ᠦᠰᠦᠭ ᠪᠢᠴᠢᠭ ᠤᠨ ᠲᠡᠶᠢᠯᠦᠮᠵᠢ᠄ ᠪᠡᠶ᠎ᠡ ᠶᠢᠨ ᠲᠠᠮᠢᠷ ᠤᠨ ᠲᠠᠯᠠᠪᠤᠷ ᠤᠨ ᠲᠥᠬᠦᠭᠡᠷᠦᠮᠵᠢ ᠶᠢᠨ ᠬᠥᠭᠵᠢᠯᠲᠡ ᠬᠠᠤᠯᠢ ᠪᠠᠷ ᠵᠠᠰᠠᠬᠤ ᠬᠦᠴᠦᠲᠡᠢ ᠪᠠᠲᠤᠯᠠᠭ᠎ᠠ ᠲᠠᠢ ᠪᠤᠯᠪᠠ
ᠨᠡᠶᠢᠲᠡᠯᠡᠭᠰᠡᠨ ᠴᠠᠭ᠄
2022/8/21
    ᠪᠡᠶ᠎ᠡ ᠶᠢᠨ ᠲᠠᠮᠢᠷ ᠤᠨ ᠲᠠᠯᠠᠪᠠᠶ ᠶᠢᠨ ᠲᠦᠭᠦᠭᠡᠷᠦᠮᠵᠢ ᠪᠣᠯ ᠣᠯᠠᠨ ᠲᠦᠮᠡᠨ ᠤ ᠪᠡᠶ᠎ᠡ ᠶᠢᠨ ᠲᠠᠮᠢᠷ ᠤᠨ ᠠᠵᠢᠯᠯᠠᠭ᠎ᠠ ᠳᠤ ᠣᠷᠤᠯᠴᠠᠬᠤ ᠴᠢᠬᠤᠯᠠ ᠠᠴᠢᠶᠠᠯᠠᠪᠤᠷᠢ ᠪᠠ ᠪᠣᠳᠠᠰ ᠤᠨ ᠰᠠᠭᠤᠷᠢ ᠪᠠᠶᠢᠵᠤ᠂ ᠪᠡᠶ᠎ᠡ ᠶᠢᠨ ᠲᠠᠮᠢᠷ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠪᠠ ᠨᠠᠩ ᠥᠨᠳᠥᠷ ᠬᠢᠷᠢ ᠲᠦᠪᠰᠢᠨ ᠪᠦᠬᠦᠢ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠣᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠬᠤ ᠶᠢᠨ ᠴᠢᠬᠤᠯᠠ ᠠᠭᠤᠯᠭ᠎ᠠ ᠪᠣᠯᠣᠨ᠎ᠠ᠃ ᠪᠡᠶ᠎ᠡ ᠶᠢᠨ ᠲᠠᠮᠢᠷ ᠤᠨ ᠬᠠᠤᠯᠢ ᠳᠤ ᠵᠠᠰᠠᠪᠤᠷᠢ ᠣᠷᠣᠭᠤᠯᠬᠤ ᠶᠠᠪᠤᠴᠠ ᠳᠤ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠣᠯᠠᠨ ᠲᠦᠮᠡᠨ ᠤ ︽ᠪᠡᠶ᠎ᠡ ᠴᠢᠭᠢᠷᠠᠭᠵᠢᠭᠤᠯᠬᠤ ᠪᠠᠷ ᠬᠠᠮᠢᠭ᠎ᠠ ᠣᠴᠢᠬᠤ︾ ᠬᠦᠴᠢᠷ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠲᠡᠭᠡᠳᠦ ᠳᠠᠪᠬᠤᠷᠭ᠎ᠠ ᠶᠢᠨ ᠵᠢᠷᠤᠭ ᠲᠥᠯᠥᠪᠯᠡᠭᠡ ᠶᠢ ᠰᠢᠯᠢᠳᠡᠭᠵᠢᠭᠦᠯᠵᠦ᠂ ᠭᠠᠵᠠᠷ ᠬᠡᠷᠡᠭᠯᠡᠬᠦ᠂ ᠲᠥᠯᠥᠪᠵᠢᠭᠦᠯᠬᠦ᠂ ᠪᠡᠯᠡ ᠣᠷᠣᠭᠤᠯᠬᠤ᠂ ᠪᠦᠲᠦᠭᠡᠨ ᠪᠠᠶᠢᠭᠤᠯᠬᠤ᠂ ᠬᠡᠷᠡᠭᠯᠡᠬᠦ ᠵᠡᠷᠭᠡ ᠣᠯᠠᠨ ᠲᠠᠯ᠎ᠠ ᠠᠴᠠ᠂ ᠪᠥᠬᠦ ᠶᠠᠪᠤᠴᠠ ᠪᠠᠷ ᠪᠡᠶ᠎ᠡ ᠶᠢᠨ ᠲᠠᠮᠢᠷ ᠤᠨ ᠲᠠᠯᠠᠪᠤᠷ ᠤᠨ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠪᠠ ᠬᠡᠷᠡᠭᠯᠡᠯᠲᠡ ᠶᠢ ᠵᠢᠷᠤᠮᠵᠢᠭᠤᠯᠵᠤ᠂ ᠢᠷᠡᠭᠡᠳᠦᠢ ᠶᠢᠨ ᠪᠡᠶ᠎ᠡ ᠶᠢᠨ ᠲᠠᠮᠢᠷ ᠤᠨ ᠲᠠᠯᠠᠪᠤᠷ ᠤᠨ ᠲᠥᠬᠦᠭᠡᠷᠦᠮᠵᠢ ᠶᠢᠨ ᠬᠥᠭᠵᠢᠯᠲᠡ ᠳᠤ ᠴᠢᠩᠭ᠎ᠠ ᠬᠦᠴᠦᠲᠡᠢ ᠬᠠᠤᠯᠢ ᠪᠠᠷ ᠵᠠᠰᠠᠬᠤ ᠪᠠᠲᠤᠯᠠᠭ᠎ᠠ ᠬᠠᠩᠭᠠᠵᠤ᠂ ᠣᠯᠠᠨ ᠲᠦᠮᠡᠨ ᠤ ᠳᠡᠷᠭᠡᠳᠡᠬᠢ ᠪᠡᠶ᠎ᠡ ᠶᠢᠨ ᠲᠠᠮᠢᠷ ᠤᠨ ᠲᠠᠯᠠᠪᠤᠷ ᠤᠨ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ ᠳᠤ ᠠᠰᠢᠭᠲᠠᠢ ᠪᠠᠶᠢᠵᠤ᠂ ᠣᠯᠠᠨ ᠲᠦᠮᠡᠨ ᠤ ︽ᠪᠡᠶ᠎ᠡ ᠴᠢᠭᠢᠷᠠᠭᠵᠢᠭᠤᠯᠬᠤ ᠳᠤ ᠬᠠᠮᠢᠭ᠎ᠠ ᠣᠴᠢᠬᠤ︾ ᠬᠦᠴᠢᠷ ᠠᠰᠠᠭᠤᠳᠠᠯ ᠢ ᠦᠨᠳᠦᠰᠦᠨ ᠠᠴᠠ ᠨᠢ ᠰᠢᠢᠳᠪᠦᠷᠢᠯᠡᠬᠦ ᠪᠣᠯᠣᠮᠵᠢ ᠲᠠᠢ ᠪᠤᠯᠪᠠ᠃     ᠨᠢᠭᠡ᠂ ᠬᠠᠤᠯᠢ ᠪᠠᠷ ᠵᠠᠰᠠᠬᠤ ᠪᠠᠲᠤᠯᠠᠭ᠎ᠠ ᠨᠡᠩ ᠪᠦᠬᠦ ᠲᠠᠯ᠎ᠠ ᠶᠢᠨ ᠪᠤᠯᠪᠠ     ᠰᠢᠨ᠎ᠡ ᠪᠠᠷ ᠵᠠᠰᠠᠪᠤᠷᠢ ᠣᠷᠣᠭᠤᠯᠤᠭᠰᠠᠨ ᠪᠡᠶ᠎ᠡ ᠶᠢᠨ ᠲᠠᠮᠢᠷ ᠤᠨ ᠬᠠᠤᠯᠢ ᠨᠢ ᠣᠯᠠᠨ ᠲᠦᠮᠡᠨ ᠤ ︽ᠪᠡᠶ᠎ᠡ ᠴᠢᠭᠢᠷᠠᠭᠵᠢᠭᠤᠯᠬᠤ ᠳᠤ ᠬᠠᠮᠢᠭ᠎ᠠ ᠣᠴᠢᠬᠤ︾ ᠬᠦᠴᠢᠷ ᠠᠰᠠᠭᠤᠳᠠᠯ ᠢ ᠰᠢᠢᠳᠪᠦᠷᠢᠯᠡᠬᠦ ᠶᠢᠨ ᠲᠣᠭᠤᠷᠢᠨ ᠳᠤ᠂ ᠰᠢᠨ᠎ᠡ ᠪᠠᠷ 10 ᠭᠠᠷᠤᠢ ᠵᠤᠷᠪᠤᠰ ᠬᠠᠮᠢᠶ᠎ᠠ ᠪᠦᠬᠦᠢ ᠵᠦᠢᠯ ᠵᠤᠷᠪᠤᠰ ᠢ ᠨᠡᠮᠡᠵᠦ᠂ ᠪᠡᠶ᠎ᠡ ᠶᠢᠨ ᠲᠠᠮᠢᠷ ᠤᠨ ᠲᠠᠯᠠᠪᠤᠷ ᠤᠨ ᠲᠦᠭᠦᠭᠡᠷᠦᠮᠵᠢ ᠶᠢᠨ ᠬᠡᠷᠡᠭᠯᠡᠬᠦ ᠭᠠᠵᠠᠷ᠂ ᠨᠡᠶᠢᠭᠡᠮ ᠲᠣᠭᠤᠷᠢᠭ ᠤᠨ ᠪᠡᠶ᠎ᠡ ᠶᠢᠨ ᠲᠠᠮᠢᠷ ᠤᠨ ᠲᠠᠯᠠᠪᠤᠷ ᠤᠨ ᠪᠦᠲᠦᠭᠡᠨ ᠪᠠᠶᠢᠭᠤᠯᠤᠯᠲᠠ᠂ ᠨᠡᠶᠢᠭᠡᠮ ᠤᠨ ᠬᠦᠴᠦᠨ ᠤ ᠪᠡᠯᠡ ᠣᠷᠣᠭᠤᠯᠤᠯᠲᠠ᠂ ᠭᠠᠳᠠᠭᠠᠳᠤ ᠨᠡᠭᠡᠭᠡᠯᠲᠡ᠂ ᠠᠵᠢᠯᠯᠠᠭᠠᠨ ᠤ ᠬᠠᠮᠢᠶᠠᠷᠤᠯᠲᠠ ᠵᠡᠷᠭᠡ ᠲᠠᠯ᠎ᠠ ᠳᠤ ᠬᠤᠯᠪᠣᠭᠳᠠᠭᠤᠯᠤᠨ᠂ ᠪᠡᠶ᠎ᠡ ᠶᠢᠨ ᠲᠠᠮᠢᠷ ᠤᠨ ᠲᠠᠯᠠᠪᠤᠷ ᠤᠨ ᠲᠦᠭᠦᠭᠡᠷᠦᠮᠵᠢ ᠶᠢᠨ ᠬᠥᠭᠵᠢᠯᠲᠡ ᠶᠢᠨ ᠶᠠᠪᠤᠴᠠ ᠳᠤ ᠬᠡᠷᠡᠭᠯᠡᠬᠦ ᠭᠠᠵᠠᠷ ᠬᠦᠷᠦᠯᠴᠡᠬᠦ ᠦᠭᠡᠢ᠂ ᠬᠠᠩᠭᠠᠯᠭ᠎ᠠ ᠶᠢᠨ ᠭᠤᠣᠯ ᠴᠣᠭᠴᠠ ᠲᠠᠩ ᠴᠤᠯᠭᠤᠢ᠂ ᠨᠡᠶᠢᠭᠡᠮ ᠲᠣᠭᠤᠷᠢᠭ ᠤᠨ ᠲᠣᠬᠢᠷᠠᠭᠤᠯᠤᠨ ᠪᠠᠶᠢᠭᠤᠯᠬᠤ ᠳᠤ ᠬᠦᠴᠢᠷᠲᠡᠢ᠂ ᠬᠠᠤᠯᠢ ᠶᠢᠨ ᠬᠠᠷᠢᠭᠤᠴᠠᠯᠭ᠎ᠠ ᠲᠤᠲᠠᠭᠳᠠᠵᠤ ᠪᠠᠶᠢᠬᠤ ᠵᠡᠷᠭᠡ ᠠᠰᠠᠭᠤᠳᠠᠯ ᠢ ᠭᠤᠣᠯᠳᠠᠯᠭ᠎ᠠ ᠲᠠᠢ ᠰᠢᠢᠳᠪᠦᠷᠢᠯᠡᠪᠡ᠃ ᠵᠠᠰᠠᠪᠤᠷᠢ ᠣᠷᠣᠭᠤᠯᠤᠭᠰᠠᠨ ᠤ ᠳᠠᠷᠠᠭᠠᠬᠢ ᠪᠡᠶ᠎ᠡ ᠶᠢᠨ ᠲᠠᠮᠢᠷ ᠤᠨ ᠬᠠᠤᠯᠢ ᠳᠤ ︽ᠶᠠᠮᠠᠷᠪᠠ ᠨᠢᠭᠡᠴᠡ ᠪᠠ ᠬᠤᠪᠢ ᠬᠥᠮᠥᠨ ᠣᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠲᠠᠯᠠᠪᠤᠷ ᠲᠥᠬᠦᠭᠡᠷᠦᠮᠵᠢ ᠵᠢᠴᠢ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠡᠵᠡᠯᠡᠨ ᠠᠪᠴᠤ ᠪᠣᠯᠬᠤ ᠦᠭᠡᠢ︾ ᠭᠡᠵᠦ ᠳᠤᠷᠠᠳᠤᠨ ᠭᠠᠷᠭᠠᠭᠰᠠᠨ ᠨᠢ ᠣᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠲᠠᠯᠠᠪᠤᠷ ᠲᠥᠬᠦᠭᠡᠷᠦᠮᠵᠢ ᠳᠤ ᠴᠢᠭᠯᠡᠭᠦᠯᠦᠭᠰᠡᠨ ᠮᠥᠷᠲᠡᠭᠡᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠬᠠᠮᠳᠦ ᠳᠤᠨᠢ ᠬᠠᠮᠠᠭᠠᠯᠠᠯᠲᠠ ᠳᠤ ᠣᠷᠣᠭᠤᠯᠵᠤ᠂ ᠬᠠᠮᠠᠭᠠᠯᠠᠬᠤ ᠬᠡᠪᠴᠢᠶ᠎ᠡ ᠶᠢ ᠥᠷᠭᠡᠳᠬᠡᠭᠰᠡᠨ ᠪᠠᠶᠢᠨ᠎ᠠ᠃ ᠵᠠᠰᠠᠪᠤᠷᠢ ᠣᠷᠣᠭᠤᠯᠤᠭᠰᠠᠨ ᠤ ᠳᠠᠷᠠᠭᠠᠬᠢ ᠪᠡᠶ᠎ᠡ ᠶᠢᠨ ᠲᠠᠮᠢᠷ ᠤᠨ ᠬᠠᠤᠯᠢ ᠳᠤ ᠪᠡᠶ᠎ᠡ ᠶᠢᠨ ᠲᠠᠮᠢᠷ ᠤᠨ ᠲᠠᠯᠠᠪᠤᠷ ᠤᠨ ᠲᠥᠬᠦᠭᠡᠷᠦᠮᠵᠢ ᠶᠢᠨ ᠬᠥᠭᠵᠢᠯᠲᠡ ᠶᠢᠨ ᠭᠠᠵᠠᠷ ᠬᠡᠷᠡᠭᠯᠡᠬᠦ᠂ ᠲᠥᠯᠥᠪᠵᠢᠭᠦᠯᠬᠦ᠂ ᠵᠢᠷᠤᠵᠤ ᠲᠥᠯᠥᠪᠯᠡᠬᠦ᠂ ᠲᠣᠬᠢᠷᠠᠭᠤᠯᠬᠤ᠂ ᠬᠡᠷᠡᠭᠯᠡᠬᠦ᠂ ᠨᠤᠷᠠᠭᠠᠬᠤ ᠵᠡᠷᠭᠡ ᠪᠦᠬᠦ ᠦᠶᠡᠯᠡᠯ ᠤᠨ ᠬᠤᠭᠤᠴᠠᠭ᠎ᠠ ᠶᠢ ᠬᠠᠤᠯᠢ ᠪᠠᠷ ᠵᠠᠰᠠᠬᠤ ᠵᠠᠮ ᠳᠤ ᠣᠷᠣᠭᠤᠯᠵᠤ᠂ ᠪᠡᠶ᠎ᠡ ᠶᠢᠨ ᠲᠠᠮᠢᠷ ᠤᠨ ᠲᠠᠯᠠᠪᠤᠷ ᠤᠨ ᠲᠥᠬᠦᠭᠡᠷᠦᠮᠵᠢ ᠶᠢᠨ ᠬᠥᠭᠵᠢᠯᠲᠡ ᠶᠢᠨ ᠪᠦᠬᠦ ᠶᠠᠪᠤᠴᠠ ᠶᠢ ᠵᠢᠷᠤᠮᠯᠠᠬᠤ ᠬᠠᠤᠯᠢ ᠲᠠᠢ ᠪᠣᠯᠭᠠᠵᠤ᠂ ᠢᠷᠡᠭᠡᠳᠦᠢ ᠶᠢᠨ ᠪᠡᠶ᠎ᠡ ᠶᠢᠨ ᠲᠠᠮᠢᠷ ᠤᠨ ᠲᠠᠯᠠᠪᠤᠷ ᠤᠨ ᠲᠥᠬᠦᠭᠡᠷᠦᠮᠵᠢ ᠶᠢᠨ ᠬᠥᠭᠵᠢᠯᠲᠡ ᠳᠤ ᠪᠦᠬᠦ ᠲᠠᠯ᠎ᠠ ᠶᠢᠨ ᠬᠠᠤᠯᠢ ᠪᠠᠷ ᠵᠠᠰᠠᠬᠤ ᠪᠠᠲᠤᠯᠠᠭ᠎ᠠ  ᠬᠠᠩᠭᠠᠪᠠ᠃      ᠬᠤᠶᠠᠷ᠂ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ  ᠨᠡᠩ ᠲᠡᠭᠦᠯᠳᠡᠷᠵᠢᠪᠡ     ᠰᠢᠨ᠎ᠡ ᠪᠠᠷ ᠵᠠᠰᠠᠪᠤᠷᠢ ᠣᠷᠣᠭᠤᠯᠤᠭᠰᠠᠨ ᠪᠡᠶ᠎ᠡ ᠶᠢᠨ ᠲᠠᠮᠢᠷ ᠤᠨ ᠬᠠᠤᠯᠢ ᠳᠤ ᠡᠯ᠎ᠡ ᠭᠠᠵᠠᠷ ᠤᠨ ᠪᠡᠶ᠎ᠡ ᠶᠢᠨ ᠲᠠᠮᠢᠷ ᠤᠨ ᠲᠠᠯᠠᠪᠠᠢ ᠶᠢᠨ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠠᠮᠵᠢᠯᠲᠠᠲᠠᠢ ᠲᠤᠷᠰᠢᠯᠭ᠎ᠠ ᠪᠠ ᠲᠦᠷᠦ ᠶᠢᠨ ᠪᠣᠳᠣᠯᠭ᠎ᠠ ᠶᠢᠨ ᠰᠢᠨ᠎ᠡ ᠡᠭᠦᠳᠦᠯᠲᠡ ᠶᠢ ᠢᠳᠡᠪᠬᠢᠲᠡᠢ ᠪᠠᠷ ᠰᠢᠩᠭᠡᠬᠡᠨ ᠠᠪᠴᠤ᠂ ᠬᠡᠰᠡᠭ ᠠᠰᠢᠭᠲᠠᠢ ᠲᠤᠷᠰᠢᠯᠭ᠎ᠠ ᠶᠢ ᠬᠠᠤᠯᠢ ᠴᠠᠭᠠᠵᠠ ᠪᠣᠯᠭᠠᠨ ᠳᠡᠭᠡᠭᠰᠢᠯᠡᠭᠦᠯᠪᠡ᠃ ᠵᠢᠱᠢᠶᠡᠯᠡᠪᠡᠯ ᠤᠯᠤᠰ ᠠᠴᠠ ᠬᠠᠭᠤᠴᠢᠨ ᠦᠢᠯᠡᠳᠪᠦᠷᠢ ᠶᠢᠨ ᠭᠡᠷ ᠪᠠᠶᠢᠰᠢᠩ᠂ ᠰᠠᠩ ᠬᠥᠮᠥᠷᠭᠡ᠂ ᠬᠠᠭᠤᠴᠢᠨ ᠬᠤᠳᠠᠯᠳᠤᠭᠠᠨ ᠤ ᠲᠥᠬᠦᠭᠡᠷᠦᠮᠵᠢ ᠵᠡᠷᠭᠡ ᠰᠤᠯᠠ ᠲᠠᠯᠪᠢᠭᠳᠠᠵᠤ ᠪᠠᠶᠢᠭ᠎ᠠ ᠡᠬᠢ ᠪᠠᠶᠠᠯᠢᠭ ᠢ ᠭᠦᠢᠴᠡᠳ ᠪᠥᠭᠡᠳ ᠵᠦᠢ ᠵᠣᠬᠢᠰᠲᠠᠢ ᠠᠰᠢᠭᠯᠠᠨ ᠠᠷᠠᠳ ᠢᠷᠭᠡᠳ ᠤᠨ ᠡᠳᠦᠷ ᠲᠤᠳᠤᠮ ᠤᠨ ᠪᠡᠶ᠎ᠡ ᠴᠢᠭᠢᠷᠠᠭᠵᠢᠭᠤᠯᠬᠤ ᠳᠤ ᠬᠡᠷᠡᠭᠯᠡᠬᠦ ᠪᠡᠶ᠎ᠡ ᠶᠢᠨ ᠲᠠᠮᠢᠷ ᠤᠨ ᠲᠠᠯᠠᠪᠤᠷ ᠤᠨ ᠲᠥᠬᠦᠭᠡᠷᠦᠮᠵᠢ ᠪᠠᠶᠢᠭᠤᠯᠬᠤ ᠶᠢ ᠵᠣᠷᠢᠭᠵᠢᠭᠤᠯᠤᠨ᠎ᠠ᠂ ᠡᠨᠡ ᠨᠢ ᠢᠷᠡᠭᠡᠳᠦᠢ ᠶᠢᠨ ᠡᠯ᠎ᠡ ᠭᠠᠵᠠᠷ ᠣᠷᠣᠨ ᠢᠯᠠᠩᠭᠤᠶ᠎ᠠ ᠨᠡᠶᠢᠭᠡᠮ ᠤᠨ ᠬᠦᠴᠦᠨ ᠤ ᠬᠠᠭᠤᠴᠢᠨ ᠦᠢᠯᠡᠳᠪᠦᠷᠢ ᠶᠢᠨ ᠭᠡᠷ ᠪᠠᠶᠢᠰᠢᠩ ᠵᠡᠷᠭᠡ ᠰᠤᠯᠠ ᠲᠠᠯᠪᠢᠭᠳᠠᠵᠤ ᠪᠠᠶᠢᠭ᠎ᠠ ᠡᠬᠢ ᠪᠠᠶᠠᠯᠢᠭ ᠢ ᠠᠰᠢᠭᠯᠠᠨ ᠪᠡᠶ᠎ᠡ ᠶᠢᠨ ᠲᠠᠮᠢᠷ ᠤᠨ ᠲᠠᠯᠠᠪᠤᠷ ᠤᠨ ᠲᠥᠬᠦᠭᠡᠷᠦᠮᠵᠢ ᠪᠠᠶᠢᠭᠤᠯᠬᠤ ᠳᠤ ᠪᠣᠳᠠᠲᠠᠢ ᠬᠠᠤᠯᠢ ᠴᠠᠭᠠᠵᠠ ᠶᠢᠨ ᠵᠢᠷᠤᠮᠯᠠᠯ ᠬᠠᠩᠭᠠᠭᠰᠠᠨ ᠪᠠᠶᠢᠨ᠎ᠠ᠃ ᠵᠠᠰᠠᠪᠤᠷᠢ ᠣᠷᠣᠭᠤᠯᠤᠭᠰᠠᠨ ᠤ ᠳᠠᠷᠠᠭᠠᠬᠢ ᠪᠡᠶ᠎ᠡ ᠶᠢᠨ ᠲᠠᠮᠢᠷ ᠤᠨ ᠬᠠᠤᠯᠢ ᠳᠤ    ︽ᠤᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠲᠠᠯᠠᠪᠤᠷ ᠤᠨ ᠲᠥᠬᠦᠭᠡᠷᠦᠮᠵᠢ ᠶᠢ ᠲᠥᠯᠥᠪᠵᠢᠭᠦᠯᠦᠨ ᠵᠢᠷᠤᠵᠤ ᠲᠥᠯᠥᠪᠯᠡᠬᠦ ᠪᠠ ᠪᠠᠷᠢᠯᠭ᠎ᠠ ᠳᠠᠭᠤᠰᠤᠭᠰᠠᠨ ᠢ ᠰᠢᠯᠭᠠᠨ ᠠᠪᠬᠤ ᠳᠠᠭᠠᠨ ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠤ ᠪᠡᠶ᠎ᠡ ᠶᠢᠨ ᠲᠠᠮᠢᠷ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠰᠠᠨᠠᠯ ᠢ ᠬᠤᠷᠢᠶᠠᠬᠤ ᠬᠡᠷᠡᠭᠲᠡᠢ᠃ ᠣᠷᠣᠰᠢᠨ ᠰᠠᠭᠤᠬᠤ ᠨᠡᠶᠢᠭᠡᠮ ᠲᠣᠭᠤᠷᠢᠭ ᠢ ᠰᠢᠨ᠎ᠡ ᠪᠠᠷ ᠪᠠᠶᠢᠭᠤᠯᠬᠤ᠂ ᠥᠭᠡᠷᠡᠴᠢᠯᠡᠨ ᠪᠠᠶᠢᠭᠤᠯᠬᠤ᠂ ᠥᠷᠭᠡᠳᠬᠡᠨ ᠪᠠᠶᠢᠭᠤᠯᠬᠤ ᠳᠠᠭᠠᠨ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠰᠠᠭᠤᠭᠠᠯᠢ ᠠᠷᠠᠳ ᠤᠨ ᠡᠳᠦᠷ ᠲᠤᠳᠤᠮ ᠤᠨ ᠪᠡᠶ᠎ᠡ ᠴᠢᠭᠢᠷᠠᠭᠵᠢᠭᠤᠯᠬᠤ ᠳᠤ ᠬᠡᠷᠡᠭᠯᠡᠬᠦ ᠢᠵᠢ ᠪᠦᠷᠢᠳᠦᠭᠰᠡᠨ ᠪᠡᠶ᠎ᠡ ᠶᠢᠨ ᠲᠠᠮᠢᠷ ᠤᠨ ᠲᠠᠯᠠᠪᠤᠷ ᠤᠨ ᠲᠥᠬᠦᠭᠡᠷᠦᠮᠵᠢ ᠶᠢ ᠵᠡᠷᠭᠡ ᠳᠤᠨᠢ ᠲᠥᠯᠥᠪᠵᠢᠭᠦᠯᠵᠦ᠂ ᠵᠢᠷᠤᠵᠤ ᠲᠥᠯᠥᠪᠯᠡᠵᠦ᠂ ᠪᠦᠲᠦᠭᠡᠨ ᠪᠠᠶᠢᠭᠤᠯᠬᠤ ᠬᠡᠷᠡᠭᠲᠡᠢ︾ ᠭᠡᠵᠦ ᠳᠤᠷᠠᠳᠤᠨ ᠭᠠᠷᠭᠠᠪᠠ᠃ ᠡᠲᠡᠭᠡᠷ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠨᠢ ᠪᠦᠷᠢᠨ ᠲᠡᠭᠦᠯᠳᠡᠷ ᠪᠥᠭᠡᠳ ᠪᠣᠳᠠᠲᠠᠢ ᠪᠠᠶᠢᠵᠤ᠂ ᠬᠠᠮᠢᠶ᠎ᠠ ᠪᠦᠬᠦᠢ ᠭᠤᠣᠯ ᠴᠣᠭᠴᠠ ᠶᠢᠨ ᠡᠷᠬᠡ᠂ ᠡᠭᠦᠷᠭᠡ ᠶᠢ ᠲᠣᠳᠣᠷᠬᠠᠶᠢᠯᠠᠭᠰᠠᠨ ᠮᠥᠷᠲᠡᠭᠡᠨ ᠪᠠᠰᠠ ᠵᠠᠰᠠᠭ ᠤᠨ ᠣᠷᠳᠣᠨ ᠤ ᠪᠡᠶ᠎ᠡ ᠶᠢᠨ ᠲᠠᠮᠢᠷ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠬᠠᠷᠢᠭᠤᠴᠠᠯᠭ᠎ᠠ ᠶᠢ ᠴᠢᠩᠭᠠᠷᠠᠭᠤᠯᠤᠭᠰᠠᠨ ᠪᠣᠯᠬᠤᠷ ᠨᠡᠯᠢᠶᠡᠳ ᠴᠢᠩᠭ᠎ᠠ ᠬᠡᠷᠡᠭᠵᠢᠭᠦᠯᠵᠦ ᠪᠣᠯᠬᠤᠶᠢᠴᠠ ᠴᠢᠨᠠᠷ ᠲᠠᠢ ᠶᠤᠮ᠃     ᠭᠤᠷᠪᠠ᠂ ᠬᠠᠤᠯᠢ ᠶᠢᠨ ᠬᠠᠷᠢᠭᠤᠴᠠᠯᠭ᠎ᠠ ᠨᠡᠩ ᠴᠢᠩᠭ᠎ᠠ ᠪᠤᠯᠪᠠ     ᠵᠠᠰᠠᠪᠤᠷᠢ ᠣᠷᠣᠭᠤᠯᠤᠭᠰᠠᠨ ᠤ ᠳᠠᠷᠠᠭᠠᠬᠢ ᠪᠡᠶ᠎ᠡ ᠶᠢᠨ ᠲᠠᠮᠢᠷ ᠤᠨ ᠬᠠᠤᠯᠢ ᠳᠤ ᠣᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠲᠥᠬᠦᠭᠡᠷᠦᠮᠵᠢ ᠶᠢ ᠬᠠᠮᠠᠭᠠᠯᠠᠬᠤ ᠡᠷᠴᠢᠮ ᠢ ᠴᠢᠩᠭᠠᠷᠠᠭᠤᠯᠵᠤ᠂ ᠬᠤᠯᠪᠣᠭᠳᠠᠯ ᠪᠦᠬᠦᠢ ᠬᠠᠤᠯᠢ ᠶᠢᠨ ᠬᠠᠷᠢᠭᠤᠴᠠᠯᠭ᠎ᠠ ᠶᠢ ᠥᠩᠭᠡᠷᠡᠭᠰᠡᠨ ᠤ ᠨᠢᠭᠡ ᠵᠦᠢᠯ ᠠᠴᠠ ᠬᠤᠶᠠᠷ ᠵᠦᠢᠯ ᠪᠣᠯᠭᠠᠨ ᠨᠡᠮᠡᠭᠳᠡᠭᠦᠯᠵᠦ᠂ ᠪᠡᠶ᠎ᠡ ᠶᠢᠨ ᠲᠠᠮᠢᠷ ᠤᠨ ᠬᠠᠤᠯᠢ ᠶᠢ ᠵᠥᠷᠢᠴᠡᠭᠰᠡᠨ ᠬᠤᠯᠪᠣᠭᠳᠠᠯ ᠪᠦᠬᠦᠢ ᠦᠶᠯᠡ ᠠᠵᠢᠯᠯᠠᠭ᠎ᠠ ᠶᠢ ᠲᠣᠳᠣᠷᠬᠠᠶᠢᠯᠠᠵᠤ᠂ ᠣᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠲᠥᠬᠦᠭᠡᠷᠦᠮᠵᠢ ᠶᠢ ᠡᠵᠡᠯᠡᠭᠰᠡᠨ᠂ ᠡᠪᠳᠡᠭᠰᠡᠨ ᠪᠤᠶᠤ ᠵᠥᠪᠰᠢᠶᠡᠷᠡᠭᠦᠯᠦᠭᠰᠡᠨ ᠦᠭᠡᠢ ᠪᠠᠷ ᠲᠦᠷ ᠴᠠᠭ ᠡᠵᠡᠯᠡᠨ ᠬᠡᠷᠡᠭᠯᠡᠭᠰᠡᠨ ᠬᠠᠤᠯᠢ ᠶᠢᠨ ᠬᠠᠷᠢᠭᠤᠴᠠᠯᠭ᠎ᠠ ᠶᠢ ᠲᠣᠭᠲᠠᠭᠠᠭᠰᠠᠨ ᠪᠥᠭᠡᠳ ᠬᠠᠤᠯᠢ ᠶᠢ ᠵᠥᠷᠢᠴᠡᠭᠰᠡᠨ ᠪᠡᠶᠡᠴᠢ ᠴᠣᠭᠴᠠ ᠶᠢ ᠰᠢᠳᠬᠡᠬᠦ ᠡᠷᠴᠢᠮ ᠢ ᠴᠢᠩᠭᠠᠷᠠᠭᠤᠯᠤᠭᠰᠠᠨ ᠪᠠᠶᠢᠨ᠎ᠠ᠃ ᠤᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠲᠠᠯᠠᠪᠤᠷ ᠤᠨ ᠲᠥᠬᠦᠭᠡᠷᠦᠮᠵᠢ ᠶᠢ ᠡᠵᠡᠯᠡᠭᠰᠡᠨ᠂ ᠡᠪᠳᠡᠭᠰᠡᠨ ᠪᠠᠶᠢᠪᠠᠯ᠂ ᠬᠠᠭᠤᠴᠢᠨ ᠬᠠᠤᠯᠢ ᠳᠤ ᠵᠥᠪᠬᠡᠨ ᠬᠠᠤᠯᠢ ᠶᠢ ᠵᠥᠷᠢᠴᠡᠭᠰᠡᠨ ᠪᠡᠶᠡᠴᠢ ᠴᠣᠭᠴᠠ ᠶᠢ ᠵᠠᠷᠯᠢᠭᠳᠠᠵᠤ ᠪᠠᠶᠢᠭᠠᠳ ᠬᠤᠭᠤᠴᠠᠭ᠎ᠠ ᠲᠣᠭᠲᠠᠭᠠᠨ ᠵᠠᠯᠠᠷᠠᠭᠤᠯᠤᠭᠤᠯᠬᠤ ᠶᠢᠨ ᠬᠠᠮᠲᠤ ᠬᠠᠤᠯᠢ ᠶᠣᠰᠣᠭᠠᠷ ᠢᠷᠭᠡᠨ ᠤ ᠬᠡᠷᠡᠭ ᠤᠨ ᠬᠠᠷᠢᠭᠤᠴᠠᠯᠭ᠎ᠠ ᠡᠭᠦᠷᠭᠡᠯᠡᠭᠦᠯᠦᠨ᠎ᠡ᠂ ᠵᠠᠰᠠᠪᠤᠷᠢ ᠣᠷᠣᠭᠤᠯᠤᠭᠰᠠᠨ ᠤ ᠳᠠᠷᠠᠭᠠᠬᠢ ᠪᠡᠶ᠎ᠡ ᠶᠢᠨ ᠲᠠᠮᠢᠷ ᠤᠨ ᠬᠠᠤᠯᠢ ᠳᠤ ᠪᠣᠳᠠᠲᠠᠢ ᠬᠤᠬᠢᠷᠠᠯ ᠤᠨ ᠬᠢᠨᠢ ᠲᠠᠪᠤᠨ ᠲᠠᠬᠢᠨ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠨᠡᠶᠢᠯᠡᠭᠦᠯᠦᠨ ᠰᠢᠳᠭᠡᠵᠦ ᠪᠣᠯᠣᠨ᠎ᠠ᠂ ᠰᠢᠳᠬᠡᠬᠦ ᠡᠷᠴᠢᠮ ᠨᠢ ᠨᠡᠩ ᠶᠡᠭᠡ ᠪᠠᠶᠢᠳᠠᠭ᠃ ᠲᠡᠷᠡ ᠮᠥᠷᠲᠡᠭᠡᠨ ᠵᠥᠪᠰᠢᠶᠡᠷᠡᠯ ᠣᠯᠣᠭᠰᠠᠨ ᠦᠭᠡᠢ ᠪᠠᠷ ᠤᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠲᠠᠯᠠᠪᠤᠷ ᠤᠨ ᠲᠥᠬᠦᠭᠡᠷᠦᠮᠵᠢ ᠶᠢ ᠲᠦᠷ ᠴᠠᠭ ᠡᠵᠡᠯᠡᠨ ᠬᠡᠷᠡᠭᠯᠡᠭᠰᠡᠨ ᠪᠠᠶᠢᠪᠠᠯ᠂ ᠬᠠᠭᠤᠴᠢᠨ ᠬᠠᠤᠯᠢ ᠳᠤ ᠵᠣᠬᠢᠴᠠᠩᠭᠤᠢ ᠬᠠᠤᠯᠢ ᠶᠢᠨ ᠬᠠᠷᠢᠭᠤᠴᠠᠯᠭ᠎ᠠ ᠶᠢ ᠲᠣᠳᠣᠷᠬᠠᠢ ᠲᠣᠭᠲᠠᠭᠠᠭᠰᠠᠨ ᠦᠭᠡᠢ᠂ ᠵᠠᠰᠠᠪᠤᠷᠢ ᠣᠷᠣᠭᠤᠯᠤᠭᠰᠠᠨ ᠤ ᠳᠠᠷᠠᠭᠠᠬᠢ ᠪᠡᠶ᠎ᠡ ᠶᠢᠨ ᠲᠠᠮᠢᠷ ᠤᠨ ᠬᠠᠤᠯᠢ ᠳᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠪᠡᠶ᠎ᠡ ᠶᠢᠨ ᠲᠠᠮᠢᠷ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠵᠠᠷᠯᠢᠭᠳᠠᠵᠤ ᠪᠠᠶᠢᠭᠠᠳ ᠬᠤᠭᠤᠴᠠᠭ᠎ᠠ ᠲᠣᠭᠲᠠᠭᠠᠨ ᠵᠠᠯᠠᠷᠠᠭᠤᠯᠤᠭᠤᠯᠬᠤ ᠬᠡᠷᠡᠭᠲᠡᠢ ᠭᠡᠵᠦ ᠲᠣᠳᠣᠷᠬᠠᠢ ᠳᠤᠷᠠᠳᠤᠨ ᠭᠠᠷᠭᠠᠪᠠ︔ ᠬᠤᠭᠤᠴᠠᠭ᠎ᠠ ᠬᠡᠲᠦᠷᠡᠲᠡᠯ᠎ᠡ ᠵᠠᠯᠠᠷᠠᠭᠤᠯᠤᠭᠰᠠᠨ ᠤᠶᠢᠭᠡᠢ ᠪᠠᠶᠢᠪᠠᠯ᠂ ᠤᠯᠡᠠ ᠨᠡᠶᠢᠲᠡ ᠶᠢᠨ ᠪᠡᠶ᠎ᠡ ᠶᠢᠨ ᠲᠠᠮᠢᠷ ᠤᠨ ᠲᠡᠯᠡᠪᠡᠢ ᠶᠢᠨ ᠲᠥᠬᠦᠭᠡᠷᠦᠮᠵᠢ ᠶᠢᠨ ᠬᠠᠮᠢᠶᠠᠷᠤᠯᠲᠠ ᠶᠢᠨ ᠨᠢᠭᠡᠴᠡ ᠶᠢ ᠠᠷᠪᠠᠨ ᠲᠦᠮᠡᠨ ᠲᠥᠭᠦᠷᠢᠭ ᠠᠴᠠ ᠳᠡᠭᠡᠭᠰᠢ ᠲᠡᠪᠢᠠ ᠲᠦᠮᠡᠨ ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠰᠢᠳᠬᠡᠨ᠎ᠡ︔ ᠬᠠᠤᠯᠢ ᠶᠢ ᠵᠥᠷᠢᠴᠡᠵᠦ ᠣᠯᠵᠠ ᠠᠰᠢᠭ ᠣᠯᠣᠭᠰᠠᠨ ᠪᠠᠶᠢᠪᠠᠯ᠂ ᠬᠠᠤᠯᠢ ᠶᠢ ᠵᠥᠷᠢᠴᠡᠵᠦ ᠣᠯᠣᠭᠰᠠᠨ ᠣᠯᠵᠠ ᠠᠰᠢᠭ ᠢ ᠨᠢ ᠬᠤᠷᠢᠶᠠᠨ ᠠᠪᠤᠨ᠎ᠠ᠃ ᠬᠠᠤᠯᠢ ᠶᠢᠨ ᠴᠢᠩᠭ᠎ᠠ ᠬᠠᠷᠢᠭᠤᠴᠠᠯᠭ᠎ᠠ ᠨᠢ ᠪᠡᠶ᠎ᠡ ᠶᠢᠨ ᠲᠠᠮᠢᠷ ᠤᠨ ᠬᠠᠤᠯᠢ ᠶᠢᠨ ᠵᠢᠷᠤᠮᠵᠢᠭᠤᠯᠬᠤ ᠦᠢᠯᠡᠳᠦᠯ ᠢ ᠨᠡᠩ ᠰᠠᠶᠢᠨ ᠪᠠᠳᠠᠷᠠᠭᠤᠯᠵᠤ᠂ ᠤᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠲᠠᠯᠠᠪᠤᠷ ᠤᠨ ᠲᠥᠬᠦᠭᠡᠷᠦᠮᠵᠢ ᠶᠢ ᠭᠤᠣᠯᠳᠠᠭᠤ ᠪᠡᠶ᠎ᠡ ᠶᠢᠨ ᠲᠠᠮᠢᠷ ᠤᠨ ᠠᠵᠢᠯᠯᠠᠭ᠎ᠠ ᠳᠤ ᠬᠡᠷᠡᠭᠯᠡᠬᠦ ᠶᠢ ᠪᠠᠲᠤᠯᠠᠵᠤ᠂ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠬᠠᠩᠭᠠᠬᠤ ᠪᠣᠯᠣᠨ᠎ᠠ᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18004690号