︽ᠵᠠᠯᠠᠭᠤᠴᠤᠳ ᠦᠭᠡᠳᠡᠯᠡᠪᠡᠯ ᠤᠯᠤᠰ ᠣᠷᠣᠨ ᠦᠭᠡᠳᠡᠯᠡᠵᠦ᠂ ᠵᠠᠯᠠᠭᠤᠴᠤᠳ ᠬᠦᠴᠦᠷᠬᠡᠭᠵᠢᠪᠡᠯ ᠤᠯᠤᠰ | ᠣᠷᠣᠨ ᠬᠦᠴᠦᠷᠬᠡᠭᠵᠢᠨ᠎ᠡ᠂ ᠵᠠᠯᠠᠭᠤ ᠨᠢᠭᠡ ᠦᠶ᠎ᠡ ᠶᠢᠨ ᠬᠢᠨ ᠬᠦᠰᠡᠯᠡᠩ ᠲᠠᠢ᠂ ᠴᠢᠳᠠᠪᠤᠷᠢ ᠲᠠᠢ᠂ ᠬᠠᠷᠢᠭᠤᠴᠠᠯᠭ᠎ᠠ ᠲᠠᠢ | ᠪᠠᠶᠢᠪᠠᠯ ᠤᠯᠤᠰ ᠣᠷᠣᠨ ᠢᠷᠡᠭᠡᠳᠦᠢ ᠲᠠᠢ᠂ ᠦᠨᠳᠦᠰᠦᠲᠡᠨ ᠬᠦᠰᠡᠯ ᠡᠷᠡᠮᠡᠯᠵᠡᠯ ᠲᠠᠢ ᠪᠣᠯᠣᠨ᠎ᠠ︾᠃ ᠵᠠᠯᠠᠭᠤ ᠪᠠᠭ᠎ᠠ | ᠨᠠᠰᠤᠨ ᠤ ᠦᠶ᠎ᠡ ᠪᠣᠯ ᠪᠡᠶ᠎ᠡ ᠲᠠᠮᠢᠷ ᠤᠨ ᠪᠣᠯᠪᠠᠰᠤᠷᠠᠯ ᠤᠨ ᠰᠠᠶᠢᠨ ᠰᠠᠶᠢᠬᠠᠨ ᠳᠠᠳᠬᠠᠯ ᠢ ᠪᠤᠶ ᠪᠣᠯᠭᠠᠬᠤ | ᠵᠠᠩᠭᠢᠯᠠᠭ᠎ᠠ ᠶᠢᠨ ᠬᠤᠭᠤᠴᠠᠭ᠎ᠠ ᠪᠣᠯᠣᠨ᠎ᠠ᠃ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ | ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠢ ᠥᠷᠨᠢᠭᠦᠯᠬᠦ ᠶᠠᠪᠤᠴᠠ ᠳᠤ ᠤᠯᠤᠰ ᠪᠠ ᠥᠪᠡᠷᠲᠡᠭᠡᠨ ᠵᠠᠰᠠᠬᠤ | ᠣᠷᠣᠨ ᠤ ︽ᠵᠠᠯᠠᠭᠤᠴᠤᠳ ᠪᠠᠭᠠᠴᠤᠳ ᠤᠨ ᠪᠡᠶ᠎ᠡ ᠮᠠᠬᠠᠪᠤᠳ ᠤᠨ ᠡᠷᠡᠭᠦᠯ ᠴᠢᠭᠢᠷᠠᠭ ᠢ ᠠᠬᠢᠭᠤᠯᠬᠤ︾ ᠱᠠᠭᠠᠷᠳᠠᠯᠭ᠎ᠠ | ᠶᠢ ᠴᠢᠩᠭ᠎ᠠ ᠵᠢᠷᠤᠮᠯᠠᠨ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠥᠷᠭᠡᠨ ᠣᠯᠠᠨ ᠬᠡᠦᠬᠡᠳ | ᠪᠠᠭᠠᠴᠤᠳ ᠲᠤ ᠪᠡᠶ᠎ᠡ ᠶᠢᠨ ᠲᠠᠮᠢᠷ ᠤᠨ ᠪᠣᠯᠪᠠᠰᠤᠷᠠᠯ ᠳᠤ ᠣᠷᠤᠯᠴᠠᠬᠤ ᠲᠠᠪᠴᠠᠩ ᠪᠠᠶᠢᠭᠤᠯᠤᠨ ᠥᠭᠴᠦ᠂ ᠮᠠᠨ ᠤ | ᠣᠷᠣᠨ ᠤ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠬᠥᠭᠵᠢᠯᠲᠡ ᠶᠢᠨ ︽ᠭᠤᠷᠪᠠᠨ ᠶᠡᠭᠡ ᠰᠢᠰᠲ᠋ᠧᠮ︾ | ᠢ ᠴᠢᠷᠮᠠᠶᠢᠨ ᠲᠡᠭᠦᠯᠳᠡᠷᠵᠢᠭᠦᠯᠵᠦ᠂ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ︽ᠭᠤᠷᠪᠠᠨ ᠶᠡᠭᠡ | ᠵᠢᠭᠰᠠᠭᠠᠯ ᠤᠨ ᠭᠠᠵᠠᠷ︾ ᠢ ᠪᠠᠲᠤ ᠪᠠᠬᠢ ᠪᠠᠶᠢᠭᠤᠯᠵᠤ᠂ ᠡᠯᠪᠡᠭ ᠪᠠᠶᠠᠯᠢᠭ ᠪᠡᠶ᠎ᠡ ᠶᠢᠨ ᠲᠠᠮᠢᠷ ᠤᠨ ᠬᠥᠳᠡᠯᠭᠡᠭᠡᠨ | ᠥᠷᠨᠢᠭᠦᠯᠬᠦ ᠪᠠᠷ ᠳᠠᠮᠵᠢᠭᠤᠯᠤᠨ᠂ ᠬᠡᠦᠬᠡᠳ ᠪᠠᠭᠠᠴᠤᠳ ᠢ ᠬᠥᠲᠥᠯᠥᠨ ᠵᠢᠯᠤᠭᠤᠳᠴᠤ ᠪᠠᠶᠢᠭᠠᠳ ᠡᠷᠡᠭᠦᠯ ᠮᠡᠨᠳᠦ ᠶᠢ | ᠲᠡᠷᠢᠭᠦᠨ ᠳᠤ ᠲᠠᠯᠪᠢᠬᠤ ᠣᠶᠢᠯᠠᠭᠠᠭᠳᠠᠬᠤᠨ ᠢ ᠪᠣᠶ ᠪᠣᠯᠭᠠᠵᠤ᠂ ᠪᠡᠶ᠎ᠡ ᠶᠢᠨ ᠲᠠᠮᠢᠷ ᠤᠨ ᠪᠣᠯᠪᠠᠰᠤᠷᠠᠯ ᠳᠤᠮᠳᠠ ᠪᠡᠶ᠎ᠡ | ᠮᠠᠬᠠᠪᠤᠳ ᠢᠶᠠᠨ ᠴᠢᠭᠢᠷᠠᠭᠵᠢᠭᠤᠯᠤᠨ᠂ ᠵᠣᠷᠢᠭ ᠰᠠᠨᠠᠭ᠎ᠠ ᠪᠠᠨ ᠳᠠᠪᠲᠠᠨ ᠪᠣᠯᠪᠠᠰᠤᠷᠠᠭᠤᠯᠵᠤ᠂ ᠦᠨᠳᠦᠰᠦᠲᠡᠨ ᠤ | ᠰᠡᠷᠭᠦᠨ ᠮᠠᠨᠳᠤᠯᠲᠠ ᠶᠢᠨ ᠶᠡᠭᠡ ᠡᠭᠦᠷᠭᠡ ᠶᠢ ᠡᠭᠦᠷᠭᠡᠯᠡᠬᠦ ᠴᠠᠭ ᠦᠶ᠎ᠡ ᠶᠢᠨ ᠰᠢᠨ᠎ᠡ ᠬᠥᠮᠥᠨ᠂ ᠶᠣᠰᠣ ᠮᠣᠷᠠᠯ ᠣᠶᠤᠨ | ᠤᠬᠠᠭᠠᠨ ᠪᠡᠶ᠎ᠡ ᠮᠠᠬᠠᠪᠤᠳ ᠭᠤᠸ᠎ᠠ ᠰᠠᠶᠢᠬᠠᠨ ᠬᠥᠳᠡᠯᠮᠦᠷᠢ ᠪᠥᠬᠦ ᠲᠠᠯ᠎ᠠ ᠪᠠᠷ ᠬᠥᠭᠵᠢᠭᠰᠡᠨ ᠨᠡᠶᠢᠭᠡᠮ ᠵᠢᠷᠤᠮ ᠤᠨ | ᠪᠦᠲᠦᠭᠡᠨ ᠪᠠᠶᠢᠭᠤᠯᠤᠭᠴᠢ ᠪᠠ ᠵᠠᠯᠭᠠᠮᠵᠢᠯᠠᠭᠴᠢ ᠶᠢ ᠬᠥᠮᠥᠵᠢᠭᠦᠯᠦᠨ᠎ᠡ︕ | | ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠦᠪᠵᠢᠭᠦᠯᠭᠡ ᠶᠢᠨ ᠬᠤᠭᠤᠴᠠᠭᠠᠨ ᠳᠠᠬᠢ ᠵᠠᠯᠠᠭᠤᠴᠤᠳ | ᠪᠠᠭᠠᠴᠤᠳ ᠤᠨ ᠪᠡᠶ᠎ᠡ ᠶᠢᠨ ᠲᠠᠮᠢᠷ ᠤᠨ ᠬᠦᠭᠵᠢᠯᠲᠡ ᠶᠢᠨ ᠠᠮᠵᠢᠯᠳᠠ | ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠳᠦᠷᠢᠮ ᠤᠨ ᠪᠠᠲᠤᠯᠠᠭ᠎ᠠ ᠶᠢᠨ ᠲᠣᠭᠲᠠᠴᠠ ᠶᠢ ᠤᠯᠠᠮ | ᠨᠢᠭᠡ ᠲᠦᠯᠬᠢᠨ ᠠᠬᠢᠭᠤᠯᠪᠠ᠃ | ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠤᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ ᠢ | ᠤᠯᠠᠨ ᠨᠢᠭᠡ ᠠᠯᠬᠤᠮ ᠲᠡᠭᠡᠭᠰᠢᠯᠡᠭᠦᠯᠪᠡ᠃ | ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠰᠢᠨᠵᠢᠯᠡᠬᠦ ᠤᠬᠠᠭᠠᠨᠴᠢ ᠬᠢᠷᠢ ᠲᠦᠪᠰᠢᠨ ᠢ ᠤᠯᠠᠮ | ᠨᠢᠭᠡ ᠠᠯᠬᠤᠮ ᠲᠡᠭᠡᠭᠰᠢᠯᠡᠬᠦᠯᠪᠡ᠃ | ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠪᠡᠯᠡᠳᠬᠡᠯ ᠴᠢᠳᠠᠪᠤᠷᠢᠲᠠᠨ ᠢ ᠬᠥᠮᠥᠵᠢᠭᠦᠯᠬᠦ ᠰᠢᠰᠲ᠋ᠧᠮ | ᠤᠯᠠᠮ ᠨᠢᠭᠡ ᠠᠯᠬᠤᠮ ᠲᠡᠭᠦᠯᠳᠡᠷᠵᠢᠪᠡ᠃ | ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠦᠢᠯᠡᠰ ᠤᠨ ᠬᠦᠭᠵᠢᠯᠳᠡ ᠶᠢᠨ ᠠᠭᠤᠷ ᠠᠮᠢᠰᠬᠤᠯ | ᠤᠯᠠᠮ ᠨᠢᠭᠡ ᠠᠯᠬᠤᠮ ᠦᠷᠨᠢᠭᠦᠨ ᠪᠤᠯᠪᠠ᠃ | | ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠦᠪᠵᠢᠭᠦᠯᠭᠡ ᠶᠢᠨ ᠬᠤᠭᠤᠴᠠᠭᠠᠨ ᠳᠤ᠂ ᠵᠠᠯᠠᠭᠤᠴᠤᠳ | ᠪᠠᠭᠠᠴᠤᠳ ᠤᠨ ᠪᠡᠶ᠎ᠡ ᠶᠢᠨ ᠲᠠᠮᠢᠷ ᠨᠢ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠵᠢᠭᠰᠠᠭᠠᠯ ᠤᠨ | ᠭᠠᠵᠠᠷ ᠤᠨ ᠪᠦᠲᠦᠭᠡᠨ ᠪᠠᠶᠢᠭᠤᠯᠤᠯᠳᠠ ᠶᠢ ᠪᠠᠳᠤᠳᠬᠠᠬᠤ ᠪᠠᠷ ᠰᠠᠭᠤᠷᠢ ᠪᠤᠯᠭᠠᠵᠦ᠂ ᠵᠠᠯᠠᠭᠤᠴᠤᠳ ᠪᠠᠭᠠᠴᠤᠳ ᠤᠨ | ᠪᠡᠶ᠎ᠡ ᠶᠢᠨ ᠲᠠᠮᠢᠷ ᠤᠨ ᠪᠡᠯᠡᠳᠬᠡᠯ ᠴᠢᠳᠠᠪᠤᠷᠢᠲᠠᠨ ᠢ ᠬᠥᠮᠥᠵᠢᠭᠦᠯᠬᠦ ᠠᠷᠭ᠎ᠠ ᠵᠠᠮ ᠢ ᠣᠯᠠᠨ ᠵᠠᠮ ᠢᠶᠠᠷ ᠦᠷᠭᠡᠳᠬᠡᠵᠦ᠂ | 7 ᠤᠯᠤᠰ ᠤᠨ ᠲᠠᠰ ᠤᠨ ᠥᠨᠳᠥᠷ ᠬᠢᠷᠢ ᠲᠦᠪᠰᠢᠨ ᠪᠦᠬᠦᠢ ᠪᠡᠯᠡᠳᠬᠡᠯ ᠴᠢᠳᠠᠪᠤᠷᠢᠲᠠᠨ ᠤ ᠰᠠᠭᠤᠷᠢᠨ ᠭᠠᠵᠠᠷ᠂ 68 | ᠥᠪᠡᠷᠲᠡᠭᠡᠨ ᠵᠠᠰᠠᠬᠤ ᠣᠷᠣᠨ ᠤ ᠲᠠᠰ ᠤᠨ ᠪᠡᠶ᠎ᠡ ᠶᠢᠨ ᠲᠠᠮᠢᠷ ᠤᠨ ᠪᠡᠯᠡᠳᠬᠡᠯ ᠴᠢᠳᠠᠪᠤᠷᠢᠲᠠᠨ ᠤ ᠰᠠᠭᠤᠷᠢᠨ ᠭᠠᠵᠠᠷ᠂ | 360 ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠺᠯᠦ᠋ᠪ᠂ 39 ᠭᠡᠷ ᠤᠨ ᠭᠠᠳᠠᠨᠠᠬᠢ ᠬᠥᠳᠡᠯᠭᠡᠭᠡᠨ ᠤ | ᠬᠤᠸᠠᠷᠠᠨ ᠢ ᠪᠠᠶᠢᠭᠤᠯᠵᠤ᠂ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠤᠯᠠᠮᠵᠢᠯᠠᠯᠲᠤ ᠲᠥᠷᠥᠯ | ᠵᠦᠢᠯ ᠤᠨ ᠰᠤᠷᠭᠠᠭᠤᠯᠢ 179᠂ ᠵᠠᠯᠠᠭᠤᠴᠤᠳ ᠪᠠᠭᠠᠴᠤᠳ ᠤᠨ ᠰᠠᠭᠰᠤᠨ ᠪᠥᠮᠪᠦᠭᠡ᠂ ᠠᠯᠠᠭᠠᠳᠠᠬᠤ ᠪᠥᠮᠪᠦᠭᠡ ᠶᠢᠨ | ᠪᠡᠶ᠎ᠡ ᠶᠢᠨ ᠲᠠᠮᠢᠷ ᠤᠨ ᠲᠥᠷᠥᠯ ᠵᠦᠢᠯ ᠤᠨ ᠣᠨᠴᠠᠯᠢᠭᠲᠤ ᠰᠤᠷᠭᠠᠭᠤᠯᠢ 980 ᠶᠢ ᠨᠡᠷᠡᠶᠢᠳᠴᠦ᠂ ᠬᠤᠰᠢᠭᠤ ᠰᠢᠶᠠᠨ | ︵ᠬᠤᠲᠠ᠂ ᠲᠣᠭᠤᠷᠢᠭ︶ ᠤ ᠵᠠᠯᠠᠭᠤᠴᠤᠳ ᠪᠠᠭᠠᠴᠤᠳ ᠤᠨ ᠠᠵᠢᠯ ᠤᠨ ᠴᠢᠯᠦᠭᠡᠨ ᠤ ᠪᠣᠯᠪᠠᠰᠤᠷᠠᠯ ᠤᠨ ᠵᠣᠬᠢᠶᠠᠨ | ᠪᠠᠶᠢᠭᠤᠯᠤᠯᠲᠠ ᠶᠢ ᠪᠦᠷᠢᠨ ᠬᠠᠮᠤᠷᠬᠤ ᠶᠢ ᠪᠡᠶᠡᠯᠡᠭᠦᠯᠪᠡ᠃ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ | ᠪᠡᠯᠡᠳᠬᠡᠯ ᠴᠢᠳᠠᠪᠤᠷᠢᠲᠠᠨ ᠤ ᠱᠠᠲᠤᠯᠵᠢᠨ ᠡᠩᠨᠡᠭᠡ ᠶᠢ ᠨᠡᠩ ᠲᠡᠭᠦᠯᠳᠡᠷᠵᠢᠭᠦᠯᠵᠦ᠂ ᠨᠡᠶᠢᠳᠡ 66128 ᠵᠠᠯᠠᠭᠤ | ᠪᠠᠭᠠᠴᠤᠳ ᠲᠠᠮᠢᠷᠴᠢᠨ 53 ᠲᠦᠷᠦᠯ ᠵᠦᠢᠯ ᠤᠨ ᠳᠠᠩᠰᠠᠯᠠᠯᠲᠠ ᠶᠢ ᠪᠡᠶᠡᠯᠡᠭᠦᠯᠵᠦ᠂ ᠵᠠᠯᠠᠭᠤᠴᠤᠳ ᠪᠠᠭᠠᠴᠤᠳ ᠤᠨ | ᠪᠡᠶ᠎ᠡ ᠶᠢᠨ ᠲᠠᠮᠢᠷ ᠤᠨ ᠤᠷᠤᠯᠳᠤᠭᠠᠨ ᠪᠠ ᠠᠵᠢᠯᠯᠠᠭ᠎ᠠ ᠨᠢ ᠪᠠᠶᠠᠯᠢᠭ ᠰᠠᠶᠢᠬᠠᠨ ᠪᠠᠶᠢᠵᠤ᠂ ᠣᠷᠣᠯᠴᠠᠭᠰᠠᠨ ᠬᠥᠮᠥᠨ ᠤ | ᠲᠤᠭ᠎ᠠ ᠨᠢ ᠨᠡᠶᠢᠳᠡ 200 ᠲᠦᠮᠡᠨ ᠬᠥᠮᠥᠨ ᠤᠳᠠᠭ᠎ᠠ ᠳᠤ ᠬᠦᠷᠴᠦ᠂ 800 ᠵᠠᠯᠠᠭᠤᠴᠤᠳ ᠪᠠᠭᠠᠴᠤᠳ ᠤᠨ | ᠪᠡᠶ᠎ᠡ ᠶᠢᠨ ᠲᠠᠮᠢᠷ ᠤᠨ ᠳᠠᠰᠬᠠᠯᠵᠢᠭᠤᠯᠤᠭᠴᠢ᠂ ᠬᠠᠮᠢᠶᠠᠷᠤᠯᠲᠠ ᠶᠢᠨ ᠠᠵᠢᠯᠲᠠᠨ ᠳᠤ ᠲᠤᠬᠠᠶᠢᠯᠠᠭᠰᠠᠨ ᠠᠵᠢᠯ ᠤᠨ | ᠪᠣᠯᠪᠠᠰᠤᠷᠠᠯ ᠥᠷᠨᠢᠭᠦᠯᠵᠡᠢ᠃2019 ᠣᠨ ᠤ ᠬᠤᠶᠠᠳᠤᠭᠠᠷ ᠬᠤᠭᠤᠴᠠᠭᠠᠨ ᠤ ᠪᠥᠬᠦ ᠤᠯᠤᠰ ᠤᠨ ᠵᠠᠯᠠᠭᠤᠴᠤᠳ ᠤᠨ | ᠪᠡᠶ᠎ᠡ ᠶᠢᠨ ᠲᠠᠮᠢᠷ ᠤᠨ ᠴᠤᠭᠯᠠᠭᠠᠨ ᠳᠤ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ 35 ᠠᠯᠲᠠᠨ | ᠮᠧᠳᠠᠯ᠂ 34 ᠮᠥᠩᠭᠦᠨ ᠮᠧᠳᠠᠯ᠂ 65 ᠬᠦᠷᠡᠯ ᠮᠧᠳᠠᠯ ᠣᠯᠵᠤ᠂ 2021 ᠣᠨ ᠤ ᠠᠷᠪᠠᠨ ᠳᠥᠷᠪᠡᠳᠦᠭᠡᠷ | ᠬᠤᠭᠤᠴᠠᠭᠠᠨ ᠤ ᠪᠥᠬᠦ ᠤᠯᠤᠰ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠥᠪᠥᠷ ᠮᠣᠩᠭᠤᠯ ᠤᠨ | ᠲᠥᠯᠥᠭᠡᠯᠡᠭᠴᠢᠳ ᠤᠨ ᠪᠦᠯᠬᠦᠮ 8 ᠠᠯᠲᠠᠨ ᠮᠧᠳᠠᠯ᠂ 10 ᠮᠥᠩᠭᠦᠨ ᠮᠧᠳᠠᠯ᠂ 10 ᠬᠦᠷᠡᠯ ᠮᠧᠳᠠᠯ ᠣᠯᠪᠠ᠃ | | ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠶᠢᠨ ᠬᠤᠭᠤᠴᠠᠭᠠᠨ ᠳᠠᠬᠢ ᠵᠠᠯᠠᠭᠤᠴᠤᠳ | ᠪᠠᠭᠠᠴᠤᠳ ᠤᠨ ᠪᠠᠶ᠎ᠡ ᠶᠢᠨ ᠲᠠᠮᠢᠷ ᠤᠨ ᠵᠢᠯᠤᠭᠤᠳᠬᠤ ᠦᠵᠡᠯ ᠰᠠᠨᠠᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠣᠨ | ᠠᠷᠪᠠ ᠶᠢᠰᠦᠳᠦᠭᠡᠷ ᠬᠤᠭᠤᠴᠠᠭᠠᠨ ᠤ ᠤᠳᠠᠭ᠎ᠠ ᠪᠦᠷᠢ ᠶᠢᠨ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ | ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠪᠡᠶ᠎ᠡ ᠶᠢᠨ ᠲᠠᠮᠢᠷ ᠤᠨ | ᠲᠤᠬᠠᠢ ᠴᠢᠬᠤᠯᠠ ᠥᠭᠦᠯᠡᠯᠲᠡ ᠪᠣᠯᠣᠨ ᠥᠪᠥᠷ ᠮᠣᠩᠭᠤᠯ ᠤᠨ ᠠᠵᠢᠯ ᠤᠨ ᠲᠤᠬᠠᠢ ᠴᠢᠬᠤᠯᠠ ᠶᠠᠷᠢᠶᠠᠨ ᠤ ᠴᠢᠬᠤᠯᠠ | ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠡᠶ᠎ᠡ ᠶᠢᠨ | ᠲᠠᠮᠢᠷ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠬᠠᠷᠠᠯᠲᠠ ᠶᠢᠨ ᠲᠣᠭᠤᠷᠢᠨ ᠳᠤ᠂ ᠠᠷᠠᠳ ᠲᠦᠮᠡᠨ ᠢᠶᠠᠷ | ᠭᠤᠣᠯ ᠪᠣᠯᠭᠠᠬᠤ ᠶᠢ ᠪᠠᠷᠢᠮᠲᠠᠯᠠᠵᠤ᠂ ᠬᠡᠦᠬᠡᠳ ᠪᠠᠭᠠᠴᠤᠳ ᠤᠨ ᠡᠷᠡᠭᠦᠯ ᠢᠶᠠᠷ ᠦᠰᠦᠨ ᠪᠣᠶᠢᠵᠢᠬᠤ ᠶᠢ ᠠᠬᠢᠭᠤᠯᠵᠤ᠂ | ᠪᠡᠶ᠎ᠡ ᠶᠢᠨ ᠲᠠᠮᠢᠷ ᠤᠨ ᠪᠣᠯᠪᠠᠰᠤᠷᠠᠯ ᠤᠨ ᠳᠤᠮᠳᠠ ᠬᠠᠪᠤ ᠴᠡᠩᠭᠡᠯ ᠢ ᠡᠳ᠋ᠯᠡᠵᠦ᠂ ᠪᠠᠶᠢᠭᠤᠯᠤᠯ ᠢᠶᠠᠨ ᠴᠢᠩᠭᠠᠳᠬᠠᠵᠤ᠂ | ᠬᠥᠮᠥᠨ ᠴᠢᠨᠠᠷ ᠢᠶᠠᠨ ᠲᠡᠭᠦᠯᠳᠡᠷᠵᠢᠭᠦᠯᠵᠦ᠂ ᠵᠣᠷᠢᠭ ᠰᠠᠨᠠᠭ᠎ᠠ ᠪᠠᠨ ᠳᠠᠪᠲᠠᠨ ᠪᠣᠯᠪᠠᠰᠤᠷᠠᠭᠤᠯᠵᠤ᠂ ᠶᠣᠰᠣ ᠰᠤᠷᠲᠠᠬᠤᠨ | ᠤᠶᠤᠨ ᠤᠬᠠᠭᠠᠨ ᠪᠡᠶ᠎ᠡ ᠮᠠᠬᠠᠪᠤᠳ ᠭᠤᠸ᠎ᠠ ᠰᠠᠶᠢᠬᠠᠨ ᠬᠥᠳᠡᠯᠮᠦᠷᠢ ᠵᠡᠷᠭᠡ ᠪᠦᠬᠦ ᠲᠠᠯ᠎ᠠ ᠪᠠᠷ ᠬᠥᠭᠵᠢᠭᠰᠡᠨ ᠨᠡᠶᠢᠭᠡᠮ | ᠵᠢᠷᠤᠮ ᠤᠨ ᠪᠦᠲᠦᠭᠡᠨ ᠪᠠᠶᠢᠭᠤᠯᠤᠭᠴᠢ ᠪᠠ ᠵᠠᠯᠭᠠᠮᠵᠢᠯᠠᠭᠴᠢ ᠶᠢ ᠬᠥᠮᠥᠵᠢᠭᠦᠯᠦᠨ᠎ᠡ᠃ | | ᠠᠵᠢᠯ ᠤᠨ ᠭᠤᠤᠯᠳᠠᠯᠭ᠎ᠠ | ᠪᠡᠶ᠎ᠡ ᠶᠢᠨ ᠲᠠᠮᠢᠷ ᠰᠤᠷᠭᠠᠨ ᠬᠥᠮᠦᠵᠢᠯ ᠤᠨ ᠠᠭᠤᠰᠤᠯᠴᠠᠯ ᠢ ᠭᠦᠨᠵᠡᠭᠡᠶᠢᠷᠡᠭᠦᠯᠵᠦ᠂ ᠲᠦᠷᠦ ᠶᠢᠨ ᠪᠤᠳᠤᠯᠭ᠎ᠠ | ᠶᠢᠨ ᠲᠠᠭᠠᠭᠤᠯᠤᠯ ᠢ ᠴᠢᠩᠭᠠᠳᠬᠠᠨ᠎ᠠ | ︽ᠪᠡᠶ᠎ᠡ ᠶᠢᠨ ᠲᠠᠮᠢᠷ ᠰᠤᠷᠭᠠᠨ ᠬᠥᠮᠦᠵᠢᠯ ᠤᠨ ᠠᠭᠤᠰᠤᠯᠴᠠᠯ ᠢ ᠭᠦᠨᠵᠡᠭᠡᠶᠢᠷᠡᠭᠦᠯᠵᠦ᠂ ᠵᠠᠯᠠᠭᠤᠴᠤᠳ | ᠪᠠᠭᠠᠴᠤᠳ ᠤᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠲᠤᠬᠠᠢ ᠬᠡᠷᠡᠭᠵᠢᠭᠦᠯᠬᠦ ᠰᠠᠨᠠᠯ︾ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠯᠠᠭᠤᠴᠤᠳ ᠪᠠᠭᠠᠴᠤᠳ ᠤᠨ ᠪᠡᠶ᠎ᠡ ᠶᠢᠨ | ᠲᠠᠮᠢᠷ ᠤᠨ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠠᠵᠢᠯᠯᠠᠭᠠᠨ ᠤ ᠲᠥᠯᠥᠪᠯᠡᠭᠡ︾ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠰᠤᠷᠭᠠᠭᠤᠯᠢ ᠶᠢᠨ | ᠬᠠᠮᠢᠶᠠᠷᠤᠯᠳᠠ ᠶᠢᠨ ᠲᠦᠷᠢᠮ︾ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ | ᠤᠨ ᠺᠯᠦ᠋ᠪ ᠤᠨ ᠬᠠᠮᠢᠶᠠᠷᠤᠯᠳᠠ ᠶᠢᠨ ᠲᠦᠷᠢᠮ︾ | ᠭᠤᠷᠪᠠᠨ ᠶᠡᠭᠡ ᠰᠢᠰᠲ᠋ᠧᠮ ᠢ ᠪᠠᠶᠢᠭᠤᠯᠬᠤ | ᠵᠠᠯᠠᠭᠤᠴᠤᠳ ᠪᠠᠭᠤᠴᠤᠳ ᠤᠨ ᠡᠷᠡᠭᠦᠯ ᠮᠡᠨᠳᠦ ᠶᠢ ᠠᠬᠢᠭᠤᠯᠬᠤ ᠰᠢᠰᠲ᠋ᠧᠮ | ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠪᠤᠯᠪᠠᠰᠤᠷᠠᠯ ᠤᠨ ᠰᠢᠰᠲ᠋ᠧᠮ | ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠤᠷᠤᠯᠳᠤᠭᠠᠨ ᠤ ᠰᠢᠰᠲ᠋ᠧᠮ | ᠪᠡᠶ᠎ᠡ ᠶᠢᠨ ᠲᠠᠮᠢᠷ ᠤᠨ ᠵᠤᠷᠢᠭ ᠰᠠᠨᠠᠭ᠎ᠠ ᠬᠢᠭᠡᠳ ᠪᠠᠶ᠎ᠡ ᠶᠢᠨ ᠲᠠᠮᠢᠷ ᠤᠨ ᠰᠤᠶᠤᠯ | ● ᠵᠠᠯᠠᠭᠤᠴᠤᠳ ᠪᠠᠭᠠᠴᠤᠳ ᠤᠨ ᠳᠤᠮᠳᠠ ᠳᠤᠮᠳᠠᠳᠤ ᠶᠢᠨ ᠪᠡᠶ᠎ᠡ ᠶᠢᠨ ᠲᠠᠮᠢᠷ ᠤᠨ ᠵᠣᠷᠢᠭ ᠰᠠᠨᠠᠭ᠎ᠠ᠂ | ᠳᠤᠮᠳᠠᠳᠤ ᠤᠯᠤᠰ ᠤᠨ ᠡᠮᠡᠭᠲᠡᠢ ᠶᠢᠨ ᠠᠯᠠᠭᠠᠳᠠᠬᠤ ᠪᠥᠮᠪᠦᠭᠡ ᠶᠢᠨ ᠪᠠᠭ ᠤᠨ ᠵᠣᠷᠢᠭ ᠰᠠᠨᠠᠭ᠎ᠠ᠂ ᠪᠡᠭᠡᠵᠢᠩ ᠤᠨ | ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠤ ᠵᠤᠷᠢᠭ ᠰᠠᠨᠠᠭ᠎ᠠ ᠵᠡᠷᠭᠡ ᠶᠢ ᠤᠬᠠᠭᠤᠯᠤᠨ | ᠲᠡᠯᠭᠡᠷᠡᠭᠦᠯᠦᠨ᠎ᠡ᠃ | ● ᠵᠠᠯᠠᠭᠤᠴᠤᠳ ᠪᠠᠭᠠᠴᠤᠳ ᠤᠨ ᠳᠤᠮᠳᠠ ᠳᠤᠮᠳᠠᠳᠤ ᠶᠢᠨ ᠪᠡᠶ᠎ᠡ ᠶᠢᠨ ᠲᠠᠮᠢᠷ ᠤᠨ ᠰᠣᠶᠣᠯ ᠢ ᠤᠯᠠᠮᠵᠢᠯᠠᠨ | ᠳᠡᠯᠭᠡᠷᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ᠂ ᠡᠬᠡ ᠣᠷᠣᠨᠴᠢ | ᠦᠵᠡᠯ ᠤᠨ ᠬᠥᠮᠦᠵᠢᠯ ᠪᠠ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠵᠡᠷᠭᠡ ᠥᠪᠡᠷᠮᠢᠴᠡ ᠣᠨᠴᠠᠯᠢᠭ | ᠪᠦᠬᠦᠢ ᠵᠢᠭᠠᠨ ᠰᠤᠷᠭᠠᠬᠤ ᠠᠵᠢᠯᠯᠠᠭ᠎ᠠ ᠶᠢ ᠥᠷᠨᠢᠭᠦᠯᠦᠨ᠎ᠡ᠃ | ● ᠵᠠᠯᠠᠭᠤᠴᠤᠳ ᠪᠠᠭᠠᠴᠤᠳ ᠤᠨ ᠳᠤᠮᠳᠠ ᠪᠡᠶ᠎ᠡ ᠶᠢᠨ ᠲᠠᠮᠢᠷ ᠤᠨ ᠶᠣᠰᠣ ᠮᠣᠷᠠᠯ ᠢ ᠪᠤᠢ ᠪᠣᠯᠭᠠᠵᠤ᠂ | ᠬᠥᠮᠥᠨ ᠢ ᠬᠥᠮᠥᠵᠢᠭᠦᠯᠬᠦ ᠴᠢᠳᠠᠮᠵᠢ ᠪᠠ ᠦᠨ᠎ᠡ ᠦᠷᠳᠡᠭ ᠢ ᠳᠡᠯᠭᠡᠷᠡᠭᠦᠯᠦᠨ᠎ᠡ᠃ | | ᠭᠤᠤᠯ ᠡᠭᠦᠷᠭᠡ | ᠪᠡᠶ᠎ᠡ ᠶᠢᠨ ᠲᠠᠮᠢᠷ ᠪᠠ ᠰᠤᠷᠭᠠᠨ ᠬᠥᠮᠦᠵᠢᠯ ᠤᠨ ᠠᠭᠤᠰᠤᠯᠴᠠᠯ ᠢ ᠭᠦᠨᠵᠡᠭᠡᠶᠢᠷᠡᠭᠦᠯᠵᠦ᠂ ᠵᠠᠯᠠᠭᠤᠴᠤᠳ | ᠪᠠᠭᠠᠴᠤᠳ ᠤᠨ ᠪᠡᠶ᠎ᠡ ᠶᠢᠨ ᠲᠠᠮᠢᠷ ᠤᠨ ᠦᠢᠯᠡᠴᠢᠯᠡᠭᠡᠨ ᠤ ᠬᠢᠷᠢ ᠲᠦᠪᠰᠢᠨ ᠢ ᠲᠡᠭᠡᠭᠰᠢᠯᠡᠭᠦᠯᠦᠨ᠎ᠡ | 1. ᠪᠡᠶ᠎ᠡ ᠲᠠᠮᠢᠷ ᠪᠠ ᠰᠤᠷᠭᠠᠨ ᠬᠥᠮᠦᠵᠢᠯ ᠢ ᠠᠭᠤᠰᠤᠯᠴᠠᠭᠤᠯᠬᠤ ᠠᠵᠢᠯ ᠤᠨ ᠲᠥᠷᠥ ᠶᠢᠨ ᠪᠣᠳᠣᠯᠭ᠎ᠠ ᠶᠢᠨ | ᠰᠢᠰᠲ᠋ᠧᠮ ᠢ ᠲᠡᠭᠦᠯᠳᠡᠷᠵᠢᠭᠦᠯᠦᠨ᠎ᠡ᠃ | 2. ᠭᠤᠣᠯᠳᠠᠯᠭ᠎ᠠ ᠲᠠᠢ ᠡᠭᠦᠷᠭᠡ ᠶᠢ ᠦᠨᠡᠯᠡᠨ ᠵᠢᠱᠢᠬᠦ ᠪᠠ ᠨᠡᠶᠢᠲᠡᠯᠢᠭ ᠬᠡᠷᠡᠭ ᠤᠨ ᠵᠢᠱᠢᠶ᠎ᠡ ᠶᠢ ᠤᠬᠠᠭᠤᠯᠬᠤ | ᠲᠣᠭᠲᠠᠴᠠ ᠶᠢ ᠪᠠᠶᠢᠭᠤᠯᠤᠨ᠎ᠠ᠃ | ᠣᠯᠠᠨ ᠡᠰᠢᠲᠦ ᠬᠥᠭᠵᠢᠯᠲᠡ ᠶᠢ ᠠᠬᠢᠭᠤᠯᠵᠤ᠂ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ | ︽ᠭᠤᠷᠪᠠᠨ ᠶᠡᠭᠡ︾ ᠶᠢᠨ ᠵᠢᠭᠰᠠᠭᠠᠯ ᠤᠨ ᠭᠠᠵᠠᠷ ᠢ ᠪᠠᠳᠤᠳᠬᠠᠨ᠎ᠠ | 1. ᠪᠡᠶ᠎ᠡ ᠶᠢᠨ ᠲᠠᠮᠢᠷ ᠰᠤᠷᠭᠠᠨ ᠬᠥᠮᠦᠵᠢᠯ ᠤᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠰᠤᠷᠭᠠᠭᠤᠯᠢ ᠶᠢᠨ | ᠪᠡᠶ᠎ᠡ ᠶᠢᠨ ᠲᠠᠮᠢᠷ ᠤᠨ ᠰᠠᠭᠤᠷᠢ ᠴᠢᠨᠠᠷᠳᠠᠢ ᠵᠢᠠᠠᠰᠭᠠᠠᠯ ᠤᠨ ᠭᠠᠵᠠᠷ ᠢ ᠪᠠᠳᠤᠳᠬᠠᠨ᠎ᠠ᠃ | 2. ᠬᠠᠮᠲᠤᠷᠠᠨ ᠰᠤᠷᠭᠠᠭᠤᠯᠢ ᠡᠷᠭᠢᠯᠡᠬᠦ ᠵᠠᠮ ᠮᠥᠷ ᠢ ᠰᠠᠭᠠᠳ ᠦᠭᠡᠢ ᠨᠠᠪᠲᠠᠷᠡᠭᠦᠯᠵᠦ᠂ ᠲᠠᠮᠢᠷ ᠤᠨ | ᠰᠤᠷᠭᠠᠭᠤᠯᠢ ᠶᠢᠨ ᠬᠥᠭᠵᠢᠯᠲᠡ ᠶᠢᠨ ᠰᠣᠳᠣᠨ ᠮᠠᠶ᠋ᠢᠭ ᠤᠨ ᠵᠢᠭᠰᠠᠭᠠᠯ ᠤᠨ ᠭᠠᠵᠠᠷ ᠢ ᠪᠠᠶᠢᠭᠤᠯᠤᠨ᠎ᠠ᠃ | 3. ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠺᠯᠦ᠋ᠪ ᠤᠨ ᠠᠮᠢᠵᠢᠷᠠᠯ ᠤᠨ ᠬᠦᠴᠦᠨ ᠢ | ᠬᠥᠭᠵᠢᠭᠡᠵᠦ᠂ ᠨᠡᠶᠢᠭᠡᠮ ᠤᠨ ᠬᠦᠴᠦᠨ ᠢ ᠲᠦᠭᠡᠮᠡᠯᠵᠢᠭᠦᠯᠬᠦ ᠮᠠᠶ᠋ᠢᠭ ᠤᠨ ᠰᠢᠯᠢᠳᠡᠭ ᠮᠠᠶ᠋ᠢᠭ ᠤᠨ ᠵᠢᠠᠠᠰᠭᠠᠠᠯ ᠤᠨ | ᠭᠠᠵᠠᠷ ᠢ ᠪᠠᠶᠢᠭᠤᠯᠤᠨ᠎ᠡ᠃ | ᠨᠠᠷᠢᠯᠢᠭ ᠤᠨᠤᠪᠴᠢᠳᠠᠢ ᠬᠠᠮᠵᠢᠯᠴᠠᠨ ᠬᠦᠴᠦᠯᠡᠵᠦ᠂ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ | ︽ᠭᠤᠷᠪᠠᠨ ᠶᠡᠭᠡ︾ ᠰᠢᠰᠲ᠋ᠧᠮ ᠢ ᠪᠠᠶᠢᠭᠤᠯᠤᠨ᠎ᠠ᠃ | 1. ᠪᠡᠶ᠎ᠡ ᠮᠠᠬᠠᠪᠤᠳ ᠤᠨ ᠬᠡᠪ ᠴᠢᠨᠠᠷ ᠢ ᠳᠡᠭᠡᠭᠰᠢᠯᠡᠭᠦᠯᠵᠦ᠂ ᠵᠠᠯᠠᠭᠤᠴᠤᠳ ᠪᠠᠭᠠᠴᠤᠳ ᠤᠨ ᠡᠷᠡᠭᠦᠯ ᠮᠡᠨᠳᠦ ᠶᠢ | ᠠᠬᠢᠭᠤᠯᠬᠤ ᠰᠢᠰᠲ᠋ᠧᠮ ᠢ ᠪᠠᠶᠢᠭᠤᠯᠤᠨ᠎ᠠ᠃ | 2. ᠵᠠᠯᠠᠭᠤᠴᠤᠳ ᠪᠠᠭᠠᠴᠤᠳ ᠤᠨ ᠪᠣᠯᠪᠠᠰᠤᠷᠠᠯ ᠤᠨ ᠶᠠᠰᠤ ᠴᠢᠨᠠᠷ ᠢ ᠪᠦᠲᠦᠮᠵᠢᠲᠡᠶ ᠳᠡᠭᠡᠭᠰᠢᠯᠡᠭᠦᠯᠵᠦ᠂ | ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠪᠣᠯᠪᠠᠰᠤᠷᠠᠯ ᠤᠨ ᠰᠢᠰᠲ᠋ᠧᠮ ᠢ ᠪᠠᠶᠢᠭᠤᠯᠤᠨ᠎ᠠ᠃ | 3. ᠤᠷᠤᠯᠳᠤᠭᠠᠨ ᠤ ᠶᠠᠪᠤᠳᠠᠯ ᠤᠨ ᠬᠠᠮᠢᠶᠠᠷᠤᠯᠲᠠ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠵᠠᠯᠠᠭᠤᠴᠤᠳ | ᠪᠠᠭᠠᠴᠤᠳ ᠤᠨ ᠪᠡᠶ᠎ᠡ ᠶᠢᠨ ᠲᠠᠮᠢᠷ ᠤᠨ ᠤᠷᠤᠯᠳᠤᠭᠠᠨ ᠤ ᠰᠢᠰᠲ᠋ᠧᠮ ᠢ ᠪᠠᠶᠢᠭᠤᠯᠤᠨ᠎ᠠ᠃ | 4. ᠤᠨᠴᠠᠭᠠᠢ ᠴᠤᠭᠴᠠ ᠶᠢᠨ ᠬᠡᠷᠡᠭᠴᠡᠭᠡ ᠱᠠᠭᠠᠷᠳᠠᠯᠭ᠎ᠠ ᠳᠤ ᠦᠢᠯᠡᠴᠢᠯᠡᠵᠦ᠂ ᠪᠥᠬᠦ ᠠᠷᠠᠳ ᠤᠨ ᠪᠡᠶ᠎ᠡ | ᠴᠢᠭᠢᠷᠠᠭᠵᠢᠭᠤᠯᠬᠤ ᠳᠤ ᠣᠷᠤᠯᠴᠠᠬᠤ ᠰᠢᠰᠲ᠋ᠧᠮ ᠢ ᠪᠠᠶᠢᠭᠤᠯᠤᠨ᠎ᠠ᠃ |