ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠪᠡᠶ᠎ᠡ ᠶᠢᠨ | ᠲᠠᠮᠢᠷ ᠤᠨ ᠬᠠᠤᠯᠢ︾ ᠶᠢᠨ ᠶᠡᠷᠦᠩᠬᠡᠢ ᠳᠦᠷᠢᠮ ᠳᠤ ︽ᠤᠯᠤᠰ ᠠᠴᠠ ᠪᠡᠶ᠎ᠡ ᠶᠢᠨ ᠲᠠᠮᠢᠷ ᠤᠨ ᠠᠵᠤ ᠦᠢᠯᠡᠰ ᠤᠨ | ᠬᠥᠭᠵᠢᠯᠲᠡ ᠶᠢ ᠲᠡᠮᠵᠢᠵᠤ᠂ ᠪᠡᠶ᠎ᠡ ᠶᠢᠨ ᠲᠠᠮᠢᠷ ᠤᠨ ᠠᠵᠤ ᠦᠢᠯᠡᠰ ᠤᠨ ᠰᠢᠰᠲ᠋ᠧᠮ ᠢ ᠲᠡᠭᠦᠯᠳᠡᠷᠵᠢᠭᠦᠯᠦᠨ᠂ ᠪᠡᠶ᠎ᠡ ᠶᠢᠨ | ᠲᠠᠮᠢᠷ ᠤᠨ ᠵᠠᠬ᠎ᠠ ᠳᠡᠯᠭᠡᠭᠦᠷ ᠤᠨ ᠡᠮᠬᠢ ᠵᠢᠷᠤᠮ ᠢ ᠵᠢᠷᠤᠮᠵᠢᠭᠤᠯᠵᠤ᠂ ᠪᠡᠶ᠎ᠡ ᠶᠢᠨ ᠲᠠᠮᠢᠷ ᠤᠨ ᠵᠠᠬ᠎ᠠ ᠳᠡᠯᠭᠡᠭᠦᠷ ᠤᠨ | ᠬᠠᠩᠭᠠᠯᠭ᠎ᠠ ᠶᠢ ᠥᠷᠭᠡᠳᠬᠡᠬᠦ ᠶᠢ ᠵᠣᠷᠢᠭᠵᠢᠭᠤᠯᠵᠤ᠂ ᠪᠡᠶ᠎ᠡ ᠶᠢᠨ ᠲᠠᠮᠢᠷ ᠤᠨ ᠠᠵᠤ ᠦᠢᠯᠡᠰ ᠤᠨ ᠪᠡᠯᠡ ᠣᠷᠣᠭᠤᠯᠵᠤ | ᠪᠡᠯᠡ ᠲᠣᠬᠢᠷᠠᠭᠤᠯᠬᠤ ᠠᠷᠭ᠎ᠠ ᠵᠠᠮ ᠢ ᠥᠷᠭᠡᠳᠬᠡᠵᠦ᠂ ᠪᠡᠶ᠎ᠡ ᠶᠢᠨ ᠲᠠᠮᠢᠷ ᠤᠨ ᠬᠡᠷᠡᠭᠯᠡᠭᠡ ᠶᠢ ᠠᠬᠢᠭᠤᠯᠤᠨ᠎ᠠ︾ ᠭᠡᠵᠦ | ᠲᠣᠭᠲᠠᠭᠠᠭᠠᠳ᠂ ᠤᠯᠤᠰ ᠤᠨ ᠪᠡᠶ᠎ᠡ ᠶᠢᠨ ᠲᠠᠮᠢᠷ ᠤᠨ ᠠᠵᠤ ᠦᠢᠯᠡᠰ ᠢ ᠬᠥᠭᠵᠢᠭᠦᠯᠬᠦ ᠦᠨᠳᠦᠰᠦᠨ ᠵᠣᠭᠰᠣᠯᠲᠠ ᠪᠠ | ᠪᠣᠳᠠᠲᠠᠢ ᠠᠷᠭ᠎ᠠ ᠬᠡᠮᠵᠢᠶ᠎ᠡ ᠶᠢ ᠲᠣᠳᠣᠷᠬᠠᠶᠢᠯᠠᠪᠠ᠃ | ᠰᠢᠨ᠎ᠡ ᠪᠠᠷ ᠵᠠᠰᠠᠪᠤᠷᠢ ᠣᠷᠣᠭᠤᠯᠤᠭᠰᠠᠨ ᠪᠡᠶ᠎ᠡ ᠶᠢᠨ ᠲᠠᠮᠢᠷ ᠤᠨ ᠬᠠᠤᠯᠢ ᠳᠤ ᠲᠤᠰᠬᠠᠶᠢᠯᠠᠨ ᠪᠡᠶ᠎ᠡ ᠶᠢᠨ | ᠲᠠᠮᠢᠷ ᠤᠨ ᠠᠵᠤ ᠦᠢᠯᠡᠰ ᠤᠨ ᠪᠦᠯᠦᠭ ᠬᠡᠰᠡᠭ ᠨᠡᠮᠡᠵᠦ᠂ ᠪᠡᠶ᠎ᠡ ᠶᠢᠨ ᠲᠠᠮᠢᠷ ᠤᠨ ᠦᠢᠯᠡᠰ ᠤᠨ ᠬᠥᠭᠵᠢᠯᠲᠡ ᠶᠢᠨ | ᠲᠥᠯᠦᠪᠵᠢᠭᠦᠯᠭᠡ᠂ ᠠᠵᠢᠯ ᠤᠨ ᠵᠣᠬᠢᠴᠠᠭᠤᠯᠬᠤ ᠲᠣᠭᠲᠠᠴᠠ᠂ ᠪᠡᠶ᠎ᠡ ᠶᠢᠨ ᠲᠠᠮᠢᠷ ᠤᠨ ᠠᠵᠤ ᠦᠢᠯᠡᠰ ᠤᠨ ᠬᠦᠷᠢᠶ᠎ᠡ | ᠬᠡᠪᠴᠢᠶ᠎ᠡ ᠳᠤ᠂ ᠪᠡᠶ᠎ᠡ ᠶᠢᠨ ᠲᠠᠮᠢᠷ ᠤᠨ ᠬᠡᠷᠡᠭᠰᠡᠯ ᠦᠶᠯᠡᠳᠬᠦ ᠦᠢᠯᠡᠰ᠂ ᠪᠡᠶ᠎ᠡ ᠶᠢᠨ ᠲᠠᠮᠢᠷ ᠤᠨ ᠦᠢᠯᠡᠴᠢᠯᠡᠭᠡᠨ ᠤ | ᠦᠢᠯᠡᠰ ᠪᠠ ᠠᠵᠢᠯ ᠮᠡᠷᠭᠡᠵᠢᠯ ᠤᠨ ᠪᠡᠶ᠎ᠡ ᠶᠢᠨ ᠲᠠᠮᠢᠷ ᠤᠨ ᠬᠥᠭᠵᠢᠯᠲᠡ ᠶᠢ ᠳᠡᠮᠵᠢᠵᠦ᠂ ᠣᠷᠣᠨ ᠨᠤᠲᠤᠭ ᠤᠨ | ᠣᠨᠴᠠᠯᠢᠭ ᠲᠠᠢ᠂ ᠦᠨᠳᠦᠰᠦᠲᠡᠨ ᠤ ᠣᠨᠴᠠᠯᠢᠭ ᠲᠠᠢ ᠪᠡᠶ᠎ᠡ ᠶᠢᠨ ᠲᠠᠮᠢᠷ ᠤᠨ ᠠᠵᠤ ᠦᠢᠯᠡᠰ ᠢ ᠬᠥᠭᠵᠢᠭᠦᠯᠬᠦ ᠶᠢ | ᠳᠡᠮᠵᠢᠵᠦ᠂ ᠣᠷᠣᠨ ᠪᠦᠰᠡ ᠶᠢᠨ ᠪᠡᠶ᠎ᠡ ᠶᠢᠨ ᠲᠠᠮᠢᠷ ᠤᠨ ᠠᠵᠤ ᠦᠢᠯᠡᠰ ᠤᠨ ᠵᠣᠬᠢᠴᠠᠯᠳᠤᠨ ᠬᠥᠳᠡᠯᠦᠯᠴᠡᠬᠦ | ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠨᠡᠶᠢᠭᠡᠮ ᠤᠨ ᠬᠥᠷᠥᠩᠭᠡ ᠶᠢᠨ ᠪᠡᠶ᠎ᠡ ᠶᠢᠨ ᠲᠠᠮᠢᠷ ᠤᠨ ᠠᠵᠤ | ᠦᠢᠯᠡᠰ ᠲᠤ ᠪᠡᠯᠡ ᠣᠷᠣᠭᠤᠯᠤᠯᠲᠠ ᠬᠢᠬᠦ ᠶᠢ ᠵᠣᠷᠢᠭᠵᠢᠭᠤᠯᠵᠤ᠂ ᠪᠡᠶ᠎ᠡ ᠶᠢᠨ ᠲᠠᠮᠢᠷ ᠤᠨ ᠠᠵᠤ ᠦᠢᠯᠡᠰ ᠤᠨ | ᠲᠤᠰᠬᠠᠢ ᠴᠢᠳᠠᠪᠤᠷᠢᠳᠠᠨ ᠢ ᠬᠦᠮᠦᠵᠢᠭᠦᠯᠵᠦ᠂ ᠪᠡᠶ᠎ᠡ ᠶᠢᠨ ᠲᠠᠮᠢᠷ ᠤᠨ ᠠᠵᠦ ᠦᠢᠯᠡᠰ ᠤᠨ ᠪᠦᠷᠢᠳᠬᠡᠯ ᠤᠨ ᠰᠢᠰᠲ᠋ᠧᠮ | ᠢ ᠲᠡᠭᠦᠯᠳᠡᠷᠵᠢᠬᠦᠯᠬᠦ ᠵᠡᠷᠭᠡ ᠲᠤᠬᠠᠢ ᠪᠤᠳᠠᠳᠠᠢ ᠲᠤᠭᠳᠠᠭᠠᠵᠠᠢ᠃ ᠡᠲᠡᠭᠡᠷ ᠬᠤᠯᠪᠣᠭᠳᠠᠯ ᠪᠦᠬᠦᠢ ᠵᠦᠢᠯ ᠵᠤᠷᠪᠤᠰ ᠨᠢ | ᠪᠡᠶ᠎ᠡ ᠶᠢᠨ ᠲᠠᠮᠢᠷ ᠤᠨ ᠠᠭᠤᠰᠤᠯᠴᠠᠬᠤ ᠴᠢᠳᠠᠮᠵᠢ ᠪᠠ ᠣᠯᠠᠨ ᠡᠰᠢᠲᠦ ᠥᠷᠲᠡᠭ ᠢ ᠪᠠᠳᠠᠷᠠᠭᠤᠯᠬᠤ᠂ ᠪᠡᠶ᠎ᠡ ᠶᠢᠨ | ᠲᠠᠮᠢᠷ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ ᠪᠡᠶ᠎ᠡ ᠶᠢᠨ ᠲᠠᠮᠢᠷ ᠤᠨ ᠬᠦᠴᠦᠷᠬᠡᠭ | ᠤᠯᠤᠰ ᠢ ᠲᠦᠷᠭᠡᠳᠬᠡᠨ ᠪᠠᠶᠢᠭᠤᠯᠬᠤ ᠳᠤ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ | ᠵᠢᠷᠠ ᠶᠢᠰᠦᠳᠦᠭᠡᠷ ᠵᠦᠢᠯ᠄ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠤᠭᠤᠳ | ᠵᠠᠰᠠᠭ ᠤᠨ ᠣᠷᠳᠣᠨ ᠤ ᠤᠯᠡᠠ ᠰᠠᠯᠠᠭ᠎ᠠ ᠮᠥᠴᠢᠷ ᠬᠤᠷᠰᠢᠭᠰᠠᠨ ᠪᠡᠶ᠎ᠡ ᠶᠢᠨ ᠲᠠᠮᠢᠷ ᠤᠨ ᠠᠵᠤ ᠦᠢᠯᠡᠰ ᠤᠨ | ᠬᠥᠭᠵᠢᠯᠲᠡ ᠶᠢᠨ ᠠᠵᠢᠯ ᠤᠨ ᠵᠣᠬᠢᠴᠠᠭᠤᠯᠬᠤ ᠲᠣᠭᠲᠠᠴᠠ ᠶᠢ ᠪᠠᠶᠢᠭᠤᠯᠬᠤ ᠬᠡᠷᠡᠭᠲᠡᠢ᠃ | ᠭᠢᠯᠠᠰ ᠴᠡᠭ ᠨᠢᠭᠡ᠂ ᠠᠵᠢᠯ ᠤᠨ ᠵᠣᠬᠢᠴᠠᠭᠤᠯᠬᠤ ᠲᠣᠭᠲᠠᠴᠠ ᠶᠢ ᠰᠢᠶᠠᠨ ᠤ ᠱᠠᠲᠤᠨ ᠳᠤ ᠬᠦᠷᠳᠡᠯ᠎ᠡ | ᠲᠤᠷᠤᠭᠰᠢᠯᠠᠭᠤᠯᠪᠠ | ᠪᠦᠬᠦ ᠠᠷᠠᠳ ᠤᠨ ᠪᠡᠶ᠎ᠡ ᠮᠠᠬᠠᠪᠤᠳ ᠢᠶᠠᠨ ᠴᠢᠭᠢᠷᠠᠭᠵᠢᠭᠤᠯᠬᠤ ᠶᠢ ᠤᠯᠤᠰ ᠤᠨ ᠪᠠᠶᠢᠯᠳᠤᠬᠤ ᠪᠣᠳᠣᠯᠭ᠎ᠠ | ᠪᠣᠯᠭᠠᠭᠰᠠᠨ ᠠᠴᠠ ᠨᠠᠰᠢ᠂ ᠮᠠᠨ ᠤ ᠤᠯᠤᠰ ᠤᠨ ᠪᠡᠶ᠎ᠡ ᠶᠢᠨ ᠲᠠᠮᠢᠷ ᠤᠨ ᠠᠵᠤ ᠦᠢᠯᠡᠰ ᠤᠨ ᠬᠥᠭᠵᠢᠯᠲᠡ ᠲᠦᠷᠭᠡᠨ | ᠬᠥᠭᠵᠢᠯᠲᠡ ᠶᠢᠨ ᠰᠢᠨ᠎ᠡ ᠱᠠᠲᠤᠨ ᠳᠤ ᠣᠷᠣᠪᠠ᠄ ᠬᠤᠳᠠᠯᠳᠤᠭᠠᠨ ᠤ ᠴᠢᠨᠠᠷᠲᠠᠢ ᠪᠠ ᠤᠯᠠᠨ ᠲᠦᠮᠡᠨᠴᠢ ᠴᠢᠨᠠᠷᠲᠠᠢ | ᠪᠡᠶ᠎ᠡ ᠶᠢᠨ ᠲᠠᠮᠢᠷ ᠤᠨ ᠤᠷᠤᠯᠳᠤᠭᠠᠨ ᠤ ᠠᠵᠢᠯᠯᠠᠭ᠎ᠠ ᠶᠢᠨ ᠬᠢᠨᠠᠨ ᠵᠥᠪᠰᠢᠶᠡᠷᠡᠯ ᠢ ᠬᠦᠴᠦᠨ ᠦᠭᠡᠢ ᠪᠣᠯᠭᠠᠵᠤ᠂ | ᠪᠡᠶ᠎ᠡ ᠶᠢᠨ ᠲᠠᠮᠢᠷ ᠤᠨ ᠬᠡᠷᠡᠭᠯᠡᠭᠡᠨ ᠤ ᠲᠤᠷᠰᠢᠯᠲᠠ ᠶᠢᠨ ᠴᠢᠭ᠋ ᠤᠨ ᠬᠤᠳᠠ ᠶᠢ ᠡᠭᠦᠳᠦᠨ ᠪᠠᠶᠢᠭᠤᠯᠵᠤ᠂ ᠨᠡᠶᠢᠭᠡᠮ ᠤᠨ | ᠬᠥᠷᠥᠩᠭᠡ ᠶᠢᠨ ᠪᠡᠶ᠎ᠡ ᠶᠢᠨ ᠲᠠᠮᠢᠷ ᠤᠨ ᠪᠡᠶ᠎ᠡ ᠴᠢᠭᠢᠷᠠᠭᠵᠢᠭᠤᠯᠬᠤ ᠦᠢᠯᠡᠴᠢᠯᠡᠭᠡ ᠪᠠ ᠪᠡᠶ᠎ᠡ ᠶᠢᠨ ᠲᠠᠮᠢᠷ ᠤᠨ ᠲᠠᠯᠠᠪᠤᠷ | ᠣᠷᠳᠣᠨ ᠤ ᠡᠵᠡᠩᠨᠡᠯᠲᠡ ᠳᠤ ᠪᠡᠯᠡ ᠣᠷᠣᠭᠤᠯᠬᠤ ᠶᠢ ᠵᠣᠷᠢᠭᠵᠢᠭᠤᠯᠤᠨ᠎ᠠ ᠁ ᠪᠡᠶ᠎ᠡ ᠶᠢᠨ ᠲᠠᠮᠢᠷ ᠤᠨ ᠰᠠᠯᠠᠭ᠎ᠠ | ᠮᠥᠴᠢᠷ ᠤᠨ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠠᠪᠤᠴᠠ ᠳᠤ | ᠨᠡᠶᠢᠲᠡᠯᠡᠭᠰᠡᠨ ᠠᠯᠢ ᠤᠯᠠᠨ ᠠᠰᠢᠭᠲᠠᠢ ᠠᠷᠭ᠎ᠠ ᠬᠡᠮᠵᠢᠶ᠎ᠡ ᠨᠢ ᠪᠡᠶ᠎ᠡ ᠶᠢᠨ ᠲᠠᠮᠢᠷ ᠤᠨ ᠵᠠᠬ᠎ᠠ ᠳᠡᠯᠭᠡᠭᠦᠷ ᠤᠨ ᠭᠤᠣᠯ | ᠴᠣᠭᠴᠠ ᠶᠢ ᠤᠷᠢᠳᠤ ᠡᠮᠦᠨ᠎ᠡ ᠪᠠᠶᠢᠭ᠎ᠠ ᠦᠭᠡᠢ ᠬᠥᠭᠵᠢᠶᠡᠨᠲᠡᠢ ᠪᠣᠯᠭᠠᠵᠤ᠂ ᠪᠡᠶ᠎ᠡ ᠶᠢᠨ ᠲᠠᠮᠢᠷ ᠤᠨ ᠠᠵᠤ ᠦᠢᠯᠡᠰ ᠲᠤ | ᠬᠦᠴᠦᠷᠬᠡᠭ ᠶᠡᠭᠡ ᠠᠮᠢᠵᠢᠷᠠᠯ ᠤᠨ ᠬᠦᠴᠦᠨ ᠤᠯᠭᠤᠪᠠ᠃ | ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠢ ᠲᠣᠪᠴᠢᠶ᠎ᠠ ᠶᠢᠨ ᠠᠵᠤ ᠠᠬᠤᠢ ᠶᠢᠨ ᠵᠤᠷᠭᠠᠨ ᠤ ᠵᠣᠬᠢᠶᠠᠨ | ᠪᠠᠶᠢᠭᠤᠯᠵᠤ ᠨᠠᠶᠢᠷᠠᠭᠤᠯᠤᠭᠰᠠᠨ ︽ᠥᠷᠨᠢᠩᠭᠦᠢ ᠬᠥᠭᠵᠢᠵᠦ ᠪᠠᠶᠢᠭ᠎ᠠ ᠳᠤᠮᠳᠠᠳᠤ ᠤᠯᠤᠰ ᠤᠨ ᠪᠡᠶ᠎ᠡ ᠶᠢᠨ ᠲᠠᠮᠢᠷ ᠤᠨ | ᠠᠵᠤ ᠦᠢᠯᠡᠰ︾ ᠤᠨ ᠲᠤᠭ᠎ᠠ ᠪᠠᠷᠢᠮᠲᠠ ᠳᠤ ᠢᠯᠡᠷᠡᠭᠰᠡᠨ ᠢᠶᠠᠷ᠂ 2015 ᠣᠨ ᠠᠴᠠ 2019 ᠣᠨ ᠪᠣᠯᠲᠠᠯ᠎ᠠ᠂ | ᠮᠠᠨ ᠤ ᠤᠯᠤᠰ ᠤᠨ ᠪᠡᠶ᠎ᠡ ᠶᠢᠨ ᠲᠠᠮᠢᠷ ᠤᠨ ᠠᠵᠤ ᠦᠢᠯᠡᠰ ᠤᠨ ᠶᠡᠷᠦᠩᠬᠡᠢ ᠬᠡᠪᠴᠢᠶᠡᠨ ᠤ ᠥᠰᠦᠯᠲᠡ ᠶᠢᠨ ᠬᠡᠮᠵᠢᠶ᠎ᠡ | 72.35% ᠬᠦᠷᠴᠦ᠂ ᠪᠡᠶ᠎ᠡ ᠶᠢᠨ ᠲᠠᠮᠢᠷ ᠤᠨ ᠠᠵᠤ ᠦᠢᠯᠡᠰ ᠤᠨ ᠨᠡᠮᠡᠭᠳᠡᠯ ᠥᠷᠲᠡᠭ ᠤᠨ ᠥᠰᠦᠯᠲᠡ ᠶᠢᠨ | ᠬᠡᠮᠵᠢᠶ᠎ᠡ 104.72% ᠬᠦᠷᠴᠦ᠂ ᠵᠢᠯ ᠳᠤᠮᠳᠠᠴᠢ ᠶᠢᠨ ᠨᠡᠮᠡᠭᠳᠡᠯ ᠤᠨ ᠨᠣᠷᠮ᠎ᠠ ᠨᠢ ᠴᠥᠮ ᠠᠳᠠᠯᠢ ᠬᠤᠭᠤᠴᠠᠭᠠᠨ ᠤ | ᠤᠯᠤᠰ ᠤᠨ ᠳᠣᠲᠣᠭᠠᠳᠤ ᠶᠢᠨ ᠦᠢᠯᠡᠳᠪᠦᠷᠢᠯᠡᠯ ᠤᠨ ᠪᠥᠬᠦ ᠥᠷᠲᠡᠭ ︵GDP︶ ᠤᠨ ᠨᠡᠮᠡᠭᠳᠡᠯ ᠤᠨ ᠬᠤᠷᠳᠤᠴᠠ | ᠠᠴᠠ ᠬᠤᠯᠠ ᠦᠨᠳᠦᠷ ᠪᠠᠶᠢᠨ᠎ᠡ᠃ ᠠᠳᠠᠯᠢ ᠬᠤᠭᠤᠴᠠᠭᠠᠨ ᠤ GDP ᠳᠤ ᠡᠵᠡᠯᠡᠬᠦ ᠪᠡᠶ᠎ᠡ ᠶᠢᠨ ᠲᠠᠮᠢᠷ ᠤᠨ ᠠᠵᠤ | ᠦᠢᠯᠡᠰ ᠤᠨ ᠨᠡᠮᠡᠭᠳᠡᠯ ᠥᠷᠲᠡᠭ ᠤᠨ ᠬᠤᠪᠢ ᠶᠢᠨ ᠵᠢᠩ 2015 ᠣᠨ ᠳᠤ 0.80% ᠪᠠᠶᠢᠭᠰᠠᠨ ᠠᠴᠠ ᠪᠠᠨ 1. | 14% ᠪᠤᠯᠤᠨ ᠲᠡᠭᠡᠭᠰᠢᠯᠡᠪᠡ᠃ | ᠪᠡᠶ᠎ᠡ ᠶᠢᠨ ᠲᠠᠮᠢᠷ ᠤᠨ ᠬᠠᠤᠯᠢ ᠳᠤ ︽ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠨᠤᠭᠤᠳ ᠵᠠᠰᠠᠭ ᠤᠨ ᠣᠷᠳᠣᠨ ᠤ ᠤᠯᠠᠨ ᠰᠠᠯᠠᠭ᠎ᠠ ᠮᠥᠴᠢᠷ ᠬᠤᠷᠰᠢᠭᠰᠠᠨ ᠪᠡᠶ᠎ᠡ ᠶᠢᠨ ᠲᠠᠮᠢᠷ ᠤᠨ ᠠᠵᠤ | ᠦᠢᠯᠡᠰ ᠤᠨ ᠬᠥᠭᠵᠢᠯᠲᠡ ᠶᠢᠨ ᠠᠵᠢᠯ ᠤᠨ ᠵᠣᠬᠢᠴᠠᠭᠤᠯᠬᠤ ᠲᠣᠭᠲᠠᠴᠠ ᠶᠢ ᠪᠠᠶᠢᠭᠤᠯᠤᠨ᠎ᠡ︾ ᠭᠡᠵᠦ ᠲᠤᠷᠠᠳᠪᠠ᠃ | ᠡᠨᠡ ᠨᠢ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢᠨ ︽ᠡᠴᠦᠰ ᠤᠨ ᠨᠢᠭᠡ ᠺᠢᠯᠣᠮᠧᠲᠷ︾ ᠢ | ᠨᠠᠪᠲᠠᠷᠡᠭᠦᠯᠵᠦ᠂ ᠪᠡᠶ᠎ᠡ ᠶᠢᠨ ᠲᠠᠮᠢᠷ ᠤᠨ ᠠᠵᠤ ᠦᠢᠯᠡᠰ ᠤᠨ ᠬᠥᠭᠵᠢᠯᠲᠡ ᠶᠢᠨ ᠬᠤᠳᠠᠯᠳᠤᠭ᠎ᠠ ᠡᠷᠭᠢᠯᠡᠬᠦ ᠣᠷᠴᠢᠨ | ᠨᠥᠬᠦᠴᠡᠯ ᠢ ᠰᠢᠯᠢᠳᠡᠭᠵᠢᠭᠦᠯᠬᠦ ᠳᠤ ᠠᠰᠢᠭᠲᠠᠢ ᠶᠤᠮ᠃ | ᠣᠳᠣᠬᠠᠨ ᠳᠤ᠂ ᠤᠯᠤᠰ ᠤᠨ ᠳᠣᠲᠣᠭᠠᠳᠤ ᠶᠢᠨ ᠬᠡᠰᠡᠭ ᠮᠤᠵᠢ ᠬᠤᠲᠠ ᠨᠢᠭᠡᠨᠲᠡ ᠰᠠᠯᠠᠭ᠎ᠠ ᠮᠥᠴᠢᠷ | ᠠᠯᠤᠰᠯᠠᠨ ᠬᠠᠮᠲᠤᠷᠠᠯᠴᠠᠬᠤ ᠶᠡᠷᠦᠩᠬᠡᠶᠢᠯᠡᠭᠰᠡᠨ ᠦᠢᠯᠡᠴᠢᠯᠡᠭᠡᠨ ᠤ ᠲᠣᠭᠲᠠᠴᠠ ᠶᠢ ᠪᠠᠶᠢᠭᠤᠯᠤᠨ ᠪᠡᠶ᠎ᠡ ᠶᠢᠨ ᠲᠠᠮᠢᠷ ᠤᠨ | ᠠᠵᠤ ᠦᠢᠯᠡᠰ ᠤᠨ ᠬᠥᠭᠵᠢᠯᠲᠡ ᠶᠢ ᠠᠬᠢᠭᠤᠯᠵᠤ᠂ ᠤᠯᠤᠰ᠂ ᠮᠤᠵᠢ ᠶᠢᠨ ᠰᠢᠷᠢᠰ ᠲᠥᠷᠥ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠤᠨ ᠬᠡᠷᠡᠭᠵᠢᠭᠦᠯᠬᠦ ᠶᠢ ᠬᠦᠴᠦᠯᠡᠨ ᠴᠢᠩᠭᠠᠳᠬᠠᠵᠤ᠂ ᠡᠯ᠎ᠡ ᠵᠦᠢᠯ ᠤᠨ ᠲᠡᠳᠬᠦᠨ ᠱᠠᠩᠨᠠᠬᠤ | ᠲᠥᠷᠥ ᠶᠢᠨ ᠪᠣᠳᠣᠯᠭ᠎ᠠ ᠵᠢᠴᠢ ᠠᠵᠢᠯ ᠲᠥᠷᠥᠯ ᠤᠨ ᠵᠢᠷᠤᠮᠵᠢᠯ ᠢ ᠲᠡᠭᠦᠯᠳᠡᠷᠵᠢᠭᠦᠯᠬᠦ ᠵᠡᠷᠭᠡ ᠠᠷᠭ᠎ᠠ ᠮᠠᠶ᠋ᠢᠭ ᠢᠶᠠᠷ | ᠳᠠᠮᠵᠢᠭᠤᠯᠤᠨ ᠪᠡᠶ᠎ᠡ ᠶᠢᠨ ᠲᠠᠮᠢᠷ ᠤᠨ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢᠨ ᠠᠮᠢᠵᠢᠷᠠᠯ ᠤᠨ ᠬᠦᠴᠦᠨ ᠢ | ᠬᠥᠭᠵᠢᠭᠡᠵᠦ᠂ ᠪᠡᠶ᠎ᠡ ᠶᠢᠨ ᠲᠠᠮᠢᠷ ᠤᠨ ᠠᠵᠤ ᠦᠢᠯᠡᠰ ᠤᠨ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠪᠣᠭᠤᠮᠢ ᠶᠢᠨ | ᠪᠡᠷᠬᠡ ᠰᠡᠳᠦᠪ ᠢ ᠠᠷᠢᠯᠭᠠᠪᠠ᠃ ᠪᠡᠶ᠎ᠡ ᠶᠢᠨ ᠲᠠᠮᠢᠷ ᠤᠨ ᠠᠵᠤ ᠦᠢᠯᠡᠰ ᠤᠨ ᠬᠥᠭᠵᠢᠯᠲᠡ ᠶᠢᠨ ᠠᠵᠢᠯ ᠤᠨ | ᠵᠣᠬᠢᠴᠠᠭᠤᠯᠬᠤ ᠲᠣᠭᠲᠠᠴᠠ ᠶᠢ ᠰᠢᠶᠠᠨ ᠤ ᠱᠠᠲᠤᠨ ᠳᠤ ᠬᠦᠷᠲᠡᠯ᠎ᠡ ᠳᠣᠷᠣᠭᠰᠢᠯᠠᠭᠤᠯᠬᠤ ᠨᠢ ᠰᠢᠶᠠᠨ ᠤ ᠱᠠᠲᠤᠨ ᠤ | ᠢᠳᠡᠪᠬᠢᠵᠢᠯ ᠪᠠ ᠰᠠᠨᠠᠭᠠᠴᠢᠯᠠᠭᠠᠲᠤ ᠴᠢᠨᠠᠷ ᠢ ᠪᠠᠳᠠᠷᠠᠭᠤᠯᠬᠤ ᠳᠤ ᠨᠠᠩ ᠠᠰᠢᠭᠲᠠᠢ ᠶᠤᠮ᠂ ᠰᠢᠶᠠᠨ ᠤ ᠱᠠᠲᠤᠨ ᠤ | ᠵᠠᠰᠠᠭ ᠤᠨ ᠣᠷᠳᠣᠨ ᠤ ᠲᠣᠭᠲᠠᠭᠠᠭᠰᠠᠨ ᠬᠤᠯᠪᠣᠭᠳᠠᠯ ᠪᠦᠬᠦᠢ ᠬᠥᠭᠵᠢᠯᠲᠡ ᠶᠢᠨ ᠲᠥᠯᠦᠪᠵᠢᠭᠦᠯᠭᠡ ᠶᠢ ᠴᠦ ᠨᠠᠩ | ᠢᠯᠡᠭᠦᠦ ᠬᠠᠨᠳᠤᠯᠭᠠᠲᠤ ᠴᠢᠨᠠᠷ ᠲᠠᠢ ᠪᠣᠯᠭᠠᠵᠤ᠂ ᠡᠭᠦᠨ ᠤ ᠤᠯᠠᠮ ᠢᠶᠠᠷ ᠪᠡᠶ᠎ᠡ ᠶᠢᠨ ᠲᠠᠮᠢᠷ ᠤᠨ ᠠᠵᠤ ᠦᠢᠯᠡᠰ ᠤᠨ | ᠣᠷᠣᠨ ᠪᠦᠰᠡ ᠶᠢᠨ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ᠂ ᠣᠯᠠᠨ ᠲᠦᠮᠡᠨ ᠤ ᠣᠯᠠᠨ ᠶᠠᠩᠵᠤ ᠶᠢᠨ | ᠪᠡᠶ᠎ᠡ ᠶᠢᠨ ᠲᠠᠮᠢᠷ ᠤᠨ ᠬᠡᠷᠡᠭᠴᠡᠭᠡ ᠶᠢ ᠬᠠᠩᠭᠠᠬᠤ ᠵᠡᠷᠭᠡ ᠲᠠᠯ᠎ᠠ ᠪᠠᠷ ᠨᠠᠩ ᠰᠠᠶᠢᠨ ᠦᠷ᠎ᠡ ᠪᠦᠲᠦᠮᠵᠢ ᠶᠢ | ᠪᠠᠳᠠᠷᠠᠭᠤᠯᠬᠤ ᠪᠣᠯᠣᠨ᠎ᠠ᠃ | ᠳᠠᠯᠠᠨ ᠨᠢᠭᠡᠳᠦᠭᠡᠷ ᠵᠦᠢᠯ᠄ ᠤᠯᠤᠰ ᠠᠴᠠ ᠪᠡᠶ᠎ᠡ ᠶᠢᠨ ᠲᠠᠮᠢᠷ ᠤᠨ ᠬᠡᠷᠡᠭᠰᠡᠯ ᠦᠶᠯᠡᠳᠬᠦ ᠦᠢᠯᠡᠰ ᠤᠨ | ᠰᠢᠨ᠎ᠡ ᠶᠢ ᠡᠭᠦᠳᠦᠨ ᠬᠥᠭᠵᠢᠬᠦ ᠶᠢ ᠳᠡᠮᠵᠢᠵᠦ᠂ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠣᠷᠣᠭᠤᠯᠤᠯᠲᠠ ᠪᠠᠨ | ᠨᠡᠮᠡᠭᠳᠡᠭᠦᠯᠬᠦ ᠶᠢ ᠵᠣᠷᠢᠭᠵᠢᠭᠤᠯᠵᠤ᠂ ᠰᠢᠨ᠎ᠡ ᠮᠡᠷᠭᠡᠵᠢᠯ᠂ ᠰᠢᠨ᠎ᠡ ᠤᠷᠠᠯᠠᠯ᠂ ᠰᠢᠨ᠎ᠡ ᠮᠠᠲ᠋ᠧᠷᠢᠶᠠᠯ ᠢ ᠬᠡᠷᠡᠭᠯᠡᠨ᠂ | ᠪᠡᠶ᠎ᠡ ᠶᠢᠨ ᠲᠠᠮᠢᠷ ᠤᠨ ᠬᠡᠷᠡᠭᠰᠡᠯ ᠦᠶᠯᠡᠳᠬᠦ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ | ᠠᠬᠢᠭᠤᠯᠤᠨ᠎ᠠ᠃ | ᠬᠢᠯᠡᠰ ᠴᠡᠭ ᠬᠤᠶᠠᠷ᠂ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠣᠷᠣᠭᠤᠯᠤᠯᠲᠠ ᠪᠠᠨ ᠨᠡᠮᠡᠭᠳᠡᠭᠦᠯᠬᠦ ᠶᠢ | ᠵᠣᠷᠢᠭᠵᠢᠭᠤᠯᠤᠨ᠎ᠠ | ᠢᠯᠡ ᠨᠡᠶᠢᠲᠡᠯᠡᠭᠰᠡᠨ ᠮᠠᠲ᠋ᠧᠷᠢᠶᠠᠯ ᠳᠤ ᠦᠨᠳᠦᠰᠦᠯᠡᠪᠡᠯ᠂ ᠠᠨ ᠲᠠ ᠶᠢᠨ 2021 ᠣᠨ ᠤ ᠰᠤᠳᠤᠯᠤᠨ | ᠨᠡᠭᠡᠭᠡᠬᠦ ᠲᠠᠯ᠎ᠠ ᠪᠠᠷ ᠬᠢ ᠣᠷᠣᠭᠤᠯᠤᠯᠲᠠ ᠨᠢᠭᠡᠨᠲᠡ 11.35 ᠳ᠋ᠦᠩᠰᠢᠭᠤᠷ ᠲᠥᠭᠦᠷᠢᠭ ᠲᠤ ᠬᠦᠷᠴᠦ᠂ ᠯᠢ | ᠨᠢᠩ ᠤᠨ ᠰᠤᠳᠤᠯᠤᠨ ᠨᠡᠭᠡᠭᠡᠬᠦ ᠵᠠᠷᠤᠳᠠᠯ 4.14 ᠳ᠋ᠦᠩᠰᠢᠭᠤᠷ ᠲᠥᠭᠦᠷᠢᠭ ᠲᠤ ᠬᠦᠷᠴᠦ᠂ ᠲᠧ ᠪᠦ᠋ ᠶᠢᠨ | ᠰᠤᠳᠤᠯᠤᠨ ᠨᠡᠭᠡᠭᠡᠬᠦ ᠵᠠᠷᠤᠳᠠᠯ 2.5 ᠳ᠋ᠦᠩᠰᠢᠭᠤᠷ ᠲᠥᠭᠦᠷᠢᠭ ᠲᠤ ᠬᠦᠷᠴᠦ᠂ 361 ᠶᠢᠨ ᠰᠤᠳᠤᠯᠤᠨ ᠨᠡᠭᠡᠭᠡᠬᠦ | ᠵᠠᠷᠤᠳᠠᠯ ᠴᠤ 2.47 ᠳ᠋ᠦᠩᠰᠢᠭᠤᠷ ᠲᠥᠭᠦᠷᠢᠭ ᠲᠤ ᠬᠦᠷᠴᠡᠢ᠃ | ᠳᠡᠯᠡᠬᠡᠢ ᠶᠢᠨ ᠪᠡᠶ᠎ᠡ ᠶᠢᠨ ᠲᠠᠮᠢᠷ ᠤᠨ ᠬᠡᠷᠡᠭᠰᠡᠯ ᠤᠨ ᠵᠠᠬ᠎ᠠ ᠳᠡᠯᠭᠡᠭᠦᠷ ᠲᠤ᠂ ᠳᠤᠮᠳᠠᠳᠤ ᠤᠯᠤᠰ︽ᠦᠢᠯᠡᠳᠬᠦ | ᠲᠣᠮᠣ ᠤᠯᠤᠰ︾ᠭᠡᠬᠦ ᠨᠡᠷ᠎ᠡ ᠠᠯᠳᠠᠷ ᠢ ᠡᠳ᠋ᠯᠡᠭᠰᠡᠭᠡᠷ ᠢᠷᠡᠵᠠᠢ᠂ ᠭᠡᠪᠡᠴᠦ ᠲᠦᠷᠦᠯ ᠲᠡᠮᠳᠡᠭ ᠤᠨ ᠬᠤᠪᠢᠳᠠᠯ᠂ ᠲᠡᠭᠡᠳᠦ | ᠲᠤᠮᠳᠠ ᠲᠡᠰ ᠤᠨ ᠵᠠᠬ᠎ᠠ ᠳᠡᠯᠭᠡᠭᠦᠷ ᠢ ᠡᠵᠡᠯᠡᠬᠦ ᠨᠤᠷᠮ᠎ᠠ ᠶᠡᠷᠦ ᠠᠴᠠ ᠥᠨᠳᠥᠷ ᠪᠢᠰᠢ᠂ ᠭᠤᠣᠯᠯᠠᠭᠴᠢ ᠥᠷᠢᠰᠦᠯᠳᠦᠬᠦ | ᠬᠦᠴᠦᠨ ᠢᠶᠠᠷ ᠳᠤᠲᠠᠮᠠᠭ᠂ ᠳᠣᠣᠷ᠎ᠠ ᠨᠡᠮᠡᠯᠲᠡ ᠦᠷᠳᠡᠭ ᠪᠣᠯ ᠡᠮᠵᠡᠭ ᠲᠠᠯ᠎ᠠ ᠪᠣᠯᠣᠨ᠎ᠠ᠃ ᠠᠨ ᠲᠠ᠂ ᠯᠢ ᠨᠢᠩ ᠢᠶᠠᠷ | ᠲᠥᠯᠥᠭᠡᠯᠡᠭᠦᠯᠦᠭᠰᠡᠨ ᠳᠤᠮᠳᠠᠳᠤ ᠤᠯᠤᠰ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠨᠠᠷᠠᠲᠤ ᠲᠡᠮᠳᠡᠭ ᠤᠨ ᠦᠳᠲᠡᠷ | ᠲᠦᠷᠭᠡᠨ ᠮᠠᠨᠳᠤᠭᠰᠠᠨ ᠨᠢ ᠶᠠᠭ ᠡᠨᠡ ᠪᠦᠬᠦᠨ ᠢ ᠬᠤᠪᠢᠷᠠᠭᠤᠯᠵᠤ ᠪᠣᠶ᠃ ᠭᠡᠬᠦ ᠳᠡᠭᠡᠨ ᠡᠳᠡᠭᠡᠷ ᠠᠵᠤ ᠠᠬᠤᠶᠢᠯᠠᠯ ᠨᠢ | ᠦᠳᠲᠡᠷ ᠲᠦᠷᠭᠡᠨ ᠢᠶᠠᠷ ᠠᠵᠢᠯ ᠲᠦᠷᠦᠯ ᠤᠨ ᠳᠠᠭᠠᠭᠤᠯᠤᠭᠴᠢ ᠪᠣᠯᠵᠤ᠂ ᠮᠡᠷᠭᠡᠵᠢᠯ ᠤᠨ ᠬᠤᠷᠠᠮᠳᠤᠭᠤᠯᠤᠯ ᠪᠠ | ᠦᠢᠯᠡᠳᠬᠦᠨ ᠤ ᠰᠢᠨ᠎ᠡ ᠶᠢ ᠡᠭᠦᠳᠬᠦ ᠶᠢ ᠴᠢᠬᠤᠯᠠᠴᠢᠯᠠᠵᠤ᠂ ᠰᠤᠳᠤᠯᠤᠨ ᠨᠡᠭᠡᠭᠡᠬᠦ ᠣᠷᠣᠭᠤᠯᠤᠯᠲᠠ ᠪᠠᠨ ᠦᠷᠭᠦᠯᠵᠢᠯᠡᠨ | ᠨᠡᠮᠡᠭᠳᠡᠭᠦᠯᠵᠦ᠂ ᠠᠵᠤ ᠠᠬᠤᠶᠢᠯᠠᠯ ᠤᠨ ᠭᠤᠣᠯᠯᠠᠬᠤ ᠥᠷᠢᠰᠦᠯᠳᠦᠬᠦ ᠬᠦᠴᠦᠨ ᠢ ᠲᠠᠰᠤᠷᠠᠯᠳᠠ ᠦᠭᠡᠢ ᠴᠢᠩᠭᠠᠷᠠᠭᠤᠯᠬᠤ | ᠪᠣᠯ ᠵᠠᠩᠭᠢᠯᠠᠭ᠎ᠠ ᠪᠣᠯᠣᠨ᠎ᠠ᠃ | ᠠᠨ ᠲᠠ ᠶᠢᠨ ᠰᠤᠳᠤᠯᠤᠨ ᠨᠡᠭᠡᠭᠡᠬᠦ ᠮᠡᠷᠭᠡᠵᠢᠯ ᠤᠨ ᠲᠥᠪ 2004 ᠣᠨ ᠳᠤ ᠪᠠᠶᠢᠭᠤᠯᠤᠭᠳᠠᠭᠰᠠᠨ ᠪᠥᠭᠡᠳ | 2009 ᠣᠨ ᠳᠤ ︽ᠤᠯᠤᠰ ᠤᠨ ᠳᠡᠰ ᠤᠨ ᠠᠵᠤ ᠠᠬᠤᠶᠢᠯᠠᠯ ᠤᠨ ᠮᠡᠷᠭᠡᠵᠢᠯ ᠤᠨ ᠲᠥᠪ︾ ᠢᠶᠠᠷ ᠦᠨᠡᠯᠡᠭᠳᠡᠵᠡᠢ᠂ | ᠡᠨᠡ ᠨᠢ ᠮᠥᠨ ᠴᠦ ᠤᠯᠤᠰ ᠤᠨ ᠳᠣᠲᠣᠭᠠᠳᠤ ᠶᠢᠨ ᠲᠠᠮᠢᠷ ᠤᠨ ᠠᠵᠢᠯ ᠲᠥᠷᠥᠯ ᠤᠨ ᠳᠣᠲᠣᠷᠠᠬᠢ ᠡᠨᠡ ᠬᠦ ᠢᠷᠠᠭᠤ | ᠠᠯᠳᠠᠷ ᠢ ᠭᠥᠷᠳᠡᠭᠰᠡᠨ ᠠᠩᠬᠠᠳᠠᠭᠴᠢ ᠮᠡᠷᠭᠡᠵᠢᠯ ᠤᠨ ᠲᠥᠪ ᠪᠣᠯᠣᠨ᠎ᠠ᠃ ᠣᠶᠢᠷ᠎ᠠ ᠶᠢᠨ ᠵᠢᠯ ᠳᠤ᠂ ᠠᠨ ᠲᠠ | ᠪᠦᠯᠦᠭᠯᠡᠯ ᠤᠨ ᠵᠢᠯ ᠪᠦᠷᠢ ᠶᠢᠨ ᠮᠡᠷᠭᠡᠵᠢᠯ ᠤᠨ ᠰᠤᠳᠤᠯᠤᠨ ᠨᠡᠭᠡᠭᠡᠬᠦ ᠲᠠᠯ᠎ᠠ ᠪᠠᠷ ᠬᠢ ᠪᠡᠯᠡ ᠣᠷᠣᠭᠤᠯᠤᠯᠲᠠ ᠶᠢᠨ | ᠡᠵᠡᠯᠡᠬᠦ ᠬᠠᠷᠢᠴᠠᠯ ᠨᠢ ᠪᠣᠷᠤᠯᠠᠭᠤᠯᠭ᠎ᠠ ᠶᠢᠨ ᠥᠪᠡᠷ ᠤᠨ ᠥᠷᠲᠡᠭ ᠤᠨ 5% ᠠᠴᠠ ᠳᠡᠭᠡᠭᠰᠢ ᠬᠦᠷᠴᠦ ᠪᠤᠢ᠂ ᠠᠨ | ᠲᠠ ᠪᠦᠯᠦᠭᠯᠡᠯ ᠤᠨ ᠵᠢᠯ ᠪᠦᠷᠢ ᠶᠢᠨ ᠰᠤᠳᠤᠯᠤᠨ ᠨᠡᠭᠡᠭᠡᠬᠦ ᠣᠷᠣᠭᠤᠯᠤᠯᠲᠠ ᠨᠢ 2015 ᠣᠨ ᠳᠤ 3.08 | ᠳ᠋ᠦᠩᠰᠢᠭᠤᠷ ᠲᠥᠭᠦᠷᠢᠭ ᠪᠠᠶᠢᠭᠰᠠᠨ ᠠᠴᠠ ᠪᠠᠨ 2020 ᠣᠨ ᠳᠤ 8.71 ᠳ᠋ᠦᠩᠰᠢᠭᠤᠷ ᠲᠥᠭᠦᠷᠢᠭ ᠪᠣᠯᠵᠤ | ᠳᠡᠭᠡᠭᠰᠢᠯᠡᠵᠡᠢ᠃ ᠣᠶᠢᠷ᠎ᠠ ᠳᠤ᠂ ᠠᠨ ᠲᠠ ᠪᠦᠯᠦᠭᠯᠡᠯ ᠠᠴᠠ ᠢᠷᠡᠭᠡᠳᠦᠢ ᠳᠤ ᠵᠢᠯ ᠪᠦᠷᠢ 10 ᠳ᠋ᠦᠩᠰᠢᠭᠤᠷ | ᠲᠥᠭᠦᠷᠢᠭ ᠤᠨ ᠰᠤᠳᠤᠯᠤᠨ ᠨᠡᠭᠡᠭᠡᠵᠦ ᠰᠢᠨ᠎ᠡ ᠶᠢ ᠡᠭᠦᠳᠬᠦ ᠪᠡᠯᠡ ᠮᠥᠩᠭᠦ ᠣᠷᠣᠭᠤᠯᠵᠤ᠂ ᠲᠠᠸᠠᠷ ᠤᠨ ᠵᠢᠷᠤᠭ | ᠲᠥᠯᠥᠪᠯᠡᠭᠡ᠂ ᠰᠢᠨᠵᠢᠯᠡᠬᠦ ᠤᠬᠠᠭᠠᠨ ᠮᠡᠷᠭᠡᠵᠢᠯ ᠤᠨ ᠰᠤᠳᠤᠯᠤᠨ ᠨᠡᠭᠡᠭᠡᠯᠲᠡ᠂ ᠨᠠᠷᠠᠲᠤ ᠲᠡᠮᠳᠡᠭᠲᠦ ᠶᠢᠨ ᠡᠵᠡᠩᠨᠡᠯᠲᠡ | ᠪᠣᠷᠣᠯᠠᠭᠤᠯᠤᠯᠲᠠ ᠵᠢᠴᠢ ᠬᠠᠮᠢᠶᠠᠷᠤᠯᠲᠠ ᠶᠢᠨ ᠬᠤᠪᠢᠰᠤᠯᠲᠠ ᠵᠡᠷᠭᠡ ᠬᠦᠷᠢᠶᠡᠨ ᠳᠠᠬᠢ ᠰᠢᠨ᠎ᠡ ᠶᠢ ᠡᠭᠦᠳᠬᠦ | ᠦᠢᠯᠡᠳᠦᠯᠭᠡ ᠶᠢ ᠵᠣᠷᠢᠭᠵᠢᠭᠤᠯᠬᠤ ᠳᠤ ᠬᠡᠷᠡᠭᠯᠡᠵᠦ᠂ ︽ᠰᠢᠨ᠎ᠡ ᠶᠢ ᠡᠭᠦᠳᠬᠦ ᠪᠠᠷ ᠠᠵᠤ ᠠᠬᠤᠶᠢᠯᠠᠯ ᠤᠨ ᠣᠷᠣᠰᠢᠨ | ᠲᠣᠭᠲᠠᠨᠢᠬᠤ ᠶᠢᠨ ᠦᠨᠳᠦᠰᠦ ᠪᠣᠯᠭᠠᠬᠤ︾ ᠭᠤᠣᠯᠯᠠᠬᠤ ᠰᠣᠶᠣᠯ ᠢ ᠭᠦᠨᠵᠡᠭᠡᠢ ᠳᠡᠯᠭᠡᠷᠡᠭᠦᠯᠬᠦ ᠶᠢᠨ ᠬᠠᠮᠲᠤ ᠰᠢᠨ᠎ᠡ ᠶᠢ | ᠡᠭᠦᠳᠬᠦ ᠴᠢᠳᠠᠪᠤᠷᠢᠲᠠᠨ ᠵᠢᠴᠢ ᠪᠦᠯᠬᠦᠮ ᠨᠡᠶᠢᠲᠡ ᠶᠢ ᠤᠷᠮᠠᠰᠢᠭᠤᠯᠬᠤ ᠶᠢ ᠴᠢᠩᠭᠠᠳᠬᠠᠨ᠎ᠠ ᠭᠡᠵᠦ ᠵᠠᠷᠯᠠᠵᠠᠢ᠃ | ᠮᠠᠨ ᠤ ᠤᠯᠤᠰ ᠤᠨ ᠪᠡᠶ᠎ᠡ ᠶᠢᠨ ᠲᠠᠮᠢᠷ ᠤᠨ ᠬᠡᠷᠡᠭᠰᠡᠯ ᠤᠨ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠪᠡᠯᠡ | ᠣᠷᠣᠭᠤᠯᠤᠯᠲᠠ ᠶᠢᠨ ᠲᠠᠯ᠎ᠠ ᠪᠠᠷ ᠦᠷᠭᠦᠯᠵᠢᠯᠡᠨ ᠨᠡᠮᠡᠭᠳᠡᠬᠦ ᠶᠢ ᠳᠠᠭᠠᠯᠳᠤᠨ᠂ ᠤᠯᠤᠰ ᠤᠨ ᠳᠣᠲᠣᠭᠠᠳᠤ ᠶᠢᠨ ᠨᠠᠷᠠᠲᠤ | ᠲᠡᠮᠳᠡᠭ ᠤᠨ ᠰᠢᠨ᠎ᠡ ᠶᠢ ᠡᠭᠦᠳᠦᠭᠰᠡᠨ ᠦᠢᠯᠡᠳᠬᠦᠨ ᠴᠦ ᠵᠠᠬ᠎ᠠ ᠳᠡᠯᠭᠡᠭᠦᠷ ᠲᠤ ᠨᠠᠩ ᠣᠯᠠᠨ ᠬᠡᠷᠡᠭᠯᠡᠭᠴᠢᠳ ᠤᠨ | ᠬᠦᠷᠢᠶᠡᠯᠡᠯ ᠢ ᠣᠯᠣᠭᠰᠠᠨ ᠪᠠᠶᠢᠨ᠎ᠠ᠃ ᠬᠠᠮᠤᠭ ᠤᠨ ᠰᠢᠨ᠎ᠡ ᠪᠦᠷᠢᠳᠬᠡᠯ ᠠᠴᠠ ᠦᠵᠡᠪᠡᠯ᠂ 2021 ᠣᠨ ᠳᠤ᠂ ᠠᠨ | ᠲᠠ᠂ ᠯᠢ ᠨᠢᠩ ᠤᠨ ᠡᠵᠡᠩᠨᠡᠯᠲᠡ ᠶᠢᠨ ᠣᠷᠣᠯᠭ᠎ᠠ ᠨᠢ ᠲᠣᠰ ᠲᠣᠰ 493.3 ᠳ᠋ᠦᠩᠰᠢᠭᠤᠷ ᠲᠥᠭᠦᠷᠢᠭ᠂ 225.7 | ᠳ᠋ᠦᠩᠰᠢᠭᠤᠷ ᠲᠥᠭᠦᠷᠢᠭ ᠲᠤ ᠬᠦᠷᠴᠡᠢ ᠁ ᠠᠨ ᠲᠠ᠂ ᠯᠢ ᠨᠢᠩ ᠢᠶᠠᠷ ᠲᠥᠯᠥᠭᠡᠯᠡᠭᠦᠯᠦᠭᠰᠡᠨ ᠳᠤᠮᠳᠠᠳᠤ | ᠤᠯᠤᠰ ᠤᠨ ᠪᠡᠶ᠎ᠡ ᠶᠢᠨ ᠲᠠᠮᠢᠷ ᠤᠨ ᠬᠡᠷᠡᠭᠰᠡᠯ ᠤᠨ ᠠᠵᠤ ᠠᠬᠤᠶᠢᠯᠠᠯ ᠣᠲᠣ ᠶᠠᠭ ᠰᠢᠨᠵᠢᠯᠡᠬᠦ ᠤᠬᠠᠭᠠᠨ ᠮᠡᠷᠭᠡᠵᠢᠯ ᠤᠨ | ᠰᠤᠳᠤᠯᠤᠨ ᠨᠡᠭᠡᠭᠡᠬᠦ ᠣᠷᠣᠭᠤᠯᠤᠯᠲᠠ ᠪᠠᠨ ᠴᠢᠩᠭᠠᠷᠠᠭᠤᠯᠬᠤ ᠪᠠᠷ ᠳᠠᠮᠵᠢᠭᠤᠯᠤᠨ᠂ ᠠᠵᠤ ᠠᠬᠤᠶᠢᠯᠠᠯ ᠤᠨ ᠭᠤᠣᠯᠯᠠᠬᠤ | ᠥᠷᠢᠰᠦᠯᠳᠦᠬᠦ ᠬᠦᠴᠦᠨ ᠢᠶᠠᠨ ᠳᠡᠭᠡᠭᠰᠢᠯᠡᠭᠦᠯᠵᠦ᠂ ᠳᠡᠯᠡᠬᠡᠢ ᠶᠢᠨ ᠲᠡᠷᠢᠭᠦᠨ ᠤ ᠠᠵᠤ ᠠᠬᠤᠶᠢᠯᠠᠯ ᠢ ᠲᠦᠷᠭᠡᠪᠴᠢᠯᠡᠨ | ᠨᠡᠬᠡᠵᠦ ᠪᠠᠶᠢᠨ᠎ᠠ᠃ | ᠳᠠᠯᠠᠨ ᠲᠠᠪᠤᠳᠤᠭᠠᠷ ᠵᠦᠢᠯ᠄ ᠤᠯᠤᠰ ᠠᠴᠠ ᠨᠥᠬᠦᠴᠡᠯ ᠲᠠᠢ ᠳᠡᠭᠡᠳᠦ ᠵᠡᠷᠭᠡ ᠶᠢᠨ ᠰᠤᠷᠭᠠᠭᠤᠯᠢ ᠶᠢᠨ ᠪᠡᠶ᠎ᠡ ᠶᠢᠨ | ᠲᠠᠮᠢᠷ ᠤᠨ ᠠᠵᠤ ᠦᠢᠯᠡᠰ ᠤᠨ ᠬᠠᠮᠢᠶ᠎ᠠ ᠪᠦᠬᠦᠢ ᠲᠤᠰᠬᠠᠢ ᠮᠡᠷᠭᠡᠵᠢᠯ ᠲᠣᠬᠢᠷᠠᠭᠤᠯᠬᠤ᠂ ᠰᠤᠷᠭᠠᠭᠤᠯᠢ ᠠᠵᠤ | ᠠᠬᠤᠶᠢᠯᠠᠯ ᠤᠨ ᠬᠠᠮᠲᠤᠷᠠᠯᠴᠠᠭ᠎ᠠ ᠥᠷᠨᠢᠭᠦᠯᠬᠦ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠪᠠ ᠪᠤᠯᠪᠠᠰᠤᠷᠠᠯ ᠢ | ᠴᠢᠩᠭᠠᠳᠬᠠᠬᠤ᠂ ᠪᠡᠶ᠎ᠡ ᠶᠢᠨ ᠲᠠᠮᠢᠷ ᠤᠨ ᠠᠵᠤ ᠦᠢᠯᠡᠰ ᠤᠨ ᠲᠤᠰᠬᠠᠢ ᠮᠡᠷᠭᠡᠵᠢᠯ ᠤᠨ ᠴᠢᠳᠠᠪᠤᠷᠢᠲᠠᠨ ᠢ | ᠬᠥᠮᠥᠵᠢᠭᠦᠯᠬᠦ᠂ ᠪᠡᠶ᠎ᠡ ᠶᠢᠨ ᠲᠠᠮᠢᠷ ᠤᠨ ᠠᠵᠤ ᠦᠢᠯᠡᠰ ᠤᠨ ᠬᠥᠭᠵᠢᠯᠲᠡ ᠶᠢ ᠪᠦᠲᠦᠮᠵᠢᠲᠡᠶ ᠲᠤᠯᠭᠠᠭᠤᠷᠢᠯᠠᠬᠤ | ᠴᠢᠳᠠᠪᠤᠷᠢᠲᠠᠨ ᠤ ᠡᠩᠨᠡᠭᠡ ᠶᠢ ᠪᠦᠷᠢᠯᠳᠦᠭᠦᠯᠬᠦ ᠶᠢ ᠵᠣᠷᠢᠭᠵᠢᠭᠤᠯᠤᠨ᠎ᠠ᠃ | ᠭᠢᠯᠠᠰ ᠴᠡᠭ ᠭᠤᠷᠪᠠ᠂ ᠪᠡᠶ᠎ᠡ ᠶᠢᠨ ᠲᠠᠮᠢᠷ ᠤᠨ ᠠᠵᠤ ᠦᠢᠯᠡᠰ ᠤᠨ ᠬᠥᠭᠵᠢᠯᠲᠡ ᠳᠤ ᠴᠢᠳᠠᠪᠤᠷᠢᠲᠠᠨ ᠤ | ᠪᠠᠳᠤᠯᠠᠭ᠎ᠠ ᠬᠠᠩᠭᠠᠨ᠎ᠠ | ᠨᠠᠨᠲ᠋ᠦ᠋ᠩ ᠲᠠᠮᠤᠷ ᠬᠦᠮᠦᠨ ᠪᠡᠶ᠎ᠡ ᠶᠢᠨ ᠲᠠᠮᠢᠷ ᠤᠨ ᠬᠡᠷᠡᠭᠰᠡᠯ ᠤᠨ ᠬᠢᠵᠠᠭᠠᠷᠲᠤ ᠺᠣᠮᠫᠠᠨᠢ ᠶᠢᠨ ᠳᠡᠳ᠋ ᠶᠡᠷᠦᠩᠬᠡᠢ | ᠳᠠᠭᠠᠭᠠᠮᠠᠯ ᠬᠤᠸᠠᠩ ᠬᠤᠸᠠᠩ ᠠᠴᠠ ᠰᠢᠨ᠎ᠡ ᠪᠠᠷ ᠵᠠᠰᠠᠪᠤᠷᠢ ᠣᠷᠣᠭᠤᠯᠤᠭᠰᠠᠨ ᠪᠡᠶ᠎ᠡ ᠶᠢᠨ ᠲᠠᠮᠢᠷ ᠤᠨ ᠬᠠᠤᠯᠢ ᠶᠢᠨ | ᠲᠤᠬᠠᠢ ᠶᠠᠷᠢᠬᠤ ᠳᠠᠭᠠᠨ᠄ ︽ᠪᠡᠶ᠎ᠡ ᠶᠢᠨ ᠲᠠᠮᠢᠷ ᠵᠢᠴᠢ ᠪᠡᠶ᠎ᠡ ᠶᠢᠨ ᠲᠠᠮᠢᠷ ᠤᠨ ᠠᠵᠤ ᠦᠢᠯᠡᠰ ᠢ ᠤᠯᠠᠮ ᠠᠴᠠ ᠤᠯᠠᠮ | ᠴᠢᠬᠤᠯᠠᠴᠢᠯᠠᠵᠤ᠂ ᠪᠡᠶ᠎ᠡ ᠶᠢᠨ ᠲᠠᠮᠢᠷ ᠤᠨ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠲᠠᠯ᠎ᠠ ᠪᠠᠷ᠂ | ᠲᠥᠷᠥ ᠶᠢᠨ ᠪᠣᠳᠣᠯᠭ᠎ᠠ ᠶᠢ ᠨᠠᠩ ᠨᠠᠶᠢᠳᠠᠪᠤᠷᠢᠵᠢᠭᠤᠯᠵᠤ᠂ ᠨᠠᠩ ᠪᠣᠳᠠᠲᠠᠢ ᠪᠣᠯᠭᠠᠵᠠᠢ︾ ᠭᠡᠵᠦ ᠪᠠᠶᠢᠯ᠎ᠠ᠃ | ᠬᠤᠸᠠᠩ ᠬᠤᠸᠠᠩ ᠢᠯᠡᠷᠬᠡᠶᠢᠯᠡᠬᠦ ᠳᠡᠭᠡᠨ᠂ ᠪᠣᠳᠠᠲᠠᠢ ᠠᠵᠢᠯ ᠤᠨ ᠳᠤᠮᠳᠠ ᠮᠠᠰᠢ ᠣᠯᠠᠨ ᠪᠡᠶ᠎ᠡ ᠶᠢᠨ ᠲᠠᠮᠢᠷ ᠤᠨ | ᠲᠤᠰᠬᠠᠢ ᠮᠡᠷᠭᠡᠵᠢᠯ ᠤᠨ ᠮᠡᠳᠡᠯᠭᠡ ᠲᠠᠢ ᠬᠠᠮ ᠴᠢᠳᠠᠪᠤᠷᠢᠲᠠᠨ ᠱᠠᠭᠠᠷᠳᠠᠭᠳᠠᠨ᠎ᠠ᠂ ᠵᠢᠱᠢᠶᠡᠯᠡᠪᠡᠯ ᠪᠡᠶ᠎ᠡ | ᠴᠢᠭᠢᠷᠠᠭᠵᠢᠭᠤᠯᠬᠤ ᠲᠠᠯ᠎ᠠ ᠶᠢᠨ ᠮᠡᠳᠡᠯᠭᠡ ᠶᠢ ᠡᠵᠡᠮᠰᠢᠵᠦ᠂ ᠬᠡᠷᠬᠢᠨ ᠨᠠᠩ ᠵᠦᠢ ᠵᠣᠬᠢᠰᠲᠠᠢ ᠪᠡᠶ᠎ᠡ | ᠴᠢᠭᠢᠷᠠᠭᠵᠢᠭᠤᠯᠬᠤ ᠶᠢ ᠮᠡᠳᠡᠬᠦ ᠬᠡᠷᠡᠭᠲᠡᠢ᠂ ᠢᠩᠭᠢᠪᠡᠯ ᠰᠠᠶ᠋ᠢ ᠵᠢᠷᠤᠵᠤ ᠲᠥᠯᠥᠪᠯᠡᠭᠰᠡᠨ ᠦᠢᠯᠡᠳᠬᠦᠨ ᠢᠶᠠᠨ ᠨᠠᠩ | ᠬᠥᠮᠥᠨᠴᠢ ᠴᠢᠨᠠᠷ ᠲᠠᠢ ᠪᠣᠯᠭᠠᠵᠤ᠂ ᠬᠠᠮᠤᠭ ᠤᠨ ᠰᠠᠶᠢᠨ ᠪᠣᠯᠪᠠᠰᠤᠷᠠᠯ ᠤᠨ ᠦᠷ᠎ᠡ ᠪᠦᠲᠦᠮᠵᠢ ᠶᠢ ᠪᠠᠳᠠᠷᠠᠭᠤᠯᠵᠤ | ᠴᠢᠳᠠᠨ᠎ᠠ︔ ᠦᠢᠯᠡᠳᠬᠦᠨ ᠢ ᠰᠤᠳᠤᠯᠤᠨ ᠨᠡᠭᠡᠭᠡᠵᠦ ᠵᠢᠷᠤᠵᠤ ᠲᠥᠯᠥᠪᠯᠡᠬᠦ ᠲᠠᠯ᠎ᠠ ᠪᠠᠷ᠂ ᠵᠢᠷᠤᠵᠤ ᠲᠥᠯᠥᠪᠯᠡᠬᠦ | ᠴᠢᠳᠠᠪᠤᠷᠢ ᠲᠠᠢ ᠮᠡᠷᠭᠡᠵᠢᠯᠲᠡᠨ ᠢ ᠬᠡᠷᠡᠭᠰᠡᠵᠦ᠂ ᠪᠦᠲᠦᠴᠡ ᠶᠢᠨ ᠵᠢᠷᠤᠭ ᠲᠥᠯᠥᠪᠯᠡᠭᠡ᠂ ᠭᠠᠳᠠᠷ ᠬᠡᠯᠪᠡᠷᠢ ᠶᠢᠨ ᠵᠢᠷᠤᠭ | ᠲᠥᠯᠥᠪᠯᠡᠭᠡ ᠶᠢᠨ ᠲᠠᠯ᠎ᠠ ᠪᠠᠷ ᠵᠣᠬᠢᠬᠤ ᠴᠢᠳᠠᠪᠤᠷᠢ ᠲᠠᠢ ᠪᠠᠶᠢᠬᠤ ᠬᠡᠷᠡᠭᠲᠡᠢ︔ ᠪᠦᠲᠦᠭᠡᠭᠳᠡᠬᠦᠨ ᠤ | ᠪᠣᠷᠣᠯᠠᠭᠤᠯᠤᠯᠲᠠ ᠶᠢᠨ ᠲᠠᠯ᠎ᠠ ᠪᠠᠷ᠂ ᠪᠡᠶ᠎ᠡ ᠶᠢᠨ ᠲᠠᠮᠢᠷ ᠢ ᠮᠡᠳᠡᠳᠡᠭ᠂ ᠢᠯᠡᠳᠬᠡᠬᠦ ᠴᠢᠳᠠᠪᠤᠷᠢ ᠪᠠᠷ ᠰᠠᠶᠢᠨ ᠬᠥᠮᠥᠰ ᠢ | ᠱᠠᠭᠠᠷᠳᠠᠨ᠎ᠠ ᠭᠡᠪᠡ᠃ | ᠰᠤᠷᠭᠠᠨ ᠬᠥᠮᠦᠵᠢᠯ ᠤᠨ ᠡᠲᠡᠭᠡᠳ ᠤᠨ ᠬᠦᠮᠦᠨ ᠪᠣᠯᠤᠭᠰᠠᠨ ᠤ ᠬᠤᠪᠢ ᠳᠤ᠂ ᠪᠡᠭᠡᠵᠢᠩ ᠤᠨ ᠪᠡᠶ᠎ᠡ ᠶᠢᠨ | ᠲᠠᠮᠢᠷ ᠤᠨ ᠶᠡᠭᠡ ᠰᠤᠷᠭᠠᠭᠤᠯᠢ ᠶᠢᠨ ᠬᠠᠮᠢᠶᠠᠷᠤᠯᠲᠠ ᠶᠢᠨ ᠳᠡᠭᠡᠳᠦ ᠰᠤᠷᠭᠠᠭᠤᠯᠢ ᠶᠢᠨ ᠳᠡᠳ᠋ ᠫᠷᠤᠹᠧᠰᠰᠤᠷ ᠭᠧᠩ ᡁᠢ | ᠸᠧᠢ ᠮᠥᠨ ᠴᠦ ᠪᠡᠶ᠎ᠡ ᠶᠢᠨ ᠲᠠᠮᠢᠷ ᠤᠨ ᠬᠠᠤᠯᠢ ᠶᠢᠨ ᠳᠠᠯᠠᠨ ᠲᠠᠪᠤᠳᠤᠭᠠᠷ ᠵᠦᠢᠯ ᠤᠨ ᠲᠣᠭᠲᠠᠭᠠᠯ ᠢ ᠠᠩᠬᠠᠷᠴᠤ᠂ ︽ | ᠡᠨᠡ ᠨᠢ ᠪᠢᠳᠡᠨ ᠤ ᠴᠢᠳᠠᠪᠤᠷᠢᠲᠠᠨ ᠢ ᠬᠥᠮᠥᠵᠢᠭᠦᠯᠬᠦ ᠳᠤ ᠰᠢᠨ᠎ᠡ ᠥᠷᠢᠰᠦᠯᠳᠦᠭᠡᠨ ᠢ ᠲᠤᠯᠭᠠᠷᠠᠭᠤᠯᠵᠤ᠂ ᠣᠯᠠᠨ | ᠨᠡᠶᠢᠲᠡ ᠶᠢᠨ ᠬᠠᠮᠢᠶᠠᠷᠤᠯᠲᠠ ᠶᠢᠨ ᠴᠢᠳᠠᠪᠤᠷᠢᠲᠠᠨ ᠢ ᠬᠥᠮᠥᠵᠢᠭᠦᠯᠬᠦ ᠪᠠᠷ ᠪᠠᠷᠠᠬᠤ ᠦᠭᠡᠢ᠂ ᠮᠥᠨ ᠴᠦ ᠦᠢᠯᠡᠳᠪᠦᠷᠢ | ᠬᠤᠳᠠᠯᠳᠤᠭᠠᠨ ᠤ ᠬᠠᠮᠢᠶᠠᠷᠤᠯᠲᠠ ᠶᠢᠨ ᠬᠥᠮᠦᠵᠢᠯ ᠤᠨ ᠰᠢᠨ᠎ᠡ ᠰᠡᠳᠬᠢᠴᠡ ᠲᠠᠢ ᠪᠠᠶᠢᠬᠤ ᠬᠡᠷᠡᠭᠲᠡᠢ︾ ᠭᠡᠵᠡᠢ᠃ | ᠭᠧᠩ ᡁᠢ ᠸᠧᠢ ᠶᠢᠨ ᠲᠠᠨᠢᠯᠴᠠᠭᠤᠯᠤᠭᠰᠠᠨ ᠢᠶᠠᠷ᠂ ᠲᠡᠭᠦᠨ ᠤ ᠪᠠᠶᠢᠭ᠎ᠠ ᠪᠡᠭᠡᠵᠢᠩ ᠤᠨ ᠪᠡᠶ᠎ᠡ ᠶᠢᠨ ᠲᠠᠮᠢᠷ ᠤᠨ | ᠶᠡᠭᠡ ᠰᠤᠷᠭᠠᠭᠤᠯᠢ ᠶᠢᠨ ᠬᠠᠮᠢᠶᠠᠷᠤᠯᠲᠠ ᠶᠢᠨ ᠳᠡᠭᠡᠳᠦ ᠰᠤᠷᠭᠠᠭᠤᠯᠢ ᠨᠢ ᠳᠡᠭᠡᠷ᠎ᠡ ᠵᠠᠭᠤᠨ ᠤ ᠨᠠᠶᠠᠭᠠᠳ ᠣᠨ ᠳᠤ | ᠪᠠᠶᠢᠭᠤᠯᠤᠭᠳᠠᠵᠠᠢ᠃ ᠲᠤᠬᠠᠢ ᠶᠢᠨ ᠦᠶ᠎ᠡ ᠶᠢᠨ ᠬᠥᠮᠥᠵᠢᠭᠦᠯᠬᠦ ᠬᠠᠷᠠᠯᠲᠠ ᠪᠣᠯ ᠡᠯ᠎ᠡ ᠱᠠᠲᠤᠨ ᠤ ᠪᠡᠶ᠎ᠡ ᠶᠢᠨ ᠲᠠᠮᠢᠷ ᠤᠨ | ᠵᠠᠰᠠᠭ ᠵᠠᠬᠢᠷᠭᠠᠨ ᠤ ᠰᠠᠯᠠᠭ᠎ᠠ ᠮᠥᠴᠢᠷ ᠵᠢᠴᠢ ᠠᠵᠢᠯ ᠦᠢᠯᠡᠰ ᠤᠨ ᠨᠢᠭᠡᠴᠡ ᠳᠤ ᠴᠢᠳᠠᠪᠤᠷᠢᠳᠠᠨ ᠬᠦᠮᠦᠵᠢᠬᠦᠯᠦᠨ᠎ᠡ᠃ | ᠲᠦᠷᠦᠬᠦᠨ ᠳᠡᠭᠡᠨ ᠲᠡᠭᠦᠰᠦᠭᠰᠡᠨ ᠰᠤᠷᠤᠭᠴᠢᠳ ᠤᠨ ᠤᠯᠠᠩᠭᠢ ᠨᠢ ᠪᠡᠶ᠎ᠡ ᠶᠢᠨ ᠲᠠᠮᠢᠷ ᠤᠨ ᠵᠠᠰᠠᠭ ᠵᠠᠬᠢᠷᠭᠠᠨ ᠤ | ᠰᠠᠯᠠᠭ᠎ᠠ ᠮᠥᠴᠢᠷ᠂ ᠲᠠᠮᠢᠷ ᠤᠨ ᠬᠥᠳᠡᠯᠭᠡᠭᠡᠨ ᠤ ᠵᠦᠢᠯ ᠤᠨ ᠬᠠᠮᠢᠶᠠᠷᠤᠯᠲᠠ ᠶᠢᠨ ᠲᠦᠪ ᠲᠤ ᠠᠵᠢᠯᠯᠠᠪᠠ᠃ | ᠣᠶᠢᠷ᠎ᠠ ᠶᠢᠨ ᠵᠢᠯ ᠤᠳ ᠲᠤ ᠪᠡᠶ᠎ᠡ ᠶᠢᠨ ᠲᠠᠮᠢᠷ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ᠂ ᠪᠡᠶ᠎ᠡ ᠶᠢᠨ ᠲᠠᠮᠢᠷ ᠤᠨ | ᠬᠥᠳᠡᠯᠭᠡᠭᠡᠨ ᠤ ᠲᠥᠷᠥᠯ ᠵᠦᠢᠯ ᠤᠨ ᠬᠠᠮᠢᠶᠠᠷᠤᠯᠲᠠ ᠶᠢᠨ ᠲᠥᠪ ᠤᠨ ᠴᠢᠳᠠᠪᠤᠷᠢᠲᠠᠨ ᠡᠯᠰᠡᠬᠦ ᠡᠷᠴᠢᠮ ᠶᠡᠭᠡ ᠪᠠᠷ | ᠪᠠᠭᠤᠷᠠᠭᠰᠠᠨ ᠠᠴᠠ ᠲᠡᠭᠦᠰᠬᠦ ᠰᠤᠷᠤᠭᠴᠢᠳ ᠤᠨ ᠠᠵᠢᠯ ᠣᠯᠬᠤ ᠴᠢᠭᠯᠡᠯ ᠴᠦ ᠨᠠᠩ ᠣᠯᠠᠨ ᠪᠣᠯᠵᠤ᠂ ᠨᠠᠩ ᠣᠯᠠᠨ | ᠲᠡᠭᠦᠰᠬᠦ ᠰᠤᠷᠤᠭᠴᠢᠳ ᠪᠡᠶ᠎ᠡ ᠶᠢᠨ ᠲᠠᠮᠢᠷ ᠤᠨ ᠠᠵᠤ ᠠᠬᠤᠶᠢᠯᠠᠯ᠂ ᠪᠡᠶ᠎ᠡ ᠶᠢᠨ ᠲᠠᠮᠢᠷ ᠤᠨ ᠺᠯᠦ᠋ᠪ᠂ ᠶᠡᠭᠡ ᠳᠡᠭᠡᠳᠦ | ᠰᠤᠷᠭᠠᠭᠤᠯᠢ᠂ ᠰᠣᠨᠢᠨ ᠮᠡᠳᠡᠭᠡᠨ ᠤ ᠵᠠᠭᠤᠴᠢᠯᠠᠭᠤᠷ᠂ ᠭᠠᠳᠠᠭᠠᠳᠤ ᠳᠤ ᠭᠠᠷᠴᠤ ᠰᠤᠷᠤᠯᠴᠠᠬᠤ ᠵᠡᠷᠭᠡ ᠶᠢ | ᠰᠣᠩᠭᠤᠭᠰᠠᠨ ᠪᠠᠶᠢᠨ᠎ᠠ ᠃ | ︽ᠴᠢᠳᠠᠪᠤᠷᠢᠲᠠᠨ ᠢ ᠬᠥᠮᠥᠵᠢᠭᠦᠯᠬᠦ ᠪᠣᠯ ᠳᠡᠭᠡᠳᠦ ᠰᠤᠷᠭᠠᠭᠤᠯᠢ ᠶᠢᠨ ᠡᠭᠦᠷᠭᠡ ᠪᠣᠯᠬᠤ ᠪᠠᠷ ᠪᠠᠷᠠᠬᠤ ᠦᠭᠡᠢ᠂ | ᠠᠵᠤ ᠠᠬᠤᠶᠢᠯᠠᠯ ᠤᠨ ᠬᠢᠨ ᠣᠷᠤᠯᠴᠠᠬᠤ ᠨᠢ ᠴᠦ ᠮᠠᠰᠢ ᠴᠢᠬᠤᠯᠠ ᠶᠤᠮ︾᠃ ᠭᠧᠩ ᡁᠢ ᠸᠧᠢ ᠶᠢᠨ ᠦᠵᠡᠬᠦ ᠪᠠᠷ᠂ | ᠪᠡᠶ᠎ᠡ ᠶᠢᠨ ᠲᠠᠮᠢᠷ ᠤᠨ ᠬᠠᠤᠯᠢ ᠶᠢᠨ ᠳᠠᠯᠠᠨ ᠲᠠᠪᠤᠳᠤᠭᠠᠷ ᠵᠦᠢᠯ ᠳᠤ ᠳᠤᠷᠠᠳᠤᠭᠰᠠᠨ ᠰᠤᠷᠭᠠᠭᠤᠯᠢ ᠪᠠ ᠠᠵᠤ | ᠠᠬᠤᠶᠢᠯᠠᠯ ᠤᠨ ᠬᠠᠮᠲᠤᠷᠠᠯᠴᠠᠭ᠎ᠠ ᠪᠣᠯ ᠲᠤᠶᠢᠯ ᠤᠨ ᠴᠢᠬᠤᠯᠠ ᠶᠤᠮ᠃ | ᠵᠠᠬ᠎ᠠ ᠳᠡᠯᠭᠡᠭᠦᠷ ᠲᠤ ᠰᠢᠭᠤᠳ ᠬᠠᠨᠳᠤᠵᠦ ᠪᠠᠶᠢᠭ᠎ᠠ ᠨᠠᠨᠲ᠋ᠦ᠋ᠩ ᠲᠡᠮᠦᠷ ᠬᠥᠮᠥᠨ ᠪᠡᠶ᠎ᠡ ᠶᠢᠨ ᠲᠠᠮᠢᠷ ᠨᠢ ᠨᠠᠩ | ᠴᠤ ᠰᠤᠷᠭᠠᠭᠤᠯᠢ ᠪᠠ ᠠᠵᠤ ᠠᠬᠤᠶᠢᠯᠠᠯ ᠤᠨ ᠬᠠᠮᠲᠤᠷᠠᠯᠴᠠᠭᠠᠨ ᠤ ᠲᠠᠯ᠎ᠠ ᠪᠠᠷ ᠡᠳᠦᠢ ᠲᠡᠳᠦᠢ ᠬᠠᠶᠢᠨ | ᠰᠦᠪᠡᠭᠴᠢᠯᠡᠯᠲᠡ ᠬᠢᠭᠰᠡᠨ ᠪᠠᠶᠢᠨ᠎ᠠ᠃ ᠬᠤᠸᠠᠩ ᠬᠤᠸᠠᠩ ᠤᠨ ᠲᠠᠨᠢᠯᠴᠠᠭᠤᠯᠤᠭᠰᠠᠨ ᠢᠶᠠᠷ᠂ ᠲᠡᠮᠦᠷ ᠬᠥᠮᠥᠨ | ᠪᠡᠶ᠎ᠡ ᠶᠢᠨ ᠲᠠᠮᠢᠷ ᠨᠢ ᠨᠢᠭᠡᠨᠲᠡ ᠨᠠᠨᠲ᠋ᠦ᠋ᠩ ᠤᠨ ᠲᠤᠬᠠᠢ ᠶᠢᠨ ᠭᠠᠵᠠᠷ ᠤᠨ ᠵᠠᠷᠢᠮ ᠳᠡᠭᠡᠳᠦ ᠰᠤᠷᠭᠠᠭᠤᠯᠢ ᠵᠢᠴᠢ | ᠨᠠᠨᠵᠢᠩ ᠤᠨ ᠪᠡᠶ᠎ᠡ ᠶᠢᠨ ᠲᠠᠮᠢᠷ ᠤᠨ ᠳᠡᠭᠡᠳᠦ ᠰᠤᠷᠭᠠᠭᠤᠯᠢ᠂ ᠦᠬᠠᠨ ᠤ ᠪᠡᠶ᠎ᠡ ᠶᠢᠨ ᠲᠠᠮᠢᠷ ᠤᠨ ᠳᠡᠭᠡᠳᠦ ᠰᠤᠷᠭᠠᠭᠤᠯᠢ | ᠵᠡᠷᠭᠡ ᠪᠡᠶ᠎ᠡ ᠶᠢᠨ ᠲᠠᠮᠢᠷ ᠤᠨ ᠳᠡᠭᠡᠳᠦ ᠰᠤᠷᠭᠠᠭᠤᠯᠢ ᠲᠠᠢ ᠴᠢᠳᠠᠪᠤᠷᠢᠲᠠᠨ ᠬᠥᠮᠥᠵᠢᠭᠦᠯᠬᠦ ᠪᠠ ᠴᠢᠳᠠᠪᠤᠷᠢᠲᠠᠨ ᠢ | ᠣᠷᠣᠭᠤᠯᠤᠨ ᠠᠪᠴᠢᠷᠠᠬᠤ ᠲᠠᠯ᠎ᠠ ᠪᠠᠷ ᠢᠳᠡᠪᠬᠢᠲᠡᠢ ᠰᠣᠯᠢᠯᠴᠠᠭ᠎ᠠ ᠪᠠ ᠬᠠᠮᠲᠤᠷᠠᠯᠴᠠᠭ᠎ᠠ ᠥᠷᠨᠢᠭᠦᠯᠵᠦ᠂ ᠬᠡᠰᠡᠭ | ᠠᠵᠢᠯ ᠤᠨ ᠪᠠᠶᠢᠷᠢ ᠳᠤ ᠬᠡᠷᠡᠭᠰᠡᠬᠦ ᠴᠢᠳᠠᠪᠤᠷᠢᠲᠠᠨ ᠢ ᠬᠠᠨᠳᠤᠯᠭ᠎ᠠ ᠲᠠᠢ ᠪᠠᠷ ᠬᠥᠮᠥᠵᠢᠭᠦᠯᠪᠡ ᠭᠡᠵᠦ ᠪᠠᠶᠢᠪᠠ᠃ |