ᠦᠰᠦᠭ ᠪᠢᠴᠢᠭ ᠤᠨ ᠲᠡᠶᠢᠯᠦᠮᠵᠢ᠄ ᠳᠤᠮᠳᠠᠳᠤ ᠶᠢᠨ ᠪᠡᠶ᠎ᠡ ᠶᠢᠨ ᠲᠠᠮᠢᠷ ᠤᠨ ᠵᠣᠷᠢᠭ ᠰᠠᠨᠠᠭ᠎ᠠ ᠶᠢ ᠪᠠᠳᠠᠷᠠᠭᠤᠯᠵᠤ ᠳᠤᠮᠳᠠᠳᠤ ᠶᠢᠨ ᠪᠡᠶ᠎ᠡ ᠶᠢᠨ ᠲᠠᠮᠢᠷ ᠤᠨ ᠰᠣᠶᠣᠯ ᠢ ᠪᠤᠢ ᠪᠤᠯᠭᠠᠶ᠎ᠡ —— ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠪᠡᠶ᠎ᠡ ᠶᠢᠨ ᠲᠠᠮᠢᠷ ᠤᠨ ᠬᠠᠤᠯᠢ︾ ᠶᠢᠨ ᠶᠡᠷᠦᠩᠬᠡᠢ ᠲᠦᠷᠢᠮ  ᠤᠨ ᠲᠡᠶᠢᠯᠦᠮᠵᠢ
ᠨᠡᠶᠢᠲᠡᠯᠡᠭᠰᠡᠨ ᠴᠠᠭ᠄
2022/7/5
    ᠰᠢ ᠶᠢᠨ ᠫᠢᠩ ᠶᠡᠷᠦᠩᠬᠡᠢ ᠱᠦᠵᠢ ᠴᠢᠬᠤᠯᠠᠴᠢᠯᠠᠨ ᠵᠢᠭᠠᠵᠤ ᠭᠠᠷᠭᠠᠭᠰᠠᠨ ᠨᠢ᠂ ᠥᠷᠭᠡᠨ ᠣᠯᠠᠨ ᠪᠡᠶ᠎ᠡ ᠶᠢᠨ ᠲᠠᠮᠢᠷ ᠤᠨ ᠠᠵᠢᠯᠲᠠᠳ ᠤᠨ ᠣᠷᠳᠣ ᠬᠤᠭᠤᠴᠠᠭᠠᠨ ᠤ ᠦᠢᠯᠡᠳᠦᠯᠭᠡ ᠶᠢᠨ ᠳᠤᠮᠳᠠ ᠪᠠᠨ ᠳ᠋ᠦᠩᠨᠡᠵᠦ ᠭᠠᠷᠭᠠᠭᠰᠠᠨ    ︽ᠡᠬᠡ ᠣᠷᠣᠨ ᠤ ᠢᠷᠠᠭᠤ ᠠᠯᠳᠠᠷ ᠤᠨ ᠲᠥᠯᠥᠭᠡ ᠵᠢᠳᠬᠦᠬᠦ᠂ ᠭᠤᠶᠠᠴᠢ ᠦᠭᠡᠢ ᠵᠢᠳᠬᠦᠬᠦ᠂ ᠰᠢᠨᠵᠢᠯᠡᠬᠦ ᠤᠬᠠᠭᠠᠨᠴᠢ ᠪᠠᠷ ᠦᠨᠡᠨ ᠢ ᠪᠠᠷᠢᠮᠲᠠᠯᠠᠬᠤ᠂ ᠰᠠᠬᠢᠯᠭ᠎ᠠ ᠪᠠᠲᠤ ᠶᠢ ᠵᠢᠷᠤᠮᠯᠠᠨ ᠬᠠᠤᠯᠢ ᠴᠠᠭᠠᠵᠠ ᠶᠢ ᠰᠠᠬᠢᠬᠤ᠂ ᠪᠦᠯᠬᠦᠮᠳᠡᠨ ᠬᠠᠮᠵᠢᠯᠴᠠᠬᠤ᠂ ᠡᠷᠡᠯᠬᠡᠭᠯᠡᠨ ᠲᠡᠮᠡᠴᠡᠬᠦ︾ ᠪᠠᠷ ᠭᠤᠣᠯ ᠠᠭᠤᠯᠭ᠎ᠠ ᠪᠣᠯᠭᠠᠭᠰᠠᠨ ᠳᠤᠮᠳᠠᠳᠤ ᠶᠢᠨ ᠪᠡᠶ᠎ᠡ ᠶᠢᠨ ᠲᠠᠮᠢᠷ ᠤᠨ ᠵᠣᠷᠢᠭ ᠰᠠᠨᠠᠭ᠎ᠠ ᠪᠣᠯ ᠬᠢᠯᠪᠠᠷ ᠪᠤᠰᠤ ᠪᠠᠷ ᠢᠷᠡᠭᠰᠡᠨ ᠶᠤᠮ᠂ ᠡᠷᠬᠢᠮ ᠨᠠᠨᠳᠢᠨ ᠶᠤᠮ᠂ ᠡᠭᠦᠨ ᠢ ᠵᠠᠯᠭᠠᠮᠵᠢᠯᠠᠨ ᠰᠢᠨ᠎ᠡ ᠶᠢ ᠡᠭᠦᠳᠴᠦ᠂ ᠪᠠᠳᠠᠷᠠᠭᠤᠯᠤᠨ ᠳᠡᠯᠭᠡᠷᠡᠭᠦᠯᠬᠦ ᠬᠡᠷᠡᠭᠲᠡᠢ ᠭᠡᠵᠡᠢ᠃ ᠪᠡᠶ᠎ᠡ ᠶᠢᠨ ᠲᠠᠮᠢᠷ ᠤᠨ ᠬᠦᠴᠦᠷᠬᠡᠭ ᠤᠯᠤᠰ ᠤᠨ ᠬᠠᠷᠠᠯᠲᠠ ᠶᠢ ᠪᠡᠶᠡᠯᠡᠭᠦᠯᠬᠦ ᠳᠤ᠂ ᠳᠤᠮᠳᠠᠳᠤ ᠶᠢᠨ ᠪᠡᠶ᠎ᠡ ᠶᠢᠨ ᠲᠠᠮᠢᠷ ᠤᠨ ᠵᠣᠷᠢᠭ ᠰᠠᠨᠠᠭ᠎ᠠ ᠶᠢ ᠪᠠᠳᠠᠷᠠᠭᠤᠯᠬᠤ ᠶᠢ ᠰᠣᠶᠣᠯ ᠤᠨ ᠢᠲᠡᠭᠡᠯ ᠢᠶᠠᠨ ᠪᠠᠳᠤᠳᠬᠠᠬᠤ ᠲᠠᠢ ᠤᠶᠠᠯᠳᠤᠭᠤᠯᠬᠤ ᠬᠡᠷᠡᠭᠳᠡᠢ᠃ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠪᠡᠶ᠎ᠡ ᠶᠢᠨ ᠲᠠᠮᠢᠷ ᠤᠨ ᠬᠠᠤᠯᠢ︾ ᠶᠢᠨ ᠶᠡᠷᠦᠩᠬᠡᠢ ᠳᠦᠷᠢᠮ ᠤᠨ ᠨᠢᠭᠡᠳᠦᠭᠡᠷ ᠵᠦᠢᠯ ᠳᠤ᠄ ︽ᠳᠤᠮᠳᠠᠳᠤ ᠶᠢᠨ ᠪᠡᠶ᠎ᠡ ᠶᠢᠨ ᠲᠠᠮᠢᠷ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠳᠤᠮᠳᠠᠳᠤ  ᠶᠢᠨ  ᠪᠡᠶ᠎ᠡ  ᠶᠢᠨ  ᠲᠠᠮᠢᠷ  ᠤᠨ  ᠰᠣᠶᠣᠯ  ᠢ  ᠪᠤᠢ  ᠪᠤᠯᠭᠠᠨ᠎ᠠ︾ ᠭᠡᠵᠦ  ᠲᠣᠳᠣᠷᠬᠠᠢ ᠲᠣᠭᠲᠠᠭᠠᠵᠠᠢ᠃     ᠳᠤᠮᠳᠠᠳᠤ ᠶᠢᠨ ᠪᠡᠶ᠎ᠡ ᠶᠢᠨ ᠲᠠᠮᠢᠷ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠳᠤᠮᠳᠠᠳᠤ ᠶᠢᠨ ᠪᠡᠶ᠎ᠡ ᠶᠢᠨ ᠲᠠᠮᠢᠷ ᠤᠨ ᠰᠣᠶᠣᠯ ᠢ  ᠪᠤᠢ ᠪᠤᠯᠭᠠᠬᠤ ᠪᠣᠯ ᠪᠡᠶ᠎ᠡ ᠶᠢᠨ ᠲᠠᠮᠢᠷ ᠢ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠪᠡᠯᠭᠡ ᠲᠡᠮᠳᠡᠭ ᠤᠨ ᠴᠢᠨᠠᠷᠲᠠᠢ ᠦᠢᠯᠡᠰ ᠪᠣᠯᠭᠠᠨ ᠪᠦᠲᠦᠭᠡᠨ ᠪᠠᠶᠢᠭᠤᠯᠬᠤ ᠤᠶᠤᠨ ᠤ ᠪᠠ ᠰᠣᠶᠣᠯ ᠤᠨ ᠬᠦᠴᠦᠨ ᠮᠥᠨ᠃ ᠳᠤᠮᠳᠠᠳᠤ ᠶᠢᠨ ᠪᠡᠶ᠎ᠡ ᠶᠢᠨ ᠲᠠᠮᠢᠷ ᠤᠨ ᠵᠣᠷᠢᠭ ᠰᠠᠨᠠᠭ᠎ᠠ ᠪᠣᠯ ︽ᠳᠤᠮᠳᠠᠳᠤ ᠤᠯᠤᠰ ᠤᠨ ᠵᠣᠷᠢᠭ ᠰᠠᠨᠠᠭ᠎ᠠ︾ ᠶᠢᠨ ᠪᠡᠶ᠎ᠡ ᠶᠢᠨ ᠲᠠᠮᠢᠷ ᠤᠨ ᠬᠦᠷᠢᠶᠡᠨ ᠳᠠᠬᠢ ᠪᠣᠳᠠᠲᠠᠢ ᠢᠯᠡᠷᠡᠯ ᠮᠥᠨ᠂ ᠳᠤᠮᠳᠠᠳᠤ ᠤᠯᠤᠰ ᠤᠨ ᠪᠡᠶ᠎ᠡ ᠶᠢᠨ ᠲᠠᠮᠢᠷ ᠤᠨ ᠭᠤᠣᠯ ᠴᠢᠮᠦᠭᠡ ᠪᠠ ᠰᠦᠭ ᠰᠦᠨᠡᠰᠦ ᠮᠥᠨ᠂ ᠨᠢᠭᠡᠨ ᠬᠥᠭᠵᠢᠭᠰᠡᠨ᠂ ᠨᠡᠭᠡᠭᠡᠯᠲᠡᠲᠤ ᠴᠢᠨᠠᠷᠲᠠᠢ ᠦᠵᠡᠯ ᠰᠠᠨᠠᠭ᠎ᠠ ᠪᠠ ᠦᠷᠳᠡᠭ ᠤᠨ ᠰᠢᠰᠲ᠋ᠧᠮ ᠮᠥᠨ᠂ ᠮᠠᠨ ᠤ ᠤᠯᠤᠰ ᠤᠨ ᠪᠡᠶ᠎ᠡ ᠶᠢᠨ ᠲᠠᠮᠢᠷ ᠤᠨ ᠦᠢᠯᠡᠰ ᠬᠥᠭᠵᠢᠭᠡᠳ ᠵᠣᠬᠢᠬᠤ ᠱᠠᠲᠤᠨ ᠳᠤ ᠬᠦᠷᠦᠭᠰᠡᠨ ᠤ ᠲᠠᠷᠠᠭᠠᠬᠢ ᠤᠶᠤᠨ ᠰᠠᠨᠠᠭᠠᠨ ᠤ ᠪᠦᠲᠦᠭᠡᠭᠳᠡᠬᠦᠨ ᠮᠥᠨ᠃ ᠳᠤᠮᠳᠠᠳᠤ ᠶᠢᠨ ᠪᠡᠶ᠎ᠡ ᠶᠢᠨ ᠲᠠᠮᠢᠷ ᠤᠨ ᠰᠣᠶᠣᠯ ᠪᠣᠯ ᠮᠠᠨ ᠤ ᠤᠯᠤᠰ ᠤᠨ ᠨᠡᠶᠢᠭᠡᠮ ᠵᠢᠷᠤᠮ ᠤᠨ ᠰᠣᠶᠣᠯ ᠤᠨ ᠴᠢᠬᠤᠯᠠ ᠪᠦᠷᠢᠯᠳᠦᠭᠦᠨ ᠬᠡᠰᠡᠭ ᠮᠥᠨ᠂ ᠤᠯᠤᠰ ᠤᠨ ᠶᠡᠷᠦᠩᠬᠡᠢ ᠬᠦᠴᠦᠨ᠂ ᠰᠣᠶᠣᠯ ᠤᠨ ᠵᠥᠭᠡᠯᠡᠨ ᠪᠣᠳᠠᠲᠤ ᠬᠦᠴᠦᠨ ᠪᠠ ᠨᠡᠶᠢᠭᠡᠮ ᠤᠨ ᠪᠣᠯᠪᠠᠰᠤᠨ ᠤ ᠬᠡᠮᠵᠢᠶ᠎ᠡ ᠶᠢᠨ ᠴᠢᠬᠤᠯᠠ ᠢᠯᠡᠷᠡᠯ ᠮᠥᠨ᠃ ᠳᠤᠮᠳᠠᠳᠤ ᠶᠢᠨ ᠪᠡᠶ᠎ᠡ ᠶᠢᠨ ᠲᠠᠮᠢᠷ ᠤᠨ ᠵᠣᠷᠢᠭ ᠰᠠᠨᠠᠭ᠎ᠠ ᠪᠣᠯ ᠳᠤᠮᠳᠠᠳᠤ ᠶᠢᠨ ᠪᠡᠶ᠎ᠡ ᠶᠢᠨ ᠲᠠᠮᠢᠷ ᠤᠨ ᠰᠣᠶᠣᠯ ᠤᠨ ᠵᠣᠷᠢᠭ ᠰᠠᠨᠠᠭᠠᠨ ᠤ ᠠᠭᠤᠯᠤᠭᠳᠠᠬᠤᠨ ᠮᠥᠨ᠂ ᠳᠤᠮᠳᠠᠳᠤ ᠶᠢᠨ ᠪᠡᠶ᠎ᠡ ᠶᠢᠨ ᠲᠠᠮᠢᠷ ᠤᠨ ᠰᠣᠶᠣᠯ ᠪᠣᠯ ᠳᠤᠮᠳᠠᠳᠤ ᠶᠢᠨ ᠪᠡᠶ᠎ᠡ ᠶᠢᠨ ᠲᠠᠮᠢᠷ ᠤᠨ ᠵᠣᠷᠢᠭ ᠰᠠᠨᠠᠭᠠᠨ ᠤ ᠲᠡᠦᠬᠡ ᠶᠢᠨ ᠬᠤᠷᠠᠮᠳᠤᠯ ᠪᠤᠯᠤᠨ᠎ᠡ᠃     ᠳᠤᠮᠳᠠᠳᠤ ᠶᠢᠨ ᠪᠡᠶ᠎ᠡ ᠶᠢᠨ ᠲᠠᠮᠢᠷ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠳᠤᠮᠳᠠᠳᠤ ᠶᠢᠨ ᠪᠡᠶ᠎ᠡ ᠶᠢᠨ ᠲᠠᠮᠢᠷ ᠤᠨ ᠰᠣᠶᠣᠯ ᠢ  ᠪᠤᠢ ᠪᠤᠯᠭᠠᠬᠤ ᠨᠢ ᠨᠡᠶᠢᠭᠡᠮ ᠵᠢᠷᠤᠮ ᠤᠨ ᠭᠤᠣᠯᠯᠠᠬᠤ ᠦᠷᠳᠡᠭ ᠤᠨ ᠦᠵᠡᠯᠲᠡ ᠶᠢ ᠦᠢᠯᠡᠳᠦᠯᠭᠡᠵᠢᠭᠦᠯᠬᠦ ᠳᠤ ᠠᠰᠢᠭᠲᠠᠢ᠃ ᠳᠤᠮᠳᠠᠳᠤ ᠶᠢᠨ ᠪᠡᠶ᠎ᠡ ᠶᠢᠨ ᠲᠠᠮᠢᠷ ᠤᠨ ᠵᠣᠷᠢᠭ ᠰᠠᠨᠠᠭ᠎ᠠ ᠪᠣᠯᠣᠨ ᠳᠤᠮᠳᠠᠳᠤ ᠶᠢᠨ ᠪᠡᠶ᠎ᠡ ᠶᠢᠨ ᠲᠠᠮᠢᠷ ᠤᠨ ᠰᠣᠶᠣᠯ ᠪᠣᠯ ᠨᠡᠶᠢᠭᠡᠮ ᠵᠢᠷᠤᠮ ᠤᠨ ᠭᠤᠣᠯᠯᠠᠭᠴᠢ ᠥᠷᠲᠡᠭ ᠤᠨ ᠦᠵᠡᠯᠲᠡ ᠶᠢᠨ ᠪᠡᠶ᠎ᠡ ᠶᠢᠨ ᠲᠠᠮᠢᠷ ᠤᠨ ᠬᠦᠷᠢᠶᠡᠨ ᠳᠠᠬᠢ ᠲᠥᠪᠯᠡᠷᠡᠩᠭᠦᠢ ᠢᠯᠡᠷᠡᠯ ᠮᠥᠨ᠂ ᠪᠡᠶ᠎ᠡ ᠶᠢᠨ ᠲᠠᠮᠢᠷ ᠤᠨ ᠦᠢᠯᠡᠰ ᠤᠨ ᠬᠥᠭᠵᠢᠯᠲᠡ ᠶᠢᠨ ᠳᠤᠮᠳᠠᠬᠢ ᠤᠯᠤᠰ ᠤᠨ ᠦᠷᠳᠡᠭ ᠤᠨ ᠬᠠᠷᠠᠯᠲᠠ᠂ ᠨᠡᠶᠢᠭᠡᠮ ᠤᠨ ᠦᠷᠳᠡᠭ ᠤᠨ ᠬᠠᠨᠳᠤᠰᠢ ᠪᠠ ᠠᠷᠠᠳ ᠢᠷᠭᠡᠳ ᠤᠨ ᠦᠷᠳᠡᠭ ᠤᠨ ᠪᠠᠷᠢᠮᠵᠢᠶ᠎ᠠ ᠶᠢ ᠲᠤᠰᠬᠠᠵᠤ᠂ ᠬᠥᠮᠥᠨ ᠤ ᠡᠷᠬᠢᠮ ᠳᠡᠭᠡᠳᠦ ᠶᠣᠰᠣ ᠮᠣᠷᠠᠯ ᠦᠵᠡᠯ ᠰᠡᠳᠬᠢᠯᠭᠡ ᠪᠠ ᠪᠣᠯᠪᠠᠰᠤᠨ ᠶᠡᠷᠦᠩᠬᠡᠶᠢᠯᠡᠭᠰᠡᠨ ᠬᠡᠪ ᠪᠣᠯᠪᠠᠰᠤᠷᠠᠯ ᠢ ᠬᠥᠮᠥᠵᠢᠭᠦᠯᠵᠦ᠂ ᠠᠷᠠᠳ ᠲᠦᠮᠡᠨ ᠤ ᠤᠶᠤᠨ ᠰᠠᠨᠠᠭ᠎ᠠ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ᠂ ᠦᠨᠳᠦᠰᠦᠲᠡᠨ ᠨᠦᠭᠦᠳ ᠤᠨ ᠠᠷᠠᠳ ᠲᠦᠮᠡᠨ ᠤ ᠭᠠᠷᠮᠠᠭᠠᠢ ᠪᠦᠲᠦᠭᠡᠯ ᠢ ᠬᠥᠭᠡᠭᠡᠴᠡᠯᠳᠦᠬᠦ᠂ ᠥᠪᠡᠷ ᠢ ᠪᠠᠨ ᠰᠢᠪᠲᠤᠯᠬᠤ ᠵᠣᠷᠢᠭ ᠰᠠᠨᠠᠭ᠎ᠠ ᠶᠢ ᠪᠠᠳᠠᠷᠠᠭᠤᠯᠤᠨ ᠳᠡᠯᠭᠡᠷᠡᠭᠦᠯᠬᠦ ᠶᠢ ᠵᠣᠷᠢᠭᠵᠢᠭᠤᠯᠵᠤ᠂ ᠬᠠᠤᠯᠢ ᠶᠣᠰᠣᠭᠠᠷ ᠪᠡᠶ᠎ᠡ ᠮᠠᠬᠠᠪᠤᠳ ᠢᠶᠠᠨ ᠵᠠᠰᠠᠬᠤ ᠪᠠ ᠶᠣᠰᠣ ᠮᠣᠷᠠᠯ ᠢᠶᠠᠷ ᠪᠡᠶ᠎ᠡ ᠮᠠᠬᠠᠪᠤᠳ ᠢᠶᠠᠨ ᠵᠠᠰᠠᠬᠤ ᠶᠢ ᠣᠷᠭᠠᠨᠢᠭ ᠢᠶᠠᠷ ᠤᠶᠠᠯᠳᠤᠭᠤᠯᠬᠤ ᠶᠢ ᠪᠡᠶᠡᠯᠡᠭᠦᠯᠵᠦ᠂ ᠬᠥᠮᠥᠨ ᠤ ᠪᠦᠬᠦ ᠲᠠᠯ᠎ᠠ ᠶᠢᠨ ᠬᠥᠭᠵᠢᠯᠲᠡ ᠶᠢ ᠠᠬᠢᠭᠤᠯᠤᠨ᠎ᠠ᠃     ᠳᠤᠮᠳᠠᠳᠤ ᠶᠢᠨ ᠪᠡᠶ᠎ᠡ ᠶᠢᠨ ᠲᠠᠮᠢᠷ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠳᠤᠮᠳᠠᠳᠤ ᠶᠢᠨ ᠪᠡᠶ᠎ᠡ ᠶᠢᠨ ᠲᠠᠮᠢᠷ ᠤᠨ ᠰᠣᠶᠣᠯ ᠢ ᠪᠤᠢ ᠪᠤᠯᠭᠠᠬᠤ ᠨᠢ ᠪᠡᠶ᠎ᠡ ᠶᠢᠨ ᠲᠠᠮᠢᠷ ᠤᠨ ᠬᠠᠤᠯᠢ ᠶᠢ ᠪᠦᠬᠦ ᠲᠠᠯ᠎ᠠ ᠪᠠᠷ ᠬᠡᠷᠡᠭᠵᠢᠭᠦᠯᠬᠦ ᠳᠤ ᠠᠰᠢᠭᠳᠠᠢ᠃ ᠪᠡᠶ᠎ᠡ ᠶᠢᠨ ᠲᠠᠮᠢᠷ ᠤᠨ ᠬᠠᠤᠯᠢ ᠶᠢᠨ ᠮᠠᠰᠢ ᠤᠯᠠᠨ ᠵᠦᠢᠯ ᠵᠤᠷᠪᠤᠰ ᠨᠢ ᠴᠥᠮ ᠳᠤᠮᠳᠠᠳᠤ ᠶᠢᠨ ᠪᠡᠶ᠎ᠡ ᠶᠢᠨ ᠲᠠᠮᠢᠷ ᠤᠨ ᠵᠣᠷᠢᠭ ᠰᠠᠨᠠᠭ᠎ᠠ ᠶᠢ ᠪᠠᠳᠠᠷᠠᠭᠤᠯᠬᠤ᠂ ᠳᠤᠮᠳᠠᠳᠤ ᠶᠢᠨ ᠪᠡᠶ᠎ᠡ ᠶᠢᠨ ᠲᠠᠮᠢᠷ ᠤᠨ ᠰᠣᠶᠣᠯ ᠢ ᠪᠤᠢ ᠪᠤᠯᠭᠠᠬᠤ ᠱᠠᠭᠠᠷᠳᠠᠯᠭ᠎ᠠ ᠶᠢ ᠢᠯᠡᠷᠡᠭᠦᠯᠵᠦ᠂ ᠳᠤᠮᠳᠠᠳᠤ ᠶᠢᠨ ᠪᠡᠶ᠎ᠡ ᠶᠢᠨ ᠲᠠᠮᠢᠷ ᠤᠨ ᠵᠣᠷᠢᠭ ᠰᠠᠨᠠᠭ᠎ᠠ ᠪᠠ ᠳᠤᠮᠳᠠᠳᠤ ᠶᠢᠨ ᠪᠡᠶ᠎ᠡ ᠶᠢᠨ ᠲᠠᠮᠢᠷ ᠤᠨ ᠰᠣᠶᠣᠯ ᠤᠨ ᠲᠤᠬᠠᠢ ᠲᠠᠶᠢᠯᠪᠤᠷᠢᠯᠠᠯᠲᠠ ᠪᠠ ᠨᠠᠶᠢᠳᠠᠪᠤᠷᠢᠵᠢᠭᠤᠯᠤᠯᠲᠠ ᠪᠣᠯᠬᠤ ᠶᠤᠮ᠃ ᠵᠢᠱᠢᠶᠡᠯᠡᠪᠡᠯ᠂ ᠶᠡᠷᠦᠩᠬᠡᠢ ᠳᠦᠷᠢᠮ ᠳᠤ ︽ᠤᠯᠠᠮᠵᠢᠯᠠᠯᠲᠤ ᠪᠡᠶ᠎ᠡ ᠶᠢᠨ ᠲᠠᠮᠢᠷ︾ ᠤᠨ ᠵᠦᠢᠯ ᠵᠤᠷᠪᠤᠰ ᠢ ᠤᠤᠯ ᠤᠨ ︽ᠨᠡᠶᠢᠭᠡᠮ ᠤᠨ ᠪᠡᠶ᠎ᠡ ᠶᠢᠨ ᠲᠠᠮᠢᠷ︾ ᠭᠡᠬᠦ ᠪᠦᠯᠦᠭ ᠠᠴᠠ ᠶᠡᠷᠦᠩᠬᠡᠢ ᠳᠦᠷᠢᠮ ᠳᠤ ᠰᠢᠯᠵᠢᠭᠦᠯᠦᠭᠰᠡᠨ ᠨᠢ ᠤᠯᠠᠮᠵᠢᠯᠠᠯᠲᠤ  ᠪᠡᠶ᠎ᠡ  ᠶᠢᠨ  ᠲᠠᠮᠢᠷ  ᠪᠠ  ᠪᠡᠶ᠎ᠡ  ᠶᠢᠨ  ᠲᠠᠮᠢᠷ ᠤᠨ  ᠰᠣᠶᠣᠯ ᠢ  ᠴᠢᠬᠤᠯᠠᠴᠢᠯᠠᠵᠤ ᠪᠠᠶᠢᠬᠤ ᠶᠢ ᠳᠣᠪᠤᠶᠢᠯᠭᠠᠵᠠᠶ︔ ᠰᠢᠨ᠎ᠡ ᠪᠠᠷ ᠨᠡᠮᠡᠭᠰᠡᠨ ᠪᠡᠶ᠎ᠡ ᠶᠢᠨ ᠲᠠᠮᠢᠷ ᠤᠨ ᠠᠵᠢᠯᠯᠠᠭ᠎ᠠ ᠶᠢᠨ ᠵᠠᠷᠴᠢᠮ ᠳᠤ ︽ᠬᠠᠤᠯᠢ ᠲᠣᠭᠲᠠᠭᠠᠯ ᠳᠤ ᠨᠡᠶᠢᠴᠡᠬᠦ᠂ ᠦᠨᠡᠨᠴᠢ ᠢᠲᠡᠭᠡᠮᠵᠢᠲᠡᠢ ᠪᠠᠶᠢᠬᠤ︾ ᠶᠢ ᠴᠢᠬᠤᠯᠠᠴᠢᠯᠠᠨ᠎ᠠ  ︔ᠵᠠᠯᠠᠭᠤᠴᠤᠳ ᠪᠠᠭᠠᠴᠤᠳ ᠤᠨ ᠪᠦᠬᠦ ᠲᠠᠯ᠎ᠠ ᠶᠢᠨ ᠬᠥᠭᠵᠢᠯᠲᠡ ᠶᠢ ᠠᠬᠢᠭᠤᠯᠬᠤ᠂ ᠪᠡᠶ᠎ᠡ ᠮᠠᠬᠠᠪᠤᠳ ᠪᠣᠯᠣᠨ ᠵᠠᠩ ᠠᠷᠠᠨᠰᠢᠨ ᠢ ᠵᠡᠷᠭᠡᠪᠡᠷ ᠴᠢᠬᠤᠯᠠᠴᠢᠯᠠᠬᠤ ᠠᠭᠤᠯᠭ᠎ᠠ ᠶᠢ ᠰᠢᠨ᠎ᠡ ᠪᠠᠷ ᠨᠡᠮᠡᠪᠡ︔  ᠪᠡᠶ᠎ᠡ ᠶᠢᠨ ᠲᠠᠮᠢᠷ ᠤᠨ ᠭᠠᠳᠠᠭᠠᠳᠤ ᠬᠠᠷᠢᠯᠴᠠᠭ᠎ᠠ ᠳᠤᠮᠳᠠ ︽ᠣᠯᠢᠮᠫᠢᠺ ᠤᠨ ᠵᠣᠷᠢᠭ ᠰᠠᠨᠠᠭ᠎ᠠ ᠶᠢ ᠪᠠᠳᠠᠷᠠᠭᠤᠯᠬᠤ︾ ᠶᠢ ᠰᠢᠨ᠎ᠡ ᠪᠠᠷ ᠨᠡᠮᠡᠪᠡ︔   ᠰᠢᠨ᠎ᠡ ᠪᠠᠷ ᠨᠡᠮᠡᠭᠰᠡᠨ ᠪᠡᠶ᠎ᠡ ᠶᠢᠨ ᠲᠠᠮᠢᠷ ᠤᠨ ᠤᠬᠠᠭᠤᠯᠭ᠎ᠠ ᠶᠢᠨ ᠭᠠᠷᠠᠭ ᠤᠨ ᠲᠣᠭᠲᠠᠭᠠᠯ ᠨᠢ ᠳᠤᠮᠳᠠᠳᠤ ᠶᠢᠨ ᠪᠡᠶ᠎ᠡ ᠶᠢᠨ ᠲᠠᠮᠢᠷ ᠤᠨ ᠵᠣᠷᠢᠭ ᠰᠠᠨᠠᠭ᠎ᠠ ᠪᠠ ᠳᠤᠮᠳᠠᠳᠤ ᠶᠢᠨ ᠪᠡᠶ᠎ᠡ ᠶᠢᠨ ᠲᠠᠮᠢᠷ ᠤᠨ ᠰᠣᠶᠣᠯ ᠢ ᠪᠠᠳᠠᠷᠠᠭᠤᠯᠤᠨ ᠳᠡᠯᠭᠡᠷᠡᠭᠦᠯᠬᠦ ᠳᠤ  ᠠᠰᠢᠭᠲᠠᠢ  ᠶᠤᠮ᠃ ︽ᠵᠠᠯᠠᠭᠤᠴᠤᠳ ᠪᠠᠭᠠᠴᠤᠳ ᠪᠠ ᠰᠤᠷᠭᠠᠭᠤᠯᠢ ᠶᠢᠨ ᠪᠡᠶ᠎ᠡ ᠶᠢᠨ ᠲᠠᠮᠢᠷ︾ ᠭᠡᠬᠦ ᠪᠦᠯᠦᠭ ᠲᠤ᠂ ᠵᠠᠯᠠᠭᠤᠴᠤᠳ ᠪᠠᠭᠠᠴᠤᠳ ᠤᠨ ᠪᠡᠶ᠎ᠡ ᠰᠡᠳᠬᠢᠯ ᠤᠨ ᠡᠷᠡᠭᠦᠯ ᠮᠡᠨᠳᠦ ᠪᠠ ᠪᠡᠶ᠎ᠡ ᠮᠠᠬᠠᠪᠤᠳ ᠤᠨ ᠡᠷᠡᠭᠦᠯ ᠴᠢᠭᠢᠷᠠᠭ ᠢ ᠠᠬᠢᠭᠤᠯᠬᠤ᠂ ᠰᠤᠷᠤᠭᠴᠢᠳ ᠤᠨ ᠪᠡᠶ᠎ᠡ ᠶᠢᠨ ᠲᠠᠮᠢᠷ ᠤᠨ ᠬᠡᠪ ᠪᠣᠯᠪᠠᠰᠤᠷᠠᠯ ᠢ ᠳᠡᠭᠡᠭᠰᠢᠯᠡᠭᠦᠯᠬᠦ ᠱᠠᠭᠠᠷᠳᠠᠯᠭ᠎ᠠ ᠶᠢ ᠰᠢᠨ᠎ᠡ ᠪᠠᠷ ᠨᠡᠮᠡᠪᠡ᠃ ︽ᠤᠷᠤᠯᠳᠤᠭᠠᠨ ᠤ ᠪᠡᠶ᠎ᠡ ᠶᠢᠨ ᠲᠠᠮᠢᠷ︾ ᠭᠡᠬᠦ ᠪᠦᠯᠦᠭ ᠲᠤ᠂ ᠲᠠᠮᠢᠷᠴᠢᠳ ᠲᠤ ᠡᠬᠡ ᠣᠷᠣᠨᠴᠢ ᠦᠵᠡᠯ᠂ ᠨᠡᠶᠢᠲᠡᠴᠢ ᠦᠵᠡᠯ ᠪᠠ ᠨᠡᠶᠢᠭᠡᠮ ᠵᠢᠷᠤᠮ ᠤᠨ ᠬᠥᠮᠦᠵᠢᠯ ᠵᠢᠴᠢ ᠶᠣᠰᠣ ᠮᠣᠷᠠᠯ᠂ ᠰᠠᠬᠢᠯᠭ᠎ᠠ ᠪᠠᠲᠤ ᠪᠠ ᠬᠠᠤᠯᠢ ᠪᠠᠷ ᠵᠠᠰᠠᠬᠤ ᠬᠥᠮᠦᠵᠢᠯ ᠬᠢᠨ᠎ᠡ︔ ᠲᠠᠮᠢᠷᠴᠢᠳ ᠤᠨ ᠰᠢᠯᠢᠳᠡᠭ ᠬᠢᠷᠢ ᠪᠦᠲᠦᠮᠵᠢ ᠡᠭᠦᠳᠴᠦ᠂ ᠤᠯᠤᠰ ᠣᠷᠣᠨ ᠪᠠ ᠠᠷᠠᠳ ᠲᠦᠮᠡᠨ ᠳᠡᠭᠡᠨ ᠢᠷᠠᠭᠤ ᠠᠯᠳᠠᠷ ᠢ ᠲᠡᠮᠡᠴᠡᠨ ᠣᠯᠬᠤ ᠶᠢ ᠵᠣᠷᠢᠭᠵᠢᠭᠤᠯᠤᠨ᠎ᠠ︔ ᠪᠡᠶ᠎ᠡ ᠶᠢᠨ ᠲᠠᠮᠢᠷ ᠤᠨ ᠤᠷᠤᠯᠳᠤᠭᠠᠨ ᠳᠤ ᠭᠤᠣᠯᠴᠢ ᠪᠠᠷ ᠥᠷᠢᠰᠦᠯᠳᠦᠬᠦ ᠵᠠᠷᠴᠢᠮ ᠢ ᠬᠡᠷᠡᠭᠵᠢᠭᠦᠯᠵᠦ᠂ ᠪᠡᠶ᠎ᠡ ᠶᠢᠨ ᠲᠠᠮᠢᠷ ᠤᠨ ᠶᠣᠰᠣ ᠮᠣᠷᠠᠯ ᠪᠠ ᠤᠷᠤᠯᠳᠤᠭᠠᠨ ᠤ ᠲᠦᠷᠢᠮ ᠢ ᠵᠢᠷᠦᠮ ᠢ ᠵᠢᠷᠦᠮᠯᠡᠨ᠎ᠡ ᠭᠡᠵᠦ ᠲᠤᠭᠳᠠᠭᠠᠪᠠ᠃  ︽ᠬᠥᠭᠡᠷᠦᠭᠦᠯᠬᠦ ᠡᠮ ᠢ ᠡᠰᠡᠷᠭᠦᠴᠡᠬᠦ︾ ᠭᠡᠬᠦ ᠪᠦᠯᠦᠭ ᠢ ᠰᠢᠨ᠎ᠡ ᠪᠠᠷ ᠭᠠᠷᠭᠠᠵᠤ᠂ ᠡᠷᠡᠭᠦᠯ ᠪᠣᠯᠪᠠᠰᠤᠨ᠂ ᠭᠤᠣᠯᠴᠢ ᠪᠠᠷ ᠥᠷᠢᠰᠦᠯᠳᠦᠬᠦ ᠪᠡᠶ᠎ᠡ ᠶᠢᠨ ᠲᠠᠮᠢᠷ ᠤᠨ ᠬᠥᠳᠡᠯᠭᠡᠭᠡᠨ ᠢ ᠰᠠᠨᠠᠭᠠᠴᠢᠯᠠᠵᠤ᠂ ᠬᠥᠭᠡᠷᠦᠭᠦᠯᠬᠦ ᠡᠮ ᠬᠡᠷᠡᠭᠯᠡᠬᠦ ᠶᠢ ᠴᠠᠭᠠᠵᠠᠯᠠᠪᠠ᠃ ︽ᠬᠠᠤᠯᠢ ᠶᠢᠨ ᠬᠠᠷᠢᠭᠤᠴᠠᠯᠭ᠎ᠠ︾ ᠭᠡᠬᠦ ᠪᠦᠯᠦᠭ ᠲᠤ ᠪᠡᠶ᠎ᠡ ᠶᠢᠨ ᠲᠠᠮᠢᠷ ᠤᠨ ᠶᠣᠰᠣ ᠮᠣᠷᠠᠯ ᠪᠠ ᠪᠡᠶ᠎ᠡ ᠶᠢᠨ ᠲᠠᠮᠢᠷ ᠤᠨ ᠤᠷᠤᠯᠳᠤᠭᠠᠨ ᠤ ᠳᠦᠷᠢᠮ ᠢ ᠵᠥᠷᠢᠴᠡᠨ ᠬᠤᠳᠠᠯ ᠬᠡᠯᠡᠵᠦ ᠬᠠᠭᠤᠷᠮᠠᠭ ᠢᠶᠠᠷ ᠵᠣᠬᠢᠶᠠᠬᠤ᠂ ᠠᠷᠭ᠎ᠠ ᠵᠠᠯᠢ ᠬᠡᠷᠡᠭᠯᠡᠨ ᠠᠮᠢᠨ ᠳᠠᠭᠠᠨ ᠲᠠᠲᠠᠬᠤ ᠵᠡᠷᠭᠡ ᠠᠵᠢᠯᠯᠠᠭ᠎ᠠ ᠶᠢ ᠰᠢᠳᠭᠡᠵᠦ᠂ ᠲᠠᠮᠢᠷᠴᠢᠳ ᠤᠨ ᠲᠣᠭᠲᠠᠭᠠᠯ ᠠᠴᠠ ᠵᠥᠷᠢᠴᠡᠨ ᠬᠥᠭᠡᠷᠦᠭᠦᠯᠬᠦ ᠡᠮ ᠬᠡᠷᠡᠭᠯᠡᠭᠰᠡᠨ ᠢ ᠰᠢᠳᠬᠡᠬᠦ ᠡᠷᠴᠢᠮ ᠢ ᠴᠢᠩᠭᠠᠷᠠᠭᠤᠯᠵᠤ᠂ ᠲᠠᠮᠢᠷᠴᠢᠳ ᠲᠤ ᠬᠥᠭᠡᠷᠦᠭᠦᠯᠬᠦ ᠡᠮ ᠬᠡᠷᠡᠭᠯᠡᠭᠰᠡᠨ ᠤ ᠬᠠᠤᠯᠢ ᠶᠢᠨ ᠬᠠᠷᠢᠭᠤᠴᠠᠯᠭ᠎ᠠ ᠶᠢ ᠲᠣᠳᠣᠷᠬᠠᠢ ᠲᠣᠭᠲᠠᠭᠠᠵᠠᠢ᠃     ᠰᠢᠨ᠎ᠡ ᠪᠠᠷ ᠵᠠᠰᠠᠪᠤᠷᠢ ᠣᠷᠣᠭᠤᠯᠤᠭᠰᠠᠨ ᠪᠡᠶ᠎ᠡ ᠶᠢᠨ ᠲᠠᠮᠢᠷ ᠤᠨ ᠬᠠᠤᠯᠢ ᠳᠤ ᠡᠨᠡ ᠬᠦ ᠲᠣᠭᠲᠠᠭᠠᠯ ᠢ ᠨᠡᠮᠡᠭᠰᠡᠨ  ᠨᠢ ᠮᠠᠨ ᠤ ᠤᠯᠤᠰ ᠤᠨ ᠪᠡᠶ᠎ᠡ ᠶᠢᠨ ᠲᠠᠮᠢᠷ ᠤᠨ ᠦᠷᠳᠡᠭ ᠤᠨ ᠤᠳᠤᠷᠢᠳᠤᠮᠵᠢ ᠪᠠ ᠤᠶᠤᠨ ᠤ ᠰᠣᠶᠣᠯ ᠤᠨ ᠬᠥᠭᠡᠭᠡᠴᠡᠯᠳᠦᠯ ᠢ ᠲᠤᠰᠬᠠᠵᠤ᠂ ᠪᠡᠶ᠎ᠡ ᠶᠢᠨ ᠲᠠᠮᠢᠷ ᠤᠨ ᠬᠠᠤᠯᠢ ᠶᠢᠨ ᠬᠤᠯᠪᠣᠭᠳᠠᠯ ᠪᠦᠬᠦᠢ ᠵᠦᠢᠯ ᠵᠤᠷᠪᠤᠰ ᠲᠤ ᠬᠥᠲᠥᠯᠪᠦᠷᠢ ᠶᠢ ᠠᠳᠬᠤᠪᠠᠯ ᠠᠯᠢᠪᠠ ᠪᠦᠬᠦᠨ ᠰᠢᠢᠳᠪᠦᠷᠢᠯᠡᠭᠳᠡᠬᠦ ᠶᠡᠷᠦᠩᠬᠡᠶᠢᠯᠡᠨ ᠵᠢᠯᠤᠭᠤᠳᠬᠤ ᠦᠢᠯᠡᠳᠦᠯ ᠦᠵᠡᠭᠦᠯᠵᠦ᠂ ᠪᠦᠬᠦ ᠠᠷᠠᠳ ᠲᠦᠮᠡᠨ ᠤ ᠪᠡᠶ᠎ᠡ ᠶᠢᠨ ᠲᠠᠮᠢᠷ ᠤᠨ ᠬᠠᠤᠯᠢ ᠶᠢ ᠲᠤᠤᠱᠯᠠᠭᠤᠯᠤᠨ ᠬᠡᠷᠡᠭᠵᠢᠭᠦᠯᠬᠦ᠂ ᠪᠡᠶ᠎ᠡ ᠶᠢᠨ ᠲᠠᠮᠢᠷ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ᠂ ᠪᠡᠶ᠎ᠡ ᠶᠢᠨ ᠲᠠᠮᠢᠷ ᠤᠨ ᠦᠢᠯᠡᠰ ᠢ ᠬᠥᠭᠵᠢᠭᠦᠯᠬᠦ ᠬᠠᠮᠲᠤ ᠶᠢᠨ ᠦᠵᠡᠯ ᠰᠠᠨᠠᠭ᠎ᠠ ᠶᠣᠰᠣ ᠮᠣᠷᠠᠯ ᠪᠠ ᠤᠶᠤᠨ ᠤ ᠰᠣᠶᠣᠯ ᠤᠨ ᠰᠠᠭᠤᠷᠢ ᠶᠢ ᠴᠢᠩᠭᠠᠳᠬᠠᠬᠤ ᠳᠤ ᠲᠤᠶᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18004690号