2022 ᠪᠤᠭᠤᠲᠤ ᠶᠢᠨ ᠠᠩᠬᠠᠳᠤᠭᠠᠷ ᠬᠤᠭᠤᠴᠠᠭᠠᠨ ᠤ ᠮᠣᠷᠢᠨ ᠪᠥᠮᠪᠦᠭᠡ ᠶᠢᠨ ᠢᠯᠡ ᠤᠷᠤᠯᠳᠤᠭᠠᠨ ᠡᠷᠬᠢᠯᠡᠪᠡ
ᠨᠡᠶᠢᠲᠡᠯᠡᠭᠰᠡᠨ ᠴᠠᠭ᠄
2022/9/20
    9 ᠰᠠᠷ᠎ᠠ ᠶᠢᠨ 17 ᠤ ᠡᠳᠦᠷ᠂ 2022 ᠣᠨ ᠤ ᠪᠤᠭᠤᠲᠤ ᠶᠢᠨ ᠠᠩᠬᠠᠳᠤᠭᠠᠷ ᠬᠤᠭᠤᠴᠠᠭᠠᠨ ᠤ ᠮᠣᠷᠢᠨ ᠪᠥᠮᠪᠦᠭᠡ ᠶᠢᠨ ᠢᠯᠡ ᠤᠷᠤᠯᠳᠤᠭᠠᠨ ᠤ ᠡᠬᠢᠯᠡᠯᠲᠡ ᠶᠢᠨ ᠶᠣᠰᠣᠯᠠᠯ ᠵᠢᠴᠢ ᠰᠢᠢᠳᠪᠦᠷᠢᠲᠦ ᠤᠷᠤᠯᠳᠤᠭᠠᠨ ᠵᠢᠤᠶᠤᠸᠠᠨ ᠲᠣᠭᠤᠷᠢᠭ ᠤᠨ ᠪᠤᠭᠤᠲᠤ ᠶᠢᠨ ᠳᠤᠮᠳᠠᠳᠤ ᠤᠯᠤᠰ ᠤᠨ ᠮᠣᠷᠢᠨ ᠦᠢᠯᠡᠰ ᠤᠨ ᠰᠠᠭᠤᠷᠢᠨ ᠭᠠᠵᠠᠷ ᠲᠤ ᠶᠠᠪᠤᠠᠠᠳᠠᠪᠠ᠃ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠲᠣᠪᠴᠢᠶᠠᠨ ᠳᠠᠷᠤᠭ᠎ᠠ ᠯᠢ ᡁᠢ ᠶᠢᠤ ᠡᠬᠢᠯᠡᠯᠲᠡ ᠶᠢᠨ ᠶᠣᠰᠣᠯᠠᠯ ᠳᠤ ᠣᠷᠣᠯᠴᠠᠭᠰᠠᠨ ᠪᠥᠭᠡᠳ ᠤᠷᠤᠯᠳᠤᠭᠠᠨ ᠢ ᠡᠬᠢᠯᠡᠭᠦᠯᠪᠡ᠃     ᠪᠡᠭᠡᠵᠢᠩ᠂ ᠱᠠᠩᠬᠠᠢ᠂ ᠲᠢᠶᠠᠨᠵᠢᠨ᠂ ᠥᠪᠥᠷ ᠮᠣᠩᠭᠤᠯ ᠠᠴᠠ ᠢᠷᠡᠭᠰᠡᠨ ᠳᠥᠷᠪᠡᠨ ᠲᠥᠯᠥᠭᠡᠯᠡᠭᠴᠢᠳ ᠤᠨ  ᠪᠠᠭ ᠤᠨ ᠲᠠᠮᠢᠷᠴᠢᠨ ᠲᠣᠰ ᠤᠳᠠᠭᠠᠨ ᠤ ᠢᠯᠡ ᠤᠷᠤᠯᠳᠤᠭᠠᠨ ᠳᠤ ᠣᠷᠣᠯᠴᠠᠵᠤ᠂ ᠬᠤᠷᠴᠠ ᠰᠢᠷᠦᠭᠦᠨ ᠦᠷᠢᠰᠦᠯᠳᠦᠭᠡᠨ ᠢᠶᠠᠷ ᠲᠠᠮᠵᠢᠨ᠂ ᠥᠪᠥᠷ ᠮᠣᠩᠭᠤᠯ ᠤᠨ ᠪᠠᠭ 2022 ᠪᠤᠭᠤᠲᠤ ᠶᠢᠨ ᠮᠣᠷᠢᠨ ᠪᠥᠮᠪᠦᠭᠡ ᠶᠢᠨ ᠢᠯᠡ ᠤᠷᠤᠯᠳᠤᠭᠠᠨ ᠳᠤ ᠮᠠᠩᠯᠠᠶᠢᠯᠠᠵᠤ᠂ ᠱᠠᠩᠬᠠᠢ ᠶᠢᠨ ᠪᠠᠭ ᠬᠤᠶᠠᠳᠤᠭᠠᠷ ᠲᠤ ᠣᠷᠣᠵᠤ᠂ ᠪᠡᠭᠡᠵᠢᠩ ᠤᠨ ᠪᠠᠭ ᠭᠤᠷᠪᠠᠳᠤᠭᠠᠷ ᠲᠤ ᠣᠷᠣᠵᠤ᠂ ᠲᠢᠶᠠᠨᠵᠢᠨ ᠤ ᠪᠠᠭ ᠳᠥᠷᠪᠡᠳᠦᠭᠡᠷ ᠲᠤ ᠣᠷᠣᠵᠠᠢ᠃     2022 ᠪᠤᠭᠤᠲᠤ ᠶᠢᠨ ᠠᠩᠬᠠᠳᠤᠭᠠᠷ ᠬᠤᠭᠤᠴᠠᠭᠠᠨ ᠤ ᠮᠣᠷᠢᠨ ᠪᠥᠮᠪᠦᠭᠡ ᠶᠢᠨ ᠢᠯᠡ ᠤᠷᠤᠯᠳᠤᠭᠠᠨ ᠢ ᠡᠷᠭᠢᠯᠡᠬᠦ ᠪᠠᠷ ᠳᠠᠮᠵᠢᠭᠤᠯᠤᠨ᠂ ᠬᠤᠲᠠ ᠶᠢᠨ ᠨᠥᠯᠥᠭᠡᠯᠡᠬᠦ ᠬᠦᠴᠦᠨ ᠢ ᠳᠡᠭᠡᠭᠰᠢᠯᠡᠭᠦᠯᠵᠦ᠂ ᠬᠤᠲᠠ ᠶᠢᠨ ᠪᠡᠶ᠎ᠡ ᠶᠢᠨ ᠲᠠᠮᠢᠷ ᠤᠨ ᠰᠢᠨ᠎ᠡ ᠨᠡᠷ᠎ᠡ ᠶᠢᠨ ᠬᠠᠭᠤᠳᠠᠰᠤ ᠶᠢ ᠪᠣᠶ ᠪᠣᠯᠭᠠᠨ᠂ ᠥᠪᠥᠷ ᠮᠣᠩᠭᠤᠯ ᠤᠨ ᠮᠣᠷᠢᠨ ᠪᠥᠮᠪᠦᠭᠡ ᠶᠢᠨ ᠠᠵᠤ ᠦᠢᠯᠡᠰ ᠤᠨ ᠬᠥᠭᠵᠢᠯᠲᠡ ᠶᠢ ᠠᠬᠢᠭᠤᠯᠵᠤ᠂ ᠪᠡᠶ᠎ᠡ ᠶᠢᠨ ᠲᠠᠮᠢᠷ᠂ ᠰᠣᠶᠣᠯ᠂ ᠵᠢᠭᠤᠯᠴᠢᠯᠠᠯ᠂ ᠠᠷᠠᠯᠵᠢᠶ᠎ᠠ ᠬᠤᠳᠠᠯᠳᠤᠭ᠎ᠠ᠂ ᠰᠤᠷᠭᠠᠨ ᠬᠥᠮᠦᠵᠢᠯ ᠢ ᠬᠠᠷᠢᠯᠴᠠᠨ ᠬᠤᠯᠪᠣᠭᠰᠠᠨ ᠪᠡᠶ᠎ᠡ ᠶᠢᠨ ᠲᠠᠮᠢᠷ ᠤᠨ ᠠᠵᠤ ᠦᠢᠯᠡᠰ ᠤᠨ ᠲᠠᠪᠴᠠᠩ ᠢ  ᠪᠠᠶᠢᠭᠤᠯᠬᠤ ᠪᠠᠷ ᠴᠢᠷᠮᠠᠶᠢᠵᠦ ᠪᠤᠢ᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18004690号