ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠳᠤᠮᠳᠠᠳᠤ ᠤᠯᠤᠰ ᠤᠨ ᠪᠡᠶ᠎ᠡ ᠶᠢᠨ ᠲᠠᠮᠢᠷ ᠤᠨ ᠱᠠᠩᠨᠠᠯᠲᠤ ᠰᠤᠭᠤᠯᠤᠭ᠎ᠠ ᠬᠤᠨᠳᠠᠭᠠᠲᠤ︾ ᠵᠠᠯᠠᠭᠤᠴᠤᠳ ᠪᠠᠭᠠᠴᠤᠳ ︵ᠳᠤᠮᠳᠠᠳᠤ ᠰᠤᠷᠭᠠᠭᠤᠯᠢ ᠶᠢᠨ ᠰᠣᠷᠣᠭᠴᠢ︶ ᠤᠨ ᠡᠯᠡᠰᠦᠨ ᠲᠠᠩ ᠤᠨ ᠠᠯᠠᠭᠠᠳᠠᠬᠤ ᠪᠥᠮᠪᠦᠭᠡ ᠶᠢᠨ ᠮᠠᠩᠯᠠᠢ ᠰᠢᠯᠭᠠᠷᠠᠭᠤᠯᠬᠤ ᠤᠷᠤᠯᠳᠤᠭᠠᠨ ᠡᠬᠢᠯᠡᠪᠡ
ᠨᠡᠶᠢᠲᠡᠯᠡᠭᠰᠡᠨ ᠴᠠᠭ᠄
2022/9/5
     8 ᠰᠠᠷ᠎ᠠ ᠶᠢᠨ 26 ᠤ ᠡᠳᠦᠷ᠂ 2022 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠳᠤᠮᠳᠠᠳᠤ ᠤᠯᠤᠰ ᠤᠨ ᠪᠡᠶ᠎ᠡ ᠶᠢᠨ ᠲᠠᠮᠢᠷ ᠤᠨ ᠱᠠᠩᠨᠠᠯᠲᠤ ᠰᠤᠭᠤᠯᠤᠭ᠎ᠠ ᠬᠤᠨᠳᠠᠭᠠᠲᠤ︾ ᠵᠠᠯᠠᠭᠤᠴᠤᠳ ᠪᠠᠭᠠᠴᠤᠳ ︵ᠳᠤᠮᠳᠠᠳᠤ ᠰᠤᠷᠭᠠᠭᠤᠯᠢ ᠶᠢᠨ ᠰᠣᠷᠣᠭᠴᠢ︶ ᠤᠨ ᠡᠯᠡᠰᠦᠨ ᠲᠠᠩ ᠤᠨ ᠠᠯᠠᠭᠠᠳᠠᠬᠤ ᠪᠥᠮᠪᠦᠭᠡ ᠶᠢᠨ ᠮᠠᠩᠯᠠᠢ ᠰᠢᠯᠭᠠᠷᠠᠭᠤᠯᠬᠤ ᠤᠷᠤᠯᠳᠤᠭᠠᠨ ᠪᠤᠭᠤᠲᠤ ᠬᠤᠲᠠ ᠶᠢᠨ ᠨᠢᠭᠡᠳᠦᠭᠡᠷ ᠳᠤᠮᠳᠠᠳᠤ ᠰᠤᠷᠭᠠᠭᠤᠯᠢ ᠳᠤ ᠵᠢᠩᠬᠢᠨᠢ ᠪᠠᠷ ᠡᠬᠢᠯᠡᠪᠡ᠃     ᠲᠣᠰ ᠤᠳᠠᠭᠠᠨ ᠤ ᠤᠷᠤᠯᠳᠤᠭᠠᠨ ᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ ᠭᠤᠣᠯᠯᠠᠨ ᠡᠷᠭᠢᠯᠡᠵᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠷᠤᠯᠳᠤᠭᠠᠨ ᠤ ᠪᠡᠶ᠎ᠡ ᠶᠢᠨ ᠲᠠᠮᠢᠷ ᠤᠨ ᠪᠤᠯᠪᠰᠤᠷᠠᠯ ᠤᠨ ᠲᠦᠪ ᠪᠤᠯᠤᠨ ᠪᠤᠭᠤᠳᠦ ᠬᠤᠳᠠ ᠶᠢᠨ ᠪᠡᠶ᠎ᠡ ᠶᠢᠨ ᠲᠠᠮᠢᠷ ᠤᠨ ᠲᠤᠪᠴᠢᠶ᠎ᠡ  ᠠᠴᠠ ᠲᠠᠭᠠᠭᠠᠴᠢᠯᠠᠨ ᠡᠷᠬᠢᠯᠡᠪᠡ᠃ ᠲᠣᠰ ᠤᠳᠠᠭᠠᠨ ᠤ ᠤᠷᠤᠯᠳᠤᠭᠠᠨ ᠳᠤ ᠡᠷᠡᠭᠲᠡᠢ ᠶᠢᠨ ᠬᠥᠬᠡ᠂ ᠬᠥᠬᠡᠭᠴᠢᠨ᠂ ᠡᠮᠡᠭᠲᠡᠢ ᠶᠢᠨ ᠬᠥᠬᠡ᠂ ᠬᠥᠬᠡᠭᠴᠢᠨ ᠳᠥᠷᠪᠡᠨ ᠳᠤᠭᠤᠶᠢᠯᠠᠩ ᠲᠣᠬᠢᠷᠠᠭᠤᠯᠵᠤ᠂ ᠪᠥᠬᠦ ᠣᠷᠣᠨ ᠤ ᠡᠯ᠎ᠡ ᠠᠶᠢᠮᠠᠭ ᠬᠤᠲᠠ ᠶᠢᠨ 25 ᠲᠥᠯᠥᠭᠡᠯᠡᠭᠴᠢᠳ ᠤᠨ ᠪᠠᠭ ᠤᠨ 51 ᠲᠠᠮᠢᠷᠴᠢᠨ ᠤᠷᠤᠯᠳᠤᠭᠠᠨ ᠳᠤ ᠣᠷᠣᠯᠴᠠᠵᠠᠢ᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18004690号