ᠦᠰᠦᠭ ᠪᠢᠴᠢᠭ ᠤᠨ ᠲᠡᠶᠢᠯᠦᠮᠵᠢ᠄ ᠵᠠᠯᠠᠭᠤᠴᠤᠳ ᠪᠠᠭᠠᠴᠤᠳ ᠪᠠ ᠰᠤᠷᠭᠠᠭᠤᠯᠢ ᠶᠢᠨ ᠪᠡᠶ᠎ᠡ ᠶᠢᠨ ᠲᠠᠮᠢᠷ ᠢ ᠥᠷᠨᠢᠭᠦᠯᠬᠦ ᠳᠤ ᠡᠷᠬᠡᠪᠰᠢ ᠬᠠᠤᠯᠢ ᠶᠣᠰᠣᠭᠠᠷ ᠶᠠᠪᠤᠭᠳᠠᠭᠤᠯᠬᠤ ᠬᠡᠷᠡᠭᠲᠡᠢ
ᠨᠡᠶᠢᠲᠡᠯᠡᠭᠰᠡᠨ ᠴᠠᠭ᠄
2022/8/15
     ᠠᠷᠪᠠᠨ ᠭᠤᠷᠪᠠᠳᠤᠭᠠᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠭᠤᠴᠢᠨ ᠲᠠᠪᠤᠳᠤᠭᠠᠷ ᠬᠤᠷᠠᠯᠳᠤᠭᠠᠨ ᠠᠴᠠ ᠬᠢᠨᠠᠨ ᠶᠠᠷᠢᠯᠴᠠᠵᠤ ᠪᠠᠲᠤᠯᠠᠭᠠᠳ ᠵᠠᠰᠠᠪᠤᠷᠢ ᠣᠷᠣᠭᠤᠯᠤᠭᠰᠠᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠪᠡᠶ᠎ᠡ ᠶᠢᠨ ᠲᠠᠮᠢᠷ ᠤᠨ ᠬᠠᠤᠯᠢ︾ ᠶᠢ 2023 ᠣᠨ ᠤ 1 ᠰᠠᠷ᠎ᠠ ᠶᠢᠨ 1 ᠤ ᠡᠳᠦᠷ ᠠᠴᠠ ᠬᠡᠷᠡᠭᠵᠢᠭᠦᠯᠬᠦ ᠪᠤᠯᠤᠨ᠎ᠡ᠃ ᠰᠢᠨ᠎ᠡ ᠪᠠᠷ ᠵᠠᠰᠠᠪᠤᠷᠢ ᠣᠷᠣᠭᠤᠯᠤᠭᠰᠠᠨ ᠪᠡᠶ᠎ᠡ ᠶᠢᠨ ᠲᠠᠮᠢᠷ ᠤᠨ ᠬᠠᠤᠯᠢ ᠳᠤ ᠤᠤᠯ ᠤᠨ ᠭᠤᠷᠪᠠᠳᠤᠭᠠᠷ ᠪᠦᠯᠦᠭ ᠤᠨ ︽ᠰᠤᠷᠭᠠᠭᠤᠯᠢ ᠶᠢᠨ ᠪᠡᠶ᠎ᠡ ᠶᠢᠨ ᠲᠠᠮᠢᠷ︾ ᠭᠡᠬᠦ ᠪᠦᠯᠦᠭ ᠤᠨ ᠨᠡᠷ᠎ᠡ ᠶᠢ ︽ᠵᠠᠯᠠᠭᠤᠴᠤᠳ ᠪᠠᠭᠠᠴᠤᠳ ᠪᠣᠯᠣᠨ ᠰᠤᠷᠭᠠᠭᠤᠯᠢ ᠶᠢᠨ ᠪᠡᠶ᠎ᠡ ᠶᠢᠨ ᠲᠠᠮᠢᠷ︾ ᠭᠡᠵᠦ ᠵᠠᠰᠠᠵᠤ᠂ ︽ᠤᠯᠤᠰ ᠠᠴᠠ ᠵᠠᠯᠠᠭᠤᠴᠤᠳ ᠪᠠᠭᠠᠴᠤᠳ ᠪᠣᠯᠣᠨ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠠᠵᠢᠯᠯᠠᠭ᠎ᠠ ᠶᠢ ᠠᠬᠢᠭᠤᠯᠬᠤ ᠲᠥᠯᠥᠪᠯᠡᠭᠡ ᠶᠢ ᠬᠡᠷᠡᠭᠵᠢᠭᠦᠯᠵᠦ᠂ ᠵᠠᠯᠠᠭᠤᠴᠤᠳ ᠪᠠᠭᠠᠴᠤᠳ ᠪᠣᠯᠣᠨ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠠᠵᠢᠯ ᠤᠨ ᠳᠦᠷᠢᠮ ᠢ ᠲᠡᠭᠦᠯᠳᠡᠷᠵᠢᠭᠦᠯᠦᠨ᠎ᠡ︾ ᠭᠡᠵᠦ ᠳᠤᠷᠠᠳᠤᠨ ᠭᠠᠷᠭᠠᠵᠤ᠂ ᠵᠠᠯᠠᠭᠤᠴᠤᠳ ᠪᠠᠭᠠᠴᠤᠳ ᠪᠣᠯᠣᠨ ᠰᠤᠷᠭᠠᠭᠤᠯᠢ ᠶᠢᠨ ᠪᠡᠶ᠎ᠡ ᠶᠢᠨ ᠲᠠᠮᠢᠷ ᠢ ᠡᠩ ᠲᠡᠷᠢᠭᠦᠨ ᠳᠤ ᠬᠥᠭᠵᠢᠭᠦᠯᠬᠦ ᠪᠠᠶᠢᠯᠳᠤᠬᠤ ᠪᠣᠳᠣᠯᠭ᠎ᠠ ᠶᠢᠨ ᠪᠠᠶᠢᠷᠢᠨ ᠳᠤ ᠲᠠᠯᠪᠢᠪᠠ᠃ ᠰᠤᠷᠭᠠᠭᠤᠯᠢ ᠨᠤᠭᠤᠳ ᠡᠷᠬᠡᠪᠰᠢ ᠪᠡᠶ᠎ᠡ ᠶᠢᠨ ᠲᠠᠮᠢᠷ ᠤᠨ ᠬᠢᠴᠢᠶᠡᠯ ᠢ ᠭᠦᠢᠴᠡᠳ ᠨᠡᠭᠡᠭᠡᠵᠦ᠂ ᠰᠤᠷᠤᠭᠴᠢᠳ ᠤᠨ ᠰᠤᠷᠭᠠᠭᠤᠯᠢ ᠳᠤ ᠪᠠᠶᠢᠬᠤ ᠬᠤᠭᠤᠴᠠᠭᠠᠨ ᠳᠤ ᠡᠳᠦᠷ ᠪᠦᠷᠢ ᠨᠢᠭᠡ ᠴᠠᠭ ᠠᠴᠠ ᠳᠤᠲᠠᠭᠤ ᠦᠭᠡᠢ ᠪᠡᠶ᠎ᠡ ᠶᠢᠨ ᠲᠠᠮᠢᠷ ᠤᠨ ᠪᠣᠯᠪᠠᠰᠤᠷᠠᠯ ᠳᠤ ᠣᠷᠤᠯᠴᠠᠬᠤ ᠶᠢ ᠪᠠᠲᠤᠯᠠᠬᠤ ᠬᠡᠷᠡᠭᠲᠡᠢ ᠭᠡᠵᠦ ᠲᠣᠳᠣᠷᠬᠠᠢ ᠱᠠᠭᠠᠷᠳᠠᠭᠰᠠᠨ ᠪᠠᠶᠢᠨ᠎ᠠ᠃ ᠪᠡᠶ᠎ᠡ ᠶᠢᠨ ᠲᠠᠮᠢᠷ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠳ ᠪᠡᠶ᠎ᠡ ᠶᠢᠨ ᠲᠠᠮᠢᠷ ᠤᠨ ᠮᠡᠳᠡᠯᠭᠡ ᠤᠷ᠎ᠠ ᠴᠢᠳᠠᠪᠤᠷᠢ ᠶᠢ ᠤᠯᠠᠮᠵᠢᠯᠠᠬᠤ᠂ ᠪᠡᠶ᠎ᠡ ᠶᠢᠨ ᠲᠠᠮᠢᠷ ᠤᠨ ᠪᠣᠯᠪᠠᠰᠤᠷᠠᠯ ᠢ ᠵᠣᠬᠢᠶᠠᠨ ᠪᠠᠶᠢᠭᠤᠯᠬᠤ᠂ ᠪᠡᠶ᠎ᠡ ᠶᠢᠨ ᠲᠠᠮᠢᠷ ᠤᠨ ᠤᠷᠤᠯᠳᠤᠭᠠᠨ ᠤ ᠠᠵᠢᠯᠯᠠᠭ᠎ᠠ ᠶᠢ ᠡᠷᠬᠢᠯᠡᠬᠦ᠂ ᠪᠡᠶ᠎ᠡ ᠶᠢᠨ ᠲᠠᠮᠢᠷ ᠤᠨ ᠲᠠᠯᠠᠪᠤᠷ ᠲᠥᠬᠦᠭᠡᠷᠦᠮᠵᠢ ᠶᠢ ᠬᠠᠮᠢᠶᠠᠷᠬᠤ ᠵᠡᠷᠭᠡ ᠲᠠᠯ᠎ᠠ ᠪᠠᠷ ᠰᠤᠷᠭᠠᠭᠤᠯᠢ ᠳᠤ ᠵᠢᠯᠣᠭᠤᠳᠤᠯᠭ᠎ᠠ ᠪᠠ ᠬᠠᠪᠰᠤᠷᠤᠯᠭ᠎ᠠ ᠬᠠᠩᠭᠠᠵᠤ᠂ ᠵᠠᠯᠠᠭᠤᠴᠤᠳ ᠪᠠᠭᠠᠴᠤᠳ ᠢ ᠵᠣᠬᠢᠶᠠᠨ ᠪᠠᠶᠢᠭᠤᠯᠤᠨ ᠬᠥᠲᠥᠯᠥᠨ ᠵᠢᠯᠤᠭᠤᠳᠴᠤ ᠪᠠᠶᠢᠭᠠᠳ ᠪᠡᠶ᠎ᠡ ᠶᠢᠨ ᠲᠠᠮᠢᠷ ᠤᠨ ᠠᠵᠢᠯᠯᠠᠭ᠎ᠠ ᠳᠤ ᠣᠷᠣᠯᠴᠠᠭᠤᠯᠵᠤ᠂ ᠵᠠᠯᠠᠭᠤᠴᠤᠳ ᠪᠠᠭᠠᠴᠤᠳ ᠤᠨ ᠣᠶᠢᠷ᠎ᠠ ᠬᠠᠷᠠᠭ᠎ᠠ᠂ ᠮᠠᠷᠢᠶᠠᠯᠠᠬᠤ ᠵᠡᠷᠭᠡ ᠡᠷᠡᠭᠦᠯ ᠮᠡᠨᠳᠦ ᠶᠢᠨ ᠠᠰᠠᠭᠤᠳᠠᠯ ᠢ ᠤᠷᠢᠳᠴᠢᠯᠠᠨ ᠰᠡᠷᠭᠡᠶᠢᠯᠡᠬᠦ ᠪᠠ ᠬᠢᠵᠠᠭᠠᠷᠯᠠᠬᠤ ᠬᠡᠷᠡᠭᠲᠡᠢ ᠭᠡᠵᠦ ᠲᠣᠳᠣᠷᠬᠠᠶᠢᠯᠠᠪᠠ᠃ ᠤᠷᠤᠯᠳᠤᠭᠠᠨ ᠤ ᠪᠡᠶ᠎ᠡ ᠶᠢᠨ ᠲᠠᠮᠢᠷ ᠤᠨ ᠪᠡᠯᠡᠳᠬᠡᠯ ᠴᠢᠳᠠᠪᠤᠷᠢᠲᠠᠨ ᠤ ᠰᠠᠭᠤᠷᠢ ᠶᠢ ᠪᠠᠲᠤᠳᠬᠠᠬᠤ ᠶᠢᠨ ᠲᠥᠯᠥᠭᠡ᠂ ᠪᠡᠶ᠎ᠡ ᠶᠢᠨ ᠲᠠᠮᠢᠷ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠠᠢ ᠬᠠᠮᠵᠢᠯᠴᠠᠨ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠪᠠᠭ ᠪᠠ ᠲᠡᠭᠡᠳᠦ ᠬᠢᠷᠢ ᠲᠦᠪᠰᠢᠨ ᠤ ᠲᠠᠮᠢᠷ ᠤᠨ ᠪᠠᠭ ᠢ ᠪᠠᠶᠢᠭᠤᠯᠬᠤ ᠶᠢ ᠠᠬᠢᠭᠤᠯᠬᠤ ᠬᠡᠷᠡᠭᠳᠡᠢ ᠭᠡᠵᠦ ᠱᠠᠭᠠᠷᠳᠠᠪᠠ᠃ ᠰᠢᠨ᠎ᠡ ᠪᠠᠷ ᠵᠠᠰᠠᠪᠤᠷᠢ ᠣᠷᠣᠭᠤᠯᠤᠭᠰᠠᠨ ᠪᠡᠶ᠎ᠡ ᠶᠢᠨ ᠲᠠᠮᠢᠷ ᠤᠨ ᠬᠠᠤᠯᠢ ᠳᠤ ᠮᠠᠨ ᠤ ᠤᠯᠤᠰ ᠤᠨ ᠵᠠᠯᠠᠭᠤᠴᠤᠳ ᠪᠠᠭᠠᠴᠤᠳ ᠪᠠ ᠰᠤᠷᠭᠠᠭᠤᠯᠢ ᠶᠢᠨ ᠪᠡᠶ᠎ᠡ ᠶᠢᠨ ᠲᠠᠮᠢᠷ ᠲᠤ ᠴᠢᠬᠤᠯᠠ ᠶᠡᠭᠡ ᠵᠠᠰᠠᠪᠤᠷᠢ ᠣᠷᠣᠭᠤᠯᠵᠤ᠂ ᠮᠠᠨ ᠤ ᠤᠯᠤᠰ ᠤᠨ ᠵᠠᠯᠠᠭᠤᠴᠤᠳ ᠪᠠᠭᠠᠴᠤᠳ ᠪᠠ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠬᠠᠤᠯᠢ ᠶᠣᠰᠣᠭᠠᠷ ᠲᠦᠷᠭᠡᠨ ᠬᠥᠭᠵᠢᠬᠦ ᠳᠤ ᠲᠦᠷᠦ ᠶᠢᠨ ᠪᠣᠳᠣᠯᠭ᠎ᠠ ᠪᠠ ᠳᠦᠷᠢᠮ ᠤᠨ ᠰᠠᠭᠤᠷᠢ ᠶᠢ ᠲᠠᠯᠪᠢᠭᠰᠠᠨ ᠪᠠᠶᠢᠨ᠎ᠠ᠃ ᠪᠠᠭᠠᠴᠤᠳ ᠬᠦᠴᠦᠷᠬᠡᠭ ᠪᠣᠯ ᠳᠤᠮᠳᠠᠳᠤ ᠤᠯᠤᠰ ᠬᠦᠴᠦᠷᠬᠡᠭ᠃ ᠰᠢᠨ᠎ᠡ ᠪᠠᠷ ᠵᠠᠰᠠᠪᠤᠷᠢ ᠣᠷᠣᠭᠤᠯᠤᠭᠰᠠᠨ ᠪᠡᠶ᠎ᠡ ᠶᠢᠨ ᠲᠠᠮᠢᠷ ᠤᠨ ᠬᠠᠤᠯᠢ ᠨᠢ ᠵᠠᠯᠠᠭᠤᠴᠤᠳ ᠪᠠᠭᠠᠴᠤᠳ ᠪᠣᠯᠣᠨ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠲᠠᠯ᠎ᠠ ᠪᠠᠷ ᠣᠨᠴᠠᠭᠠᠶ ᠠᠩᠬᠠᠷᠤᠯ ᠲᠠᠯᠪᠢᠭᠰᠠᠨ ᠪᠠᠶᠢᠨ᠎ᠠ᠃ ᠵᠠᠯᠠᠭᠤᠴᠤᠳ ᠪᠠᠭᠠᠴᠤᠳ ᠪᠣᠯᠣᠨ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠬᠠᠤᠯᠢ ᠲᠣᠭᠲᠠᠭᠠᠯᠲᠠ ᠶᠢ ᠲᠡᠭᠦᠯᠳᠡᠷᠵᠢᠭᠦᠯᠵᠦ᠂ ᠤᠨᠤᠯ ᠠᠴᠠ ᠦᠢᠯᠡᠳᠦᠯᠭᠡ ᠳᠤ ᠬᠦᠷᠲᠡᠯ᠎ᠡ ᠬᠠᠤᠯᠢ ᠴᠠᠭᠠᠵᠠ ᠶᠢᠨ ᠪᠠᠲᠤᠯᠠᠭ᠎ᠠ ᠣᠯᠭᠤᠬᠤ ᠨᠢ ᠵᠠᠯᠠᠭᠤᠴᠤᠳ ᠪᠠᠭᠠᠴᠤᠳ ᠪᠣᠯᠣᠨ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠬᠠᠤᠯᠢ ᠶᠣᠰᠣᠭᠠᠷ ᠵᠠᠰᠠᠭ ᠶᠠᠪᠤᠭᠤᠯᠬᠤ᠂ ᠬᠠᠤᠯᠢ ᠪᠠᠷ ᠵᠠᠰᠠᠬᠤ ᠴᠣᠭᠴᠠ ᠶᠢᠨ ᠰᠢᠨ᠎ᠡ ᠴᠠᠭ ᠦᠶ᠎ᠡ ᠳᠤ ᠣᠷᠣᠭᠰᠠᠨ ᠢ ᠬᠠᠷᠠᠭᠤᠯᠵᠤ ᠪᠠᠶᠢᠨ᠎ᠠ᠃     1957 ᠣᠨ ᠤ 2 ᠰᠠᠷ᠎ᠠ ᠳᠤ ᠮᠠᠤ ᠽᠧ ᠳ᠋ᠦᠩ ︽ᠠᠷᠠᠳ ᠤᠨ ᠳᠣᠲᠣᠭᠠᠳᠤ ᠶᠢᠨ ᠵᠥᠷᠢᠴᠡᠯ ᠢ ᠵᠥᠪ ᠢᠶᠠᠷ ᠰᠢᠢᠳᠪᠦᠷᠢᠯᠡᠬᠦ ᠠᠰᠠᠭᠤᠳᠠᠯ ᠤᠨ ᠲᠤᠬᠠᠢ︾ ᠭᠡᠬᠦ ᠵᠣᠬᠢᠶᠠᠯ ᠳᠠᠭᠠᠨ᠄ ︽ᠮᠠᠨ ᠤ ᠰᠤᠷᠭᠠᠨ ᠬᠥᠮᠦᠵᠢᠯ ᠤᠨ ᠴᠢᠭᠯᠡᠯᠲᠡ ᠪᠣᠯ ᠰᠤᠷᠭᠠᠨ ᠬᠥᠮᠦᠵᠢᠯ ᠬᠦᠷᠳᠡᠭᠴᠢᠦᠠ ᠢ ᠶᠣᠰᠣ ᠰᠤᠷᠲᠠᠬᠤᠨ ᠤ ᠬᠥᠮᠦᠵᠢᠯ᠂ ᠤᠶᠦᠠ ᠤᠬᠠᠭᠠᠨ ᠤ ᠬᠥᠮᠦᠵᠢᠯ᠂ ᠪᠡᠶ᠎ᠡ ᠲᠠᠮᠢᠷ ᠵᠡᠷᠭᠡ ᠬᠡᠳᠦᠨ ᠲᠠᠯ᠎ᠠ ᠪᠠᠷ ᠬᠥᠭᠵᠢᠭᠦᠯᠵᠦ᠂ ᠨᠡᠶᠢᠭᠡᠮ ᠵᠢᠷᠤᠮ ᠤᠨ ᠤᠬᠠᠮᠰᠠᠷ ᠲᠠᠢ ᠰᠣᠶᠣᠯ ᠪᠣᠯᠪᠠᠰᠤᠷᠠᠯ ᠲᠠᠢ ᠬᠥᠳᠡᠯᠮᠦᠷᠢᠴᠢᠨ ᠪᠣᠯᠭᠠᠬᠤ ᠶᠠᠪᠤᠳᠠᠯ ᠪᠣᠯᠣᠨ᠎ᠠ︾ ᠭᠡᠵᠦ ᠳᠤᠷᠠᠳᠤᠨ ᠭᠠᠷᠭᠠᠵᠠᠢ᠃ ᠶᠣᠰᠣ ᠰᠤᠷᠲᠠᠬᠤᠨ ᠤᠶᠤᠨ ᠤᠬᠠᠭᠠᠨ ᠪᠡᠶ᠎ᠡ ᠮᠠᠬᠠᠪᠤᠳ ᠪᠦᠬᠦ ᠲᠠᠯ᠎ᠠ ᠪᠠᠷ ᠬᠥᠭᠵᠢᠬᠦ ᠶᠢ ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠪᠣᠯᠭᠠᠵᠤ᠂ ᠰᠤᠷᠭᠠᠨ ᠬᠥᠮᠦᠵᠢᠯ ᠤᠨ ᠪᠦᠬᠦ ᠶᠠᠪᠤᠴᠠ ᠳᠤ  ᠲᠤᠤᠱᠯᠠᠭᠤᠯᠬᠤ ᠬᠡᠷᠡᠭᠳᠡᠢ᠂ ᠪᠡᠶ᠎ᠡ ᠶᠢᠨ ᠲᠠᠮᠢᠷ ᠪᠣᠯ ᠮᠠᠨ ᠤ ᠤᠯᠤᠰ ᠤᠨ ᠰᠤᠷᠭᠠᠨ ᠬᠥᠮᠦᠵᠢᠯ ᠤᠨ ᠴᠢᠭᠯᠡᠯᠲᠡ ᠶᠢᠨ ᠴᠢᠬᠤᠯᠠ ᠪᠦᠷᠢᠯᠳᠦᠭᠦᠨ ᠬᠡᠰᠡᠭ ᠮᠥᠨ᠃ ᠡᠶᠢᠮᠦ ᠠᠴᠠ ᠵᠠᠯᠠᠭᠤᠴᠤᠳ ᠪᠠᠭᠠᠴᠤᠳ ᠪᠣᠯᠣᠨ ᠰᠤᠷᠭᠠᠭᠤᠯᠢ ᠶᠢᠨ ᠪᠡᠶ᠎ᠡ ᠶᠢᠨ ᠲᠠᠮᠢᠷ ᠪᠣᠯ ᠮᠠᠨ ᠤ ᠤᠯᠤᠰ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠶᠡᠷᠦᠩᠬᠡᠢ ᠴᠢᠭᠯᠡᠯᠲᠡ ᠪᠣᠯᠣᠨ ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠲᠤᠤᠱᠯᠠᠭᠤᠯᠬᠤ ᠶᠢᠨ ᠬᠠᠮᠲᠤ ᠶᠢᠨ ᠱᠠᠭᠠᠷᠳᠠᠯᠭ᠎ᠠ ᠮᠥᠨ᠃ ᠪᠡᠶ᠎ᠡ ᠶᠢᠨ ᠲᠠᠮᠢᠷ ᠪᠠ ᠰᠤᠷᠭᠠᠨ ᠬᠥᠮᠦᠵᠢᠯ ᠢ ᠠᠭᠤᠰᠤᠯᠴᠠᠭᠤᠯᠵᠤ᠂  ᠪᠡᠶ᠎ᠡ ᠶᠢᠨ ᠲᠠᠮᠢᠷ ᠢᠶᠠᠷ ᠬᠦᠮᠦᠨ ᠬᠦᠮᠦᠵᠢᠭᠦᠯᠦᠨ᠎ᠡ᠃ ᠮᠠᠨ ᠤ ᠤᠯᠤᠰ ᠤᠨ ᠪᠡᠶ᠎ᠡ ᠶᠢᠨ ᠲᠠᠮᠢᠷ ᠪᠠ ᠰᠤᠷᠭᠠᠨ ᠬᠥᠮᠦᠵᠢᠯ ᠤᠨ ᠴᠢᠭᠯᠡᠯᠲᠡ ᠪᠣᠯ ᠴᠥᠮ ᠪᠡᠶ᠎ᠡ ᠶᠢᠨ ᠲᠠᠮᠢᠷ ᠤᠨ ᠬᠠᠤᠯᠢ ᠶᠢ ᠲᠣᠭᠲᠠᠭᠠᠵᠤ ᠲᠤᠤᠱᠯᠠᠭᠤᠯᠬᠤ ᠶᠢᠨ ᠴᠢᠬᠤᠯᠠ ᠦᠨᠳᠦᠰᠦ ᠪᠠᠷᠢᠮᠲᠠ ᠮᠥᠨ᠃1990 ᠣᠨ ᠤ 2 ᠰᠠᠷ᠎ᠠ ᠶᠢᠨ 20 ᠤ ᠡᠳᠦᠷ ᠲᠥᠷᠥ ᠶᠢᠨ ᠶᠠᠪᠤᠳᠠᠯ ᠤᠨ ᠬᠤᠷᠢᠶ᠎ᠠ ᠠᠴᠠ ︽ᠰᠤᠷᠭᠠᠭᠤᠯᠢ ᠶᠢᠨ ᠪᠡᠶ᠎ᠡ ᠲᠠᠮᠢᠷ ᠤᠨ ᠠᠵᠢᠯ ᠤᠨ ᠳᠦᠷᠢᠮ︾ ᠢ ᠵᠥᠪᠰᠢᠶᠡᠷᠡᠨ ᠨᠡᠶᠢᠲᠡᠯᠡᠵᠦ᠂ ᠰᠤᠷᠭᠠᠭᠤᠯᠢ ᠶᠢᠨ ᠪᠡᠶ᠎ᠡ ᠲᠠᠮᠢᠷ ᠤᠨ ᠦᠨᠳᠦᠰᠦᠨ ᠬᠠᠤᠯᠢ ᠲᠣᠭᠲᠠᠭᠠᠯ ᠪᠣᠯᠭᠠᠵᠠᠢ᠃ ᠰᠤᠷᠭᠠᠭᠤᠯᠢ ᠶᠢᠨ ᠪᠡᠶ᠎ᠡ ᠲᠠᠮᠢᠷ ᠤᠨ ᠠᠵᠢᠯ ᠭᠡᠳᠡᠭ ᠨᠢ ᠰᠤᠷᠭᠠᠭᠤᠯᠢ ᠶᠢᠨ ᠪᠡᠶ᠎ᠡ ᠲᠠᠮᠢᠷ ᠤᠨ ᠬᠢᠴᠢᠶᠡᠯ ᠤᠨ ᠵᠢᠭᠠᠨ ᠰᠤᠷᠭᠠᠯᠲᠠ᠂ ᠬᠢᠴᠢᠶᠡᠯ ᠤᠨ ᠭᠠᠳᠠᠨᠠᠬᠢ ᠪᠡᠶ᠎ᠡ ᠲᠠᠮᠢᠷ ᠤᠨ ᠬᠥᠳᠡᠯᠭᠡᠭᠡᠨ᠂ ᠬᠢᠴᠢᠶᠡᠯ ᠤᠨ ᠭᠠᠳᠠᠨᠠᠬᠢ ᠪᠡᠶ᠎ᠡ ᠲᠠᠮᠢᠷ ᠤᠨ ᠪᠣᠯᠪᠠᠰᠤᠷᠠᠯ ᠪᠠ ᠪᠡᠶ᠎ᠡ ᠲᠠᠮᠢᠷ ᠤᠨ ᠤᠷᠤᠯᠳᠤᠭᠠᠨ ᠢ ᠵᠢᠭᠠᠵᠤ ᠪᠠᠶᠢᠨ᠎ᠠ᠃ ᠰᠢᠨ᠎ᠡ ᠪᠠᠷ ᠵᠠᠰᠠᠪᠤᠷᠢ ᠣᠷᠣᠭᠤᠯᠤᠭᠰᠠᠨ ᠪᠡᠶ᠎ᠡ ᠶᠢᠨ ᠲᠠᠮᠢᠷ ᠤᠨ ᠬᠠᠤᠯᠢ ᠶᠢ ᠲᠣᠭᠲᠠᠭᠠᠵᠤ ᠬᠡᠷᠡᠭᠵᠢᠭᠦᠯᠦᠭᠰᠡᠨ ᠨᠢ ᠨᠠᠮ ᠪᠠ ᠤᠯᠤᠰ ᠠᠴᠠ ᠰᠤᠷᠭᠠᠭᠤᠯᠢ ᠶᠢᠨ ᠪᠡᠶ᠎ᠡ ᠶᠢᠨ ᠲᠠᠮᠢᠷ ᠢ ᠬᠦᠨᠳᠦᠳᠬᠡᠨ ᠦᠵᠡᠵᠦ ᠪᠠᠶᠢᠬᠤ ᠶᠢ ᠬᠠᠷᠠᠭᠤᠯᠵᠤ᠂ ᠤᠯᠤᠰ ᠤᠨ ᠪᠡᠶ᠎ᠡ ᠶᠢᠨ ᠲᠠᠮᠢᠷ ᠪᠠ ᠰᠤᠷᠭᠠᠨ ᠬᠥᠮᠦᠵᠢᠯ ᠤᠨ ᠴᠢᠭᠯᠡᠯᠲᠡ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ ᠪᠠᠶᠢᠬᠤ ᠶᠢ ᠬᠠᠷᠠᠭᠤᠯᠵᠠᠢ᠃ 30 ᠵᠢᠯ ᠤᠨ ᠲᠤᠷᠰᠢ᠂ ᠵᠠᠯᠠᠭᠤᠴᠤᠳ ᠪᠠᠭᠠᠴᠤᠳ ᠪᠣᠯᠣᠨ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠬᠠᠤᠯᠢ ᠴᠠᠭᠠᠵᠠ ᠬᠠᠤᠯᠢ ᠲᠣᠭᠲᠠᠭᠠᠯ ᠢ ᠲᠤᠭᠤᠰᠢᠯᠠᠭᠤᠯᠤᠨ ᠬᠡᠷᠡᠭᠵᠢᠭᠦᠯᠦᠭᠰᠡᠨ ᠨᠢ ᠮᠠᠨ ᠤ ᠤᠯᠤᠰ ᠤᠨ ᠵᠠᠯᠠᠭᠤᠴᠤᠳ ᠪᠠᠭᠠᠴᠤᠳ ᠪᠣᠯᠣᠨ ᠰᠤᠷᠭᠠᠭᠤᠯᠢ ᠶᠢᠨ ᠪᠡᠶ᠎ᠡ ᠶᠢᠨ ᠲᠠᠮᠢᠷ ᠲᠤ ᠲᠡᠭᠷᠢ ᠭᠠᠵᠠᠷ ᠢ ᠳᠣᠩᠰᠣᠯᠭᠠᠮ᠎ᠠ ᠬᠤᠪᠢᠷᠠᠯᠲᠠ ᠶᠢ ᠠᠪᠴᠢᠷᠠᠵᠤ᠂ ᠵᠠᠯᠠᠭᠤ ᠪᠠᠭᠠᠴᠤᠳ ᠰᠤᠷᠤᠭᠴᠢᠳ ᠤᠨ ᠪᠡᠶ᠎ᠡ ᠮᠠᠬᠠᠪᠤᠳ ᠢ ᠴᠢᠭᠢᠷᠠᠭᠵᠢᠭᠤᠯᠬᠤ ᠪᠠ ᠤᠷᠤᠯᠳᠤᠭᠠᠨ ᠤ ᠪᠡᠶ᠎ᠡ ᠶᠢᠨ ᠲᠠᠮᠢᠷ ᠤᠨ ᠪᠡᠯᠡᠳᠬᠡᠯ ᠴᠢᠳᠠᠪᠤᠷᠢᠲᠠᠨ ᠢ ᠲᠠᠰᠤᠷᠠᠯᠲᠠ ᠦᠭᠡᠢ ᠬᠥᠮᠥᠵᠢᠭᠦᠯᠬᠦ ᠳᠤ ᠬᠠᠤᠯᠢ ᠴᠠᠭᠠᠵᠠ ᠶᠢᠨ ᠪᠠᠲᠤᠯᠠᠭ᠎ᠠ ᠪᠣᠯᠣᠨ ᠦᠢᠯᠡᠳᠦᠯᠭᠡ ᠶᠢᠨ ᠠᠷᠭ᠎ᠠ ᠬᠡᠮᠵᠢᠶ᠎ᠡ ᠶᠢ ᠬᠠᠩᠭᠠᠭᠰᠠᠨ ᠪᠠᠶᠢᠨ᠎ᠠ᠃     ᠰᠢᠨ᠎ᠡ ᠴᠠᠭ ᠦᠶ᠎ᠡ ᠳᠤ᠂ ᠵᠠᠯᠠᠭᠤᠴᠤᠳ ᠪᠠᠭᠠᠴᠤᠳ ᠪᠣᠯᠣᠨ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠲᠠᠯ᠎ᠠ ᠪᠠᠷ᠂ ᠡᠷᠡᠭᠦᠯ ᠴᠢᠭᠢᠷᠠᠭ ᠢ ᠲᠡᠷᠢᠭᠦᠨ ᠳᠤ ᠲᠠᠯᠪᠢᠬᠤ ᠰᠤᠷᠭᠠᠨ ᠬᠥᠮᠦᠵᠢᠯ ᠤᠨ ᠣᠶᠢᠯᠠᠭᠠᠭᠳᠠᠬᠤᠨ ᠢ ᠪᠠᠷᠢᠮᠲᠠᠯᠠᠵᠤ᠂ ᠪᠡᠶ᠎ᠡ ᠶᠢᠨ ᠲᠠᠮᠢᠷ ᠤᠨ ᠬᠢᠴᠢᠶᠡᠯ ᠢ ᠪᠦᠷᠢᠨ ᠭᠦᠢᠴᠡᠳ ᠨᠡᠭᠡᠭᠡᠵᠦ᠂ ᠰᠤᠷᠤᠭᠴᠢᠳ ᠢ ᠬᠠᠪᠰᠤᠷᠤᠨ ᠪᠡᠶ᠎ᠡ ᠶᠢᠨ ᠲᠠᠮᠢᠷ ᠤᠨ ᠪᠣᠯᠪᠠᠰᠤᠷᠠᠯ ᠳᠤᠮᠳᠠ ᠬᠠᠪᠤ ᠴᠡᠩᠭᠡᠯ ᠢ ᠡᠳ᠋ᠯᠡᠭᠦᠯᠵᠦ᠂ ᠪᠡᠶ᠎ᠡ ᠮᠠᠬᠠᠪᠤᠳ ᠢ ᠴᠢᠭᠢᠷᠠᠭᠵᠢᠭᠤᠯᠵᠤ᠂ ᠬᠥᠮᠥᠨ ᠴᠢᠨᠠᠷ ᠢ ᠨᠢ ᠲᠡᠭᠦᠯᠳᠡᠷᠵᠢᠭᠦᠯᠵᠦ᠂ ᠡᠷᠴᠢ ᠵᠣᠷᠢᠭ ᠢ ᠨᠢ ᠳᠠᠪᠲᠠᠨ ᠪᠣᠯᠪᠠᠰᠤᠷᠠᠭᠤᠯᠤᠨ᠎ᠠ᠃ ᠵᠠᠯᠠᠭᠤᠴᠤᠳ ᠪᠠᠭᠠᠴᠤᠳ ᠪᠣᠯᠣᠨ ᠰᠤᠷᠭᠠᠭᠤᠯᠢ ᠶᠢᠨ ᠪᠡᠶ᠎ᠡ ᠶᠢᠨ ᠲᠠᠮᠢᠷ ᠪᠣᠯ ᠰᠤᠷᠭᠠᠨ ᠬᠥᠮᠦᠵᠢᠯ ᠤᠨ ᠬᠦᠴᠦᠷᠬᠡᠭ ᠤᠯᠤᠰ᠂ ᠪᠡᠶ᠎ᠡ ᠶᠢᠨ ᠲᠠᠮᠢᠷ ᠤᠨ ᠬᠦᠴᠦᠷᠬᠡᠭ ᠤᠯᠤᠰ ᠤᠨ ᠰᠠᠭᠤᠷᠢ ᠮᠥᠨ᠂ ᠪᠠᠰᠠ ᠴᠤ ᠡᠷᠡᠭᠦᠯ ᠡᠩᠬᠡ ᠳᠤᠮᠳᠠᠳᠤ ᠤᠯᠤᠰ ᠤᠨ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠴᠢᠬᠤᠯᠠ ᠠᠷᠭ᠎ᠠ ᠬᠡᠮᠵᠢᠶ᠎ᠡ ᠮᠥᠨ᠃ ᠰᠢᠨ᠎ᠡ ᠴᠠᠭ ᠦᠶ᠎ᠡ ᠶᠢᠨ ᠵᠠᠯᠠᠭᠤᠴᠤᠳ ᠪᠠᠭᠠᠴᠤᠳ ᠪᠣᠯᠣᠨ ᠰᠤᠷᠭᠠᠭᠤᠯᠢ ᠶᠢᠨ ᠪᠡᠶ᠎ᠡ ᠶᠢᠨ ᠲᠠᠮᠢᠷ ᠢ ᠤᠷᠢᠳᠠᠪᠠᠷ ᠬᠥᠭᠵᠢᠭᠦᠯᠬᠦ ᠪᠠᠶᠢᠯᠳᠤᠬᠤ ᠪᠣᠳᠣᠯᠭ᠎ᠠ ᠶᠢᠨ ᠪᠠᠶᠢᠷᠢᠨ ᠳᠤ ᠲᠠᠯᠪᠢᠨ᠎ᠠ᠃ ᠵᠠᠯᠠᠭᠤᠴᠤᠳ ᠪᠠᠭᠠᠴᠤᠳ ᠪᠠ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠲᠠᠯ᠎ᠠ ᠪᠠᠷ ᠰᠤᠷᠤᠭᠴᠢᠳ ᠤᠨ ᠪᠡᠶ᠎ᠡ ᠮᠠᠬᠠᠪᠤᠳ ᠢ ᠴᠢᠭᠢᠷᠠᠭᠵᠢᠭᠤᠯᠬᠤ ᠪᠠ ᠤᠷᠤᠯᠳᠤᠭᠠᠨ ᠤ ᠪᠡᠶ᠎ᠡ ᠶᠢᠨ ᠲᠠᠮᠢᠷ ᠤᠨ ᠪᠡᠯᠡᠳᠬᠡᠯ ᠴᠢᠳᠠᠪᠤᠷᠢᠲᠠᠨ ᠢ ᠬᠥᠮᠥᠵᠢᠭᠦᠯᠬᠦ ᠡᠨᠡ ᠬᠤᠶᠠᠷ ᠲᠠᠯ᠎ᠠ ᠪᠠᠷ ᠦᠷᠭᠦᠯᠵᠢᠯᠡᠨ ᠶᠡᠭᠡ ᠬᠦᠴᠦ ᠣᠷᠣᠭᠤᠯᠵᠤ᠂ ᠨᠡᠩ ᠶᠡᠭᠡ ᠴᠢᠷᠮᠠᠶᠢᠯᠭ᠎ᠠ ᠭᠠᠷᠭᠠᠬᠤ ᠬᠡᠷᠡᠭᠲᠡᠢ᠃     ᠪᠡᠶ᠎ᠡ ᠶᠢᠨ ᠲᠠᠮᠢᠷ ᠤᠨ ᠬᠢᠴᠢᠶᠡᠯ ᠢ ᠭᠦᠢᠴᠡᠳ ᠨᠡᠭᠡᠭᠡᠨ᠎ᠡ     ᠪᠡᠶ᠎ᠡ ᠶᠢᠨ ᠲᠠᠮᠢᠷ ᠤᠨ ᠬᠢᠴᠢᠶᠡᠯ ᠪᠣᠯ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠭᠤᠣᠯ ᠠᠷᠭ᠎ᠠ ᠵᠡᠮ ᠮᠥᠨ᠂ ᠪᠡᠶ᠎ᠡ ᠶᠢᠨ ᠲᠠᠮᠢᠷ ᠤᠨ ᠦᠨ᠎ᠡ ᠤᠶᠢᠷᠳᠡᠭ ᠤᠨ ᠪᠡᠶᠡᠯᠡᠭᠳᠡᠯ ᠢ ᠪᠡᠶ᠎ᠡ ᠶᠢᠨ ᠲᠠᠮᠢᠷ ᠤᠨ ᠬᠢᠴᠢᠶᠡᠯ ᠢᠶᠠᠷ ᠪᠠᠲᠤᠯᠠᠭᠤᠯᠳᠠᠭ᠃ ᠪᠣᠳᠠᠲᠠᠢ ᠠᠵᠢᠯ ᠤᠨ ᠳᠤᠮᠳᠠ᠂ ᠨᠢᠭᠡ ᠲᠠᠯ᠎ᠠ ᠪᠠᠷ᠂ ᠪᠡᠶ᠎ᠡ ᠶᠢᠨ ᠲᠠᠮᠢᠷ ᠤᠨ ᠬᠢᠴᠢᠶᠡᠯ ᠢ ᠪᠦᠷᠢᠨ ᠭᠦᠢᠴᠡᠳ ᠨᠡᠭᠡᠭᠡᠭᠰᠡᠨ ᠦᠭᠡᠢ ᠠᠰᠠᠭᠤᠳᠠᠯ ᠦᠨᠡᠬᠡᠷ ᠣᠷᠣᠰᠢᠵᠤ ᠪᠠᠶᠢᠨ᠎ᠠ᠃ ᠨᠥᠭᠦᠭᠡ ᠲᠠᠯ᠎ᠠ ᠪᠠᠷ᠂ ᠪᠡᠶ᠎ᠡ ᠶᠢᠨ ᠲᠠᠮᠢᠷ ᠤᠨ ᠬᠢᠴᠢᠶᠡᠯ ᠢ ᠬᠡᠯᠪᠡᠷᠢ ᠶᠢ ᠨᠢ ᠥᠭᠡᠷᠡᠳᠡᠭᠦᠯᠦᠨ᠂ ᠨᠢᠭᠤᠴᠠ ᠪᠠᠷ ᠭᠦᠢᠴᠡᠳ ᠨᠡᠭᠡᠭᠡᠭᠰᠡᠨ ᠦᠭᠡᠢ ᠠᠰᠠᠭᠤᠳᠠᠯ ᠣᠷᠣᠰᠢᠵᠤ᠂ ᠬᠤᠳᠠᠯ ᠬᠠᠭᠤᠷᠮᠠᠭ ᠪᠡᠶ᠎ᠡ ᠶᠢᠨ ᠲᠠᠮᠢᠷ ᠤᠨ ᠬᠢᠴᠢᠶᠡᠯ᠂ ᠬᠡᠯᠪᠡᠷᠢ ᠶᠢᠨ ᠦᠵᠡᠯ ᠤᠨ ᠪᠡᠶ᠎ᠡ ᠶᠢᠨ ᠲᠠᠮᠢᠷ ᠤᠨ ᠬᠢᠴᠢᠶᠡᠯ ᠢ ᠪᠣᠶ ᠪᠣᠯᠭᠠᠭᠰᠠᠨ ᠪᠠᠶᠢᠨ᠎ᠠ᠂ ᠡᠶᠢᠮᠦᠷᠬᠦ ᠦᠵᠡᠭᠳᠡᠯ ᠢ ᠨᠠᠩ ᠴᠢᠬᠤᠯᠠᠴᠢᠯᠠᠨ ᠰᠠᠶᠢᠵᠢᠷᠠᠭᠤᠯᠬᠤ ᠴᠢᠬᠤᠯᠠᠲᠠᠢ ᠶᠤᠮ᠃ ᠪᠡᠶ᠎ᠡ ᠶᠢᠨ ᠲᠠᠮᠢᠷ ᠤᠨ ᠬᠠᠤᠯᠢ ᠶᠢ ᠨᠠᠷᠢᠨ ᠬᠢᠨᠠᠮᠠᠭᠠᠢ ᠰᠤᠷᠤᠯᠴᠠᠨ ᠲᠤᠤᠱᠯᠠᠭᠤᠯᠵᠤ᠂ ᠪᠡᠶ᠎ᠡ ᠶᠢᠨ ᠲᠠᠮᠢᠷ ᠤᠨ ᠬᠢᠴᠢᠶᠡᠯ ᠢ ᠪᠦᠷᠢᠨ ᠭᠦᠢᠴᠡᠳ ᠨᠡᠭᠡᠭᠡᠬᠦ ᠬᠡᠷᠡᠭᠲᠡᠢ᠃ ᠵᠢᠱᠢᠶᠡᠯᠡᠪᠡᠯ ᠪᠡᠶ᠎ᠡ ᠶᠢᠨ ᠲᠠᠮᠢᠷ ᠤᠨ ᠬᠢᠴᠢᠶᠡᠯ ᠢ ᠬᠡᠲᠦᠷᠬᠡᠢ ᠰᠢᠨᠵᠢᠯᠡᠭᠡᠨ ᠤ ᠰᠠᠯᠠᠭ᠎ᠠ ᠶᠢᠨ ᠰᠢᠨᠵᠢᠯᠡᠭᠡ᠂ ᠬᠡᠯᠪᠡᠷᠢ ᠶᠢᠨ ᠲᠡᠳᠦᠢ ᠪᠠᠶᠢᠯᠭᠠᠵᠤ ᠪᠣᠯᠬᠤ ᠦᠭᠡᠢ᠂ ᠪᠡᠶ᠎ᠡ ᠶᠢᠨ ᠲᠠᠮᠢᠷ ᠤᠨ ᠬᠢᠴᠢᠶᠡᠯ ᠤᠨ ᠦᠨᠡᠨ ᠪᠣᠳᠠᠲᠠᠢ ᠦᠷ᠎ᠡ ᠪᠦᠲᠦᠮᠵᠢ ᠶᠢ ᠣᠮᠲᠣᠭᠠᠶᠢᠯᠠᠵᠤ᠂ ᠰᠤᠷᠤᠭᠴᠢᠳ ᠤᠨ ᠪᠡᠶ᠎ᠡ ᠮᠠᠬᠠᠪᠤᠳ ᠤᠨ ᠡᠷᠡᠭᠦᠯ ᠮᠡᠨᠳᠦ ᠶᠢᠨ ᠰᠢᠯᠭᠠᠨ ᠪᠠᠶᠢᠴᠠᠭᠠᠯᠲᠠ ᠪᠠᠷ ᠪᠡᠶ᠎ᠡ ᠶᠢᠨ ᠲᠠᠮᠢᠷ ᠤᠨ ᠬᠢᠴᠢᠶᠡᠯ ᠢ ᠣᠷᠣᠯᠠᠭᠤᠯᠬᠤ ᠬᠡᠷᠡᠭ ᠦᠭᠡᠢ︔  ᠡᠷᠡᠭᠦᠯ ᠮᠡᠨᠳᠦ ᠶᠢᠨ ᠬᠢᠴᠢᠶᠡᠯ ᠢᠶᠠᠷ ᠪᠡᠶ᠎ᠡ ᠶᠢᠨ ᠲᠠᠮᠢᠷ ᠤᠨ ᠬᠢᠴᠢᠶᠡᠯ ᠢ ᠤᠷᠤᠯᠠᠭᠤᠯᠬᠤ ᠬᠡᠷᠡᠭ ᠦᠭᠡᠢ︔ ᠬᠢᠴᠢᠶᠡᠯ ᠲᠡᠭᠡᠷ᠎ᠡ ᠪᠠ ᠬᠢᠴᠢᠶᠡᠯ ᠤᠨ ᠭᠠᠳᠠᠨ᠎ᠠ ᠨᠢᠭᠡᠳᠦᠯᠲᠡᠢ ᠲᠥᠯᠥᠪᠯᠡᠨ ᠨᠡᠶᠢᠲᠡ ᠳᠤᠨᠢ ᠬᠠᠷᠠᠭᠠᠯᠵᠠᠵᠤ᠂ ᠬᠢᠴᠢᠶᠡᠯ ᠤᠨ ᠭᠠᠳᠠᠨᠠᠬᠢ ᠪᠡᠶ᠎ᠡ ᠶᠢᠨ ᠲᠠᠮᠢᠷ ᠤᠨ ᠬᠥᠮᠦᠵᠢᠯ ᠤᠨ ᠠᠭᠤᠯᠭ᠎ᠠ ᠶᠢ ᠬᠢᠴᠢᠶᠡᠯ ᠳᠣᠲᠣᠷ᠎ᠠ ᠣᠷᠣᠭᠤᠯᠵᠤ ᠪᠣᠯᠬᠤ ᠦᠭᠡᠢ︔ ᠰᠤᠷᠭᠠᠭᠤᠯᠢ ᠶᠢᠨ ᠭᠠᠳᠠᠨᠠᠬᠢ ᠪᠡᠶ᠎ᠡ ᠶᠢᠨ ᠲᠠᠮᠢᠷ ᠤᠨ ᠬᠢᠴᠢᠶᠡᠯ ᠲᠥᠷᠥᠯ ᠤᠨ ᠪᠤᠰᠤ ᠪᠣᠯᠪᠠᠰᠤᠷᠠᠭᠤᠯᠤᠯ ᠤᠨ ᠲᠥᠷᠥ ᠶᠢᠨ ᠪᠣᠳᠣᠯᠭ᠎ᠠ ᠶᠢ ᠠᠰᠢᠭᠯᠠᠨ᠂ ᠪᠡᠶ᠎ᠡ ᠶᠢᠨ ᠲᠠᠮᠢᠷ ᠤᠨ ᠬᠢᠴᠢᠶᠡᠯ ᠢ ᠨᠢᠭᠡᠳᠦᠯᠲᠡᠢ ᠲᠣᠭᠲᠠᠭᠠᠵᠤ᠂ ᠪᠡᠶ᠎ᠡ ᠶᠢᠨ ᠲᠠᠮᠢᠷ ᠤᠨ ᠬᠢᠴᠢᠶᠡᠯ ᠤᠨ ᠶᠡᠷᠦᠩᠬᠡᠶᠢᠯᠡᠭᠰᠡᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃     ᠵᠠᠯᠠᠭᠤᠴᠤᠳ ᠪᠠᠭᠠᠴᠤᠳ ᠪᠠ ᠰᠤᠷᠭᠠᠭᠤᠯᠢ ᠶᠢᠨ ᠤᠷᠤᠯᠳᠤᠭᠠᠨ ᠤ ᠪᠡᠶ᠎ᠡ ᠶᠢᠨ ᠲᠠᠮᠢᠷ ᠢ ᠦᠷᠨᠢᠭᠦᠯᠦᠨ᠎ᠡ     ᠤᠷᠤᠯᠳᠤᠭᠠᠨ ᠤ ᠪᠡᠶ᠎ᠡ ᠶᠢᠨ ᠲᠠᠮᠢᠷ ᠨᠢ ᠵᠠᠯᠠᠭᠤ ᠪᠠᠭ᠎ᠠ ᠰᠤᠷᠤᠭᠴᠢᠳ ᠤᠨ ᠪᠡᠶ᠎ᠡ ᠮᠠᠬᠠᠪᠤᠳ ᠢ ᠴᠢᠭᠢᠷᠠᠭᠵᠢᠭᠤᠯᠵᠤ᠂ ᠬᠥᠮᠥᠨ ᠴᠢᠨᠠᠷ ᠢ ᠨᠢ ᠲᠡᠭᠦᠯᠳᠡᠷᠵᠢᠭᠦᠯᠵᠦ᠂ ᠰᠥᠰᠥ ᠵᠣᠷᠢᠭ ᠢ ᠨᠢ ᠳᠠᠪᠲᠠᠨ ᠪᠣᠯᠪᠠᠰᠤᠷᠠᠭᠤᠯᠬᠤ ᠳᠤ ᠲᠤᠰᠠ ᠪᠣᠯᠳᠠᠭ᠃ ᠡᠭᠦᠨ ᠤ ᠬᠠᠮᠲᠤ᠂ ᠤᠷᠤᠯᠳᠤᠭᠠᠨ ᠤ ᠪᠡᠶ᠎ᠡ ᠶᠢᠨ ᠲᠠᠮᠢᠷ ᠨᠢ ᠪᠠᠰᠠ ᠬᠥᠮᠥᠰ ᠤᠨ ᠰᠡᠳᠬᠢᠯ ᠢ ᠨᠢᠭᠲᠠᠷᠠᠭᠤᠯᠵᠤ᠂ ᠪᠦᠯᠬᠦᠮᠳᠡᠨ ᠨᠢᠭᠡᠳᠴᠦ᠂ ᠲᠡᠷᠢᠭᠦᠨ ᠳᠤ ᠣᠷᠣᠬᠤ ᠪᠠᠷ ᠡᠷᠡᠯᠬᠡᠭᠯᠡᠨ ᠲᠡᠮᠡᠴᠡᠬᠦ ᠰᠤᠷᠭᠠᠨ ᠬᠥᠮᠦᠵᠢᠯ ᠤᠨ ᠦᠨ᠎ᠡ ᠥᠷᠲᠡᠭ ᠲᠠᠢ ᠶᠤᠮ᠃ ᠤᠷᠤᠯᠳᠤᠭᠠᠨ ᠤ ᠪᠡᠶ᠎ᠡ ᠶᠢᠨ ᠲᠠᠮᠢᠷ ᠪᠣᠯ ᠤᠷᠤᠯᠳᠤᠭᠠᠨ ᠢᠶᠠᠷ ᠬᠡᠯᠪᠡᠷᠢ ᠪᠣᠯᠭᠠᠭᠰᠠᠨ ᠪᠡᠶ᠎ᠡ ᠶᠢᠨ ᠲᠠᠮᠢᠷ ᠮᠥᠨ᠂ ᠪᠡᠶ᠎ᠡ ᠶᠢᠨ ᠲᠠᠮᠢᠷ ᠤᠨ ᠴᠢᠬᠤᠯᠠ ᠠᠭᠤᠯᠭ᠎ᠠ ᠮᠥᠨ᠂ ᠡᠷᠬᠡᠪᠰᠢ ᠪᠡᠶ᠎ᠡ ᠶᠢᠨ ᠲᠠᠮᠢᠷ ᠤᠨ ᠵᠣᠷᠢᠭ ᠰᠠᠨᠠᠭ᠎ᠠ᠂ ᠪᠡᠶ᠎ᠡ ᠶᠢᠨ ᠲᠠᠮᠢᠷ ᠤᠨ ᠶᠣᠰᠣ ᠮᠣᠷᠠᠯ᠂ ᠪᠡᠶ᠎ᠡ ᠶᠢᠨ ᠲᠠᠮᠢᠷ ᠤᠨ ᠦᠨ᠎ᠡ ᠥᠷᠲᠡᠭ ᠪᠠ ᠪᠡᠶ᠎ᠡ ᠶᠢᠨ ᠲᠠᠮᠢᠷ ᠤᠨ ᠦᠷ᠎ᠡ ᠠᠰᠢᠭ ᠢ ᠵᠢᠷᠤᠮᠯᠠᠬᠤ ᠬᠡᠷᠡᠭᠲᠡᠢ᠃ ᠮᠠᠩᠯᠠᠢ ᠰᠢᠯᠭᠠᠷᠠᠭᠤᠯᠬᠤ ᠦᠵᠡᠯ ᠢ ᠲᠡᠪᠴᠢᠵᠦ᠂ ᠪᠡᠶ᠎ᠡ ᠶᠢᠨ ᠲᠠᠮᠢᠷ ᠤᠨ ᠥᠷᠲᠡᠭ ᠤᠨ ᠬᠥᠭᠡᠭᠡᠴᠡᠯᠳᠦᠯ ᠪᠠ ᠰᠤᠷᠭᠠᠨ ᠬᠥᠮᠦᠵᠢᠯ ᠤᠨ ᠠᠴᠢ ᠬᠤᠯᠪᠣᠭᠳᠠᠯ ᠢ ᠳᠣᠪᠤᠶᠢᠯᠭᠠᠨ᠎ᠠ᠃ ᠨᠢᠭᠡᠳᠦᠯᠲᠡᠢ ᠳᠦᠷᠢᠮ ᠢ ᠲᠣᠭᠲᠠᠭᠠᠬᠤ ᠪᠠ ᠵᠢᠷᠤᠮᠯᠠᠬᠤ ᠪᠣᠯ ᠤᠷᠤᠯᠳᠤᠭᠠᠨ ᠤ ᠪᠡᠶ᠎ᠡ ᠶᠢᠨ ᠲᠠᠮᠢᠷ ᠤᠨ ᠦᠨᠳᠦᠰᠦᠨ ᠱᠠᠭᠠᠷᠳᠠᠯᠭ᠎ᠠ ᠮᠥᠨ᠃ ᠳᠦᠷᠢᠮ ᠨᠢ ᠨᠢᠭᠡᠳᠦᠯ ᠦᠭᠡᠢ᠂ ᠨᠥᠬᠦᠴᠡᠯ ᠨᠢ ᠲᠡᠩᠴᠡᠭᠦᠦ ᠦᠭᠡᠢ ᠪᠣᠯ ᠤᠷᠤᠯᠳᠤᠭᠠᠨ ᠤ ᠪᠡᠶ᠎ᠡ ᠲᠠᠮᠢᠷ ᠢ ᠳᠣᠷᠣᠶᠢᠲᠠᠭᠤᠯᠳᠠᠭ᠃ ᠰᠢᠨ᠎ᠡ ᠪᠠᠷ ᠵᠠᠰᠠᠪᠤᠷᠢ ᠣᠷᠣᠭᠤᠯᠤᠭᠰᠠᠨ ᠪᠡᠶ᠎ᠡ ᠶᠢᠨ ᠲᠠᠮᠢᠷ ᠤᠨ ᠬᠠᠤᠯᠢ ᠶᠢ ᠬᠢᠨᠠᠮᠠᠭᠠᠢ ᠰᠤᠷᠤᠯᠴᠠᠨ ᠲᠤᠤᠱᠯᠠᠭᠤᠯᠵᠤ᠂ ᠵᠠᠯᠠᠭᠤᠴᠤᠳ ᠪᠠᠭᠠᠴᠤᠳ ᠪᠣᠯᠣᠨ ᠰᠤᠷᠭᠠᠭᠤᠯᠢ ᠶᠢᠨ ᠤᠷᠤᠯᠳᠤᠭᠠᠨ ᠤ ᠪᠡᠶ᠎ᠡ ᠶᠢᠨ ᠲᠠᠮᠢᠷ ᠤᠨ ᠡᠷᠡᠭᠦᠯ ᠢᠶᠠᠷ ᠬᠥᠭᠵᠢᠬᠦ ᠶᠢ ᠪᠠᠲᠤᠯᠠᠬᠤ ᠬᠡᠷᠡᠭᠲᠡᠢ᠃ ᠵᠢᠱᠢᠶᠡᠯᠡᠪᠡᠯ ᠲᠤᠰᠬᠠᠢ ᠮᠡᠷᠭᠡᠵᠢᠯ ᠤᠨ ᠠᠩᠭᠢ ᠶᠢᠨ ᠣᠨᠴᠠᠭᠠᠶ ᠬᠠᠩᠭᠠᠯᠭ᠎ᠠ ᠶᠢ ᠬᠠᠤᠯᠢ ᠶᠣᠰᠣᠭᠠᠷ ᠬᠢᠵᠠᠭᠠᠷᠯᠠᠵᠤ᠂ ᠵᠠᠯᠠᠭᠤᠴᠤᠳ ᠪᠠᠭᠠᠴᠤᠳ ᠪᠣᠯᠣᠨ ᠰᠤᠷᠭᠠᠭᠤᠯᠢ ᠶᠢᠨ ᠤᠷᠤᠯᠳᠤᠭᠠᠨ ᠤ ᠪᠡᠶ᠎ᠡ ᠶᠢᠨ ᠲᠠᠮᠢᠷ ᠤᠨ ᠨᠢᠭᠡᠳᠦᠯᠲᠡᠢ ᠳᠦᠷᠢᠮ ᠤᠨ ᠨᠥᠬᠦᠴᠡᠯ ᠳᠣᠣᠷ᠎ᠠ ᠶᠠᠪᠤᠭᠳᠠᠬᠤ ᠶᠢ ᠪᠠᠲᠤᠯᠠᠨ᠎ᠠ︔ ᠲᠠᠮᠢᠷ ᠤᠨ ᠰᠤᠷᠭᠠᠭᠤᠯᠢ ᠡᠷᠬᠡᠪᠰᠢ ᠰᠤᠷᠭᠠᠨ ᠬᠥᠮᠦᠵᠢᠯ ᠤᠨ ᠬᠤᠯᠪᠣᠭᠳᠠᠯ ᠪᠦᠬᠦᠢ ᠬᠠᠤᠯᠢ ᠲᠣᠭᠲᠠᠭᠠᠯ ᠢ ᠵᠢᠷᠤᠮᠯᠠᠨ ᠰᠠᠬᠢᠵᠤ᠂ ᠰᠤᠷᠭᠠᠨ ᠬᠥᠮᠦᠵᠢᠯ ᠤᠨ ᠬᠠᠤᠯᠢ ᠲᠣᠭᠲᠠᠭᠠᠯ ᠪᠠ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠤᠨ ᠬᠠᠮᠢᠶᠠᠷᠤᠯᠲᠠ ᠶᠢᠨ ᠳᠣᠣᠷ᠎ᠠ ᠶᠠᠪᠤᠭᠳᠠᠭᠤᠯᠬᠤ ᠬᠡᠷᠡᠭᠲᠡᠢ︔ ᠵᠠᠯᠠᠭᠤᠴᠤᠳ ᠪᠠᠭᠠᠴᠤᠳ ᠪᠣᠯᠣᠨ ᠰᠤᠷᠭᠠᠭᠤᠯᠢ ᠶᠢᠨ ᠤᠷᠤᠯᠳᠤᠭᠠᠨ ᠤ ᠪᠡᠶ᠎ᠡ  ᠶᠢᠨ  ᠲᠠᠮᠢᠷ  ᠤᠨ  ᠨᠡᠶᠢᠲᠡ  ᠶᠢᠨ  ᠠᠰᠠᠷᠠᠮᠵᠢ  ᠶᠢᠨ  ᠴᠢᠨᠠᠷ  ᠢ ᠬᠠᠤᠯᠢ ᠶᠣᠰᠣᠭᠠᠷ ᠲᠣᠳᠣᠷᠬᠠᠶᠢᠯᠠᠵᠤ᠂ ᠪᠤᠰᠤᠳ ᠬᠡᠯᠪᠡᠷᠢ ᠶᠢᠨ ᠪᠡᠶ᠎ᠡ ᠶᠢᠨ ᠲᠠᠮᠢᠷ  ᠬᠠᠤᠯᠢ ᠵᠦᠷᠢᠴᠡᠨ ᠵᠠᠯᠠᠭᠤᠴᠤᠳ ᠪᠠᠭᠠᠴᠤᠳ ᠪᠣᠯᠣᠨ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠣᠯᠠᠨ ᠨᠡᠶᠢᠲᠡ ᠶᠢᠨ ᠡᠬᠢ ᠪᠠᠶᠠᠯᠢᠭ ᠢ ᠡᠵᠡᠯᠡᠵᠦ ᠪᠤᠯᠬᠤ ᠦᠭᠡᠢ︔ ᠲᠠᠮᠢᠷ ᠤᠨ ᠰᠤᠷᠭᠠᠭᠤᠯᠢ ᠶᠢᠨ ᠰᠤᠷᠤᠭᠴᠢᠳ ᠡᠷᠬᠡᠪᠰᠢ ᠤᠯᠤᠰ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠬᠠᠤᠯᠢ ᠶᠢ ᠵᠢᠷᠤᠮᠯᠠᠨ ᠰᠠᠬᠢᠵᠤ᠂ ᠠᠯᠪᠠᠨ ᠵᠢᠷᠤᠮ ᠤᠨ ᠰᠤᠷᠭᠠᠨ ᠬᠦᠮᠦᠵᠢᠯ ᠢ ᠲᠡᠭᠦᠰᠭᠡᠬᠦ ᠬᠡᠷᠡᠭᠳᠡᠢ︔ ᠵᠠᠯᠠᠭᠤᠴᠤᠳ ᠪᠠᠭᠠᠴᠤᠳ ᠪᠣᠯᠣᠨ ᠰᠤᠷᠭᠠᠭᠤᠯᠢ ᠶᠢᠨ ᠤᠷᠤᠯᠳᠤᠭᠠᠨ ᠤ ᠪᠡᠶ᠎ᠡ ᠶᠢᠨ ᠲᠠᠮᠢᠷ ᠤᠨ ᠱᠠᠩᠨᠠᠨ ᠵᠣᠷᠢᠭᠵᠢᠭᠤᠯᠬᠤ ᠳᠦᠷᠢᠮ ᠢ ᠬᠠᠤᠯᠢ ᠶᠣᠰᠣᠭᠠᠷ ᠪᠠᠶᠢᠭᠤᠯᠵᠤ᠂ ᠤᠷᠤᠯᠳᠤᠭᠠᠨ ᠤ ᠪᠡᠶ᠎ᠡ ᠶᠢᠨ ᠲᠠᠮᠢᠷ ᠤᠨ ᠳᠤᠮᠳᠠ ᠬᠢᠷᠢ ᠪᠦᠲᠦᠮᠵᠢ ᠣᠯᠣᠭᠰᠠᠨ ᠵᠠᠯᠠᠭᠤ ᠪᠠᠭᠠᠴᠤᠳ ᠰᠣᠷᠣᠭᠴᠢ ᠲᠠᠮᠢᠷᠴᠢᠳ ᠢ ᠱᠠᠩᠨᠠᠨ ᠬᠥᠬᠢᠭᠦᠯᠦᠨ᠎ᠡ᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18004690号