ᠦᠰᠦᠭ ᠪᠢᠴᠢᠭ ᠤᠨ ᠲᠡᠶᠢᠯᠦᠮᠵᠢ᠄ ᠪᠡᠶ᠎ᠡ ᠶᠢᠨ ᠲᠠᠮᠢᠷ ᠤᠨ ᠬᠦᠷᠢᠶᠡᠨ ᠳᠠᠬᠢ ᠬᠢᠨᠠᠨ ᠬᠠᠮᠢᠶᠠᠷᠬᠤ ᠬᠠᠷᠢᠭᠤᠴᠠᠯᠭ᠎ᠠ ᠪᠠᠨ ᠴᠢᠩᠭᠠᠳᠬᠠᠪᠠ
ᠨᠡᠶᠢᠲᠡᠯᠡᠭᠰᠡᠨ ᠴᠠᠭ᠄
2022/9/2
   ᠪᠡᠶ᠎ᠡ ᠶᠢᠨ ᠲᠠᠮᠢᠷ ᠤᠨ ᠬᠠᠤᠯᠢ ᠳᠤ ᠵᠠᠰᠠᠪᠤᠷᠢ ᠣᠷᠣᠭᠤᠯᠬᠤ ᠳᠤ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠪᠡᠶ᠎ᠡ ᠶᠢᠨ ᠲᠠᠮᠢᠷ ᠤᠨ ᠬᠠᠤᠯᠢ ᠶᠢ ᠬᠡᠷᠡᠭᠵᠢᠭᠦᠯᠦᠭᠰᠡᠨ ᠠᠴᠠ ᠨᠠᠰᠢᠬᠢ ᠪᠡᠶ᠎ᠡ ᠶᠢᠨ ᠲᠠᠮᠢᠷ ᠤᠨ ᠬᠦᠷᠢᠶᠡᠨ ᠤ ᠬᠠᠤᠯᠢᠵᠢᠯ ᠤᠨ ᠠᠮᠵᠢᠯᠲᠠ ᠲᠠᠢ ᠲᠤᠷᠰᠢᠯᠭ᠎ᠠ ᠪᠣᠯᠣᠨ ᠰᠢᠨ᠎ᠡ ᠵᠠᠰᠠᠯᠲᠠ ᠶᠢᠨ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠬᠠᠤᠯᠢ ᠲᠣᠭᠲᠠᠭᠠᠬᠤ ᠲᠠᠯ᠎ᠠ ᠠᠴᠠ ᠬᠠᠤᠯᠢ ᠶᠣᠰᠣᠭᠠᠷ ᠪᠡᠶ᠎ᠡ ᠶᠢᠨ ᠲᠠᠮᠢᠷ ᠢᠶᠠᠨ ᠵᠠᠰᠠᠬᠤ ᠯᠣᠭᠢᠭ ᠪᠣᠯᠣᠨ ᠵᠢᠷᠤᠮᠵᠢᠯ ᠢ ᠲᠣᠳᠣᠷᠬᠠᠶᠢᠯᠠᠵᠤ᠂ ᠬᠠᠤᠯᠢ ᠶᠣᠰᠣᠭᠠᠷ ᠪᠡᠶ᠎ᠡ ᠶᠢᠨ ᠲᠠᠮᠢᠷ ᠢᠶᠠᠨ ᠵᠠᠰᠠᠬᠤ ᠰᠢᠨ᠎ᠡ ᠬᠠᠭᠤᠳᠠᠰᠤ ᠶᠢ ᠨᠡᠭᠡᠭᠡᠪᠡ᠃ ᠰᠢᠨ᠎ᠡ ᠪᠠᠷ ᠵᠠᠰᠠᠪᠤᠷᠢ ᠣᠷᠣᠭᠤᠯᠤᠭᠰᠠᠨ ᠪᠡᠶ᠎ᠡ ᠶᠢᠨ ᠲᠠᠮᠢᠷ ᠤᠨ ᠬᠠᠤᠯᠢ ᠳᠤ ᠠᠷᠪᠠᠳᠤᠭᠠᠷ ᠪᠦᠯᠦᠭ ᠬᠢᠨᠠᠯᠲᠠ ᠬᠠᠮᠢᠶᠠᠷᠤᠯᠲᠠ ᠶᠢ ᠰᠢᠨ᠎ᠡ ᠪᠠᠷ ᠨᠡᠮᠡᠵᠦ᠂ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠢ ᠰᠢᠨᠵᠢᠯᠡᠬᠦ ᠤᠬᠠᠭᠠᠨᠴᠢ᠂ ᠲᠣᠳᠣᠷᠬᠠᠢ᠂ ᠨᠠᠷᠢᠯᠢᠭᠵᠢᠭᠤᠯᠵᠤ᠂ ᠰᠠᠶᠢᠨ ᠬᠠᠤᠯᠢ ᠶᠢᠨ ᠲᠣᠳᠣᠷᠬᠠᠢ ᠴᠢᠨᠠᠷ᠂ ᠪᠣᠯᠣᠮᠵᠢᠲᠤ ᠴᠢᠨᠠᠷ ᠪᠠ ᠪᠣᠳᠠᠲᠤ ᠦᠷ᠎ᠡ ᠪᠦᠲᠦᠮᠵᠢ ᠶᠢᠨ ᠵᠢᠱᠢᠯᠲᠡ ᠶᠢ ᠲᠤᠪᠤᠶᠢᠯᠭᠠᠪᠠ᠃     ᠨᠢᠭᠡ᠂ ᠦᠨᠳᠦᠰᠦᠨ ᠬᠠᠤᠯᠢ ᠪᠠᠷ ᠦᠨᠳᠦᠰᠦ ᠪᠣᠯᠭᠠᠬᠤ ᠶᠢ ᠪᠠᠷᠢᠮᠲᠠᠯᠠᠵᠤ᠂ ᠪᠡᠶ᠎ᠡ ᠶᠢᠨ ᠲᠠᠮᠢᠷ ᠤᠨ ᠵᠠᠰᠠᠯᠲᠠ ᠶᠢᠨ ᠬᠠᠤᠯᠢ ᠴᠠᠭᠠᠵᠠ ᠶᠢᠨ ᠵᠢᠷᠤᠮᠵᠢᠯ ᠤᠨ ᠰᠢᠰᠲ᠋ᠧᠮ ᠢ ᠤᠯᠠᠮ ᠨᠢᠭᠡ ᠠᠯᠬᠤᠮ  ᠲᠡᠭᠦᠯᠳᠡᠷᠵᠢᠭᠦᠯᠪᠡ     ᠬᠠᠤᠯᠢ ᠶᠣᠰᠣᠭᠠᠷ ᠪᠡᠶ᠎ᠡ ᠶᠢᠨ ᠲᠠᠮᠢᠷ ᠢ ᠵᠠᠰᠠᠬᠤ ᠶᠢ ᠪᠠᠷᠢᠮᠲᠠᠯᠠᠬᠤ ᠳᠤ ᠵᠠᠶᠢᠯᠠᠰᠢ ᠦᠭᠡᠢ ᠦᠨᠳᠦᠰᠦᠨ ᠬᠠᠤᠯᠢ ᠶᠣᠰᠣᠭᠠᠷ ᠬᠠᠤᠯᠢ ᠲᠣᠭᠲᠠᠭᠠᠬᠤ᠂ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠪᠠᠷᠢᠮᠲᠠᠯᠠᠬᠤ ᠰᠠᠭᠤᠷᠢᠨ ᠳᠡᠭᠡᠷ᠎ᠡ ᠪᠠᠶᠢᠭᠤᠯᠤᠭᠳᠠᠨ᠎ᠠ᠃ ︽ᠬᠢᠨᠠᠯᠲᠠ ᠬᠠᠮᠢᠶᠠᠷᠤᠯᠲᠠ︾ ᠶᠢᠨ ᠳᠦᠷᠢᠮ ᠢ ᠲᠣᠭᠲᠠᠭᠠᠭᠰᠠᠨ ᠨᠢ ᠪᠡᠶ᠎ᠡ ᠶᠢᠨ ᠲᠠᠮᠢᠷ ᠤᠨ ᠬᠠᠤᠯᠢ ᠶᠢᠨ ᠵᠠᠰᠠᠭ ᠤᠨ ᠣᠷᠳᠣᠨ ᠤ ᠬᠢᠨᠠᠯᠲᠠ ᠬᠠᠮᠢᠶᠠᠷᠤᠯᠲᠠ ᠶᠢᠨ ᠬᠤᠭᠤᠰᠤᠨ ᠢ ᠨᠥᠬᠦᠪᠦᠷᠢᠯᠡᠪᠡ᠃ ᠲᠤᠰᠢᠶᠠᠯ ᠬᠠᠷᠢᠭᠤᠴᠠᠯᠭ᠎ᠠ ᠶᠢᠨ ᠪᠠᠶᠢᠷᠢ ᠲᠣᠭᠲᠠᠭᠠᠯᠲᠠ᠂ ᠠᠵᠢᠯ ᠤᠨ ᠲᠣᠭᠲᠠᠴᠠ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠳᠡᠰ ᠳᠠᠷᠠᠭᠠᠯᠠᠯ ᠪᠠ ᠠᠷᠭ᠎ᠠ ᠬᠡᠯᠪᠡᠷᠢ᠂ ᠬᠠᠤᠯᠢ ᠬᠡᠷᠡᠭᠵᠢᠭᠦᠯᠦᠯᠲᠡ ᠶᠢᠨ ᠪᠠᠲᠤᠯᠠᠭ᠎ᠠ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠳᠤ ᠬᠢᠨᠠᠯᠲᠠ ᠲᠠᠯᠪᠢᠬᠤ ᠵᠡᠷᠭᠡ ᠲᠠᠯ᠎ᠠ  ᠪᠠᠷ᠂ ᠪᠡᠶ᠎ᠡ ᠶᠢᠨ ᠲᠠᠮᠢᠷ ᠤᠨ ᠬᠢᠨᠠᠯᠲᠠ ᠬᠠᠮᠢᠶᠠᠷᠤᠯᠲᠠ ᠶᠢᠨ ᠠᠵᠢᠯ ᠳᠤ ᠪᠠᠶᠢᠷᠢ ᠲᠣᠭᠲᠠᠭᠠᠯᠲᠠ ᠨᠢ ᠣᠨᠣᠪᠴᠢᠲᠠᠶ᠂ ᠯᠣᠭᠢᠭ ᠨᠢ ᠲᠣᠳᠣᠷᠬᠠᠢ᠂ ᠳᠡᠭᠡᠳᠦ ᠬᠡᠮᠵᠢᠶ᠎ᠡ ᠪᠠᠷ ᠠᠪᠰᠠᠷᠬᠠᠨ ᠵᠢᠷᠤᠮᠵᠢᠯ ᠢ ᠬᠡᠷᠡᠭᠵᠢᠭᠦᠯᠵᠦ᠂ ᠠᠶᠤᠯ ᠲᠦᠭᠰᠢᠭᠦᠷᠢ ᠶᠡᠬᠡᠲᠡᠢ ᠪᠡᠶ᠎ᠡ ᠶᠢᠨ ᠲᠠᠮᠢᠷ ᠤᠨ ᠲᠥᠷᠥᠯ ᠵᠦᠢᠯ ᠪᠠ ᠤᠷᠤᠯᠳᠤᠭᠠᠨ᠂ ᠪᠡᠶ᠎ᠡ ᠶᠢᠨ ᠲᠠᠮᠢᠷ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠡᠷᠴᠢᠮ ᠪᠠ ᠳᠦᠷᠢᠮ ᠢ ᠴᠢᠩᠭᠠᠷᠠᠭᠤᠯᠤᠨ᠂ ᠪᠡᠶ᠎ᠡ ᠶᠢᠨ ᠲᠠᠮᠢᠷ ᠤᠨ ᠬᠢᠨᠠᠯᠲᠠ ᠬᠠᠮᠢᠶᠠᠷᠤᠯᠲᠠ ᠶᠢᠨ ᠠᠵᠢᠯ ᠢ ᠲᠣᠳᠣᠷᠬᠠᠢ ᠵᠢᠷᠤᠮᠵᠢᠭᠤᠯᠵᠤ᠂ ᠦᠢᠯᠡᠴᠢᠯᠡᠭᠡ᠂ ᠬᠢᠨᠠᠯᠲᠠ᠂ ᠬᠠᠮᠢᠶᠠᠷᠤᠯᠲᠠ ᠶᠢ ᠬᠠᠷᠢᠯᠴᠠᠨ ᠨᠢᠭᠡᠳᠬᠡᠬᠦ ᠶᠢ ᠬᠠᠤᠯᠢ ᠲᠣᠭᠲᠠᠭᠠᠬᠤ ᠲᠠᠯ᠎ᠠ ᠪᠠᠷ ᠤᠯᠠᠮ ᠨᠢᠭᠡ ᠠᠯᠬᠤᠮ ᠲᠦᠯᠬᠢᠨ ᠠᠬᠢᠭᠤᠯᠪᠠ᠃ ᠡᠵᠡᠩᠨᠡᠯᠲᠡ ᠶᠢᠨ ᠲᠦᠭᠰᠢᠭᠦᠷᠢᠲᠦ ᠴᠢᠨᠠᠷ ᠢᠶᠠᠷ ᠥᠨᠳᠥᠷ ᠪᠡᠶ᠎ᠡ ᠶᠢᠨ ᠲᠠᠮᠢᠷ ᠤᠨ ᠲᠥᠷᠥᠯ ᠵᠦᠢᠯ ᠤᠨ ᠭᠠᠷᠴᠠᠭ ᠤᠨ ᠬᠠᠮᠢᠶᠠᠷᠤᠯᠲᠠ ᠪᠠ ᠵᠥᠪᠰᠢᠶᠡᠷᠡᠯ ᠤᠨ ᠳᠦᠷᠢᠮ ᠢ ᠬᠠᠤᠯᠢ ᠴᠠᠭᠠᠵᠠ ᠶᠢᠨ ᠲᠠᠰ ᠳᠠᠪᠬᠤᠷᠭ᠎ᠠ ᠶᠢᠨ ᠵᠢᠷᠤᠮᠵᠢᠯ ᠳᠤ ᠬᠦᠷᠲᠡᠯ᠎ᠡ ᠳᠡᠭᠡᠭᠰᠢᠯᠡᠭᠦᠯᠵᠦ᠂ ᠬᠠᠤᠯᠢ ᠲᠣᠭᠲᠠᠭᠠᠯᠲᠠ ᠶᠢᠨ ᠪᠠᠶᠢᠷᠢ ᠰᠠᠭᠤᠷᠢ ᠥᠨᠳᠥᠷ ᠪᠢᠰᠢ᠂ ᠬᠠᠤᠯᠢ ᠬᠡᠷᠡᠭᠵᠢᠭᠦᠯᠦᠯᠲᠡ ᠶᠢᠨ ᠡᠷᠴᠢᠮ ᠬᠦᠷᠦᠯᠴᠡᠬᠦ ᠦᠭᠡᠢ ᠪᠠᠶᠢᠬᠤ ᠠᠰᠠᠭᠤᠳᠠᠯ ᠢ ᠰᠢᠢᠳᠪᠦᠷᠢᠯᠡᠨ᠎ᠡ︔ ᠪᠡᠶ᠎ᠡ ᠶᠢᠨ ᠲᠠᠮᠢᠷ ᠤᠨ ᠬᠢᠨᠠᠯᠲᠠ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠬᠢᠭᠡᠳ ᠬᠠᠮᠵᠢᠯᠴᠠᠭ᠎ᠠ᠂ ᠪᠡᠶ᠎ᠡ ᠶᠢᠨ ᠲᠠᠮᠢᠷ ᠤᠨ ᠤᠷᠤᠯᠳᠤᠭᠠᠨ ᠤ ᠪᠡᠶ᠎ᠡ ᠶᠢᠨ ᠲᠠᠮᠢᠷ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠠᠷᠭ᠎ᠠ ᠮᠠᠶ᠋ᠢᠭ᠂ ᠪᠡᠶ᠎ᠡ ᠶᠢᠨ ᠲᠠᠮᠢᠷ ᠤᠨ ᠬᠠᠤᠯᠢ ᠬᠡᠷᠡᠭᠵᠢᠭᠦᠯᠬᠦ ᠲᠣᠭᠲᠠᠴᠠ᠂ ᠪᠡᠶ᠎ᠡ ᠶᠢᠨ ᠲᠠᠮᠢᠷ ᠤᠨ ᠠᠵᠢᠯ ᠳᠤ ᠬᠢᠨᠠᠯᠲᠠ ᠲᠠᠯᠪᠢᠬᠤ ᠵᠡᠷᠭᠡ ᠬᠠᠤᠯᠢ ᠲᠣᠭᠲᠠᠭᠠᠯᠲᠠ ᠶᠢᠨ ᠬᠤᠭᠤᠰᠤᠨ ᠢ ᠨᠥᠬᠦᠪᠦᠷᠢᠯᠡᠭᠰᠡᠨ ᠵᠢᠴᠢ ᠠᠶᠤᠯ ᠲᠦᠭᠰᠢᠭᠦᠷᠢ ᠶᠡᠬᠡᠲᠡᠢ ᠪᠡᠶ᠎ᠡ ᠶᠢᠨ ᠲᠠᠮᠢᠷ ᠤᠨ ᠤᠷᠤᠯᠳᠤᠭᠠᠨ ᠤ ᠬᠢᠨᠠᠨ ᠬᠠᠮᠢᠶᠠᠷᠤᠯᠳᠠ ᠶᠢᠨ ᠬᠤᠭᠤᠰᠤᠨ ᠢ ᠨᠦᠬᠦᠪᠦᠷᠢᠯᠡᠪᠡ᠃     ᠬᠤᠶᠠᠷ᠂ ᠵᠠᠰᠠᠭ ᠤᠨ ᠣᠷᠳᠣᠨ ᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠠᠷᠢᠮᠲᠠᠯᠠᠵᠤ᠂ ᠪᠡᠶ᠎ᠡ ᠶᠢᠨ ᠲᠠᠮᠢᠷ ᠤᠨ ᠬᠠᠤᠯᠢ ᠶᠢᠨ ᠦᠶᠯᠡ ᠠᠵᠢᠯᠯᠠᠭ᠎ᠠ ᠶᠢ ᠵᠠᠰᠠᠭ ᠤᠨ ᠣᠷᠳᠣᠨ ᠬᠢᠨᠠᠨ ᠬᠠᠮᠢᠶᠠᠷᠬᠤ ᠠᠵᠢᠯ ᠤᠨ ᠲᠤᠭᠳᠠᠯᠴᠠᠭ᠎ᠠ ᠶᠢ ᠪᠠᠶᠢᠭᠤᠯᠪᠠ     ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠰᠠᠨᠠᠭᠠᠴᠢᠯᠠᠭ᠎ᠠ ᠠᠴᠠ ᠪᠠᠨ ᠠᠵᠢᠯᠯᠠᠬᠤ ᠪᠠ ᠬᠥᠲᠥᠯᠥᠨ ᠳᠠᠭᠠᠭᠤᠯᠵᠤ ᠵᠢᠱᠢᠶ᠎ᠡ ᠦᠵᠡᠭᠦᠯᠬᠦ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠤᠱᠯᠠᠭᠤᠯᠵᠤ᠂ ᠪᠡᠶ᠎ᠡ ᠶᠢᠨ ᠲᠠᠮᠢᠷ ᠤᠨ ᠬᠠᠤᠯᠢ ᠴᠠᠭᠠᠵᠠ ᠶᠢᠨ ᠲᠠᠰ ᠳᠠᠪᠬᠤᠷᠭ᠎ᠠ ᠳᠤ ᠠᠩᠬ᠎ᠠ ᠤᠳᠠᠭ᠎ᠠ ᠬᠢᠨᠠᠨ ᠬᠠᠮᠢᠶᠠᠷᠬᠤ ᠲᠠᠰ ᠳᠠᠷᠠᠭᠠᠯᠠᠯ᠂ ᠬᠠᠤᠯᠢ ᠬᠡᠷᠡᠭᠵᠢᠭᠦᠯᠬᠦ ᠬᠠᠮᠵᠢᠯᠴᠠᠭ᠎ᠠ᠂ ᠬᠠᠤᠯᠢ ᠬᠡᠷᠡᠭᠵᠢᠭᠦᠯᠬᠦ ᠪᠠᠲᠤᠯᠠᠭ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠢᠨᠠᠯᠲᠠ ᠵᠡᠷᠭᠡ ᠬᠢᠨᠠᠨ ᠬᠠᠮᠢᠶᠠᠷᠬᠤ ᠰᠢᠰᠲ᠋ᠧᠮ ᠤᠨ ᠲᠣᠭᠲᠠᠴᠠ ᠶᠢ ᠵᠢᠷᠤᠮᠵᠢᠭᠤᠯᠵᠤ᠂ ᠣᠨᠴᠠ ᠲᠣᠭᠲᠠᠭᠰᠠᠨ ᠬᠡᠷᠡᠭ ᠶᠠᠪᠤᠳᠠᠯ ᠤᠨ ᠡᠮᠦᠨ᠎ᠡ᠂  ᠬᠡᠷᠡᠭ ᠶᠠᠪᠤᠳᠠᠯ ᠤᠨ ᠳᠤᠮᠳᠠ᠂ ᠬᠡᠷᠡᠭ ᠶᠠᠪᠤᠳᠠᠯ ᠤᠨ ᠳᠠᠷᠠᠭᠠᠬᠢ ᠬᠢᠨᠠᠨ ᠬᠠᠮᠢᠶᠠᠷᠬᠤ ᠲᠣᠭᠲᠠᠴᠠ ᠪᠠ ᠳᠦᠷᠢᠮ ᠢ ᠨᠠᠷᠢᠯᠢᠭᠵᠢᠭᠤᠯᠪᠠ᠃     ᠬᠠᠷᠢᠭᠤᠴᠠᠯᠭ᠎ᠠ ᠶᠢᠨ ᠤᠬᠠᠮᠰᠠᠷ ᠢᠶᠠᠨ ᠳᠡᠭᠡᠭᠰᠢᠯᠡᠭᠦᠯᠵᠦ᠂ ᠭᠤᠣᠯ ᠴᠣᠭᠴᠠ ᠶᠢᠨ ᠪᠠᠶᠢᠷᠢ ᠲᠣᠭᠲᠠᠭᠠᠯᠲᠠ ᠶᠢ  ᠲᠤᠳᠤᠷᠬᠠᠶᠢᠯᠠᠪᠠ᠃ ᠰᠢᠶᠠᠨ ᠤ ᠱᠠᠲᠤᠨ   ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠢᠭᠡᠳᠦᠯᠲᠡᠢ ᠲᠥᠯᠥᠪᠯᠡᠬᠦ᠂ ᠪᠡᠶ᠎ᠡ ᠶᠢᠨ ᠲᠠᠮᠢᠷ ᠤᠨ ᠰᠠᠯᠠᠭ᠎ᠠ ᠮᠥᠴᠢᠷ ᠭᠤᠣᠯᠯᠠᠨ ᠬᠠᠷᠢᠭᠤᠴᠠᠬᠤ᠂ ᠪᠡᠶ᠎ᠡ ᠶᠢᠨ ᠲᠠᠮᠢᠷ ᠤᠨ ᠬᠠᠤᠯᠢ ᠪᠠᠷ ᠲᠣᠬᠢᠷᠠᠭᠤᠯᠬᠤ ᠦᠶᠯᠡ ᠠᠵᠢᠯᠯᠠᠭ᠎ᠠ ᠶᠢᠨ ᠰᠢᠨᠵᠢ ᠴᠢᠨᠠᠷ ᠢ ᠬᠠᠮᠢᠶ᠎ᠠ ᠪᠦᠬᠦᠢ ᠰᠠᠯᠠᠭ᠎ᠠ ᠮᠥᠴᠢᠷ ᠠᠴᠠ ᠠᠵᠢᠯ ᠬᠤᠪᠢᠶᠠᠷᠢᠯᠠᠨ ᠬᠢᠨᠠᠨ ᠬᠠᠮᠢᠶᠠᠷᠬᠤ᠂ ᠬᠠᠮᠲᠤᠷᠠᠨ ᠬᠢᠨᠠᠨ ᠬᠠᠮᠢᠶᠠᠷᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢᠨ ᠰᠢᠰᠲ᠋ᠧᠮ ᠢ ᠲᠣᠭᠲᠠᠭᠠᠪᠠ︔ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠪᠡᠶ᠎ᠡ ᠶᠢᠨ ᠲᠠᠮᠢᠷ ᠤᠨ ᠠᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠪᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠬᠢᠨᠠᠯᠲᠠ ᠲᠠᠯᠪᠢᠵᠤ ᠪᠠᠶᠢᠴᠠᠭᠠᠬᠤ ᠡᠭᠦᠷᠭᠡ ᠬᠠᠷᠢᠭᠤᠴᠠᠯᠭ᠎ᠠ ᠪᠠᠨ ᠢᠳᠡᠪᠬᠢᠲᠡᠢ ᠭᠦᠢᠴᠡᠳᠬᠡᠬᠦ ᠬᠡᠷᠡᠭᠲᠡᠢ ᠭᠡᠵᠦ ᠲᠤᠭᠳᠠᠭᠠᠪᠠ︔ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠳᠣᠲᠣᠭᠠᠳᠤ ᠶᠢ ᠬᠠᠮᠠᠭᠠᠯᠠᠬᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠤᠳ ᠲᠣᠰ ᠲᠣᠰ ᠤᠨ ᠡᠭᠦᠷᠭᠡ ᠬᠠᠷᠢᠭᠤᠴᠠᠯᠭ᠎ᠠ ᠶᠢᠨ ᠢᠶᠠᠨ ᠶᠣᠰᠣᠭᠠᠷ ᠪᠡᠶ᠎ᠡ  ᠶᠢᠨ ᠲᠠᠮᠢᠷ ᠤᠨ ᠤᠷᠤᠯᠳᠤᠭᠠᠨ ᠳᠤ ᠬᠢᠨᠠᠨ ᠬᠠᠮᠢᠶᠠᠷᠤᠯᠳᠠ ᠬᠢᠬᠦ ᠬᠡᠷᠡᠭᠳᠡᠢ ᠭᠡᠵᠦ ᠲᠤᠭᠳᠠᠭᠠᠪᠠ︔ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠪᠡᠶ᠎ᠡ ᠶᠢᠨ ᠲᠠᠮᠢᠷ ᠤᠨ ᠵᠠᠰᠠᠭ ᠵᠠᠬᠢᠷᠭ᠎ᠠ ᠵᠡᠷᠭᠡ ᠰᠠᠯᠠᠭ᠎ᠠ ᠮᠥᠴᠢᠷ ᠤᠳ ᠲᠤᠰ ᠲᠤᠰ ᠤᠨ ᠲᠤᠰᠢᠶᠠᠯ ᠬᠠᠷᠢᠭᠤᠴᠠᠯᠭ᠎ᠠ ᠶᠢᠨ ᠢᠶᠠᠨ ᠶᠣᠰᠣᠭᠠᠷ ᠪᠡᠶ᠎ᠡ ᠶᠢᠨ ᠲᠠᠮᠢᠷ ᠤᠨ ᠵᠠᠬ᠎ᠠ ᠲᠡᠯᠭᠡᠭᠦᠷ ᠲᠤ ᠬᠢᠨᠠᠨ ᠬᠠᠮᠢᠶᠠᠷᠤᠯᠳᠠ ᠬᠢᠬᠦ ᠬᠡᠷᠡᠭᠳᠡᠢ ᠭᠡᠵᠦ ᠲᠤᠭᠳᠠᠭᠠᠪᠠ᠃     ᠳᠦᠷᠢᠮ ᠤᠨ ᠲᠣᠭᠲᠠᠴᠠ ᠶᠢ ᠲᠡᠭᠦᠯᠳᠡᠷᠵᠢᠭᠦᠯᠵᠦ᠂ ᠰᠠᠨᠠᠭᠠᠴᠢᠯᠠᠭ᠎ᠠ ᠠᠴᠠ ᠪᠠᠨ ᠵᠠᠰᠠᠬᠤ ᠴᠢᠳᠠᠪᠤᠷᠢ ᠶᠢ  ᠲᠡᠭᠡᠭᠰᠢᠯᠡᠬᠦᠯᠪᠡ᠃ ᠬᠢᠨᠠᠯᠲᠠ ᠲᠠᠯᠪᠢᠵᠤ ᠪᠠᠶᠢᠴᠠᠭᠠᠬᠤ ᠲᠤᠰᠢᠶᠠᠯ ᠬᠠᠷᠢᠭᠤᠴᠠᠯᠭ᠎ᠠ ᠪᠠᠨ ᠢᠳᠡᠪᠬᠢᠲᠡᠢ ᠭᠦᠢᠴᠡᠳᠬᠡᠬᠦ ᠶᠢ ᠲᠣᠳᠣᠷᠬᠠᠶᠢᠯᠠᠵᠤ᠂ ᠬᠠᠷᠢᠭᠤᠴᠠᠯᠭᠠᠲᠤ ᠰᠠᠯᠠᠭ᠎ᠠ ᠮᠥᠴᠢᠷ ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠰᠠᠨᠠᠭᠠᠴᠢᠯᠠᠭᠠᠲᠤ ᠴᠢᠨᠠᠷ ᠪᠠ ᠪᠠᠶᠢᠩᠭᠤᠵᠢᠭᠤᠯᠬᠤ ᠱᠠᠭᠠᠷᠳᠠᠯᠭ᠎ᠠ ᠶᠢ ᠲᠣᠪᠤᠶᠢᠯᠭᠠᠨ᠂ ᠬᠠᠤᠯᠢ ᠬᠡᠷᠡᠭᠵᠢᠭᠦᠯᠬᠦ ᠶᠢ ᠰᠢᠯᠵᠢᠭᠦᠯᠦᠨ ᠬᠦᠷᠭᠡᠬᠦ ᠪᠠ ᠬᠠᠮᠵᠢᠯᠴᠠᠬᠤ ᠲᠣᠭᠲᠠᠴᠠ ᠶᠢ ᠲᠣᠭᠲᠠᠭᠠᠪᠠ︔ ᠪᠡᠶ᠎ᠡ ᠶᠢᠨ ᠲᠠᠮᠢᠷ ᠤᠨ ᠲᠥᠷᠥᠯ ᠵᠦᠢᠯ ᠤᠨ ᠬᠠᠮᠢᠶᠠᠷᠤᠯᠲᠠ ᠪᠠ ᠰᠢᠨ᠎ᠡ ᠪᠠᠷ ᠪᠠᠶᠢᠭᠤᠯᠤᠭᠰᠠᠨ ᠲᠥᠷᠥᠯ ᠵᠦᠢᠯ ᠢ ᠮᠠᠭᠠᠳᠯᠠᠨ ᠲᠣᠭᠲᠠᠭᠠᠬᠤ ᠬᠠᠮᠢᠶᠠᠷᠤᠯᠲᠠ ᠶᠢᠨ ᠳᠦᠷᠢᠮ ᠢ ᠲᠣᠳᠣᠷᠬᠠᠢ ᠲᠣᠭᠲᠠᠭᠠᠪᠠ᠃    ᠬᠢᠨᠠᠨ ᠬᠠᠮᠢᠶᠠᠷᠴᠤ ᠬᠢᠨᠠᠯᠲᠠ ᠲᠠᠯᠪᠢᠬᠤ ᠶᠢ ᠨᠠᠷᠢᠯᠢᠭᠵᠢᠭᠤᠯᠵᠤ᠂ ᠬᠠᠤᠯᠢ ᠬᠡᠷᠡᠭᠵᠢᠭᠦᠯᠦᠯᠲᠡ ᠶᠢᠨ ᠪᠠᠲᠤᠯᠠᠭ᠎ᠠ ᠶᠢ ᠴᠢᠬᠤᠯᠠᠴᠢᠯᠠᠪᠠ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ ᠪᠡᠶ᠎ᠡ ᠶᠢᠨ ᠲᠠᠮᠢᠷ ᠤᠨ ᠠᠵᠢᠯ ᠳᠤ ᠬᠢᠨᠠᠯᠲᠠ ᠲᠠᠯᠪᠢᠬᠤ ᠲᠣᠭᠲᠠᠴᠠ ᠵᠢᠴᠢ ᠪᠣᠳᠠᠲᠠᠢ ᠠᠷᠭ᠎ᠠ ᠬᠡᠮᠵᠢᠶ᠎ᠡ ᠪᠠ ᠬᠢᠨᠠᠯᠲᠠ ᠲᠠᠯᠪᠢᠬᠤ ᠬᠦᠷᠢᠶ᠎ᠡ ᠬᠡᠪᠴᠢᠶ᠎ᠡ ᠶᠢ ᠠᠩᠬ᠎ᠠ ᠤᠳᠠᠭ᠎ᠠ ᠲᠣᠳᠣᠷᠬᠠᠢ ᠲᠣᠭᠲᠠᠭᠠᠪᠠ︔ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠪᠡᠶ᠎ᠡ ᠶᠢᠨ ᠲᠠᠮᠢᠷ ᠤᠨ ᠬᠠᠤᠯᠢ ᠬᠡᠷᠡᠭᠵᠢᠭᠦᠯᠬᠦ ᠲᠣᠭᠲᠠᠴᠠ ᠶᠢᠨ ᠪᠠᠶᠢᠭᠤᠯᠤᠯᠲᠠ ᠪᠠ ᠪᠠᠳᠤᠯᠠᠭ᠎ᠠ ᠶᠢᠨ ᠱᠠᠭᠠᠷᠳᠠᠯᠭ᠎ᠠ ᠶᠢ ᠲᠤᠳᠤᠷᠬᠠᠶᠢᠯᠠᠪᠠ᠃     ᠭᠤᠷᠪᠠ᠂ ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠵᠤ᠂ ᠠᠶᠤᠯ ᠲᠦᠭᠰᠢᠭᠦᠷᠢ ᠶᠡᠬᠡᠲᠡᠢ ᠪᠡᠶ᠎ᠡ ᠶᠢᠨ ᠲᠠᠮᠢᠷ ᠤᠨ ᠲᠥᠷᠥᠯ ᠵᠦᠢᠯ ᠪᠠ ᠪᠡᠶ᠎ᠡ ᠶᠢᠨ ᠲᠠᠮᠢᠷ ᠤᠨ ᠤᠷᠤᠯᠳᠤᠭᠠᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠪᠠ     ᠣᠶᠢᠷ᠎ᠠ ᠶᠢᠨ ᠵᠢᠯ ᠤᠳ ᠲᠤ᠂ ᠮᠠᠨ ᠤ ᠤᠯᠤᠰ ᠤᠨ ᠪᠡᠶ᠎ᠡ ᠶᠢᠨ ᠲᠠᠮᠢᠷ ᠤᠨ ᠬᠦᠷᠢᠶᠡᠨ ᠳᠠᠬᠢ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢᠨ ᠣᠯᠠᠨ ᠡᠰᠢᠵᠢᠯᠲᠡ᠂ ᠦᠶᠯᠡ ᠠᠵᠢᠯᠯᠠᠭᠠᠨ ᠤ ᠬᠡᠯᠪᠡᠷᠢ ᠶᠢᠨ ᠣᠯᠠᠨ ᠶᠠᠩᠵᠤᠲᠤ ᠴᠢᠨᠠᠷ ᠢ ᠳᠠᠭᠠᠯᠳᠤᠨ᠂ ᠪᠠᠰᠠ ᠬᠡᠰᠡᠭ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢᠨ ᠠᠶᠤᠯᠭᠦᠢ ᠦᠢᠯᠡᠳᠪᠦᠷᠢᠯᠡᠯ ᠤᠨ ᠤᠬᠠᠮᠰᠠᠷ ᠪᠠᠭᠤᠷᠠᠢ᠂ ᠵᠢᠷᠤᠮᠵᠢᠭᠤᠯᠬᠤ ᠤᠬᠠᠮᠰᠠᠷ ᠪᠠ ᠬᠠᠷᠢᠭᠤᠴᠠᠯᠭ᠎ᠠ ᠶᠢᠨ ᠤᠬᠠᠮᠰᠠᠷ ᠳᠤᠲᠠᠮᠠᠭ ᠪᠠᠶᠢᠬᠤ ᠠᠰᠠᠭᠤᠳᠠᠯ ᠢᠯᠡᠷᠡᠵᠦ᠂ ᠬᠡᠰᠡᠭ ᠪᠡᠶ᠎ᠡ ᠶᠢᠨ ᠲᠠᠮᠢᠷ ᠤᠨ ᠵᠦᠢᠯᠡᠰ ᠤᠨ ᠡᠵᠡᠩᠨᠡᠯᠲᠡ ᠪᠠ ᠪᠡᠶ᠎ᠡ ᠶᠢᠨ ᠲᠠᠮᠢᠷ ᠤᠨ ᠤᠷᠤᠯᠳᠤᠭᠠᠨ ᠤ ᠠᠵᠢᠯᠯᠠᠭ᠎ᠠ ᠳᠤ ᠠᠶᠤᠯ ᠲᠦᠭᠰᠢᠭᠦᠷᠢ ᠶᠢᠨ ᠳᠠᠯᠳᠠ ᠬᠡᠮ ᠣᠷᠣᠰᠢᠵᠤ᠂ ᠠᠮᠤᠷ ᠲᠦᠪᠰᠢᠨ ᠤ ᠠᠳᠡᠯ ᠪᠠᠶᠢᠨ ᠳᠠᠬᠢᠨ ᠭᠠᠷᠴᠤ ᠪᠠᠶᠢᠨ᠎ᠠ᠃     ᠰᠢᠨ᠎ᠡ ᠪᠠᠶᠢᠳᠠᠯ ᠰᠢᠨ᠎ᠡ ᠠᠰᠠᠭᠤᠳᠠᠯ ᠳᠤ ᠴᠢᠭᠯᠡᠭᠦᠯᠦᠨ᠂ ᠬᠤᠯᠪᠣᠭᠳᠠᠯ ᠪᠦᠬᠦᠢ ᠵᠦᠢᠯ ᠵᠤᠷᠪᠤᠰ ᠨᠢ ᠪᠡᠶ᠎ᠡ ᠶᠢᠨ ᠲᠠᠮᠢᠷ ᠤᠨ ᠤᠷᠤᠯᠳᠤᠭᠠᠨ᠂ ᠪᠡᠶ᠎ᠡ ᠶᠢᠨ ᠲᠠᠮᠢᠷ ᠤᠨ ᠲᠦᠷᠦᠯ ᠵᠦᠢᠯ ᠤᠨ ᠬᠢᠨᠠᠯᠲᠠ ᠬᠠᠮᠢᠶᠠᠷᠤᠯᠲᠠ ᠶᠢᠨ ᠠᠵᠢᠯᠯᠠᠭ᠎ᠠ ᠶᠢ ᠵᠢᠷᠤᠮᠵᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠲᠣᠳᠣᠷᠬᠠᠶᠢᠯᠠᠵᠤ᠂  ᠬᠡᠷᠡᠭ ᠶᠠᠪᠤᠳᠠᠯ ᠤᠨ ᠳᠤᠮᠳᠠᠬᠢ ᠪᠠ ᠬᠡᠷᠡᠭ ᠶᠠᠪᠤᠳᠠᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠬᠠᠤᠯᠢᠵᠢᠭᠤᠯᠬᠤ᠂ ᠳᠦᠷᠢᠮᠵᠢᠭᠦᠯᠬᠦ᠂ ᠵᠢᠷᠤᠮᠵᠢᠭᠤᠯᠬᠤ ᠶᠢ ᠠᠬᠢᠭᠤᠯᠵᠤ᠂ ᠤᠷᠤᠯᠳᠤᠭᠠᠨ ᠤ ᠠᠵᠢᠯᠯᠠᠭ᠎ᠠ ᠶᠢᠨ ᠬᠢᠨᠠᠯᠲᠠ ᠬᠠᠮᠢᠶᠠᠷᠤᠯᠲᠠ ᠶᠢᠨ ᠵᠢᠷᠤᠮᠵᠢᠯ ᠤᠨ ᠪᠠᠶᠢᠷᠢ ᠳᠡᠰ ᠢ ᠳᠡᠭᠡᠭᠰᠢᠯᠡᠭᠦᠯᠵᠦ᠂ ᠬᠢᠨᠠᠯᠲᠠ ᠲᠠᠯᠪᠢᠬᠤ ᠲᠣᠭᠲᠠᠴᠠ ᠶᠢ ᠴᠢᠩᠭᠠᠳᠬᠠᠵᠤ᠂ ᠠᠶᠤᠯᠲᠠᠢ ᠬᠡᠷᠡᠭ ᠢ ᠪᠦᠲᠦᠮᠵᠢᠲᠡᠢ ᠰᠡᠷᠭᠡᠶᠢᠯᠡᠬᠦ ᠪᠠ ᠰᠢᠢᠳᠪᠦᠷᠢᠯᠡᠵᠦ᠂ ᠠᠮᠢ ᠨᠠᠰᠤᠨ ᠤ ᠠᠮᠤᠷ ᠲᠦᠪᠰᠢᠨ ᠢ ᠦᠨᠡᠨᠬᠦ ᠪᠠᠲᠤᠯᠠᠪᠠ᠃     ᠠᠮᠤᠷ ᠲᠦᠪᠰᠢᠨ ᠢ ᠲᠡᠷᠢᠭᠦᠨ ᠳᠤ ᠲᠠᠯᠪᠢᠬᠤ᠂ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠵᠦ ᠤᠷᠢᠳᠴᠢᠯᠠᠨ ᠰᠡᠷᠭᠡᠶᠢᠯᠡᠬᠦ ᠪᠠᠷ ᠭᠤᠣᠯ ᠪᠣᠯᠭᠠᠬᠤ᠂ ᠵᠣᠬᠢᠶᠠᠨ ᠪᠠᠶᠢᠭᠤᠯᠤᠭᠴᠢ ᠶᠢᠨ ᠠᠮᠤᠷ ᠲᠦᠪᠰᠢᠨ ᠤ ᠪᠠᠲᠤᠯᠠᠭ᠎ᠠ ᠶᠢᠨ ᠡᠭᠦᠷᠭᠡ ᠶᠢ ᠨᠠᠶᠢᠳᠠᠪᠤᠷᠢᠵᠢᠭᠤᠯᠬᠤ᠂ ᠣᠯᠠᠨ ᠰᠠᠯᠠᠭ᠎ᠠ ᠮᠥᠴᠢᠷ ᠬᠠᠮᠲᠤᠷᠠᠨ ᠬᠢᠨᠠᠨ ᠬᠠᠮᠢᠶᠠᠷᠬᠤ ᠵᠠᠷᠴᠢᠮ ᠢ ᠪᠠᠶᠢᠭᠤᠯᠪᠠ᠃ ᠠᠶᠤᠯ ᠲᠦᠭᠰᠢᠭᠦᠷᠢ ᠶᠡᠬᠡᠲᠡᠢ ᠪᠡᠶ᠎ᠡ ᠶᠢᠨ ᠲᠠᠮᠢᠷ ᠤᠨ ᠤᠷᠤᠯᠳᠤᠭᠠᠨ ᠤ ᠠᠵᠢᠯᠯᠠᠭ᠎ᠠ ᠶᠢ ᠡᠷᠭᠢᠯᠡᠬᠦ᠂ ᠠᠶᠤᠯ ᠲᠦᠭᠰᠢᠭᠦᠷᠢ ᠶᠡᠬᠡᠲᠡᠢ ᠪᠡᠶ᠎ᠡ ᠶᠢᠨ ᠲᠠᠮᠢᠷ ᠤᠨ ᠵᠦᠢᠯᠡᠰ ᠢ ᠡᠵᠡᠩᠨᠡᠬᠦ ᠵᠥᠪᠰᠢᠶᠡᠷᠡᠯ᠂ ᠬᠢᠨᠠᠨ ᠵᠥᠪᠰᠢᠶᠡᠷᠡᠬᠦ ᠳᠦᠷᠢᠮ ᠢ ᠲᠣᠳᠣᠷᠬᠠᠢ ᠲᠣᠭᠲᠠᠭᠠᠵᠤ᠂ ᠪᠡᠶ᠎ᠡ ᠶᠢᠨ ᠲᠠᠮᠢᠷ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠲᠤᠬᠠᠢ ᠶᠢᠨ ᠭᠠᠵᠠᠷ ᠲᠤᠨᠢ ᠬᠠᠷᠭᠤᠭᠤᠯᠤᠨ ᠪᠠᠶᠢᠴᠠᠭᠠᠬᠤ ᠡᠭᠦᠷᠭᠡ ᠪᠠ ᠲᠠᠰ ᠳᠠᠷᠠᠭᠠᠯᠠᠯ ᠤᠨ ᠨᠡᠮᠡᠪᠡ︔ ᠬᠤᠯᠪᠣᠭᠳᠠᠯ ᠪᠦᠬᠦᠢ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠪᠡᠶ᠎ᠡ ᠶᠢᠨ ᠲᠠᠮᠢᠷ ᠤᠨ ᠤᠷᠤᠯᠳᠤᠭᠠᠨ ᠤ ᠠᠵᠢᠯᠯᠠᠭ᠎ᠠ ᠶᠢᠨ ᠳᠤᠮᠳᠠ ᠬᠡᠷᠡᠭ ᠤᠨ ᠡᠮᠦᠨ᠎ᠡ ᠪᠠᠶᠢᠴᠠᠭᠠᠬᠤ᠂ ᠬᠡᠷᠡᠭ ᠤᠨ ᠳᠤᠮᠳᠠ ᠵᠣᠭᠰᠤᠭᠠᠬᠤ ᠡᠷᠬᠡ ᠶᠢ  ᠲᠤᠳᠤᠷᠬᠠᠶᠢᠯᠠᠪᠠ᠃    ᠰᠢᠨ᠎ᠡ ᠪᠠᠷ ᠵᠠᠰᠠᠪᠤᠷᠢ ᠣᠷᠣᠭᠤᠯᠤᠭᠰᠠᠨ ᠪᠡᠶ᠎ᠡ ᠶᠢᠨ ᠲᠠᠮᠢᠷ ᠤᠨ ᠬᠠᠤᠯᠢ ᠶᠢ ᠨᠡᠶᠢᠲᠡᠯᠡᠵᠦ ᠬᠡᠷᠡᠭᠵᠢᠭᠦᠯᠦᠭᠰᠡᠨ ᠤ ᠳᠠᠷᠠᠭ᠎ᠠ᠂ ᠠᠷᠠᠳ ᠲᠦᠮᠡᠨ ᠤ ᠠᠮᠢ ᠨᠠᠰᠤ ᠡᠷᠡᠭᠦᠯ ᠮᠡᠨᠳᠦ ᠠᠮᠤᠷ ᠲᠦᠪᠰᠢᠨ ᠪᠠ ᠦᠨᠳᠦᠰᠦᠨ ᠪᠡᠶ᠎ᠡ ᠶᠢᠨ ᠲᠠᠮᠢᠷ ᠤᠨ ᠡᠷᠬᠡ ᠶᠢᠨ ᠪᠡᠶᠡᠯᠡᠭᠳᠡᠯ᠂ ᠪᠡᠶ᠎ᠡ ᠶᠢᠨ ᠲᠠᠮᠢᠷ ᠤᠨ ᠦᠢᠯᠡᠰ ᠤᠨ ᠬᠥᠭᠵᠢᠯᠲᠡ᠂ ᠴᠢᠨᠠᠷ ᠰᠠᠶᠢᠲᠠᠢ ᠪᠡᠶ᠎ᠡ ᠶᠢᠨ ᠲᠠᠮᠢᠷ ᠤᠨ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠳᠤ ᠨᠠᠩ ᠬᠦᠴᠦᠲᠡᠢ ᠪᠠᠲᠤᠯᠠᠭ᠎ᠠ ᠬᠠᠩᠭᠠᠬᠤ  ᠨᠢ ᠯᠠᠪᠲᠠᠢ ᠶᠤᠮ᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18004690号