ᠲᠠᠯ᠎ᠠ ᠨᠤᠲᠤᠭ ᠤᠨ ᠴᠠᠨᠠᠴᠢᠨ
ᠨᠡᠶᠢᠲᠡᠯᠡᠭᠰᠡᠨ ᠴᠠᠭ᠄
2023/1/18
    39 ᠨᠠᠰᠤᠲᠠᠢ ᠮᠣᠩᠭᠤᠯ ᠵᠠᠯᠠᠭᠤ ᠪᠦᠬᠡᠪᠠᠶᠠᠷ ᠪᠤᠯ ᠥᠪᠥᠷ ᠮᠣᠩᠭᠤᠯ ᠤᠨ ᠬᠥᠯᠥᠨ ᠪᠤᠶᠢᠷ ᠬᠤᠲᠠ ᠶᠢᠨ ᠰᠢᠨ᠎ᠡ ᠪᠠᠷᠭᠤ ᠵᠡᠭᠦᠨ ᠬᠤᠰᠢᠭᠤᠨ ᠳᠤ ᠠᠮᠢᠳᠤᠷᠠᠵᠤ ᠪᠠᠶᠢᠭ᠎ᠠ ᠳᠠᠩ ᠴᠠᠨ᠎ᠠ ᠪᠠᠷ ᠴᠠᠨᠠᠯᠠᠬᠤ ᠳᠤᠷᠠᠲᠠᠢ ᠬᠥᠮᠥᠨ ᠶᠤᠮ᠃ ᠵᠢᠯ ᠪᠦᠷᠢ ᠶᠢᠨ ᠡᠪᠦᠯ ᠤᠨ ᠤᠯᠠᠷᠢᠯ ᠳᠤ  ᠪᠦᠬᠡᠪᠡᠶᠡᠷ ᠡᠳᠦᠷ ᠪᠦᠷᠢ ᠬᠤᠶᠠᠷ ᠴᠠᠭ ᠭᠠᠷᠭᠠᠵᠤ ᠴᠠᠰᠤᠨ ᠳᠤ ᠭᠤᠯᠭᠤᠵᠤ᠂ ᠭᠠᠷᠠᠭ ᠤᠨ ᠰᠡᠭᠦᠯᠴᠢ ᠳᠤ ᠪᠠᠰᠠ ᠲᠡᠷᠭᠡ ᠵᠢᠯᠣᠭᠤᠳᠤᠨ ᠬᠡᠳᠦᠨ ᠠᠷᠪᠠᠨ ᠺᠢᠯᠣᠮᠧᠲᠷ ᠤᠨ ᠴᠠᠭᠠᠨᠠᠬᠢ ᠪᠠᠶᠢᠭᠠᠯᠢ ᠶᠢᠨ ᠴᠠᠰᠤᠨ ᠤ ᠲᠠᠯᠠᠪᠠᠶ ᠳᠤ ᠬᠦᠷᠴᠦ᠂ ᠮᠡᠷᠭᠡᠵᠢᠯ ᠢᠶᠠᠨ ᠳᠠᠪᠲᠠᠨ ᠪᠣᠯᠪᠠᠰᠤᠷᠠᠳᠠᠭ᠃ ᠲᠠᠪᠤᠨ ᠵᠢᠯ ᠤᠨ ᠪᠣᠯᠪᠠᠰᠤᠷᠠᠯ ᠢᠶᠠᠷ ᠳᠡᠮᠵᠢᠨ᠂ ᠪᠦᠬᠡᠪᠠᠶᠠᠷ ᠤᠨ ᠴᠠᠰᠤᠨ ᠳᠤ ᠭᠤᠯᠭᠤᠬᠤ ᠮᠡᠷᠭᠡᠵᠢᠯ ᠲᠠᠰᠤᠷᠠᠯᠲᠠ ᠦᠭᠡᠢ ᠳᠡᠭᠡᠭᠰᠢᠯᠡᠭᠰᠡᠨ ᠪᠥᠭᠡᠳ ᠤᠯᠤᠰ ᠤᠨ ᠳᠣᠲᠣᠭᠠᠳᠤ ᠶᠢᠨ ᠲᠣᠮᠣ ᠬᠡᠯᠪᠡᠷᠢ ᠶᠢᠨ ᠴᠠᠰᠤᠨ ᠳᠤ ᠭᠤᠯᠭᠤᠬᠤ ᠤᠷᠤᠯᠳᠤᠭᠠᠨ ᠳᠤ ᠨᠡᠷᠡᠰ ᠤᠨ ᠳᠠᠷᠠᠭᠠᠯᠠᠯ ᠳᠤ ᠣᠷᠣᠵᠠᠢ᠃
 
ᠢᠷᠡᠯᠲᠡ᠄ ᠰᠢᠨᠬᠤᠸᠠ ᠬᠤᠷᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18004690号