ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠨᠢ ᠪᠡᠶ᠎ᠡ ᠶᠢᠨ ᠲᠠᠮᠢᠷ ᠤᠨ ᠬᠦᠴᠦᠷᠬᠡᠭ ᠤᠯᠤᠰ ᠤᠨ ᠪᠠᠶᠢᠯᠳᠤᠬᠤ | ᠪᠣᠳᠣᠯᠭ᠎ᠠ ᠶᠢᠨ ᠴᠢᠬᠤᠯᠠ ᠪᠦᠷᠢᠯᠳᠦᠭᠦᠨ ᠬᠡᠰᠡᠭ ᠪᠣᠯᠤᠭᠰᠠᠨ ᠤ ᠬᠤᠪᠢ ᠳᠤ᠂ ᠠᠷᠠᠳ ᠢᠷᠭᠡᠳ ᠤᠨ ᠬᠡᠪ | ᠪᠣᠯᠪᠠᠰᠤᠷᠠᠯ ᠢ ᠳᠡᠭᠡᠭᠰᠢᠯᠡᠭᠦᠯᠬᠦ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠬᠢᠭᠡᠳ ᠪᠥᠬᠦ ᠠᠷᠠᠳ ᠤᠨ ᠡᠷᠡᠭᠦᠯ | ᠮᠡᠨᠳᠦ ᠶᠢᠨ ᠭᠦᠨᠵᠡᠭᠡᠢ ᠠᠭᠤᠰᠤᠯᠴᠠᠯ ᠢ ᠠᠬᠢᠭᠤᠯᠬᠤ ᠳᠤ ᠴᠢᠬᠤᠯᠠ ᠦᠢᠯᠡᠳᠦᠯ ᠲᠠᠢ ᠶᠤᠮ᠃ ᠣᠳᠣᠬᠠᠨ ᠳᠤ᠂ ᠪᠥᠬᠦ | ᠠᠷᠠᠳ ᠤᠨ ᠪᠡᠶ᠎ᠡ ᠴᠢᠭᠢᠷᠠᠭᠵᠢᠭᠤᠯᠬᠤ ᠦᠢᠯᠡᠰ ᠤᠨ ᠥᠭᠡᠷᠡᠴᠢᠯᠡᠯᠲᠡ ᠶᠢᠨ ᠦᠢᠯᠡᠳᠦᠯᠭᠡ ᠳᠤ ᠬᠠᠤᠯᠢ ᠴᠠᠭᠠᠵᠠ ᠶᠢᠨ | ᠠᠬᠢᠭᠤᠯᠤᠯ ᠪᠠ ᠪᠠᠲᠤᠯᠠᠭ᠎ᠠ ᠶᠢ ᠱᠠᠭᠠᠷᠳᠠᠵᠤ᠂ ᠡᠯ᠎ᠡ ᠲᠥᠷᠥᠯ ᠤᠨ ᠪᠡᠶ᠎ᠡ ᠶᠢᠨ ᠲᠠᠮᠢᠷ ᠤᠨ ᠭᠤᠣᠯ ᠴᠣᠭᠴᠠ ᠶᠢᠨ | ᠡᠷᠬᠡ ᠡᠭᠦᠷᠭᠡ ᠶᠢᠨ ᠬᠠᠷᠢᠴᠠᠭ᠎ᠠ ᠶᠢ ᠪᠡᠶ᠎ᠡ ᠶᠢᠨ ᠲᠠᠮᠢᠷ ᠤᠨ ᠬᠠᠤᠯᠢ ᠲᠣᠭᠲᠠᠭᠠᠯ ᠳᠤ ᠤᠯᠠᠮ ᠨᠢᠭᠡ ᠠᠯᠬᠤᠮ | ᠲᠣᠳᠣᠷᠬᠠᠶᠢᠯᠠᠬᠤ ᠴᠢᠬᠤᠯᠠᠲᠠᠢ ᠪᠠᠶᠢᠨ᠎ᠠ᠃ ᠡᠶᠢᠮᠦᠷᠬᠦ ᠠᠬᠤᠢ ᠪᠠᠶᠢᠳᠠᠯ ᠤᠨ ᠳᠣᠣᠷ᠎ᠠ ᠪᠡᠶ᠎ᠡ ᠶᠢᠨ ᠲᠠᠮᠢᠷ ᠤᠨ | ᠬᠠᠤᠯᠢ ᠳᠤ ᠵᠠᠰᠠᠪᠤᠷᠢ ᠣᠷᠣᠭᠤᠯᠬᠤ ᠨᠢ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠂ ᠵᠠᠰᠠᠪᠤᠷᠢ | ᠣᠷᠣᠭᠤᠯᠤᠭᠰᠠᠨ ᠲᠥᠰᠥᠯ ᠨᠢ ᠠᠷᠠᠳ ᠣᠯᠠᠨ ᠤ ᠨᠡᠶᠢᠳᠡᠮ ᠲᠤᠰᠬᠠᠭᠰᠠᠨ ᠪᠠ ᠠᠩᠬᠠᠷᠴᠤ ᠪᠠᠶᠢᠭ᠎ᠠ | ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠡᠷᠡᠭᠦᠯ ᠡᠩᠬᠡ ᠳᠤᠮᠳᠠᠳᠤ ᠤᠯᠤᠰ ᠤᠨ ᠪᠠᠶᠢᠯᠳᠤᠬᠤ | ᠪᠣᠳᠣᠯᠭ᠎ᠠ ᠶᠢᠨ ᠬᠡᠷᠡᠭᠵᠢᠭᠦᠯᠦᠯᠲᠡ ᠨᠢ ᠨᠠᠩ ᠴᠤ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠦᠢᠯᠡᠰ ᠤᠨ | ᠬᠥᠭᠵᠢᠯᠲᠡ ᠳᠤ ᠴᠠᠭ ᠦᠶ᠎ᠡ ᠶᠢᠨ ᠰᠢᠨ᠎ᠡ ᠬᠦᠰᠡᠯ ᠱᠠᠭᠠᠷᠳᠠᠯᠭ᠎ᠠ ᠶᠢ ᠳᠤᠷᠠᠳᠤᠨ ᠭᠠᠷᠭᠠᠵᠤ᠂ ᠪᠡᠶ᠎ᠡ ᠶᠢᠨ ᠲᠠᠮᠢᠷ ᠤᠨ | ᠬᠦᠴᠦᠷᠬᠡᠭ ᠤᠯᠤᠰ ᠪᠠ ᠡᠷᠡᠭᠦᠯ ᠡᠩᠬᠡ ᠳᠤᠮᠳᠠᠳᠤ ᠤᠯᠤᠰ ᠤᠨ ᠬᠠᠤᠯᠢ ᠪᠠᠷ ᠵᠠᠰᠠᠬᠤ ᠪᠠᠶᠢᠭᠤᠯᠤᠯᠲᠠ ᠶᠢ | ᠲᠦᠷᠭᠡᠳᠬᠡᠬᠦ ᠳᠤ ᠬᠦᠴᠦᠲᠡᠢ ᠪᠠᠲᠤᠯᠠᠭ᠎ᠠ ᠬᠠᠩᠭᠠᠭᠰᠠᠨ ᠪᠠᠶᠢᠨ᠎ᠠ᠃ ᠡᠨᠡ ᠤᠳᠠᠭ᠎ᠠ ᠶᠢᠨ ᠵᠠᠰᠠᠪᠤᠷᠢ ᠨᠢ ᠪᠦᠬᠦ | ᠠᠷᠠᠳ ᠤᠨ ᠪᠡᠶ᠎ᠡ ᠴᠢᠭᠢᠷᠠᠭᠵᠢᠭᠤᠯᠬᠤ ᠦᠢᠯᠡᠰ ᠤᠨ ᠥᠭᠡᠷᠡᠴᠢᠯᠡᠯᠲᠡ ᠳᠤ ᠬᠦᠴᠦᠷᠬᠡᠭ ᠶᠡᠭᠡ ᠬᠥᠳᠡᠯᠭᠡᠭᠦ ᠬᠦᠴᠦᠨ | ᠨᠡᠮᠡᠷᠢᠯᠡᠬᠦ ᠪᠣᠯᠣᠨ᠎ᠠ᠂ ᠲᠡᠷᠡ ᠮᠥᠷᠲᠡᠭᠡᠨ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠶᠢ ᠬᠠᠤᠯᠢ ᠪᠠᠷ ᠵᠠᠰᠠᠬᠤ ᠶᠢ | ᠲᠡᠭᠦᠯᠳᠡᠷᠵᠢᠭᠦᠯᠬᠦ ᠨᠢ ᠨᠠᠩ ᠥᠨᠳᠥᠷ ᠬᠢᠷᠢ ᠲᠦᠪᠰᠢᠨ ᠪᠦᠬᠦᠢ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠣᠯᠠᠨ | ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠬᠤ ᠳᠤ ᠪᠠᠲᠤᠯᠠᠭ᠎ᠠ ᠬᠠᠩᠭᠠᠵᠤ᠂ ᠪᠥᠬᠦ ᠠᠷᠠᠳ ᠤᠨ ᠪᠡᠶ᠎ᠡ | ᠴᠢᠭᠢᠷᠠᠭᠵᠢᠭᠤᠯᠬᠤᠦᠢᠯᠡᠰ ᠤᠨ ᠬᠥᠭᠵᠢᠯᠲᠡ ᠶᠢᠨ ᠬᠠᠤᠯᠢ ᠪᠠᠷ ᠵᠠᠰᠠᠬᠤ ᠪᠠᠲᠤᠯᠠᠭ᠎ᠠ ᠶᠢ ᠴᠢᠩᠭᠠᠷᠠᠭᠤᠯᠬᠤ ᠳᠤ | ᠠᠰᠢᠭᠲᠠᠢ ᠪᠠᠶᠢᠵᠤ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤᠣᠯᠠᠨ ᠨᠡᠶᠢᠲᠡ ᠶᠢᠨ ᠦᠢᠯᠡᠴᠢᠯᠡᠭᠡᠨ ᠤ ᠪᠥᠬᠦ | ᠠᠷᠠᠳ ᠢ ᠬᠠᠮᠤᠷᠬᠤ᠂ ᠪᠥᠬᠦ ᠠᠷᠠᠳ ᠲᠤ ᠦᠢᠯᠡᠴᠢᠯᠡᠬᠦ᠂ ᠪᠥᠬᠦ ᠠᠷᠠᠳ ᠲᠤ ᠪᠤᠶᠠᠨ ᠦᠶᠯᠡᠳᠬᠦ ᠶᠢ ᠲᠦᠯᠬᠢᠨ | ᠠᠬᠢᠭᠤᠯᠬᠤ ᠪᠣᠯᠣᠨ᠎ᠠ᠃ | ᠨᠢᠭᠡ᠂ ᠬᠠᠤᠯᠢ ᠴᠠᠭᠠᠵᠠ ᠶᠢᠨ ᠳᠦᠷᠢᠮ ᠲᠣᠭᠲᠠᠭᠠᠯ ᠢ ᠰᠦᠪᠡᠭᠴᠢᠯᠡᠵᠦ᠂ ᠪᠥᠬᠦ ᠠᠷᠠᠳ ᠤᠨ ᠪᠡᠶ᠎ᠡ | ᠴᠢᠭᠢᠷᠠᠭᠵᠢᠭᠤᠯᠬᠤ ᠤᠯᠤᠰ ᠤᠨ ᠪᠠᠶᠢᠯᠳᠤᠬᠤ ᠪᠣᠳᠣᠯᠭ᠎ᠠ ᠶᠢᠨ ᠬᠠᠤᠯᠢ ᠴᠠᠭᠠᠵᠠ ᠶᠢᠨ ᠪᠠᠶᠢᠷᠢ ᠰᠠᠭᠤᠷᠢ ᠶᠢ | ᠢᠯᠡᠷᠡᠭᠦᠯᠦᠨ᠎ᠡ | ᠨᠢᠭᠡ ᠳᠤ᠂ ᠪᠦᠬᠦ ᠠᠷᠠᠳ ᠤᠨ ᠪᠡᠶ᠎ᠡ ᠮᠠᠬᠠᠪᠤᠳ ᠢᠶᠠᠨ ᠴᠢᠭᠢᠷᠠᠭᠵᠢᠭᠤᠯᠬᠤ ᠬᠠᠤᠯᠢ ᠴᠠᠭᠠᠵᠠ ᠶᠢᠨ ᠪᠠᠶᠢᠷᠢ | ᠰᠠᠭᠤᠷᠢ ᠶᠢ ᠲᠣᠳᠣᠷᠬᠠᠶᠢᠯᠠᠪᠠ᠃ ᠵᠠᠰᠠᠪᠤᠷᠢ ᠣᠷᠣᠭᠤᠯᠤᠭᠰᠠᠨ ᠲᠥᠰᠥᠯ ᠳᠤ ᠬᠤᠶᠠᠳᠤᠭᠠᠷ ᠪᠦᠯᠦᠭ ᠤᠨ | ︽ᠨᠡᠶᠢᠭᠡᠮ ᠤᠨ ᠪᠡᠶ᠎ᠡ ᠶᠢᠨ ᠲᠠᠮᠢᠷ︾ ᠭᠡᠳᠡᠭ ᠢ ︽ᠪᠦᠬᠦ ᠠᠷᠠᠳ ᠤᠨ ᠪᠡᠶ᠎ᠡ ᠮᠠᠬᠠᠪᠤᠳ ᠢᠶᠠᠨ ᠴᠢᠭᠢᠷᠠᠭᠵᠢᠭᠤᠯᠬᠤ︾ ᠭᠡᠵᠦ | ᠵᠠᠰᠠᠭᠰᠠᠨ ᠪᠥᠭᠡᠳ ︽ᠤᠯᠤᠰ ᠠᠴᠠ ᠪᠦᠬᠦ ᠠᠷᠠᠳ ᠤᠨ ᠪᠡᠶ᠎ᠡ ᠮᠠᠬᠠᠪᠤᠳ ᠢᠶᠠᠨ ᠴᠢᠭᠢᠷᠠᠭᠵᠢᠭᠤᠯᠬᠤ ᠪᠠᠶᠢᠯᠳᠤᠬᠤ | ᠪᠣᠳᠣᠯᠭ᠎ᠠ ᠶᠢ ᠬᠡᠷᠡᠭᠵᠢᠭᠦᠯᠵᠦ᠂ ᠪᠦᠬᠦ ᠠᠷᠠᠳ ᠤᠨ ᠪᠡᠶ᠎ᠡ ᠮᠠᠬᠠᠪᠤᠳ ᠢᠶᠠᠨ ᠴᠢᠭᠢᠷᠠᠭᠵᠢᠭᠤᠯᠬᠤ ᠤᠯᠠᠨ ᠨᠡᠶᠢᠲᠡ ᠶᠢᠨ | ᠦᠢᠯᠡᠴᠢᠯᠡᠭᠡᠨ ᠤ ᠰᠢᠰᠲ᠋ᠧᠮ ᠢ ᠪᠠᠶᠢᠭᠤᠯᠬᠤ︾ ᠵᠦᠢᠯ ᠵᠤᠷᠪᠤᠰ ᠢ ᠨᠡᠮᠡᠪᠡ᠃ ᠡᠨᠡ ᠪᠣᠯ ᠦᠨᠳᠦᠰᠦᠨ ᠬᠠᠤᠯᠢ ᠪᠠᠷ | ᠤᠯᠤᠰ ᠢᠶᠠᠨ ᠵᠠᠰᠠᠬᠤ᠂ ᠬᠠᠤᠯᠢ ᠪᠠᠷ ᠪᠡᠶ᠎ᠡ ᠶᠢᠨ ᠲᠠᠮᠢᠷ ᠢᠶᠠᠨ ᠵᠠᠰᠠᠬᠤ ᠶᠢᠨ ᠪᠡᠶ᠎ᠡ ᠶᠢᠨ ᠲᠠᠮᠢᠷ ᠤᠨ ᠦᠢᠯᠡᠰ ᠤᠨ | ᠥᠭᠡᠷᠡᠴᠢᠯᠡᠯᠲᠡ ᠳᠠᠬᠢ ᠪᠣᠳᠠᠲᠠᠢ ᠢᠯᠡᠷᠡᠯ ᠪᠣᠯᠣᠨ᠎ᠠ᠂ ᠨᠠᠮ ᠪᠣᠯᠣᠨ ᠤᠯᠤᠰ ᠠᠴᠠ ᠪᠦᠬᠦ ᠠᠷᠠᠳ ᠤᠨ ᠪᠡᠶ᠎ᠡ | ᠴᠢᠭᠢᠷᠠᠭᠵᠢᠭᠤᠯᠬᠤ ᠦᠢᠯᠡᠰ ᠤᠨ ᠬᠥᠭᠵᠢᠯᠲᠡ ᠶᠢ ᠬᠠᠯᠠᠮᠵᠢᠯᠠᠨ ᠴᠢᠬᠤᠯᠠᠴᠢᠯᠠᠵᠤ ᠪᠠᠶᠢᠬᠤ ᠶᠢ ᠲᠤᠰᠬᠠᠵᠤ᠂ ᠮᠥᠨᠴᠦ | ᠨᠡᠩ ᠥᠨᠳᠥᠷ ᠲᠦᠪᠰᠢᠨ ᠪᠦᠬᠦᠢ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠤᠯᠠᠨ ᠨᠡᠶᠢᠲᠡ ᠶᠢᠨ | ᠦᠢᠯᠡᠴᠢᠯᠡᠭᠡᠨ ᠤ ᠰᠢᠰᠲ᠋ᠥᠮ ᠢ ᠪᠠᠶᠢᠭᠤᠯᠬᠤ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠤᠯᠤᠰ ᠤᠨ ᠵᠣᠷᠢᠭ ᠰᠠᠨᠠᠭ᠎ᠠ | ᠪᠣᠯᠣᠨ᠎ᠠ᠃ | ᠬᠤᠶᠠᠷ ᠲᠤ᠂ ᠤᠯᠤᠰ ᠤᠨ ᠪᠠᠶᠢᠯᠳᠤᠬᠤ ᠪᠣᠳᠣᠯᠭ᠎ᠠ ᠶᠢᠨ ᠤᠳᠤᠷᠢᠳᠤᠮᠵᠢ ᠶᠢᠨ ᠦᠢᠯᠡᠳᠦᠯ ᠢ ᠪᠠᠳᠠᠷᠠᠭᠤᠯᠪᠠ᠃ | ᠪᠡᠶ᠎ᠡ ᠶᠢᠨ ᠲᠠᠮᠢᠷ ᠤᠨ ᠬᠠᠤᠯᠢ ᠳᠤ ︽ᠠᠷᠠᠳ ᠢᠷᠭᠡᠳ ᠨᠡᠶᠢᠭᠡᠮ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠳᠤ | ᠣᠷᠤᠯᠴᠠᠬᠤ︾ ᠶᠢ ᠰᠠᠨᠠᠭᠠᠴᠢᠯᠠᠭᠰᠠᠨ ᠠᠴᠠ ᠣᠳᠣ ᠪᠣᠯᠲᠠᠯ᠎ᠠ ︽ᠤᠯᠤᠰ ᠠᠴᠠ ᠪᠦᠬᠦ ᠠᠷᠠᠳ ᠤᠨ ᠪᠡᠶ᠎ᠡ | ᠴᠢᠭᠢᠷᠠᠭᠵᠢᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ︾ ᠶᠢ ᠨᠠᠶᠢᠳᠠᠪᠤᠷᠢᠵᠢᠭᠤᠯᠬᠤ ᠪᠣᠯᠲᠠᠯ᠎ᠠ᠂ ᠡᠨᠡ ᠪᠣᠯ | ᠵᠠᠮ ᠱᠤᠭᠤᠮ ᠤᠨ ᠢᠲᠡᠭᠡᠯ᠂ ᠣᠨᠣᠯ ᠤᠨ ᠢᠲᠡᠭᠡᠯ᠂ ᠪᠠᠶᠢᠭᠤᠯᠤᠯ ᠤᠨ ᠢᠲᠡᠭᠡᠯ᠂ ᠰᠣᠶᠣᠯ ᠤᠨ ᠢᠲᠡᠭᠡᠯ ᠤᠨ | ᠪᠡᠶ᠎ᠡ ᠶᠢᠨ ᠲᠠᠮᠢᠷ ᠤᠨ ᠬᠦᠷᠢᠶᠡᠨ ᠳᠠᠬᠢ ᠦᠨᠡᠨ ᠪᠣᠳᠠᠲᠠᠢ ᠵᠢᠷᠤᠭᠯᠠᠯ ᠮᠥᠨ᠂ ᠮᠥᠨ ᠴᠦ ᠰᠢᠨ᠎ᠡ ᠬᠥᠭᠵᠢᠯᠲᠡ ᠶᠢᠨ | ᠱᠠᠲᠤᠨ ᠳᠠᠬᠢ ᠤᠯᠤᠰ ᠤᠨ ᠪᠠᠶᠢᠭᠤᠯᠤᠯ ᠤᠨ ᠳᠠᠪᠠᠭᠤᠯᠢᠭ ᠮᠡᠳᠡᠭᠳᠡᠮ᠎ᠡ᠂ ᠵᠠᠰᠠᠯᠲᠠ ᠶᠢᠨ ᠦᠷ᠎ᠡ ᠪᠦᠲᠦᠮᠵᠢ | ᠳᠡᠭᠡᠭᠰᠢᠯᠡᠭᠰᠡᠨ᠂ ᠠᠵᠤ ᠠᠬᠤᠢ ᠣᠷᠳᠣ ᠬᠤᠭᠤᠴᠠᠭ᠎ᠠ ᠪᠠᠷ ᠰᠠᠶᠢᠵᠢᠷᠠᠭᠰᠠᠨ᠂ ᠴᠢᠨᠡᠭᠡᠯᠢᠭ ᠨᠡᠶᠢᠭᠡᠮ ᠢ ᠪᠥᠬᠦ | ᠲᠠᠯ᠎ᠠ ᠪᠠᠷ ᠪᠠᠶᠢᠭᠤᠯᠤᠨ ᠪᠦᠲᠦᠭᠡᠭᠰᠡᠨ ᠠᠭᠤᠤ ᠶᠡᠭᠡ ᠲᠡᠦᠬᠡᠨ ᠴᠠᠭ ᠮᠥᠴᠡ ᠳᠤ᠂ ᠵᠠᠰᠠᠭ ᠤᠨ ᠣᠷᠳᠣᠨ᠂ ᠨᠡᠶᠢᠭᠡᠮ᠂ | ᠬᠤᠪᠢ ᠬᠥᠮᠥᠨ ᠤ ᠬᠠᠮᠲᠤ ᠶᠢᠨ ᠠᠵᠢᠯᠯᠠᠭ᠎ᠠ ᠶᠢ ᠠᠬᠢᠭᠤᠯᠵᠤ᠂ ᠡᠯ᠎ᠡ ᠲᠥᠷᠥᠯ ᠤᠨ ᠪᠡᠶᠡᠴᠢ ᠴᠣᠭᠴᠠ ᠶᠢᠨ | ᠠᠮᠢᠵᠢᠷᠠᠯ ᠤᠨ ᠬᠦᠴᠦᠨ ᠪᠠ ᠪᠦᠲᠦᠭᠡᠯᠴᠢ ᠬᠦᠴᠦᠨ ᠢ ᠬᠠᠮᠤᠭ ᠤᠨ ᠶᠡᠭᠡ ᠬᠡᠮᠵᠢᠶ᠎ᠡ ᠪᠠᠷ ᠬᠥᠭᠵᠢᠭᠡᠨ ᠪᠠᠳᠠᠷᠠᠭᠤᠯᠵᠤ᠂ | ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠬᠦᠴᠦᠷᠬᠡᠭ ᠶᠡᠭᠡ | ᠨᠡᠶᠢᠯᠡᠮᠡᠯ ᠬᠦᠴᠦᠨ ᠢ ᠪᠣᠶ ᠪᠣᠯᠭᠠᠬᠤ ᠪᠠᠶᠢᠭᠤᠯᠤᠯ ᠤᠨ ᠪᠠᠲᠤᠯᠠᠭ᠎ᠠ ᠮᠥᠨ᠃ | ᠬᠤᠶᠠᠷ᠂ ᠬᠠᠮᠢᠶ᠎ᠠ ᠪᠦᠬᠦᠢ ᠭᠤᠣᠯ ᠴᠣᠭᠴᠠ ᠶᠢᠨ ᠡᠭᠦᠷᠭᠡ ᠬᠠᠷᠢᠭᠤᠴᠠᠯᠭ᠎ᠠ ᠶᠢ ᠪᠦᠷᠢᠨᠰᠢᠭᠦᠯᠵᠦ᠂ ᠪᠥᠬᠦ | ᠠᠷᠠᠳ ᠤᠨ ᠪᠡᠶ᠎ᠡ ᠴᠢᠭᠢᠷᠠᠭᠵᠢᠭᠤᠯᠬᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠦᠨᠡᠨᠬᠦ ᠪᠠᠲᠤᠯᠠᠨ᠎ᠠ | ᠨᠢᠭᠡ ᠳᠤ᠂ ᠬᠠᠷᠢᠭᠤᠴᠠᠯᠭ᠎ᠠ ᠶᠢᠨ ᠪᠡᠶᠡᠴᠢ ᠴᠣᠭᠴᠠ ᠶᠢᠨ ᠬᠡᠪᠴᠢᠶ᠎ᠡ ᠶᠢ ᠲᠣᠳᠣᠷᠬᠠᠶᠢᠯᠠᠪᠠ᠃ ᠪᠥᠬᠦ ᠠᠷᠠᠳ ᠤᠨ | ᠪᠡᠶ᠎ᠡ ᠴᠢᠭᠢᠷᠠᠭᠵᠢᠭᠤᠯᠬᠤ ᠶᠢᠨ ᠬᠠᠮᠢᠶ᠎ᠠ ᠪᠦᠬᠦᠢ ᠬᠠᠷᠢᠭᠤᠴᠠᠯᠭ᠎ᠠ ᠶᠢᠨ ᠭᠤᠣᠯ ᠴᠣᠭᠴᠠ ᠶᠢᠨ ᠡᠭᠦᠷᠭᠡ ᠬᠠᠷᠢᠭᠤᠴᠠᠯᠭ᠎ᠠ | ᠶᠢ ᠲᠣᠳᠣᠷᠬᠠᠶᠢᠯᠠᠪᠠᠯ ᠰᠠᠶ᠋ᠢ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯ ᠤᠨ ᠥᠨᠳᠥᠷ ᠪᠦᠲᠦᠮᠵᠢᠲᠡᠶ | ᠬᠠᠮᠵᠢᠯᠴᠠᠨ ᠥᠷᠨᠢᠬᠦ ᠶᠢ ᠪᠠᠲᠤᠯᠠᠵᠤ ᠴᠢᠳᠠᠨ᠎ᠠ᠃ ᠵᠠᠰᠠᠪᠤᠷᠢ ᠣᠷᠣᠭᠤᠯᠬᠤ ᠲᠥᠰᠥᠯ ᠳᠤ ︽ᠤᠯᠤᠰ ᠠᠴᠠ ᠪᠥᠬᠦ | ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯ ᠤᠨ ᠵᠣᠬᠢᠴᠠᠭᠤᠯᠬᠤ ᠲᠣᠭᠲᠠᠴᠠ ᠶᠢ ᠪᠠᠶᠢᠭᠤᠯᠤᠨ᠎ᠠ︾ ᠭᠡᠵᠦ | ᠰᠢᠨ᠎ᠡ ᠪᠠᠷ ᠨᠡᠮᠡᠭᠰᠡᠨ ᠪᠥᠭᠡᠳ ᠡᠯ᠎ᠡ ᠱᠠᠲᠤᠨ ᠤ ᠵᠠᠰᠠᠭ ᠤᠨ ᠣᠷᠳᠣᠨ᠂ ᠬᠠᠮᠢᠶ᠎ᠠ ᠪᠦᠬᠦᠢ ᠰᠠᠯᠠᠭ᠎ᠠ ᠮᠥᠴᠢᠷ᠂ ᠡᠯ᠎ᠡ | ᠲᠥᠷᠥᠯ ᠤᠨ ᠣᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ᠂ ᠠᠯᠪᠠᠨ ᠪᠠᠶᠢᠭᠤᠯᠭ᠎ᠠ ᠠᠵᠤ ᠠᠬᠤᠶᠢᠯᠠᠯ | ᠠᠵᠢᠯ ᠦᠢᠯᠡᠰ ᠤᠨ ᠨᠢᠭᠡᠴᠡ ᠶᠢᠨ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠵᠠᠰᠠᠭ ᠤᠨ ᠣᠷᠳᠣᠨ ᠢ | ᠬᠠᠪᠰᠤᠷᠤᠨ ᠪᠣᠳᠠᠲᠠᠢ ᠪᠠᠶᠢᠳᠠᠯ ᠢ ᠦᠨᠳᠦᠰᠦᠯᠡᠨ᠂ ᠠᠷᠠᠳ ᠣᠯᠠᠨ ᠤ ᠦᠨᠡᠨ ᠬᠦ ᠬᠡᠷᠡᠭᠴᠡᠭᠡ ᠶᠢ ᠬᠠᠩᠭᠠᠵᠤ ᠳᠡᠶᠢᠯᠬᠦ | ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠶᠢ ᠬᠡᠷᠡᠭᠵᠢᠭᠦᠯᠬᠦ ᠪᠤᠯᠤᠨ᠎ᠡ᠃ | ᠬᠤᠶᠠᠷ ᠲᠤ᠂ ᠰᠢᠶᠠᠨ ᠤ ᠱᠠᠲᠤᠨ ᠤ ᠵᠠᠰᠠᠭ ᠤᠨ ᠣᠷᠳᠣᠨ ᠤ ᠬᠠᠷᠢᠭᠤᠴᠠᠬᠤ ᠳᠦᠷᠢᠮ ᠢ ᠪᠠᠶᠢᠭᠤᠯᠪᠠ᠃ | ᠵᠠᠰᠠᠪᠤᠷᠢ ᠣᠷᠣᠭᠤᠯᠬᠤ ᠲᠥᠰᠥᠯ ᠳᠤ ᠦᠨᠳᠦᠰᠦᠨ ᠱᠠᠲᠤᠨ ᠤ ᠵᠠᠰᠠᠭ ᠤᠨ ᠣᠷᠳᠣᠨ ᠤ ᠦᠨᠡᠯᠡᠨ ᠵᠢᠱᠢᠵᠦ ᠢᠯᠡ | ᠪᠣᠯᠭᠠᠬᠤ ᠳᠦᠷᠢᠮ ᠢ ᠰᠢᠨ᠎ᠡ ᠪᠠᠷ ᠨᠡᠮᠡᠪᠡ᠂ ᠵᠠᠰᠠᠪᠤᠷᠢ ᠣᠷᠣᠭᠤᠯᠬᠤ ᠪᠠᠷ ᠳᠠᠮᠵᠢᠭᠤᠯᠤᠨ ᠪᠥᠬᠦ ᠠᠷᠠᠳ ᠤᠨ ᠪᠡᠶ᠎ᠡ | ᠴᠢᠭᠢᠷᠠᠭᠵᠢᠭᠤᠯᠬᠤ ᠲᠥᠯᠥᠪᠯᠡᠭᠡ ᠶᠢᠨ ᠤᠷᠤᠭᠰᠢᠲᠠᠢ ᠨᠠᠶᠢᠳᠠᠪᠤᠷᠢᠵᠢᠭᠤᠯᠤᠭᠳᠠᠬᠤ ᠶᠢ ᠪᠠᠲᠤᠯᠠᠵᠤ᠂ ᠪᠥᠬᠦ ᠠᠷᠠᠳ ᠤᠨ | ᠪᠡᠶ᠎ᠡ ᠴᠢᠭᠢᠷᠠᠭᠵᠢᠭᠤᠯᠬᠤ ᠤᠯᠤᠰ ᠤᠨ ᠪᠠᠶᠢᠯᠳᠤᠬᠤ ᠪᠣᠳᠣᠯᠭ᠎ᠠ ᠶᠢᠨ ᠪᠦᠲᠦᠮᠵᠢᠲᠡᠶ ᠬᠡᠷᠡᠭᠵᠢᠭᠦᠯᠦᠭᠳᠡᠬᠦ ᠶᠢ | ᠠᠬᠢᠭᠤᠯᠬᠤ ᠶᠢᠨ ᠬᠠᠮᠲᠤ ᠪᠥᠬᠦ ᠨᠡᠶᠢᠭᠡᠮ ᠢᠶᠠᠷ ᠢᠶᠠᠨ ᠴᠦ ᠵᠠᠰᠠᠭ ᠤᠨ ᠣᠷᠳᠣᠨ ᠤ ᠠᠵᠢᠯ ᠳᠤ ᠬᠢᠨᠠᠯᠲᠠ ᠲᠠᠯᠪᠢᠬᠤ | ᠦᠢᠯᠡᠳᠦᠯ ᠦᠵᠡᠭᠦᠯᠵᠦ ᠴᠢᠳᠠᠨ᠎ᠠ᠃ ᠡᠨᠡ ᠨᠢ ᠮᠥᠨ ᠴᠦ ᠣᠳᠣᠬᠠᠨ ᠤ ᠪᠥᠬᠦ ᠠᠷᠠᠳ ᠤᠨ ᠪᠡᠶ᠎ᠡ | ᠴᠢᠭᠢᠷᠠᠭᠵᠢᠭᠤᠯᠬᠤ ᠣᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ ᠲᠡᠭᠦᠯᠳᠡᠷ ᠪᠤᠰᠤ ᠪᠠᠶᠢᠬᠤ ᠵᠡᠷᠭᠡ | ᠠᠰᠠᠭᠤᠳᠠᠯ ᠢ ᠰᠢᠢᠳᠪᠦᠷᠢᠯᠡᠵᠦ᠂ ᠠᠷᠠᠳ ᠣᠯᠠᠨ ᠳᠤ ᠨᠠᠩ ᠲᠣᠬᠢᠷᠠᠭᠰᠠᠨ᠂ ᠨᠠᠩ ᠵᠦᠢ ᠵᠣᠬᠢᠰᠲᠠᠢ᠂ ᠨᠠᠩ ᠬᠦᠷᠴᠦ | ᠳᠡᠶᠢᠯᠬᠦ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠣᠯᠠᠨ ᠨᠡᠶᠢᠲᠡ ᠶᠢᠨ ᠦᠢᠯᠡᠴᠢᠯᠡᠭᠡ ᠶᠢ ᠡᠭᠦᠳᠦᠨ | ᠪᠦᠲᠦᠭᠡᠬᠦ ᠳᠤ ᠤᠷᠢᠳᠴᠢᠯᠠᠭᠰᠠᠨ ᠨᠥᠬᠦᠴᠡᠯ ᠬᠠᠩᠭᠠᠭᠰᠠᠨ ᠪᠠᠶᠢᠨ᠎ᠠ᠃ | ᠭᠤᠷᠪᠠ᠂ ᠠᠷᠠᠳ ᠲᠦᠮᠡᠨ ᠢ ᠳᠡᠭᠡᠳᠦᠯᠡᠬᠦ ᠶᠢ ᠪᠠᠷᠢᠮᠲᠠᠯᠠᠵᠤ᠂ ᠠᠷᠠᠳ ᠢᠷᠭᠡᠳ ᠤᠨ ᠪᠡᠶ᠎ᠡ ᠶᠢᠨ ᠲᠠᠮᠢᠷ ᠤᠨ ᠡᠷᠬᠡ | ᠪᠠ ᠡᠭᠦᠷᠭᠡ ᠶᠢᠨ ᠬᠠᠤᠯᠢ ᠴᠠᠭᠠᠵᠠ ᠶᠢᠨ ᠪᠠᠲᠤᠯᠠᠭ᠎ᠠ ᠶᠢ ᠴᠢᠩᠭᠠᠳᠬᠠᠪᠠ | ᠨᠢᠭᠡ ᠳᠤ᠂ ᠠᠷᠠᠳ ᠲᠦᠮᠡᠨ ᠤ ᠪᠡᠶᠡᠴᠢ ᠴᠣᠭᠴᠠ ᠶᠢᠨ ᠴᠢᠨᠠᠷ ᠢ ᠲᠤᠪᠤᠶᠢᠯᠭᠠᠪᠠ᠃ ᠰᠢ ᠶᠢᠨ ᠫᠢᠩ ᠶᠡᠷᠦᠩᠬᠡᠢ | ᠱᠦᠵᠢ ᠵᠢᠭᠠᠵᠤ ᠭᠠᠷᠭᠠᠬᠤ ᠳᠠᠭᠠᠨ᠂︽ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ | ᠪᠠᠷᠢᠮᠲᠠᠯᠠᠬᠤ ᠨᠢ ᠨᠠᠮ ᠤᠨ ᠬᠦᠰᠡᠯᠡᠩ ᠢᠲᠡᠭᠡᠯ ᠪᠢᠰᠢᠷᠡᠯ᠂ ᠰᠢᠨᠵᠢ ᠴᠢᠨᠠᠷ ᠵᠣᠷᠢᠯᠲᠠ᠂ ᠤᠭ ᠰᠠᠨᠠᠭ᠎ᠠ ᠡᠭᠦᠷᠭᠡ | ᠬᠠᠷᠢᠭᠤᠴᠠᠯᠭ᠎ᠠ ᠶᠢ ᠢᠯᠡᠷᠡᠭᠦᠯᠵᠡᠢ︾ᠭᠡᠪᠡ᠃ ᠵᠠᠰᠠᠪᠤᠷᠢ ᠣᠷᠣᠭᠤᠯᠤᠭᠰᠠᠨ ᠲᠥᠰᠥᠯ ᠳᠤ ᠠᠷᠠᠳ ᠢᠷᠭᠡᠳ ᠤᠨ | ᠰᠠᠨᠠᠭᠠᠴᠢᠯᠠᠭ᠎ᠠ ᠠᠴᠠ ᠪᠠᠨ ᠪᠡᠶ᠎ᠡ ᠴᠢᠭᠢᠷᠠᠭᠵᠢᠭᠤᠯᠬᠤ ᠣᠶᠢᠯᠠᠭᠠᠭᠳᠠᠬᠤᠨ ᠤ ᠲᠤᠬᠠᠢ ᠵᠦᠢᠯ ᠢ ᠨᠡᠮᠡᠪᠡ᠃ ᠨᠠᠰᠤᠨ | ᠲᠤᠷᠰᠢᠲᠠ ᠶᠢᠨ ᠪᠡᠶ᠎ᠡ ᠶᠢᠨ ᠲᠠᠮᠢᠷ ᠤᠨ ᠤᠬᠠᠮᠰᠠᠷ ᠢ ᠰᠠᠨᠠᠭᠠᠴᠢᠯᠠᠵᠦ ᠪᠠᠶᠢᠭᠰᠠᠨ ᠠᠴᠠ ᠰᠠᠨᠠᠭᠠᠴᠢᠯᠠᠭ᠎ᠠ ᠠᠴᠠ ᠪᠠᠨ | ᠪᠡᠶ᠎ᠡ ᠴᠢᠭᠢᠷᠠᠭᠵᠢᠭᠤᠯᠬᠤ ᠤᠬᠠᠮᠰᠠᠷ ᠢ ᠰᠠᠨᠠᠭᠠᠴᠢᠯᠠᠬᠤ ᠪᠤᠯᠤᠭᠰᠠᠨ ᠨᠢ ᠨᠠᠮ ᠪᠠ ᠤᠯᠤᠰ ᠠᠴᠠ ᠠᠷᠠᠳ ᠤᠯᠠᠨ ᠤ | ᠰᠠᠨᠠᠭᠠᠴᠢᠯᠠᠭ᠎ᠠ ᠠᠴᠠ ᠪᠠᠨ ᠡᠷᠡᠭᠦᠯ ᠮᠡᠨᠳᠤ ᠶᠢᠨ ᠣᠶᠢᠯᠠᠭᠠᠭᠳᠠᠬᠤᠨ ᠢ ᠰᠢᠨᠵᠢᠯᠡᠬᠦ ᠤᠬᠠᠭᠠᠨᠴᠢ ᠪᠠᠷ | ᠨᠠᠶᠢᠳᠠᠪᠤᠷᠢᠵᠢᠭᠤᠯᠬᠤ ᠶᠢ ᠵᠣᠷᠢᠭᠵᠢᠭᠤᠯᠬᠤ ᠪᠠ ᠬᠥᠲᠥᠯᠥᠨ ᠵᠢᠯᠤᠭᠤᠳᠴᠤ᠂ ᠠᠷᠠᠳ ᠲᠦᠮᠡᠨ ᠤ ᠡᠷᠡᠭᠦᠯ ᠮᠡᠨᠳᠤ ᠶᠢ | ᠤᠷᠢᠳᠠᠪᠠᠷ ᠬᠥᠭᠵᠢᠭᠦᠯᠬᠦ ᠶᠢ ᠪᠠᠲᠤᠯᠠᠬᠤ ᠳᠦᠷᠢᠮ ᠤᠨ ᠰᠢᠰᠲ᠋ᠥᠮ ᠢ ᠲᠦᠷᠭᠡᠨ ᠪᠠᠶᠢᠭᠤᠯᠬᠤ ᠵᠣᠷᠢᠭ ᠰᠠᠨᠠᠬ᠎ᠠ ᠶᠢ | ᠲᠤᠰᠬᠠᠵᠠᠢ᠃ | ᠬᠤᠶᠠᠷ ᠲᠤ᠂ ᠪᠦᠬᠦ ᠠᠷᠠᠳ ᠤᠨ ᠪᠡᠶ᠎ᠡ ᠮᠠᠬᠠᠪᠤᠳ ᠢᠶᠠᠨ ᠴᠢᠭᠢᠷᠠᠭᠵᠢᠭᠤᠯᠬᠤ ᠠᠷᠠᠳ ᠢᠷᠭᠡᠳ ᠤᠨ ᠡᠷᠬᠡ ᠶᠢ | ᠪᠠᠲᠤᠯᠠᠪᠠ᠃ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠬᠢᠭᠡᠳ ᠪᠥᠬᠦ ᠠᠷᠠᠳ ᠤᠨ ᠡᠷᠡᠭᠦᠯ ᠮᠡᠨᠳᠦ ᠶᠢᠨ | ᠠᠭᠤᠰᠤᠯᠴᠠᠯ ᠤᠨ ᠬᠠᠷᠰᠢ ᠰᠠᠭᠠᠳ ᠨᠢ ᠠᠷᠠᠳ ᠣᠯᠠᠨ ᠤ ᠪᠡᠶ᠎ᠡ ᠶᠢᠨ ᠲᠠᠮᠢᠷ ᠤᠨ ᠡᠳ᠋ᠯᠡᠬᠦ ᠡᠷᠭᠡ ᠶᠢᠨ ᠲᠡᠭᠰᠢ ᠪᠤᠰᠤ | ᠪᠠ ᠡᠷᠬᠡ ᠶᠢᠨ ᠪᠡᠶᠡᠯᠡᠯᠲᠡ ᠶᠢᠨ ᠭᠦᠢᠴᠡᠳ ᠪᠤᠰᠤ ᠪᠠᠶᠢᠬᠤ ᠶᠢ ᠬᠢᠵᠠᠭᠠᠷᠯᠠᠵᠤ ᠪᠠᠶᠢᠨ᠎ᠠ᠃ ᠲᠣᠰ ᠤᠳᠠᠭ᠎ᠠ ᠵᠠᠰᠠᠪᠤᠷᠢ | ᠣᠷᠣᠭᠤᠯᠬᠤ ᠳᠠᠭᠠᠨ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠪᠡᠶ᠎ᠡ ᠶᠢᠨ ᠲᠠᠮᠢᠷ ᠤᠨ ᠡᠷᠬᠡ ᠶᠢᠨ | ᠬᠦᠰᠡᠯ ᠱᠠᠭᠠᠷᠳᠠᠯᠭ᠎ᠠ ᠶᠢ ᠬᠠᠮᠠᠭᠠᠯᠠᠨ ᠪᠡᠶᠡᠯᠡᠭᠦᠯᠬᠦ ᠪᠠᠷ ᠭᠤᠣᠯᠳᠠᠯᠭ᠎ᠠ ᠪᠣᠯᠭᠠᠵᠤ᠂ ᠠᠷᠠᠳ ᠣᠯᠠᠨ ᠤ ᠰᠠᠶᠢᠨ | ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠬᠠᠩᠭᠠᠬᠤ ᠶᠢ ᠪᠣᠳᠣᠯᠬᠢᠯᠠᠨ᠂ ᠪᠣᠳᠠᠲᠠᠢ ᠠᠰᠠᠭᠤᠳᠠᠯ᠂ ᠡᠷᠳᠡᠮ | ᠰᠢᠨᠵᠢᠯᠡᠭᠡᠨ ᠤ ᠡᠲᠡᠭᠡᠳ ᠤᠨ ᠠᠰᠠᠭᠤᠳᠠᠯ ᠳᠤ ᠴᠢᠭᠯᠡᠭᠦᠯᠦᠨ ᠬᠡᠷᠡᠭᠵᠢᠭᠦᠯᠦᠭᠰᠡᠨ ᠬᠠᠤᠯᠢ ᠲᠣᠭᠲᠠᠭᠠᠯᠲᠠ ᠶᠢᠨ | ᠪᠠᠲᠤᠯᠠᠭ᠎ᠠ ᠶᠢ ᠰᠢᠨ᠎ᠡ ᠪᠠᠷ ᠨᠡᠮᠡᠭᠰᠡᠨ ᠪᠣᠯᠬᠤᠷ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ ᠪᠠ ᠵᠣᠯ ᠵᠢᠷᠭᠠᠯᠲᠤ | ᠲᠥᠷᠥᠭᠳᠡᠯ ᠢ ᠨᠡᠮᠡᠭᠳᠡᠭᠦᠯᠬᠦ ᠳᠤ ᠠᠰᠢᠭᠲᠠᠢ ᠶᠤᠮ᠃ | ᠶᠡᠷᠦᠩᠬᠡᠶᠢᠯᠡᠪᠡᠯ᠂ ᠪᠦᠬᠦ ᠠᠷᠠᠳ ᠤᠨ ᠪᠡᠶ᠎ᠡ ᠮᠠᠬᠠᠪᠤᠳ ᠢᠶᠠᠨ ᠴᠢᠭᠢᠷᠠᠭᠵᠢᠭᠤᠯᠬᠤ ᠪᠣᠯ ᠠᠷᠠᠳ ᠤᠯᠠᠨ ᠤ | ︽ᠰᠠᠶᠢᠨ ᠰᠠᠶᠢᠬᠠᠨ ᠠᠮᠢᠳᠤᠷᠠᠯ︾ ᠤᠨ ᠴᠢᠬᠤᠯᠠ ᠪᠦᠷᠢᠯᠳᠦᠭᠦᠨ ᠬᠡᠰᠡᠭ ᠮᠥᠨ᠂ ᠢᠯᠠᠩᠭᠤᠶ᠎ᠠ ᠤᠶᠤᠨ ᠤ ᠪᠣᠳᠠᠰ ᠤᠨ | ︽ᠬᠤᠶᠠᠷ ᠢ ᠴᠢᠨᠡᠭᠡᠯᠢᠭᠵᠢᠭᠦᠯᠬᠦ︾ ᠶᠢ ᠪᠡᠶᠡᠯᠡᠭᠦᠯᠬᠦ ᠳᠤ ᠲᠤᠲᠠᠭᠳᠠᠵᠤ ᠪᠣᠯᠣᠰᠢ ᠦᠭᠡᠢ ᠴᠢᠬᠤᠯᠠ ᠦᠨ᠎ᠡ ᠦᠷᠳᠡᠭ ᠲᠠᠢ | ᠶᠤᠮ᠃ ᠰᠢᠨ᠎ᠡ ᠵᠠᠭᠤᠨ ᠵᠢᠯ ᠤᠨ ᠠᠶᠠᠨ ᠡᠬᠢᠯᠡᠬᠦ ᠦᠶ᠎ᠡ ᠳᠤ᠂ ᠰᠢᠨ᠎ᠡ ᠪᠠᠷ ᠵᠠᠰᠠᠪᠤᠷᠢ ᠣᠷᠣᠭᠤᠯᠤᠭᠰᠠᠨ ᠪᠡᠶ᠎ᠡ ᠶᠢᠨ | ᠲᠠᠮᠢᠷ ᠤᠨ ᠬᠠᠤᠯᠢ ᠨᠢ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠤᠯᠤᠰ ᠤᠨ ᠪᠠᠶᠢᠯᠳᠤᠬᠤ ᠪᠣᠳᠣᠯᠭ᠎ᠠ ᠶᠢᠨ ᠴᠢᠨᠠᠷ | ᠰᠠᠶᠢᠲᠠᠢ ᠪᠡᠶᠡᠯᠡᠭᠳᠡᠬᠦ ᠶᠢ ᠪᠠᠲᠤᠯᠠᠬᠤ ᠶᠢᠨ ᠤᠯᠠᠮ ᠠᠴᠠ ᠪᠡᠶ᠎ᠡ ᠶᠢᠨ ᠲᠠᠮᠢᠷ ᠤᠨ ᠬᠦᠴᠦᠷᠬᠡᠭ ᠤᠯᠤᠰ᠂ ᠡᠷᠡᠭᠦᠯ ᠡᠩᠬᠡ | ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠳᠤ ᠴᠥᠮ ᠴᠢᠬᠤᠯᠠ ᠦᠢᠯᠡᠳᠦᠯ ᠦᠵᠡᠭᠦᠯᠬᠦ | ᠪᠣᠯᠣᠨ᠎ᠠ᠃ |