ᠦᠰᠦᠭ ᠪᠢᠴᠢᠭ ᠤᠨ ᠲᠠᠶᠢᠯᠦᠮᠵᠢ᠄ ︽ᠪᠡᠶ᠎ᠡ ᠶᠢᠨ ᠲᠠᠮᠢᠷ ᠤᠨ ᠨᠡᠶᠢᠭᠡᠮ ᠤᠨ ᠪᠦᠯᠬᠦᠮ︾ ᠠᠴᠠ      ︽ᠪᠡᠶ᠎ᠡ ᠶᠢᠨ ᠲᠠᠮᠢᠷ ᠤᠨ ᠵᠤᠬᠢᠶᠠᠨ ᠪᠠᠶᠢᠭᠤᠯᠤᠯᠳᠠ︾ ᠬᠦᠷᠳᠡᠯ᠎ᠡ
ᠨᠡᠶᠢᠲᠡᠯᠡᠭᠰᠡᠨ ᠴᠠᠭ᠄
2022/7/6
     ᠪᠡᠶ᠎ᠡ ᠶᠢᠨ ᠲᠠᠮᠢᠷ ᠤᠨ ᠬᠠᠤᠯᠢ ᠳᠤ ᠵᠠᠰᠠᠪᠤᠷᠢ ᠣᠷᠣᠭᠤᠯᠬᠤ ᠪᠣᠯ ᠨᠢᠭᠡᠨ ᠰᠢᠰᠲ᠋ᠧᠮᠲᠦ ᠢᠨᠵᠧᠨᠧᠷᠢᠩ ᠮᠥᠨ᠂ ᠬᠠᠤᠯᠢ ᠲᠣᠭᠲᠠᠭᠠᠬᠤ ᠶᠠᠰᠤ ᠴᠢᠨᠠᠷ ᠨᠢ ᠪᠡᠶ᠎ᠡ ᠶᠢᠨ ᠲᠠᠮᠢᠷ ᠤᠨ ᠠᠵᠢᠯ ᠲᠦᠷᠦᠯ ᠤᠨ ᠬᠥᠭᠵᠢᠯᠲᠡ ᠳᠤ ᠠᠯᠤᠰ ᠭᠡᠳᠤ ᠶᠢᠨ ᠨᠥᠯᠥᠭᠡ ᠦᠵᠡᠭᠦᠯᠬᠦ ᠪᠤᠯᠤᠨ᠎ᠡ᠃ ᠤᠳᠤ ᠣᠯᠠᠨ ᠲᠦᠮᠡᠨ ᠤ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠪᠤᠯᠬᠤ ︽ᠪᠡᠶ᠎ᠡ ᠶᠢᠨ ᠲᠠᠮᠢᠷ ᠤᠨ ᠨᠡᠶᠢᠭᠡᠮ ᠤᠨ ᠪᠦᠯᠬᠦᠮ︾ ᠤᠨ ᠪᠦᠯᠦᠭ ᠤᠨ ᠨᠡᠷ᠎ᠡ ᠶᠢ ︽ᠪᠡᠶ᠎ᠡ ᠶᠢᠨ ᠲᠠᠮᠢᠷ ᠤᠨ ᠵᠣᠬᠢᠶᠠᠨ ᠪᠠᠶᠢᠭᠤᠯᠤᠯᠲᠠ︾ ᠭᠡᠵᠦ ᠵᠠᠰᠠᠭᠰᠠᠨ ᠲᠤᠬᠠᠢ ᠲᠠᠶᠢᠯᠦᠮᠵᠢ ᠬᠢᠶ᠎ᠡ᠃     ᠨᠢᠭᠡ᠂ ᠮᠠᠨ ᠤ ᠤᠯᠤᠰ ᠤᠨ ︽ᠪᠡᠶ᠎ᠡ ᠶᠢᠨ ᠲᠠᠮᠢᠷ ᠤᠨ ᠪᠦᠯᠬᠦᠮ︾ ᠤᠨ ᠬᠤᠯᠪᠣᠭᠳᠠᠯ ᠪᠦᠬᠦᠢ ᠤᠬᠠᠭᠳᠠᠬᠤᠨ ᠳᠤ ᠰᠠᠭᠤᠷᠢᠯᠠᠭᠰᠠᠨ ᠲᠠᠨᠢᠨ ᠮᠡᠳᠡᠬᠦᠢ     ︽ ᠪᠡᠶ᠎ᠡ   ᠶᠢᠨ  ᠲᠠᠮᠢᠷ  ᠤᠨ  ᠨᠡᠶᠢᠭᠡᠮ   ᠤᠨ  ᠪᠦᠯᠬᠦᠮ  ︾  ᠤᠨ  ᠬᠤᠯᠪᠣᠭᠳᠠᠯ ᠪᠦᠬᠦᠢ ᠤᠬᠠᠭᠳᠠᠬᠤᠨ ᠢ ︽ᠨᠡᠶᠢᠭᠡᠮ ᠤᠨ ᠪᠦᠯᠬᠦᠮ︾ ᠤᠨ ᠬᠤᠯᠪᠣᠭᠳᠠᠯ ᠪᠦᠬᠦᠢ ᠤᠬᠠᠭᠳᠠᠬᠤᠨ ᠠᠴᠠ ᠰᠢᠯᠵᠢᠭᠦᠯᠦᠨ ᠠᠪᠴᠢᠷᠠᠭᠰᠠᠨ ᠶᠤᠮ᠃ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ ᠠᠴᠠ ᠨᠠᠭᠠᠰᠢ᠂ ᠢᠯᠠᠩᠭᠤᠶ᠎ᠠ ᠥᠭᠡᠷᠡᠴᠢᠯᠡᠯᠲᠡ ᠨᠡᠭᠡᠭᠡᠯᠲᠡ ᠬᠢᠭᠰᠡᠨ ᠤ ᠲᠠᠷᠠᠭ᠎ᠠ᠂ ᠮᠠᠨ ᠤ ᠤᠯᠤᠰ ᠤᠨ ᠬᠠᠤᠯᠢ ᠲᠣᠭᠲᠠᠭᠠᠯ ᠳᠠᠬᠢ ︽ᠨᠡᠶᠢᠭᠡᠮ ᠤᠨ ᠪᠦᠯᠬᠦᠮ︾ ᠲᠠᠢ ᠬᠤᠯᠪᠣᠭᠳᠠᠬᠤ ᠦᠭᠡᠰ ᠨᠢ ᠭᠤᠣᠯᠳᠠᠭᠤ ᠵᠠᠭᠤᠴᠢ ᠵᠣᠬᠢᠶᠠᠨ ᠪᠠᠶᠢᠭᠤᠯᠤᠯᠲᠠ᠂ ᠨᠡᠶᠢᠭᠡᠮ ᠤᠨ ᠪᠦᠯᠬᠦᠮ᠂ ᠠᠷᠠᠳ ᠤᠨ ᠵᠣᠬᠢᠶᠠᠨ ᠪᠠᠶᠢᠭᠤᠯᠤᠯᠲᠠ ᠪᠠ ᠨᠡᠶᠢᠭᠡᠮ ᠤᠨ ᠵᠣᠬᠢᠶᠠᠨ ᠪᠠᠶᠢᠭᠤᠯᠤᠯᠲᠠ ᠵᠡᠷᠭᠡ ᠪᠠᠶᠢᠵᠤ᠂ ᠪᠡᠶ᠎ᠡ ᠶᠢᠨ ᠲᠠᠮᠢᠷ ᠲᠤ ᠰᠢᠯᠵᠢᠭᠦᠯᠦᠭᠡᠳ᠂ ᠪᠡᠶ᠎ᠡ ᠶᠢᠨ ᠲᠠᠮᠢᠷ ᠤᠨ ᠵᠠᠭᠤᠴᠢ ᠵᠣᠬᠢᠶᠠᠨ ᠪᠠᠶᠢᠭᠤᠯᠤᠯᠲᠠ᠂ ᠪᠡᠶ᠎ᠡ ᠶᠢᠨ ᠲᠠᠮᠢᠷ ᠤᠨ ᠨᠡᠶᠢᠭᠡᠮ ᠤᠨ ᠪᠦᠯᠬᠦᠮ᠂ ᠪᠡᠶ᠎ᠡ ᠶᠢᠨ ᠲᠠᠮᠢᠷ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠪᠡᠶ᠎ᠡ ᠶᠢᠨ ᠲᠠᠮᠢᠷ ᠤᠨ ᠵᠣᠬᠢᠶᠠᠨ ᠪᠠᠶᠢᠭᠤᠯᠤᠯᠲᠠ ᠵᠡᠷᠭᠡ ᠪᠠᠷ ᠬᠡᠷᠡᠭᠯᠡᠭᠰᠡᠨ ᠪᠠᠶᠢᠨ᠎ᠠ᠃     ︽ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠨᠡᠶᠢᠭᠡᠮ ᠵᠢᠷᠤᠮᠳᠦ ᠵᠠᠬ᠎ᠠ ᠳᠡᠯᠭᠡᠭᠦᠷ ᠤᠨ ᠠᠵᠤ ᠠᠬᠤᠢ ᠶᠢᠨ ᠪᠠᠶᠢᠭᠤᠯᠤᠯ ᠢ ᠪᠠᠶᠢᠭᠤᠯᠬᠤ ᠠᠰᠠᠭᠤᠳᠠᠯ ᠤᠳ ᠤᠨ ᠲᠤᠬᠠᠢ ᠲᠣᠭᠲᠠᠭᠠᠯ︾  1993︶ ᠳᠤ     ︽ᠵᠠᠭᠤᠴᠢ ᠵᠣᠬᠢᠶᠠᠨ ᠪᠠᠶᠢᠭᠤᠯᠤᠯᠲᠠ︾ ᠭᠡᠳᠡᠭ ᠦᠭᠡ ᠶᠢ ᠬᠡᠷᠡᠭᠯᠡᠵᠦ᠂ ︽ᠵᠠᠭᠤᠴᠢ ᠵᠣᠬᠢᠶᠠᠨ ᠪᠠᠶᠢᠭᠤᠯᠤᠯᠲᠠ ᠨᠢ ᠬᠠᠤᠯᠢ ᠶᠣᠰᠣᠭᠠᠷ ᠬᠢᠷᠢ ᠬᠡᠮ ᠢ ᠮᠠᠭᠠᠳᠯᠠᠨ ᠲᠣᠭᠲᠠᠭᠠᠬᠤ ᠢ ᠳᠠᠮᠵᠢᠬᠤ ᠬᠡᠷᠡᠭᠲᠡᠢ ᠁ ᠪᠡᠶ᠎ᠡ ᠪᠠᠨ ᠪᠠᠷᠢᠬᠤ ᠴᠢᠨᠠᠷᠲᠠᠢ ᠠᠵᠢᠯᠯᠠᠭᠠᠨ ᠤ ᠲᠣᠭᠲᠠᠴᠠ ᠶᠢ ᠪᠠᠶᠢᠭᠤᠯᠤᠨ᠎ᠠ︾ ᠭᠡᠵᠦ ᠳᠤᠷᠠᠳᠪᠠ︔ ︽ᠨᠡᠶᠢᠭᠡᠮ ᠤᠨ ᠪᠦᠯᠬᠦᠮ ᠢ ᠳᠠᠩᠰᠠᠯᠠᠬᠤ ᠬᠠᠮᠢᠶᠠᠷᠤᠯᠲᠠ ᠶᠢᠨ ᠳᠦᠷᠢᠮ︾ ︵1998︶ ᠳᠤ ︽ᠨᠡᠶᠢᠭᠡᠮ ᠤᠨ ᠪᠦᠯᠬᠦᠮ︾ ᠭᠡᠳᠡᠭ ᠦᠭᠡ ᠶᠢ ᠬᠡᠷᠡᠭᠯᠡᠵᠦ᠂ ︽ᠲᠤᠰ ᠳᠦᠷᠢᠮ ᠳᠤ ᠬᠡᠯᠡᠵᠦ ᠪᠠᠶᠢᠭ᠎ᠠ ᠨᠡᠶᠢᠭᠡᠮ ᠤᠨ ᠪᠦᠯᠬᠦᠮ ᠭᠡᠳᠡᠭ ᠨᠢ  ᠁ ᠳᠦᠷᠢᠮ ᠤᠨ ᠢᠶᠠᠨ ᠶᠣᠰᠣᠭᠠᠷ ᠠᠵᠢᠯᠯᠠᠭ᠎ᠠ ᠥᠷᠨᠢᠭᠦᠯᠵᠦ ᠪᠠᠶᠢᠭ᠎ᠠ ᠠᠰᠢᠭ ᠬᠤᠨᠵᠢᠪᠤᠷᠢ ᠶᠢᠨ ᠪᠤᠰᠤ ᠴᠢᠨᠠᠷᠲᠠᠢ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ ᠵᠢᠭᠠᠵᠤ ᠪᠠᠶᠢᠨ᠎ᠠ︾ ᠭᠡᠵᠦ ᠲᠣᠳᠣᠷᠬᠠᠶᠢᠯᠠᠪᠠ︔  ︽ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠳᠦᠷᠢᠮ ᠳᠤ ᠥᠭᠡᠷᠡᠴᠢᠯᠡᠯᠲᠡ ᠬᠢᠵᠦ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠡᠷᠡᠭᠦᠯ ᠪᠥᠭᠡᠳ ᠡᠮᠬᠢ ᠵᠢᠷᠤᠮ ᠲᠠᠢ ᠬᠥᠭᠵᠢᠯᠲᠡ ᠶᠢ ᠠᠬᠢᠭᠤᠯᠬᠤ ᠲᠤᠬᠠᠢ ᠰᠠᠨᠠᠯ︾         ︵2016︶ ᠳᠤ ︽ᠨᠡᠶᠢᠭᠡᠮ ᠤᠨ ᠪᠦᠯᠬᠦᠮ  ᠁ ᠢᠶᠠᠷ ᠭᠤᠣᠯ ᠴᠣᠭᠴᠠ ᠪᠣᠯᠭᠠᠭᠰᠠᠨ ᠨᠡᠶᠢᠭᠡᠮ ᠤᠨ ᠵᠣᠬᠢᠶᠠᠨ ᠪᠠᠶᠢᠭᠤᠯᠤᠯᠲᠠ︾ ᠭᠡᠵᠦ ᠵᠢᠭᠠᠪᠠ︔ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠷᠭᠡᠨ ᠤ ᠬᠠᠤᠯᠢ︾ ︵2020︶ ᠤᠨ 90 ᠳ᠋ᠤᠭᠡᠷ ᠵᠦᠢᠯ ᠳᠤ ︽ᠬᠠᠤᠯᠢ ᠶᠢᠨ ᠬᠥᠮᠥᠨ ᠤ ᠨᠥᠬᠦᠴᠡᠯ ᠢ ᠪᠦᠷᠢᠯᠳᠦᠭᠦᠯᠦᠭᠰᠡᠨ ᠁ ᠨᠡᠶᠢᠲᠡ ᠶᠢᠨ ᠠᠰᠠᠷᠠᠮᠵᠢ ᠶᠢᠨ ᠵᠣᠷᠢᠯᠭ᠎ᠠ ᠪᠤᠶᠤ ᠭᠡᠰᠢᠭᠦᠳ ᠤᠨ ᠬᠠᠮᠲᠤ ᠶᠢᠨ ᠠᠰᠢᠭ ᠲᠤᠰᠠ ᠵᠡᠷᠭᠡ ᠠᠰᠢᠭ ᠬᠤᠨᠵᠢᠪᠤᠷᠢ ᠶᠢᠨ ᠪᠤᠰᠤ ᠵᠣᠷᠢᠯᠭ᠎ᠠ ᠪᠠᠷ ᠪᠠᠶᠢᠭᠤᠯᠤᠭᠰᠠᠨ ᠨᠡᠶᠢᠭᠡᠮ ᠤᠨ ᠪᠦᠯᠬᠦᠮ ᠨᠢ ᠬᠠᠤᠯᠢ ᠶᠣᠰᠣᠭᠠᠷ ᠳᠠᠩᠰᠠᠯᠠᠭᠤᠯᠤᠨ ᠪᠠᠶᠢᠭᠤᠯᠤᠭᠳᠠᠭᠠᠳ ᠨᠡᠶᠢᠭᠡᠮ ᠤᠨ ᠪᠦᠯᠬᠦᠮ ᠬᠠᠤᠯᠢ ᠶᠢᠨ ᠬᠥᠮᠥᠨ ᠤ ᠬᠢᠷᠢ ᠬᠡᠮ ᠲᠠᠢ ᠪᠣᠯᠣᠨ᠎ᠠ︾ ᠭᠡᠵᠦ ᠲᠣᠭᠲᠠᠭᠠᠵᠠᠢ᠃ ᠡᠭᠦᠨ ᠠᠴᠠ ᠦᠵᠡᠪᠡᠯ᠂ ᠮᠠᠨ ᠤ ᠤᠯᠤᠰ ᠤᠨ ᠬᠠᠤᠯᠢ ᠴᠠᠭᠠᠵᠠ ᠬᠠᠤᠯᠢ ᠲᠣᠭᠲᠠᠭᠠᠯ ᠤᠨ ᠨᠡᠶᠢᠭᠡᠮ ᠤᠨ ᠪᠦᠯᠬᠦᠮ ᠤᠨ ᠬᠤᠯᠪᠣᠭᠳᠠᠯ ᠪᠦᠬᠦᠢ ᠤᠬᠠᠭᠳᠠᠬᠤᠨ ᠨᠢ ᠪᠠᠯᠠᠷᠬᠠᠢ ᠲᠡᠨᠦᠭᠦᠯ ᠪᠠᠶᠢᠳᠠᠯ ᠳᠤ ᠣᠷᠣᠰᠢᠵᠤ ᠪᠠᠶᠢᠨ᠎ᠠ᠃     ᠤᠤᠯ ᠤᠨ ᠪᠡᠶ᠎ᠡ ᠶᠢᠨ ᠲᠠᠮᠢᠷ ᠤᠨ ᠬᠠᠤᠯᠢ ᠳᠤ ︽ᠪᠡᠶ᠎ᠡ ᠶᠢᠨ ᠲᠠᠮᠢᠷ ᠤᠨ ᠨᠡᠶᠢᠭᠡᠮ ᠤᠨ ᠪᠦᠯᠬᠦᠮ︾ ᠢ ᠬᠡᠷᠡᠭᠯᠡᠵᠡᠢ᠃ ᠣᠲᠣ ᠪᠣᠯᠲᠠᠯ᠎ᠠ᠂ ᠡᠷᠳᠡᠮ ᠰᠢᠨᠵᠢᠯᠡᠭᠡᠨ ᠤ ᠬᠢᠨ ︽ᠪᠡᠶ᠎ᠡ ᠶᠢᠨ ᠲᠠᠮᠢᠷ ᠤᠨ ᠨᠡᠶᠢᠭᠡᠮ ᠤᠨ ᠪᠦᠯᠬᠦᠮ︾ ᠤᠨ ᠲᠤᠬᠠᠢ ᠨᠢᠭᠡᠳᠦᠯᠲᠡᠢ ᠲᠠᠨᠢᠯᠲᠠ ᠲᠠᠢ ᠪᠣᠯᠣᠭᠠᠳᠤᠢ ᠪᠣᠯᠪᠠᠴᠤ ᠭᠤᠷᠪᠠᠨ ᠲᠠᠯ᠎ᠠ ᠶᠢᠨ ᠬᠠᠮᠲᠤ ᠶᠢᠨ ᠲᠠᠨᠢᠯᠲᠠ ᠲᠠᠢ ᠪᠣᠯᠵᠠᠢ᠄ ᠨᠢᠭᠡ ᠳᠤ ᠠᠰᠢᠭ ᠬᠤᠨᠵᠢᠪᠤᠷᠢ ᠶᠢᠨ ᠪᠤᠰᠤ ᠴᠢᠨᠠᠷᠲᠠᠢ ᠬᠠᠤᠯᠢ ᠴᠠᠭᠠᠵᠠ ᠶᠢᠨ ᠰᠢᠨᠵᠢ ᠴᠢᠨᠠᠷ ᠲᠠᠢ︔ ᠬᠤᠶᠠᠷ ᠲᠤ ᠪᠡᠶ᠎ᠡ ᠪᠠᠨ ᠳᠠᠭᠠᠭᠠᠭᠰᠠᠨ ᠬᠠᠤᠯᠢ ᠴᠠᠭᠠᠵᠠ ᠶᠢᠨ ᠪᠠᠶᠢᠷᠢ ᠰᠠᠭᠤᠷᠢ ᠲᠠᠢ︔ ᠭᠤᠷᠪᠠ ᠳᠤ ᠵᠠᠰᠠᠭ ᠤᠨ ᠣᠷᠳᠣᠨ᠂ ᠠᠵᠤ ᠠᠬᠤᠶᠢᠯᠠᠯ᠂ ᠨᠡᠶᠢᠭᠡᠮ ᠯᠦᠭᠡ ᠣᠯᠠᠨ ᠲᠠᠯ᠎ᠠ ᠶᠢᠨ ᠬᠠᠷᠢᠯᠴᠠᠨ ᠬᠥᠳᠡᠯᠦᠯᠴᠡᠬᠦ ᠬᠠᠷᠢᠴᠠᠭ᠎ᠠ ᠲᠠᠢ᠃ ᠵᠢᠭᠠᠵᠤ ᠭᠠᠷᠭᠠᠭᠤᠰᠢᠲᠠᠢ ᠵᠦᠢᠯ ᠭᠡᠪᠡᠯ᠄ ᠮᠠᠨ ᠤ ᠤᠯᠤᠰ ᠤᠨ ︽ᠪᠡᠶ᠎ᠡ ᠶᠢᠨ ᠲᠠᠮᠢᠷ ᠤᠨ ᠨᠡᠶᠢᠭᠡᠮ ᠤᠨ ᠪᠦᠯᠬᠦᠮ︾ ᠤᠨ ᠬᠥᠭᠵᠢᠯᠲᠡ ᠬᠤᠴᠣᠷᠴᠤ ᠪᠠᠶᠢᠬᠤ ᠪᠥᠭᠡᠳ ᠶᠡᠭᠡ ᠬᠡᠮᠵᠢᠶᠡᠨ ᠤ ᠠᠷᠠᠳ ᠤᠨ ᠪᠡᠶ᠎ᠡ ᠶᠢᠨ ᠲᠠᠮᠢᠷ ᠤᠨ ᠵᠣᠬᠢᠶᠠᠨ ᠪᠠᠶᠢᠭᠤᠯᠤᠯᠲᠠ ᠨᠢ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠷᠭᠡᠨ ᠤ ᠬᠠᠤᠯᠢ ᠶᠢᠨ ᠪᠢᠴᠢᠭ︾ ᠤᠨ ︽ᠬᠠᠤᠯᠢ ᠶᠣᠰᠣᠭᠠᠷ ᠳᠠᠩᠰᠠᠯᠠᠭᠤᠯᠤᠨ ᠪᠠᠶᠢᠭᠤᠯᠬᠤ︾ ᠱᠠᠭᠠᠷᠳᠠᠯᠭ᠎ᠠ ᠶᠢ ᠬᠠᠩᠭᠠᠵᠤ ᠴᠢᠳᠠᠬᠤ ᠦᠭᠡᠢ ᠪᠠᠶᠢᠨ᠎ᠠ᠂ ᠭᠡᠪᠡᠴᠦ ᠡᠳᠡᠭᠡᠷ ᠪᠡᠶ᠎ᠡ ᠶᠢᠨ ᠲᠠᠮᠢᠷ ᠤᠨ ᠵᠣᠬᠢᠶᠠᠨ ᠪᠠᠶᠢᠭᠤᠯᠤᠯᠲᠠ ᠨᠢ ᠣᠳᠣ ᠶᠠᠭ ᠪᠡᠶ᠎ᠡ ᠶᠢᠨ ᠲᠠᠮᠢᠷ ᠤᠨ ᠨᠡᠶᠢᠭᠡᠮ ᠤᠨ ᠠᠵᠢᠯᠯᠠᠭᠠᠨ ᠳᠤ ᠥᠷᠭᠡᠨ ᠢᠶᠠᠷ ᠣᠷᠣᠯᠴᠠᠵᠤ᠂ ᠮᠠᠨ ᠤ ᠤᠯᠤᠰ ᠤᠨ ᠪᠡᠶ᠎ᠡ ᠶᠢᠨ ᠲᠠᠮᠢᠷ ᠤᠨ ᠦᠢᠯᠡᠰ ᠤᠨ ᠬᠥᠭᠵᠢᠯᠲᠡ ᠶᠢ ᠲᠦᠯᠬᠢᠨ ᠠᠬᠢᠭᠤᠯᠬᠤ ᠴᠢᠬᠤᠯᠠ ᠬᠦᠴᠦᠨ ᠪᠣᠯᠵᠤ ᠪᠠᠶᠢᠨ᠎ᠠ᠃ ᠣᠳᠣ ᠪᠠᠶᠢᠭ᠎ᠠ ︽ᠪᠡᠶ᠎ᠡ ᠶᠢᠨ ᠲᠠᠮᠢᠷ ᠤᠨ ᠨᠡᠶᠢᠭᠡᠮ ᠤᠨ ᠪᠦᠯᠬᠦᠮ︾ ᠪᠠ ︽ᠪᠡᠶ᠎ᠡ ᠶᠢᠨ ᠲᠠᠮᠢᠷ ᠤᠨ ᠵᠣᠬᠢᠶᠠᠨ ᠪᠠᠶᠢᠭᠤᠯᠤᠯᠲᠠ︾ ᠪᠣᠯ     ︽ᠬᠠᠤᠯᠢ ᠶᠣᠰᠣᠭᠠᠷ ᠳᠠᠩᠰᠠᠯᠠᠭᠤᠯᠤᠭᠰᠠᠨ ᠦᠭᠡᠢ ᠦᠨᠳᠦᠰᠦᠨ ᠴᠢᠨᠠᠷᠲᠠᠢ ᠪᠡᠶ᠎ᠡ ᠶᠢᠨ ᠲᠠᠮᠢᠷ ᠤᠨ ᠵᠣᠬᠢᠶᠠᠨ ᠪᠠᠶᠢᠭᠤᠯᠤᠯᠲᠠ︾ ᠶᠢ ᠪᠠᠭᠲᠠᠭᠠᠬᠤ ᠦᠭᠡᠢ ᠤᠬᠠᠭᠳᠠᠬᠤᠨ ᠮᠥᠨ᠃     ᠬᠤᠶᠠᠷ᠂ ︽ᠪᠡᠶ᠎ᠡ ᠶᠢᠨ ᠲᠠᠮᠢᠷ ᠤᠨ ᠵᠣᠬᠢᠶᠠᠨ ᠪᠠᠶᠢᠭᠤᠯᠤᠯᠲᠠ︾ ᠪᠣᠯ ᠪᠦᠯᠦᠭ ᠤᠨ ᠨᠡᠷ᠎ᠡ ᠶᠢᠨ ᠬᠠᠮᠤᠭ ᠤᠨ ᠰᠢᠯᠢᠳᠡᠭ ᠰᠣᠩᠭᠤᠯᠲᠠ ᠮᠥᠨ     ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠮᠠᠨ ᠤ ᠤᠯᠤᠰ ᠤᠯᠤᠰ ᠤᠨ ᠵᠠᠰᠠᠯᠲᠠ ᠶᠢ ᠠᠬᠢᠭᠤᠯᠬᠤ ᠲᠠᠯ᠎ᠠ ᠪᠠᠷ ᠠᠯᠢ ᠣᠯᠠᠨ ᠥᠭᠡᠷᠡᠴᠢᠯᠡᠯᠲᠡ ᠶᠢᠨ ᠲᠥᠰᠥᠯ ᠭᠠᠷᠭᠠᠪᠠ᠂ ᠵᠢᠱᠢᠶᠡᠯᠡᠪᠡᠯ ︽ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠭᠤᠯᠤᠮᠵᠢ ᠶᠢ ᠥᠭᠡᠷᠡᠴᠢᠯᠡᠬᠦ ᠪᠠ ᠡᠭᠦᠷᠭᠡ ᠴᠢᠳᠠᠪᠤᠷᠢ ᠶᠢ ᠬᠤᠪᠢᠷᠠᠭᠤᠯᠬᠤ ᠲᠥᠰᠥᠯ︾ ︵2013︶᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠬᠠᠤᠯᠢ ᠶᠣᠰᠣᠭᠠᠷ ᠤᠯᠤᠰ ᠢᠶᠠᠨ ᠵᠠᠰᠠᠬᠤ ᠶᠠᠪᠤᠳᠠᠯ ᠢ ᠪᠦᠬᠦ ᠲᠠᠯ᠎ᠠ ᠪᠠᠷ ᠲᠦᠯᠬᠢᠨ ᠠᠬᠢᠭᠤᠯᠬᠤ ᠴᠢᠬᠤᠯᠠ ᠶᠡᠭᠡ ᠠᠰᠠᠭᠤᠳᠠᠯ ᠤᠳ ᠤᠨ ᠲᠤᠬᠠᠢ  ᠲᠣᠭᠲᠠᠭᠠᠯ︾ ︵2014︶᠂ ︽ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠳᠦᠷᠢᠮ ᠢ ᠥᠭᠡᠷᠡᠴᠢᠯᠡᠵᠦ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠡᠷᠡᠭᠦᠯ ᠪᠥᠭᠡᠳ ᠡᠮᠬᠢ ᠵᠢᠷᠤᠮ ᠲᠠᠢ ᠪᠠᠷ ᠬᠥᠭᠵᠢᠬᠦ ᠶᠢ ᠠᠬᠢᠭᠤᠯᠬᠤ ᠲᠤᠬᠠᠢ ᠰᠠᠨᠠᠯ︾ ︵2016︶ ᠵᠡᠷᠭᠡ ᠪᠢᠴᠢᠭ ᠮᠠᠲ᠋ᠧᠷᠢᠶᠠᠯ ᠳᠤ ᠴᠥᠮ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠨᠡᠷᠡᠶᠢᠳᠦᠯ ᠢ ᠬᠡᠷᠡᠭᠯᠡᠭᠰᠡᠨ ᠪᠥᠭᠡᠳ ᠨᠡᠶᠢᠭᠡᠮ ᠤᠨ ᠵᠣᠬᠢᠶᠠᠨ ᠪᠠᠶᠢᠭᠤᠯᠤᠯᠲᠠ ᠳᠤ ᠨᠡᠶᠢᠭᠡᠮ ᠤᠨ ᠪᠦᠯᠬᠦᠮ ᠢ ᠪᠠᠭᠲᠠᠭᠠᠬᠤ ᠶᠢ ᠲᠣᠳᠣᠷᠬᠠᠶᠢᠯᠠᠭᠰᠠᠨ ᠪᠠᠶᠢᠨ᠎ᠠ᠃ ᠡᠲᠡᠭᠡᠷ ᠲᠥᠷᠥ ᠶᠢᠨ ᠪᠣᠳᠣᠯᠭ᠎ᠠ ᠶᠢᠨ ᠴᠢᠨᠠᠷᠲᠠᠢ ᠪᠢᠴᠢᠭ ᠮᠠᠲ᠋ᠧᠷᠢᠶᠠᠯ ᠵᠢᠴᠢ ᠬᠠᠤᠯᠢ ᠲᠣᠭᠲᠠᠭᠠᠯ ᠤᠨ ᠬᠠᠮᠤᠷᠬᠤ ᠬᠡᠪᠴᠢᠶ᠎ᠡ ᠨᠢ ᠭᠦᠨᠵᠡᠭᠡᠢ ᠪᠥᠭᠡᠳ ᠥᠷᠭᠡᠨ ᠬᠤᠶᠠᠷ ᠲᠠᠯ᠎ᠠ ᠪᠠᠷ ᠬᠥᠭᠵᠢᠵᠦ ᠪᠠᠶᠢᠨ᠎ᠠ᠂ ︽ᠪᠡᠶ᠎ᠡ ᠶᠢᠨ ᠲᠠᠮᠢᠷ ᠤᠨ ᠨᠡᠶᠢᠭᠡᠮ ᠤᠨ ᠪᠦᠯᠬᠦᠮ︾ ᠤᠨ ᠬᠤᠯᠪᠣᠭᠳᠠᠬᠤ ᠬᠡᠪᠴᠢᠶ᠎ᠡ ᠨᠢ ᠪᠡᠶ᠎ᠡ ᠶᠢᠨ ᠲᠠᠮᠢᠷ ᠤᠨ ᠨᠡᠶᠢᠭᠡᠮ ᠤᠨ ᠵᠠᠰᠠᠯᠲᠠ ᠶᠢᠨ ᠣᠨᠣᠯ ᠤᠨ ᠬᠥᠭᠵᠢᠯᠲᠡ ᠶᠢᠨ ᠱᠠᠭᠠᠷᠳᠠᠯᠭ᠎ᠠ ᠶᠢ ᠬᠠᠩᠭᠠᠵᠤ ᠳᠡᠶᠢᠯᠬᠦ ᠦᠭᠡᠢ ᠪᠠᠶᠢᠬᠤ ᠨᠢ ᠢᠯᠡᠷᠬᠡᠢ ᠪᠠᠶᠢᠨ᠎ᠠ᠃ ᠡᠨᠡ ᠨᠢ ᠮᠥᠨ ᠴᠦ ᠲᠥᠰᠥᠯ ᠤᠨ ᠡᠬᠡ ᠨᠣᠣᠷᠠᠭ ᠲᠤ ᠲᠣᠭᠲᠠᠭᠠᠭᠰᠠᠨ ᠪᠦᠯᠦᠭ ᠤᠨ ᠨᠡᠷ᠎ᠡ ᠶᠢ ︽ᠪᠡᠶ᠎ᠡ ᠶᠢᠨ ᠲᠠᠮᠢᠷ ᠤᠨ ᠵᠣᠬᠢᠶᠠᠨ ᠪᠠᠶᠢᠭᠤᠯᠤᠯᠲᠠ︾ ᠭᠡᠵᠦ ᠲᠣᠭᠲᠠᠭᠠᠭᠰᠠᠨ ᠤ ᠭᠤᠣᠯ ᠰᠢᠯᠲᠠᠭᠠᠨ ᠪᠣᠯᠣᠨ᠎ᠠ᠃     ︽ᠪᠡᠶ᠎ᠡ ᠶᠢᠨ ᠲᠠᠮᠢᠷ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ︾ ᠶᠢ ︽ᠪᠡᠶ᠎ᠡ ᠶᠢᠨ ᠲᠠᠮᠢᠷ ᠤᠨ ᠵᠣᠬᠢᠶᠠᠨ ᠪᠠᠶᠢᠭᠤᠯᠤᠯᠲᠠ︾ ᠲᠠᠢ ᠬᠠᠷᠢᠴᠠᠭᠤᠯᠪᠠᠯ᠂ ᠡᠮᠦᠨᠡᠬᠢ ᠵᠣᠬᠢᠶᠠᠨ ᠪᠠᠶᠢᠭᠤᠯᠤᠯᠲᠠ ᠶᠢᠨ ᠬᠠᠮᠤᠷᠬᠤ ᠬᠡᠪᠴᠢᠶ᠎ᠡ ᠶᠢ ᠭᠤᠣᠯᠳᠠᠭᠤ ︽ᠬᠠᠤᠯᠢ ᠶᠢᠨ ᠡᠷᠬᠡᠲᠡᠨ︾ ᠤ ᠵᠣᠬᠢᠶᠠᠨ ᠪᠠᠶᠢᠭᠤᠯᠤᠯᠲᠠ ᠪᠠᠷ ᠬᠢᠵᠠᠭᠠᠷᠯᠠᠵᠤ᠂ ︽ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠳᠤᠮᠳᠠᠬᠢ ᠵᠣᠬᠢᠶᠠᠨ ᠪᠠᠶᠢᠭᠤᠯᠤᠯᠲᠠ︾ ᠵᠢᠴᠢ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠳᠣᠲᠣᠭᠠᠳᠤ ᠶᠢᠨ ᠰᠠᠶᠢᠨ ᠳᠤᠷ᠎ᠠ ᠠᠴᠠ ᠪᠠᠨ ᠵᠣᠬᠢᠶᠠᠨ ᠪᠠᠶᠢᠭᠤᠯᠵᠤ ᠪᠠᠶᠢᠭᠤᠯᠤᠭᠰᠠᠨ ᠪᠡᠶ᠎ᠡ ᠶᠢᠨ ᠲᠠᠮᠢᠷ ᠤᠨ ᠵᠣᠬᠢᠶᠠᠨ ᠪᠠᠶᠢᠭᠤᠯᠤᠯᠲᠠ ᠶᠢ ᠪᠠᠭᠲᠠᠭᠠᠬᠤ ᠦᠭᠡᠢ᠂ ᠨᠠᠩ ᠴᠤ ᠨᠡᠶᠢᠭᠡᠮ ᠳᠡᠭᠡᠷᠡᠬᠢ ᠬᠠᠤᠯᠢ ᠶᠣᠰᠣᠭᠠᠷ ᠳᠠᠩᠰᠠᠯᠠᠭᠤᠯᠤᠭᠰᠠᠨ ᠦᠭᠡᠢ ᠪᠡᠶ᠎ᠡ ᠶᠢᠨ ᠲᠠᠮᠢᠷ ᠤᠨ ᠵᠣᠬᠢᠶᠠᠨ ᠪᠠᠶᠢᠭᠤᠯᠤᠯᠲᠠ ᠶᠢ ᠪᠠᠭᠲᠠᠭᠠᠬᠤ ᠦᠭᠡᠢ᠃ ᠮᠠᠨ ᠤ ᠤᠯᠤᠰ ᠤᠨ ᠪᠡᠶ᠎ᠡ ᠶᠢᠨ ᠲᠠᠮᠢᠷ ᠤᠨ ᠬᠠᠮᠢᠶᠠᠷᠤᠯᠲᠠ ᠶᠢᠨ ᠪᠠᠶᠢᠭᠤᠯᠤᠯ ᠪᠠ ᠠᠵᠢᠯᠯᠠᠭᠠᠨ ᠤ ᠲᠣᠭᠲᠠᠴᠠ ᠶᠢᠨ ᠥᠭᠡᠷᠡᠴᠢᠯᠡᠯᠲᠡ ᠶᠢᠨ ᠲᠠᠰᠤᠷᠠᠯᠳᠠ ᠦᠭᠡᠢ ᠭᠦᠨᠵᠡᠭᠡᠶᠢᠷᠡᠬᠦ ᠶᠢ ᠳᠠᠭᠠᠯᠳᠤᠨ᠂ ᠪᠢᠳᠡ ᠨᠡᠩ ᠶᠡᠭᠡ ᠬᠡᠪᠴᠢᠶᠡᠨ ᠤ ᠪᠡᠶ᠎ᠡ ᠶᠢᠨ ᠲᠠᠮᠢᠷ ᠤᠨ ᠨᠡᠶᠢᠭᠡᠮ ᠳᠤ ᠳᠦᠷᠢᠮ ᠲᠣᠭᠲᠠᠭᠠᠯ ᠶᠠᠪᠤᠭᠤᠯᠬᠤ ᠴᠢᠬᠤᠯᠠᠲᠠᠢ ᠪᠠᠶᠢᠨ᠎ᠠ᠃ ᠭᠡᠬᠦ ᠳᠡᠭᠡᠨ      ︽ᠪᠡᠶ᠎ᠡ ᠶᠢᠨ ᠲᠠᠮᠢᠷ ᠤᠨ ᠵᠣᠬᠢᠶᠠᠨ ᠪᠠᠶᠢᠭᠤᠯᠤᠯᠲᠠ︾ ᠶᠢᠨ ᠬᠠᠮᠤᠷᠬᠤ ᠬᠡᠪᠴᠢᠶ᠎ᠡ ᠨᠢ ︽ᠪᠡᠶ᠎ᠡ ᠶᠢᠨ ᠲᠠᠮᠢᠷ ᠤᠨ ᠨᠡᠶᠢᠭᠡᠮ ᠤᠨ ᠪᠦᠯᠬᠦᠮ︾ ᠪᠠ ︽ᠪᠡᠶ᠎ᠡ ᠶᠢᠨ ᠲᠠᠮᠢᠷ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ︾ ᠠᠴᠠ ᠢᠯᠡᠳᠲᠡ ᠶᠡᠭᠡ ᠪᠠᠶᠢᠵᠤ᠂ ᠢᠷᠡᠭᠡᠳᠦᠢ ᠶᠢᠨ ᠮᠠᠨ ᠤ ᠤᠯᠤᠰ ᠤᠨ ᠪᠡᠶ᠎ᠡ ᠶᠢᠨ ᠲᠠᠮᠢᠷ ᠤᠨ ᠦᠢᠯᠡᠰ ᠤᠨ ᠬᠥᠭᠵᠢᠯᠲᠡ ᠪᠠᠷ ᠪᠤᠳᠤᠪᠠᠯ᠂ ︽ᠪᠡᠶ᠎ᠡ ᠶᠢᠨ ᠲᠠᠮᠢᠷ ᠤᠨ ᠵᠣᠬᠢᠶᠠᠨ ᠪᠠᠶᠢᠭᠤᠯᠤᠯᠲᠠ︾ ᠨᠢ ᠤᠯᠤᠰ ᠤᠨ ᠲᠥᠷᠥ ᠶᠢᠨ ᠪᠣᠳᠣᠯᠭ᠎ᠠ ᠶᠢᠨ ᠤᠳᠤᠷᠢᠳᠤᠮᠵᠢ ᠪᠠ ᠨᠡᠶᠢᠭᠡᠮ ᠤᠨ ᠬᠥᠭᠵᠢᠯᠲᠡ ᠶᠢᠨ ᠱᠠᠭᠠᠷᠳᠠᠯᠭ᠎ᠠ ᠳᠤ ᠨᠠᠩ ᠢᠯᠡᠭᠦᠦ ᠨᠡᠶᠢᠴᠡᠨ᠎ᠡ᠃     ᠬᠤᠯᠪᠣᠭᠳᠠᠯ ᠪᠦᠬᠦᠢ ᠶᠠᠷᠢᠯᠴᠠᠬᠤ ᠬᠤᠷᠠᠯ ᠪᠠᠶᠢᠴᠠᠭᠠᠨ ᠰᠤᠳᠤᠯᠤᠯᠲᠠ ᠵᠢᠴᠢ ᠠᠰᠠᠭᠤᠯᠲᠠ ᠶᠢᠨ ᠬᠠᠭᠤᠳᠠᠰᠤ ᠶᠢᠨ ᠪᠠᠶᠢᠴᠠᠭᠠᠯᠲᠠ ᠶᠢᠨ ᠪᠠᠶᠢᠳᠠᠯ ᠠᠴᠠ ᠦᠵᠡᠪᠡᠯ᠂ ︽ᠪᠡᠶ᠎ᠡ ᠶᠢᠨ ᠲᠠᠮᠢᠷ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ︾ ︽ᠪᠡᠶ᠎ᠡ ᠶᠢᠨ ᠲᠠᠮᠢᠷ ᠤᠨ ᠵᠣᠬᠢᠶᠠᠨ ᠪᠠᠶᠢᠭᠤᠯᠤᠯᠲᠠ︾ ᠪᠠᠷ ᠪᠦᠯᠦᠭ ᠪᠤᠯᠭᠠᠬᠤ ᠶᠢ ᠵᠦᠪᠰᠢᠶᠡᠷᠡᠵᠦ ᠪᠠᠶᠢᠭ᠎ᠠ ᠨᠢ 37.66% ᠪᠠ 41.39% ᠶᠢ ᠡᠵᠡᠯᠡᠵᠦ᠂ ᠵᠣᠬᠢᠬᠤ ᠨᠡᠶᠢᠭᠡᠮ ᠤᠨ ᠰᠠᠭᠤᠷᠢ ᠲᠠᠢ ᠶᠤᠮ᠃     ᠰᠢᠨ᠎ᠡ ᠪᠠᠷ ᠵᠠᠰᠠᠪᠤᠷᠢ ᠣᠷᠣᠭᠤᠯᠤᠭᠰᠠᠨ ᠪᠡᠶ᠎ᠡ ᠶᠢᠨ ᠲᠠᠮᠢᠷ ᠤᠨ ᠬᠠᠤᠯᠢ ᠳᠤ ᠨᠢᠭᠡᠨᠲᠡ ︽ᠪᠡᠶ᠎ᠡ ᠶᠢᠨ ᠲᠠᠮᠢᠷ ᠤᠨ ᠨᠡᠶᠢᠭᠡᠮ ᠤᠨ ᠪᠦᠯᠬᠦᠮ︾ ᠭᠡᠬᠦ ᠪᠦᠯᠦᠭ ᠢ ︽ᠪᠡᠶ᠎ᠡ ᠶᠢᠨ ᠲᠠᠮᠢᠷ ᠤᠨ ᠵᠣᠬᠢᠶᠠᠨ ᠪᠠᠶᠢᠭᠤᠯᠤᠯᠲᠠ︾ ᠭᠡᠵᠦ ᠵᠠᠰᠠᠪᠠ᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18004690号