯᠡᠬᠦ ᠳᠡᠭᠡᠨ᠂ ᠰᠢᠨ᠎ᠡ ᠪᠠᠷ ᠵᠠᠰᠠᠪᠤᠷᠢ ᠣᠷᠣᠭᠤᠯᠤᠭᠰᠠᠨ ᠪᠡᠶ᠎ᠡ ᠶᠢᠨ ᠲᠠᠮᠢᠷ ᠤᠨ ᠬᠠᠤᠯᠢ ᠳᠤ ᠬᠢᠨᠠᠯᠲᠠ ᠬᠠᠮᠢᠶᠠᠷᠤᠯᠲᠠ ᠶᠢᠨ ᠠᠷᠪᠠᠳᠤᠭᠠᠷ ᠪᠦᠯᠦᠭ ᠢ ᠰᠢᠨ᠎ᠡ ᠪᠠᠷ ᠨᠡᠮᠡᠵᠦ᠂ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠢ ᠰᠢᠨᠵᠢᠯᠡᠬᠦ ᠤᠬᠠᠭᠠᠨᠴᠢ ᠪᠠᠷ᠂ ᠲᠣᠳᠣᠷᠬᠠᠢ᠂ ᠨᠠᠷᠢᠯᠢᠭᠵᠢᠭᠤᠯᠵᠤ᠂ ᠰᠠᠶᠢᠨ ᠬᠠᠤᠯᠢ ᠶᠢᠨ ᠲᠣᠳᠣᠷᠬᠠᠢ ᠴᠢᠨᠠᠷ᠂ ᠪᠣᠯᠣᠮᠵᠢᠲᠤ ᠴᠢᠨᠠᠷ ᠪᠠ ᠪᠣᠳᠠᠲᠤ ᠦᠷ᠎ᠡ ᠪᠦᠲᠦᠮᠵᠢ ᠶᠢᠨ ᠵᠢᠱᠢᠯᠲᠡ ᠶᠢ ᠳᠣᠪᠤᠶᠢᠯᠭᠠᠪᠠ᠃ ᠲᠤᠰᠢᠶᠠᠯ ᠬᠠᠷᠢᠭᠤᠴᠠᠯᠭ᠎ᠠ ᠶᠢᠨ ᠪᠠᠶᠢᠷᠢ ᠲᠣᠭᠲᠠᠭᠠᠯᠲᠠ᠂ ᠠᠵᠢᠯ ᠤᠨ ᠲᠣᠭᠲᠠᠴᠠ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠳᠡᠰ ᠳᠠᠷᠠᠭᠠᠯᠠᠯ ᠪᠠ ᠠᠷᠭ᠎ᠠ ᠬᠡᠯᠪᠡᠷᠢ᠂ ᠬᠠᠤᠯᠢ ᠬᠡᠷᠡᠭᠵᠢᠭᠦᠯᠦᠯᠲᠡ ᠶᠢᠨ ᠪᠠᠲᠤᠯᠠᠭ᠎ᠠ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠳᠤ ᠬᠢᠨᠠᠯᠲᠠ ᠲᠠᠯᠪᠢᠬᠤ ᠵᠡᠷᠭᠡ ᠲᠠᠯ᠎ᠠ  ᠪᠠᠷ᠂ ᠪᠡᠶ᠎ᠡ ᠶᠢᠨ ᠲᠠᠮᠢᠷ ᠤᠨ ᠬᠢᠨᠠᠯᠲᠠ ᠬᠠᠮᠢᠶᠠᠷᠤᠯᠲᠠ ᠶᠢᠨ ᠠᠵᠢᠯ ᠳᠤ ᠪᠠᠶᠢᠷᠢ ᠲᠣᠭᠲᠠᠭᠠᠯᠲᠠ ᠨᠢ ᠣᠨᠣᠪᠴᠢᠲᠠᠶ᠂ ᠯᠣᠭᠢᠭ  ᠨᠢ ᠲᠣᠳᠣᠷᠬᠠᠢ᠂ ᠳᠡᠭᠡᠳᠦ ᠬᠡᠮᠵᠢᠶ᠎ᠡ ᠪᠠᠷ ᠠᠪᠰᠠᠷᠬᠠᠨ ᠵᠢᠷᠤᠮᠵᠢᠯ ᠢ ᠬᠡᠷᠡᠭᠵᠢᠭᠦᠯᠵᠦ᠂ ᠠᠶᠤᠯ ᠲᠦᠭᠰᠢᠭᠦᠷᠢ ᠶᠡᠬᠡᠲᠡᠢ ᠪᠡᠶ᠎ᠡ ᠶᠢᠨ ᠲᠠᠮᠢᠷ ᠤᠨ ᠲᠥᠷᠥᠯ ᠵᠦᠢᠯ ᠪᠠ ᠤᠷᠤᠯᠳᠤᠭᠠᠨ᠂ ᠪᠡᠶ᠎ᠡ ᠶᠢᠨ ᠲᠠᠮᠢᠷ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠡᠷᠴᠢᠮ ᠪᠠ ᠳᠦᠷᠢᠮ ᠢ ᠴᠢᠩᠭᠠᠷᠠᠭᠤᠯᠤᠨ᠂ ᠪᠡᠶ᠎ᠡ ᠶᠢᠨ ᠲᠠᠮᠢᠷ ᠤᠨ ᠬᠢᠨᠠᠯᠲᠠ ᠬᠠᠮᠢᠶᠠᠷᠤᠯᠲᠠ ᠶᠢᠨ ᠠᠵᠢᠯ ᠢ ᠲᠣᠳᠣᠷᠬᠠᠢ ᠵᠢᠷᠤᠮᠵᠢᠭᠤᠯᠵᠤ᠂ ᠦᠢᠯᠡᠴᠢᠯᠡᠭᠡ᠂ ᠬᠢᠨᠠᠯᠲᠠ᠂ ᠬᠠᠮᠢᠶᠠᠷᠤᠯᠲᠠ ᠶᠢ ᠬᠠᠷᠢᠯᠴᠠᠨ ᠨᠢᠭᠡᠳᠬᠡᠬᠦ ᠶᠢ ᠬᠠᠤᠯᠢ ᠲᠣᠭᠲᠠᠭᠠᠬᠤ ᠲᠠᠯ᠎ᠠ ᠪᠠᠷ ᠤᠯᠠᠮ ᠨᠢᠭᠡ ᠠᠯᠬᠤᠮ ᠲᠦᠯᠬᠢᠨ ᠠᠬᠢᠭᠤᠯᠪᠠ ᠭᠡᠪᠡ᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18004690号