︽ᠳᠤᠮᠳᠠᠳᠤ ᠤᠯᠤᠰ ᠤᠨ ᠪᠡᠶ᠎ᠡ ᠶᠢᠨ ᠲᠠᠮᠢᠷ ᠤᠨ ᠬᠥᠨᠳᠡᠯᠡᠨ ᠠᠴᠠ ᠲᠠᠰᠤᠯᠬᠤ ᠵᠦᠪᠯᠡᠯ ᠤᠨ ᠵᠣᠬᠢᠶᠠᠨ | ᠪᠠᠶᠢᠭᠤᠯᠬᠤ ᠳᠦᠷᠢᠮ︾ ᠢ 2022 ᠣᠨ ᠤ 12 ᠰᠠᠷ᠎ᠠ ᠶᠢᠨ 22 ᠤᠨ ᠡᠳᠦᠷ ᠤᠯᠤᠰ ᠤᠨ ᠪᠡᠶ᠎ᠡ ᠶᠢᠨ ᠲᠠᠮᠢᠷ ᠤᠨ | ᠶᠡᠷᠦᠩᠬᠡᠢ ᠲᠣᠪᠴᠢᠶ᠎ᠠ ᠶᠢᠨ ᠬᠤᠶᠠᠳᠤᠭᠠᠷ ᠤᠳᠠᠭ᠎ᠠ ᠶᠢᠨ ᠲᠣᠪᠴᠢᠶ᠎ᠠ ᠶᠢᠨ ᠶᠠᠪᠤᠳᠠᠯ ᠤᠨ ᠬᠤᠷᠠᠯᠳᠤᠭᠠᠨ ᠢᠶᠠᠷ ᠬᠢᠨᠠᠨ | ᠶᠠᠷᠢᠯᠴᠠᠭᠤᠯᠵᠤ ᠪᠠᠲᠤᠯᠠᠭᠠᠳ᠂ ᠣᠲᠣ ᠨᠡᠶᠢᠲᠡᠯᠡᠪᠡ᠂ 2023 ᠣᠨ ᠤ 1 ᠰᠠᠷ᠎ᠠ ᠶᠢᠨ 1 ᠤ ᠡᠳᠦᠷ ᠠᠴᠠ ᠡᠬᠢᠯᠡᠵᠦ | ᠬᠡᠷᠡᠭᠵᠢᠭᠦᠯᠦᠨ᠎ᠡ᠃ | | ᠨᠢᠭᠡᠳᠦᠭᠡᠷ ᠪᠦᠯᠦᠭ ᠶᠠᠷᠦᠩᠬᠡᠢ ᠲᠦᠷᠢᠮ | | ᠨᠢᠭᠡᠳᠦᠭᠡᠷ ᠵᠦᠢᠯ ᠪᠡᠶ᠎ᠡ ᠶᠢᠨ ᠲᠠᠮᠢᠷ ᠤᠨ ᠵᠢᠭᠤᠷᠠᠯᠳᠤᠭᠠᠨ ᠢ ᠴᠠᠭ ᠲᠤᠬᠠᠢ ᠳᠤᠨᠢ᠂ ᠲᠥᠪ ᠭᠤᠣᠯᠴᠢ ᠪᠠᠷ | ᠰᠢᠢᠳᠪᠦᠷᠢᠯᠡᠵᠦ᠂ ᠲᠤᠬᠠᠢ ᠶᠢᠨ ᠬᠥᠮᠥᠨ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠶᠢᠨ ᠲᠥᠯᠥᠭᠡ᠂ | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠪᠡᠶ᠎ᠡ ᠶᠢᠨ ᠲᠠᠮᠢᠷ ᠤᠨ ᠬᠠᠤᠯᠢ︾ ᠵᠡᠷᠭᠡ ᠬᠤᠯᠪᠣᠭᠳᠠᠯ | ᠪᠦᠬᠦᠢ ᠬᠠᠤᠯᠢ ᠴᠠᠭᠠᠵᠠ ᠶᠢ ᠦᠨᠳᠦᠰᠦᠯᠡᠨ ᠲᠤᠰ ᠳᠦᠷᠢᠮ ᠢ ᠲᠣᠭᠲᠠᠭᠠᠪᠠ᠃ | ᠬᠤᠶᠠᠳᠤᠭᠠᠷ ᠵᠦᠢᠯ ᠳᠤᠮᠳᠠᠳᠤ ᠤᠯᠤᠰ ᠤᠨ ᠪᠡᠶ᠎ᠡ ᠶᠢᠨ ᠲᠠᠮᠢᠷ ᠤᠨ ᠬᠥᠨᠳᠡᠯᠡᠨ ᠠᠴᠠ ᠲᠠᠰᠤᠯᠬᠤ ᠵᠦᠪᠯᠡᠯ | ︵ᠳᠣᠷᠣᠭᠰᠢ ᠪᠡᠶ᠎ᠡ ᠶᠢᠨ ᠲᠠᠮᠢᠷ ᠤᠨ ᠬᠥᠨᠳᠡᠯᠡᠨ ᠠᠴᠠ ᠲᠠᠰᠤᠯᠬᠤ ᠵᠦᠪᠯᠡᠯ ᠭᠡᠵᠦ ᠲᠣᠪᠴᠢᠯᠠᠨ᠎ᠠ︶ ᠪᠣᠯ ᠤᠯᠤᠰ ᠤᠨ | ᠪᠡᠶ᠎ᠡ ᠶᠢᠨ ᠲᠠᠮᠢᠷ ᠤᠨ ᠶᠡᠷᠦᠩᠬᠡᠢ ᠲᠣᠪᠴᠢᠶ᠎ᠠ ︵ᠳᠣᠷᠣᠭᠰᠢ ᠪᠡᠶ᠎ᠡ ᠶᠢᠨ ᠲᠠᠮᠢᠷ ᠤᠨ ᠶᠡᠷᠦᠩᠬᠡᠢ ᠲᠣᠪᠴᠢᠶ᠎ᠠ ᠭᠡᠵᠦ | ᠲᠣᠪᠴᠢᠯᠠᠨ᠎ᠠ︶ ᠠᠴᠠ ᠬᠠᠤᠯᠢ ᠶᠣᠰᠣᠭᠠᠷ ᠪᠠᠶᠢᠭᠤᠯᠤᠭᠰᠠᠨ᠂ ᠲᠤᠰᠬᠠᠶᠢᠯᠠᠨ ᠪᠡᠶ᠎ᠡ ᠶᠢᠨ ᠲᠠᠮᠢᠷ ᠤᠨ | ᠵᠢᠭᠤᠷᠠᠯᠳᠤᠭᠠᠨ ᠤ ᠬᠡᠷᠡᠭ ᠢ ᠰᠢᠢᠳᠪᠦᠷᠢᠯᠡᠬᠦ ᠬᠥᠨᠳᠡᠯᠡᠨ ᠠᠴᠠ ᠲᠠᠰᠤᠯᠬᠤ ᠪᠠᠶᠢᠭᠤᠯᠤᠮᠵᠢ ᠪᠣᠯᠣᠨ᠎ᠠ᠃ | ᠭᠤᠷᠪᠠᠳᠤᠭᠠᠷ ᠵᠦᠢᠯ ᠪᠡᠶ᠎ᠡ ᠶᠢᠨ ᠲᠠᠮᠢᠷ ᠤᠨ ᠬᠥᠨᠳᠡᠯᠡᠨ ᠠᠴᠠ ᠲᠠᠰᠤᠯᠬᠤ ᠠᠵᠢᠯ ᠢ ᠬᠠᠤᠯᠢ ᠶᠣᠰᠣᠭᠠᠷ | ᠪᠡᠶ᠎ᠡ ᠪᠠᠨ ᠳᠠᠭᠠᠭᠠᠵᠤ ᠬᠢᠨ᠎ᠡ᠂ ᠵᠠᠰᠠᠭ ᠵᠠᠬᠢᠷᠭᠠᠨ ᠤ ᠪᠠᠶᠢᠭᠤᠯᠭ᠎ᠠ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠪᠠ ᠬᠤᠪᠢ | ᠬᠥᠮᠥᠨ ᠤ ᠭᠠᠷ ᠲᠦᠷᠦᠭᠦ ᠶᠢ ᠬᠦᠯᠢᠶᠡᠬᠦ ᠦᠭᠡᠢ᠃ | ᠳᠥᠷᠪᠡᠳᠦᠭᠡᠷ ᠵᠦᠢᠯ ᠪᠡᠶ᠎ᠡ ᠶᠢᠨ ᠲᠠᠮᠢᠷ ᠤᠨ ᠬᠥᠨᠳᠡᠯᠡᠨ ᠠᠴᠠ ᠲᠠᠰᠤᠯᠬᠤ ᠵᠦᠪᠯᠡᠯ ᠤᠨ ᠪᠠᠶᠢᠭ᠎ᠠ ᠭᠠᠵᠠᠷ ᠪᠣᠯ | ᠪᠥᠬᠦᠳᠡ ᠨᠠᠶᠢᠷᠠᠮᠳᠠᠬᠤ ᠲᠤᠮᠳᠠᠳᠦ ᠠᠷᠠᠳ ᠤᠯᠤᠰ ᠤᠨ ᠪᠡᠭᠡᠵᠢᠩ ᠬᠤᠳᠠ᠃ | | ᠬᠤᠶᠠᠳᠤᠭᠠᠷ ᠪᠦᠯᠦᠭ ᠪᠡᠶ᠎ᠡ ᠶᠢᠨ ᠲᠠᠮᠢᠷ ᠤᠨ ᠬᠦᠨᠳᠡᠯᠡᠨ ᠠᠴᠠ ᠲᠠᠰᠤᠯᠬᠤ ᠵᠦᠪᠯᠡᠯ | | ᠲᠠᠪᠤᠳᠤᠭᠠᠷ ᠵᠦᠢᠯ ᠪᠡᠶ᠎ᠡ ᠶᠢᠨ ᠲᠠᠮᠢᠷ ᠤᠨ ᠬᠥᠨᠳᠡᠯᠡᠨ ᠠᠴᠠ ᠲᠠᠰᠤᠯᠬᠤ ᠵᠦᠪᠯᠡᠯ ᠨᠠᠷ ᠪᠡᠶ᠎ᠡ ᠶᠢᠨ ᠲᠠᠮᠢᠷ ᠤᠨ | ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠲᠥᠯᠥᠭᠡᠯᠡᠭᠴᠢ᠂ ᠪᠡᠶ᠎ᠡ ᠶᠢᠨ ᠲᠠᠮᠢᠷ ᠤᠨ ᠨᠡᠶᠢᠭᠡᠮ ᠤᠨ ᠵᠣᠬᠢᠶᠠᠨ | ᠪᠠᠶᠢᠭᠤᠯᠤᠯᠲᠠ ᠶᠢᠨ ᠲᠥᠯᠥᠭᠡᠯᠡᠭᠴᠢ᠂ ᠲᠠᠮᠢᠷᠴᠢᠨ ᠤ ᠲᠥᠯᠥᠭᠡᠯᠡᠭᠴᠢ᠂ ᠲᠠᠰᠬᠠᠯᠵᠢᠭᠤᠯᠤᠭᠴᠢ ᠶᠢᠨ ᠲᠥᠯᠥᠭᠡᠯᠡᠭᠴᠢ᠂ | ᠬᠢᠨᠠᠭᠴᠢ ᠶᠢᠨ ᠲᠥᠯᠥᠭᠡᠯᠡᠭᠴᠢ ᠵᠢᠴᠢ ᠪᠡᠶ᠎ᠡ ᠶᠢᠨ ᠲᠠᠮᠢᠷ᠂ ᠬᠠᠤᠯᠢ ᠴᠠᠭᠠᠵᠠ ᠶᠢᠨ ᠲᠤᠰᠬᠠᠢ ᠮᠡᠷᠭᠡᠵᠢᠯᠲᠡᠨ ᠢᠶᠠᠷ | ᠪᠦᠷᠢᠯᠳᠦᠨ᠎ᠡ᠃ ᠪᠡᠶ᠎ᠡ ᠶᠢᠨ ᠲᠠᠮᠢᠷ ᠤᠨ ᠬᠥᠨᠳᠡᠯᠡᠨ ᠠᠴᠠ ᠲᠠᠰᠤᠯᠬᠤ ᠵᠦᠪᠯᠡᠯ ᠤᠨ ᠭᠡᠰᠢᠭᠦᠳ ᠳᠤᠮᠳᠠᠳᠤ | ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠶᠢ ᠬᠦᠷᠢᠶᠡᠯᠡᠵᠦ᠂ ᠨᠡᠶᠢᠭᠡᠮ ᠵᠢᠷᠤᠮ ᠤᠨ ᠭᠤᠣᠯᠯᠠᠬᠤ | ᠦᠷᠳᠡᠭ ᠤᠨ ᠦᠵᠡᠯᠲᠡ ᠪᠠ ᠳᠤᠮᠳᠠᠳᠤ ᠶᠢᠨ ᠲᠠᠮᠢᠷ ᠤᠨ ᠵᠤᠷᠢᠭ ᠰᠠᠨᠠᠭ᠎ᠠ ᠶᠢ ᠪᠠᠳᠠᠷᠠᠭᠤᠯᠬᠤ ᠬᠡᠷᠡᠭᠳᠡᠢ᠃ | ᠵᠢᠷᠭᠤᠳᠤᠭᠠᠷ ᠵᠦᠢᠯ ᠪᠡᠶ᠎ᠡ ᠶᠢᠨ ᠲᠠᠮᠢᠷ ᠤᠨ ᠬᠥᠨᠳᠡᠯᠡᠨ ᠠᠴᠠ ᠲᠠᠰᠤᠯᠬᠤ ᠵᠦᠪᠯᠡᠯ ᠳᠤ ᠡᠷᠬᠢᠯᠡᠭᠴᠢ ᠨᠢᠭᠡ | ᠬᠥᠮᠥᠨ᠂ ᠳᠡᠳ᠋ ᠡᠷᠬᠢᠯᠡᠭᠴᠢ ᠪᠠ ᠭᠡᠰᠢᠭᠦᠨ ᠬᠡᠳᠦᠨ ᠬᠥᠮᠥᠨ ᠢ ᠲᠤᠬᠢᠷᠠᠭᠤᠯᠤᠨ᠎ᠡ᠂ ᠪᠦᠬᠦ ᠬᠦᠮᠦᠨ ᠤ ᠲᠤᠭ᠎ᠠ ᠨᠢ | ᠬᠤᠷᠢᠨ ᠨᠢᠭᠡᠨ ᠬᠥᠮᠥᠨ ᠠᠴᠠ ᠬᠡᠲᠦᠷᠡᠬᠦ ᠦᠭᠡᠢ ᠪᠥᠭᠡᠳ ᠰᠣᠨᠳᠣᠭᠤᠢ ᠲᠤᠭ᠎ᠠ ᠪᠠᠶᠢᠬᠤ ᠬᠡᠷᠡᠭᠳᠡᠢ᠃ ᠭᠤᠷᠪᠠᠨ ᠤ | ᠬᠤᠶᠠᠷ ᠬᠤᠪᠢ ᠠᠴᠠ ᠳᠡᠭᠡᠭᠰᠢᠬᠢ ᠭᠡᠰᠢᠭᠦᠨ ᠨᠢ ᠨᠠᠢᠮᠠᠨ ᠵᠢᠯ ᠠᠴᠠ ᠳᠡᠭᠡᠭᠰᠢ ᠪᠡᠶ᠎ᠡ ᠶᠢᠨ ᠲᠠᠮᠢᠷ ᠪᠤᠶᠤ ᠬᠠᠤᠯᠢ | ᠴᠠᠭᠠᠵᠠ ᠶᠢᠨ ᠵᠢᠭᠠᠨ ᠰᠤᠷᠭᠠᠯᠲᠠ᠂ ᠰᠢᠨᠵᠢᠯᠡᠬᠦ ᠤᠬᠠᠭᠠᠨ ᠤ ᠰᠤᠳᠤᠯᠭᠠᠨ ᠪᠤᠶᠤ ᠪᠣᠳᠠᠲᠤ ᠠᠵᠢᠯ ᠤᠨ | ᠲᠤᠷᠰᠢᠯᠭ᠎ᠠ ᠲᠠᠢ ᠪᠠᠶᠢᠬᠤ ᠬᠡᠷᠡᠭᠲᠡᠢ᠃ ᠭᠡᠰᠢᠭᠦᠨ ᠢ ᠤᠷᠢᠵᠦ ᠬᠡᠷᠡᠭᠯᠡᠬᠦ ᠬᠤᠭᠤᠴᠠᠭ᠎ᠠ ᠨᠢ ᠡᠩ ᠤᠨ ᠪᠠᠶᠢᠳᠠᠯ ᠳᠤ | ᠳᠥᠷᠪᠡᠨ ᠵᠢᠯ ᠪᠠᠶᠢᠵᠤ᠂ ᠪᠡᠶ᠎ᠡ ᠶᠢᠨ ᠲᠠᠮᠢᠷ ᠤᠨ ᠶᠡᠷᠦᠩᠬᠡᠢ ᠲᠣᠪᠴᠢᠶ᠎ᠠ ᠠᠴᠠ ᠤᠷᠢᠨ ᠲᠣᠮᠢᠯᠠᠬᠤ ᠶᠢᠨ ᠬᠠᠮᠲᠤ | ᠤᠷᠢᠨ ᠬᠡᠷᠡᠭᠯᠡᠬᠦ ᠪᠢᠴᠢᠭ ᠣᠯᠭᠤᠨ᠎ᠠ᠃ | ᠪᠡᠶ᠎ᠡ ᠶᠢᠨ ᠲᠠᠮᠢᠷ ᠤᠨ ᠬᠥᠨᠳᠡᠯᠡᠨ ᠠᠴᠠ ᠲᠠᠰᠤᠯᠬᠤ ᠵᠦᠪᠯᠡᠯ ᠤᠨ ᠭᠡᠰᠢᠭᠦᠨ ᠨᠢ ᠬᠠᠮᠢᠶ᠎ᠠ ᠪᠦᠬᠦᠢ ᠬᠠᠤᠯᠢ | ᠴᠠᠭᠠᠵᠠ ᠬᠠᠤᠯᠢ ᠲᠣᠭᠲᠠᠭᠠᠯ ᠪᠤᠶᠤ ᠲᠤᠰᠢᠶᠠᠯ ᠬᠠᠷᠢᠭᠤᠴᠠᠬᠤ ᠬᠠᠮᠢᠶᠠᠷᠤᠯᠲᠠ ᠶᠢᠨ ᠲᠣᠭᠲᠠᠭᠠᠯ ᠠᠴᠠ ᠵᠥᠷᠢᠴᠡᠭᠰᠡᠨ | ᠪᠠᠶᠢᠪᠠᠯ᠂ ᠪᠡᠶ᠎ᠡ ᠶᠢᠨ ᠲᠠᠮᠢᠷ ᠤᠨ ᠶᠡᠷᠦᠩᠬᠡᠢ ᠲᠣᠪᠴᠢᠶ᠎ᠠ ᠠᠴᠠ ᠤᠷᠢᠵᠦ ᠬᠡᠷᠡᠭᠯᠡᠬᠦ ᠪᠠᠨ ᠪᠤᠯᠢᠨ᠎ᠡ᠃ ᠭᠡᠰᠢᠭᠦᠨ ᠨᠢ | ᠠᠵᠢᠯ ᠢᠶᠠᠨ ᠬᠠᠶᠠᠬᠤ᠂ ᠠᠵᠢᠯ ᠤᠨ ᠪᠠᠶᠢᠷᠢ ᠳᠤ ᠨᠢ ᠬᠤᠪᠢᠷᠠᠯᠲᠠ ᠭᠠᠷᠬᠤ᠂ ᠤᠷᠢᠬᠤ ᠪᠠᠨ ᠪᠣᠯᠢᠬᠤ ᠪᠤᠶᠤ ᠪᠤᠰᠤᠳ | ᠰᠢᠯᠲᠠᠭᠠᠨ ᠠᠴᠠ ᠪᠣᠯᠵᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠢᠨ ᠠᠷᠭ᠎ᠠ ᠦᠭᠡᠢ ᠪᠣᠯᠬᠤ ᠦᠶ᠎ᠡ ᠳᠤ | ᠴᠠᠭ ᠲᠤᠬᠠᠢ ᠳᠤᠨᠢ ᠨᠡᠮᠡᠵᠦ ᠨᠥᠬᠦᠪᠦᠷᠢᠯᠡᠬᠦ ᠬᠡᠷᠡᠭᠲᠡᠢ᠃ | ᠳᠣᠯᠣᠳᠤᠭᠠᠷ ᠵᠦᠢᠯ ᠪᠡᠶ᠎ᠡ ᠶᠢᠨ ᠲᠠᠮᠢᠷ ᠤᠨ ᠬᠥᠨᠳᠡᠯᠡᠨ ᠠᠴᠠ ᠲᠠᠰᠤᠯᠬᠤ ᠵᠦᠪᠯᠡᠯ ᠰᠢᠢᠳᠪᠦᠷᠢᠲᠦ ᠪᠣᠳᠣᠯᠭ᠎ᠠ | ᠲᠣᠭᠲᠠᠭᠠᠬᠤ ᠡᠷᠬᠡ᠂ ᠭᠦᠢᠴᠡᠳᠬᠡᠬᠦ ᠡᠷᠬᠡ᠂ ᠬᠢᠨᠠᠯᠲᠠ ᠲᠠᠯᠪᠢᠬᠤ ᠡᠷᠬᠡ ᠶᠢ ᠬᠠᠷᠢᠯᠴᠠᠨ ᠰᠠᠯᠭᠠᠬᠤ᠂ ᠪᠦᠲᠦᠮᠵᠢᠲᠡᠶ ᠪᠠᠷ | ᠬᠠᠷᠢᠯᠴᠠᠨ ᠬᠢᠵᠠᠭᠠᠷᠯᠠᠬᠤ᠂ ᠡᠷᠬᠡ ᠬᠠᠷᠢᠭᠤᠴᠠᠯᠭ᠎ᠠ ᠶᠢ ᠠᠳᠠᠯᠢ ᠲᠡᠭᠰᠢ ᠪᠠᠶᠢᠯᠭᠠᠬᠤ ᠵᠠᠷᠴᠢᠮ ᠤᠨ ᠶᠣᠰᠣᠭᠠᠷ | ︽ᠳᠤᠮᠳᠠᠳᠤ ᠤᠯᠤᠰ ᠤᠨ ᠪᠡᠶ᠎ᠡ ᠶᠢᠨ ᠲᠠᠮᠢᠷ ᠤᠨ ᠬᠥᠨᠳᠡᠯᠡᠨ ᠠᠴᠠ ᠲᠠᠰᠤᠯᠬᠤ ᠵᠦᠪᠯᠡᠯ ᠤᠨ ᠳᠦᠷᠢᠮ︾ ︵ᠳᠣᠷᠣᠭᠰᠢ | ᠳᠦᠷᠢᠮ ᠭᠡᠵᠦ ᠲᠣᠪᠴᠢᠯᠠᠨ᠎ᠠ︶ ᠢ ᠲᠣᠭᠲᠠᠭᠠᠵᠤ᠂ ᠪᠡᠶ᠎ᠡ ᠶᠢᠨ ᠲᠠᠮᠢᠷ ᠤᠨ ᠬᠥᠨᠳᠡᠯᠡᠨ ᠠᠴᠠ ᠲᠠᠰᠤᠯᠬᠤ ᠵᠦᠪᠯᠡᠯ ᠤᠨ | ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠶᠢ ᠪᠤᠢ ᠪᠣᠯᠭᠠᠬᠤ ᠠᠷᠭ᠎ᠠ ᠪᠠ ᠡᠭᠦᠷᠭᠡ ᠴᠢᠳᠠᠪᠤᠷᠢ ᠶᠢ ᠪᠣᠳᠠᠲᠠᠢ | ᠲᠣᠭᠲᠠᠭᠠᠬᠤ ᠬᠡᠷᠡᠭᠲᠡᠢ᠃ ᠳᠦᠷᠢᠮ ᠨᠢ ᠬᠠᠤᠯᠢ ᠴᠠᠭᠠᠵᠠ᠂ ᠬᠠᠤᠯᠢ ᠲᠣᠭᠲᠠᠭᠠᠯ ᠬᠢᠭᠡᠳ ᠲᠤᠰ ᠳᠦᠷᠢᠮ ᠤᠨ | ᠲᠣᠭᠲᠠᠭᠠᠯ ᠢ ᠵᠥᠷᠢᠴᠡᠵᠦ ᠪᠣᠯᠬᠤ ᠦᠭᠡᠢ᠃ | ᠨᠠᠢᠮᠠᠳᠤᠭᠠᠷ ᠵᠦᠢᠯ ᠪᠡᠶ᠎ᠡ ᠶᠢᠨ ᠲᠠᠮᠢᠷ ᠤᠨ ᠬᠥᠨᠳᠡᠯᠡᠨ ᠠᠴᠠ ᠲᠠᠰᠤᠯᠬᠤ ᠵᠦᠪᠯᠡᠯ ᠳᠣᠣᠷ᠎ᠠ ᠵᠢᠭᠰᠠᠭᠠᠭᠰᠠᠨ | ᠲᠤᠰᠢᠶᠠᠯ ᠬᠠᠷᠢᠭᠤᠴᠠᠯᠭ᠎ᠠ ᠶᠢ ᠬᠠᠤᠯᠢ ᠶᠤᠰᠤᠭᠠᠷ ᠭᠦᠢᠴᠡᠳᠬᠡᠬᠦ ᠬᠡᠷᠡᠭᠳᠡᠢ᠄ | (ᠨᠢᠭᠡ) ᠲᠦᠷᠢᠮ ᠲᠣᠭᠲᠠᠭᠠᠬᠤ ᠪᠠ ᠲᠡᠭᠦᠨ ᠳᠤ ᠵᠠᠰᠠᠪᠤᠷᠢ ᠣᠷᠣᠭᠤᠯᠬᠤ︔ | ︵ᠬᠤᠶᠠᠷ︶ ᠬᠥᠨᠳᠡᠯᠡᠨ ᠠᠴᠠ ᠲᠠᠰᠤᠯᠤᠭᠴᠢ ᠶᠢ ᠤᠷᠢᠨ ᠲᠣᠮᠢᠯᠠᠬᠤ᠂ ᠤᠷᠢᠬᠤ ᠪᠠᠨ ᠪᠤᠯᠢᠬᠤ︔ | (ᠭᠤᠷᠪᠠ) ︽ᠪᠡᠶ᠎ᠡ ᠶᠢᠨ ᠲᠠᠮᠢᠷ ᠤᠨ ᠬᠥᠨᠳᠡᠯᠡᠨ ᠠᠴᠠ ᠲᠠᠰᠤᠯᠬᠤ ᠲᠤᠶᠢᠷᠢᠮ︾ ᠢ ᠦᠨᠳᠦᠰᠦᠯᠡᠨ ᠪᠡᠶ᠎ᠡ ᠶᠢᠨ | ᠲᠠᠮᠢᠷ ᠤᠨ ᠵᠢᠭᠤᠷᠠᠯᠳᠤᠭᠠᠨ ᠢ ᠬᠦᠨᠳᠡᠯᠡᠨ ᠠᠴᠠ ᠲᠠᠰᠤᠯᠬᠤ︔ | ︵ᠳᠥᠷᠪᠡ︶ ᠳᠣᠲᠣᠭᠠᠳᠤ ᠳᠠᠭᠠᠨ ᠬᠢᠨᠠᠯᠲᠠ ᠲᠠᠯᠪᠢᠬᠤ ᠠᠵᠢᠯᠯᠠᠭ᠎ᠠ ᠶᠢ ᠥᠷᠨᠢᠭᠦᠯᠬᠦ︔ | (ᠲᠠᠪᠤ) ᠪᠡᠶ᠎ᠡ ᠶᠢᠨ ᠲᠠᠮᠢᠷ ᠤᠨ ᠬᠥᠨᠳᠡᠯᠡᠨ ᠠᠴᠠ ᠲᠠᠰᠤᠯᠬᠤ ᠵᠦᠪᠯᠡᠯ ᠤᠨ ᠳᠣᠲᠣᠭᠠᠳᠤ ᠶᠢᠨ | ᠬᠠᠮᠢᠶᠠᠷᠤᠯᠲᠠ ᠶᠢᠨ ᠠᠷᠭ᠎ᠠ ᠶᠢ ᠲᠤᠭᠳᠠᠭᠠᠬᠤ︔ | ︵ᠵᠢᠷᠭᠤᠭ᠎ᠠ︶ ᠬᠠᠤᠯᠢ ᠴᠠᠭᠠᠵᠠ᠂ ᠬᠠᠤᠯᠢ ᠲᠣᠭᠲᠠᠭᠠᠯ ᠵᠢᠴᠢ ᠳᠦᠷᠢᠮ ᠳᠤ ᠲᠣᠭᠲᠠᠭᠠᠭᠰᠠᠨ ᠭᠦᠢᠴᠡᠳᠬᠡᠬᠦ | ᠶᠣᠰᠣᠲᠠᠢ ᠪᠤᠰᠤᠳ ᠲᠤᠰᠢᠶᠠᠯ ᠬᠠᠷᠢᠭᠤᠴᠠᠯᠭ᠎ᠠ ᠶᠢ ᠭᠦᠢᠴᠡᠳᠬᠡᠬᠦ᠃ | ᠶᠢᠰᠦᠳᠦᠭᠡᠷ ᠵᠦᠢᠯ ᠪᠡᠶ᠎ᠡ ᠶᠢᠨ ᠲᠠᠮᠢᠷ ᠤᠨ ᠬᠥᠨᠳᠡᠯᠡᠨ ᠠᠴᠠ ᠲᠠᠰᠤᠯᠬᠤ ᠵᠦᠪᠯᠡᠯ ᠵᠢᠯ ᠪᠦᠷᠢ ᠠᠳᠠᠭ ᠲᠠᠭᠠᠨ | ᠬᠤᠶᠠᠷ ᠤᠳᠠᠭ᠎ᠠ ᠪᠥᠬᠦᠳᠡ ᠬᠤᠷᠠᠯ ᠬᠤᠷᠠᠯᠳᠤᠭᠤᠯᠵᠤ᠂ ᠪᠡᠶ᠎ᠡ ᠶᠢᠨ ᠲᠠᠮᠢᠷ ᠤᠨ ᠬᠥᠨᠳᠡᠯᠡᠨ ᠠᠴᠠ ᠲᠠᠰᠤᠯᠬᠤ | ᠵᠦᠪᠯᠡᠯ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠭᠰᠡᠨ ᠪᠠᠶᠢᠳᠠᠯ ᠪᠠ ᠴᠢᠬᠤᠯᠠ ᠠᠵᠢᠯ ᠤᠨ ᠵᠦᠢᠯ ᠤᠳ ᠢ | ᠰᠤᠳᠤᠯᠬᠤ ᠬᠡᠷᠡᠭᠲᠡᠢ᠃ | ᠪᠡᠶ᠎ᠡ ᠶᠢᠨ ᠲᠠᠮᠢᠷ ᠤᠨ ᠬᠥᠨᠳᠡᠯᠡᠨ ᠠᠴᠠ ᠲᠠᠰᠤᠯᠬᠤ ᠵᠦᠪᠯᠡᠯ ᠤᠨ ᠡᠷᠬᠢᠯᠡᠭᠴᠢ ᠪᠤᠶᠤ ᠭᠤᠷᠪᠠᠨ ᠤ ᠨᠢᠭᠡ | ᠬᠤᠪᠢ ᠠᠴᠠ ᠳᠡᠭᠡᠭᠰᠢᠬᠢ ᠪᠡᠶ᠎ᠡ ᠶᠢᠨ ᠲᠠᠮᠢᠷ ᠤᠨ ᠬᠥᠨᠳᠡᠯᠡᠨ ᠠᠴᠠ ᠲᠠᠰᠤᠯᠬᠤ ᠵᠦᠪᠯᠡᠯ ᠤᠨ ᠭᠡᠰᠢᠭᠦᠳ ᠪᠥᠬᠦᠳᠡ | ᠬᠤᠷᠠᠯᠳᠤᠭᠠᠨ ᠬᠤᠷᠠᠯᠳᠤᠭᠤᠯᠬᠤ ᠳᠤᠷᠠᠳᠤᠯᠭ᠎ᠠ ᠭᠠᠷᠭᠠᠪᠠᠯ ᠬᠤᠷᠠᠯᠳᠤᠭᠤᠯᠬᠤ ᠬᠡᠷᠡᠭᠲᠡᠢ᠃ | ᠪᠡᠶ᠎ᠡ ᠶᠢᠨ ᠲᠠᠮᠢᠷ ᠤᠨ ᠬᠥᠨᠳᠡᠯᠡᠨ ᠠᠴᠠ ᠲᠠᠰᠤᠯᠬᠤ ᠵᠦᠪᠯᠡᠯ ᠤᠨ ᠲᠣᠭᠲᠠᠭᠠᠯ ᠳᠤ ᠴᠥᠭᠡᠩᠬᠢ ᠨᠢ | ᠣᠯᠠᠩᠬᠢ ᠪᠠᠨ ᠲᠡᠭᠠᠬᠤ ᠵᠠᠷᠴᠢᠮ ᠢ ᠬᠡᠷᠡᠭᠵᠢᠭᠦᠯᠦᠨ᠎ᠡ᠂ ᠲᠣᠭᠲᠠᠭᠠᠯ ᠭᠠᠷᠭᠠᠬᠤ ᠠᠷᠭ᠎ᠠ ᠮᠠᠶ᠋ᠢᠭ ᠢ ᠲᠦᠷᠢᠮ ᠳᠤ | ᠲᠣᠭᠲᠠᠭᠠᠨ᠎ᠠ᠃ | ᠠᠷᠪᠠᠳᠤᠭᠠᠷ ᠵᠦᠢᠯ ᠪᠡᠶ᠎ᠡ ᠶᠢᠨ ᠲᠠᠮᠢᠷ ᠤᠨ ᠬᠥᠨᠳᠡᠯᠡᠨ ᠠᠴᠠ ᠲᠠᠰᠤᠯᠬᠤ ᠵᠦᠪᠯᠡᠯ ᠠᠵᠢᠯ ᠤᠨ | ᠬᠡᠷᠡᠭᠴᠡᠭᠡ ᠪᠠᠨ ᠦᠨᠳᠦᠰᠦᠯᠡᠨ ᠲᠤᠰᠬᠠᠢ ᠵᠦᠪᠯᠡᠯ ᠪᠠᠶᠢᠭᠤᠯᠵᠤ᠂ ᠲᠡᠭᠦᠨ ᠤ ᠬᠠᠷᠢᠭᠤᠴᠠᠯᠭᠠᠲᠠᠨ ᠢ ᠪᠡᠶ᠎ᠡ ᠶᠢᠨ | ᠲᠠᠮᠢᠷ ᠤᠨ ᠬᠥᠨᠳᠡᠯᠡᠨ ᠠᠴᠠ ᠲᠠᠰᠤᠯᠬᠤ ᠵᠦᠪᠯᠡᠯ ᠤᠨ ᠡᠷᠬᠢᠯᠡᠭᠴᠢ ᠠᠴᠠ ᠪᠡᠶ᠎ᠡ ᠶᠢᠨ ᠲᠠᠮᠢᠷ ᠤᠨ ᠬᠥᠨᠳᠡᠯᠡᠨ ᠠᠴᠠ | ᠲᠠᠰᠤᠯᠬᠤ ᠵᠦᠪᠯᠡᠯ ᠤᠨ ᠭᠡᠰᠢᠭᠦᠨ ᠳᠣᠲᠣᠷ᠎ᠠ ᠠᠴᠠ ᠨᠡᠷ᠎ᠡ ᠳᠤᠷᠠᠳᠴᠤ᠂ ᠪᠡᠶ᠎ᠡ ᠶᠢᠨ ᠲᠠᠮᠢᠷ ᠤᠨ ᠬᠥᠨᠳᠡᠯᠡᠨ ᠠᠴᠠ | ᠲᠠᠰᠤᠯᠬᠤ ᠵᠦᠪᠯᠡᠯ ᠠᠴᠠ ᠤᠷᠢᠵᠤ ᠬᠡᠷᠡᠭᠯᠡᠬᠦ ᠪᠠ ᠬᠡᠷᠡᠭᠯᠡᠬᠦ ᠪᠠᠨ ᠪᠤᠯᠢᠬᠤ ᠶᠢ ᠲᠤᠭᠳᠠᠭᠠᠨ᠎ᠠ᠃ | ᠠᠷᠪᠠᠨ ᠨᠢᠭᠡᠳᠦᠭᠡᠷ ᠵᠦᠢᠯ ᠪᠡᠶ᠎ᠡ ᠶᠢᠨ ᠲᠠᠮᠢᠷ ᠤᠨ ᠬᠥᠨᠳᠡᠯᠡᠨ ᠠᠴᠠ ᠲᠠᠰᠤᠯᠬᠤ ᠵᠦᠪᠯᠡᠯ ᠤᠨ ᠵᠠᠷᠤᠳᠠᠯ ᠢ | ᠡᠳ᠋ ᠤᠨ ᠵᠠᠰᠠᠭ ᠠᠴᠠ ᠬᠠᠤᠯᠢ ᠶᠣᠰᠣᠭᠠᠷ ᠪᠠᠲᠤᠯᠠᠨ᠎ᠠ᠃ | ᠠᠷᠪᠠᠨ ᠬᠤᠶᠠᠳᠤᠭᠠᠷ ᠵᠦᠢᠯ ᠪᠡᠶ᠎ᠡ ᠶᠢᠨ ᠲᠠᠮᠢᠷ ᠤᠨ ᠬᠥᠨᠳᠡᠯᠡᠨ ᠠᠴᠠ ᠲᠠᠰᠤᠯᠬᠤ ᠵᠦᠪᠯᠡᠯ ᠵᠢᠭᠤᠷᠠᠯᠳᠤᠭᠠᠨ ᠤ | ᠬᠡᠷᠡᠭ ᠢ ᠰᠢᠢᠳᠪᠦᠷᠢᠯᠡᠬᠦ ᠳᠡᠭᠡᠨ ᠬᠥᠨᠳᠡᠯᠡᠨ ᠠᠴᠠ ᠲᠠᠰᠤᠯᠬᠤ ᠲᠢᠩᠬᠢᠮ ᠤᠨ ᠲᠦᠷᠢᠮ ᠢ ᠬᠡᠷᠡᠭᠵᠢᠭᠦᠯᠦᠨ᠎ᠡ᠃ | ᠪᠡᠶ᠎ᠡ ᠶᠢᠨ ᠲᠠᠮᠢᠷ ᠤᠨ ᠬᠥᠨᠳᠡᠯᠡᠨ ᠠᠴᠠ ᠲᠠᠰᠤᠯᠬᠤ ᠵᠦᠪᠯᠡᠯ ᠨᠢ ᠴᠢᠬᠤᠯᠠ ᠶᠡᠭᠡ ᠪᠡᠶ᠎ᠡ ᠶᠢᠨ ᠲᠠᠮᠢᠷ ᠤᠨ | ᠤᠷᠤᠯᠳᠤᠭᠠᠨ ᠤ ᠠᠵᠢᠯᠯᠠᠭ᠎ᠠ ᠶᠢᠨ ᠪᠣᠳᠠᠲᠤ ᠬᠡᠷᠡᠭᠴᠡᠭᠡ ᠶᠢ ᠦᠨᠳᠦᠰᠦᠯᠡᠨ᠂ ᠪᠡᠶ᠎ᠡ ᠶᠢᠨ ᠲᠠᠮᠢᠷ ᠤᠨ ᠬᠥᠨᠳᠡᠯᠡᠨ ᠠᠴᠠ | ᠲᠠᠰᠤᠯᠬᠤ ᠲᠤᠰᠬᠠᠢ ᠵᠢᠷᠤᠮ ᠢ ᠬᠡᠷᠡᠭᠯᠡᠵᠦ ᠪᠣᠯᠣᠨ᠎ᠠ᠂ ᠭᠡᠪᠡᠴᠦ ᠬᠥᠨᠳᠡᠯᠡᠨ ᠠᠴᠠ ᠲᠠᠰᠤᠯᠬᠤ ᠭᠠᠵᠠᠷ ᠨᠢ ᠮᠥᠨ ᠯᠡ | ᠪᠡᠶ᠎ᠡ ᠶᠢᠨ ᠲᠠᠮᠢᠷ ᠤᠨ ᠬᠦᠨᠳᠡᠯᠡᠨ ᠠᠴᠠ ᠲᠠᠰᠤᠯᠬᠤ ᠵᠦᠪᠯᠡᠯ ᠤᠨ ᠰᠠᠭᠤᠭ᠎ᠠ ᠭᠠᠵᠠᠷ ᠪᠠᠶᠢᠬᠤ ᠬᠡᠷᠡᠭᠳᠡᠢ᠃ | ᠠᠷᠪᠠᠨ ᠭᠤᠷᠪᠠᠳᠤᠭᠠᠷ ᠵᠦᠢᠯ ᠪᠡᠶ᠎ᠡ ᠶᠢᠨ ᠲᠠᠮᠢᠷ ᠤᠨ ᠬᠥᠨᠳᠡᠯᠡᠨ ᠠᠴᠠ ᠲᠠᠰᠤᠯᠬᠤ ᠵᠦᠪᠯᠡᠯ ᠬᠥᠨᠳᠡᠯᠡᠨ ᠠᠴᠠ | ᠲᠠᠰᠤᠯᠬᠤ ᠲᠤᠰᠬᠠᠢ ᠲᠠᠯᠠᠪᠤᠷ ᠭᠠᠷᠭᠠᠨ᠎ᠠ᠃ ᠬᠥᠨᠳᠡᠯᠡᠨ ᠠᠴᠠ ᠲᠠᠰᠤᠯᠬᠤ ᠲᠠᠯᠠᠪᠤᠷ ᠲᠤ ᠬᠥᠨᠳᠡᠯᠡᠨ ᠠᠴᠠ ᠲᠠᠰᠤᠯᠬᠤ | ᠰᠦᠯᠳᠡ ᠲᠡᠮᠳᠡᠭ ᠢ ᠡᠯᠭᠦᠵᠦ᠂ ᠬᠥᠨᠳᠡᠯᠡᠨ ᠠᠴᠠ ᠲᠠᠰᠤᠯᠬᠤ ᠲᠢᠩᠬᠢᠮ ᠤᠨ ᠰᠠᠬᠢᠯᠭ᠎ᠠ ᠪᠠᠲᠤ ᠵᠢᠴᠢ ᠠᠩᠬᠠᠷᠬᠤ ᠵᠦᠢᠯ | ᠵᠡᠷᠭᠡ ᠶᠢ ᠨᠠᠭᠠᠬᠤ ᠶᠢᠨ ᠬᠠᠮᠲᠤ ᠬᠥᠨᠳᠡᠯᠡᠨ ᠠᠴᠠ ᠲᠠᠰᠤᠯᠬᠤ ᠲᠤᠰᠬᠠᠢ ᠮᠡᠷᠭᠡᠵᠢᠯ ᠤᠨ ᠲᠥᠬᠦᠭᠡᠷᠦᠮᠵᠢ᠂ ᠲᠠᠩᠰᠠ | ᠡᠪᠬᠡᠮᠡᠯ ᠢ ᠬᠠᠳᠠᠭᠠᠯᠠᠬᠤ ᠲᠥᠬᠦᠭᠡᠷᠦᠮᠵᠢ᠂ ᠠᠶᠤᠯᠭᠦᠢ ᠶᠢᠨ ᠬᠢᠨᠠᠨ ᠡᠵᠡᠮᠳᠡᠬᠦ ᠲᠥᠬᠦᠭᠡᠷᠦᠮᠵᠢ ᠪᠠ ᠠᠶᠤᠯᠭᠦᠢ ᠶᠢᠨ | ᠪᠠᠶᠢᠴᠠᠭᠠᠯᠲᠠ ᠶᠢᠨ ᠲᠥᠬᠦᠭᠡᠷᠦᠮᠵᠢ ᠵᠡᠷᠭᠡ ᠶᠢ ᠲᠣᠬᠢᠷᠠᠭᠤᠯᠬᠤ ᠬᠡᠷᠡᠭᠲᠡᠢ᠃ | | ᠭᠤᠷᠪᠠᠳᠤᠭᠠᠷ ᠪᠦᠯᠦᠭ ᠬᠥᠨᠳᠡᠯᠡᠨ ᠠᠴᠠ ᠲᠠᠰᠤᠯᠤᠭᠴᠢ | | ᠠᠷᠪᠠᠨ ᠳᠥᠷᠪᠡᠳᠦᠭᠡᠷ ᠵᠦᠢᠯ ᠬᠥᠨᠳᠡᠯᠡᠨ ᠠᠴᠠ ᠲᠠᠰᠤᠯᠤᠭᠴᠢ ᠶᠢ ᠪᠡᠶ᠎ᠡ ᠶᠢᠨ ᠲᠠᠮᠢᠷ ᠤᠨ ᠬᠥᠨᠳᠡᠯᠡᠨ ᠠᠴᠠ | ᠲᠠᠰᠤᠯᠬᠤ ᠵᠦᠪᠯᠡᠯ ᠠᠴᠠ ᠤᠷᠢᠨ ᠲᠣᠮᠢᠯᠠᠵᠤ᠂ ᠪᠡᠶ᠎ᠡ ᠶᠢᠨ ᠲᠠᠮᠢᠷ ᠤᠨ ᠵᠢᠭᠤᠷᠠᠯᠳᠤᠭᠠᠨ ᠢ ᠬᠠᠤᠯᠢ ᠶᠣᠰᠣᠭᠠᠷ ᠪᠡᠶ᠎ᠡ | ᠲᠠᠭᠠᠭᠠᠵᠦ ᠲᠠᠰᠤᠯᠤᠨᠡ᠃ | ᠠᠷᠪᠠᠨ ᠲᠠᠪᠤᠳᠤᠭᠠᠷ ᠵᠦᠢᠯ ᠪᠡᠶ᠎ᠡ ᠶᠢᠨ ᠲᠠᠮᠢᠷ ᠤᠨ ᠬᠥᠨᠳᠡᠯᠡᠨ ᠠᠴᠠ ᠲᠠᠰᠤᠯᠬᠤ ᠵᠦᠪᠯᠡᠯ ᠨᠢ | ᠬᠥᠨᠳᠡᠯᠡᠨ ᠠᠴᠠ ᠲᠠᠰᠤᠯᠤᠭᠴᠢ ᠶᠢᠨ ᠨᠡᠷᠡᠰ ᠤᠨ ᠳᠡᠪᠲᠡᠷ ᠪᠠᠶᠢᠭᠤᠯᠬᠤ ᠶᠢᠨ ᠬᠠᠮᠲᠤ ᠵᠠᠷᠯᠠᠨ ᠨᠡᠶᠢᠲᠡᠯᠡᠬᠦ ᠬᠡᠷᠡᠭᠲᠡᠢ᠃ | ᠠᠷᠪᠠᠨ ᠵᠢᠷᠭᠤᠳᠤᠭᠠᠷ ᠵᠦᠢᠯ ᠬᠥᠨᠳᠡᠯᠡᠨ ᠠᠴᠠ ᠲᠠᠰᠤᠯᠤᠭᠴᠢ ᠬᠠᠤᠯᠢ ᠶᠣᠰᠣᠭᠠᠷ ᠳᠣᠣᠷᠠᠬᠢ | ᠡᠷᠬᠡ ᠨᠦᠭᠦᠳ ᠢ ᠡᠳ᠋ᠯᠡᠨ᠎ᠡ᠄ | (ᠨᠢᠭᠡ) ᠪᠡᠶ᠎ᠡ ᠶᠢᠨ ᠲᠠᠮᠢᠷ ᠤᠨ ᠵᠢᠭᠤᠷᠠᠯᠳᠤᠭᠠᠨ ᠢ ᠪᠡᠶ᠎ᠡ ᠪᠠᠨ ᠳᠠᠭᠠᠭᠠᠵᠤ ᠰᠢᠢᠳᠪᠦᠷᠢᠯᠡᠨ᠎ᠡ᠂ ᠵᠠᠰᠠᠭ | ᠵᠠᠬᠢᠷᠭᠠᠨ ᠤ ᠪᠠᠶᠢᠭᠤᠯᠭ᠎ᠠ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠪᠠ ᠬᠤᠪᠢ ᠬᠥᠮᠥᠨ ᠤ ᠭᠠᠷ ᠲᠦᠷᠦᠭᠦ ᠶᠢ | ᠬᠦᠯᠢᠶᠡᠬᠦ ᠤᠶᠢᠭᠡᠢ︔ | ︵ᠬᠤᠶᠠᠷ︶ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠳᠤ ᠪᠠᠶᠢᠪᠠᠰᠤ ᠵᠣᠬᠢᠬᠤ ᠡᠷᠬᠡ ᠲᠤᠰᠢᠶᠠᠯ ᠪᠠ | ᠠᠵᠢᠯ ᠤᠨ ᠨᠥᠬᠦᠴᠡᠯ︔ | ︵ᠭᠤᠷᠪᠠ︶ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠭᠰᠡᠨ ᠠᠴᠠ ᠪᠣᠯᠵᠤ ᠬᠥᠮᠥᠨ ᠤ ᠪᠡᠶ᠎ᠡ᠂ ᠡᠳ᠋ | ᠬᠥᠷᠥᠩᠭᠡ ᠶᠢᠨ ᠠᠮᠤᠷ ᠲᠦᠪᠰᠢᠨ ᠨᠢ ᠰᠦᠷᠳᠡᠭᠦᠯᠦᠯ᠂ ᠬᠠᠯᠳᠠᠯᠭ᠎ᠠ ᠳᠤ ᠤᠴᠠᠷᠠᠬᠤ ᠦᠭᠡᠢ ᠪᠠᠶᠢᠬᠤ︔ | (ᠲᠦᠷᠪᠡ) ᠬᠠᠤᠯᠢ ᠴᠠᠭᠠᠵᠠ᠂ ᠬᠠᠤᠯᠢ ᠲᠣᠭᠲᠠᠭᠠᠯ ᠵᠢᠴᠢ ᠳᠤᠮᠳᠠᠳᠤ ᠤᠯᠤᠰ ᠤᠨ ᠪᠡᠶ᠎ᠡ ᠶᠢᠨ ᠲᠠᠮᠢᠷ ᠤᠨ | ᠬᠥᠨᠳᠡᠯᠡᠨ ᠠᠴᠠ ᠲᠠᠰᠤᠯᠬᠤ ᠵᠦᠪᠯᠡᠯ ᠤᠨ ᠲᠣᠭᠲᠠᠭᠠᠭᠰᠠᠨ ᠬᠥᠨᠳᠡᠯᠡᠨ ᠠᠴᠠ ᠲᠠᠰᠤᠯᠤᠭᠴᠢ ᠶᠢ ᠤᠷᠢᠨ ᠲᠣᠮᠢᠯᠠᠬᠤ | ᠪᠠ ᠬᠠᠮᠢᠶᠠᠷᠬᠤ ᠠᠷᠭ᠎ᠠ ᠳᠤ ᠲᠣᠭᠲᠠᠭᠠᠭᠰᠠᠨ ᠪᠤᠰᠤᠳ ᠡᠷᠬᠡ ᠨᠦᠭᠦᠳ᠃ | ᠠᠷᠪᠠᠨ ᠳᠣᠯᠣᠳᠤᠭᠠᠷ ᠵᠦᠢᠯ ᠬᠥᠨᠳᠡᠯᠡᠨ ᠠᠴᠠ ᠲᠠᠰᠤᠯᠤᠭᠴᠢ ᠳᠣᠣᠷᠠᠬᠢ ᠡᠭᠦᠷᠭᠡ ᠨᠦᠭᠦᠳ ᠢ ᠭᠦᠢᠴᠡᠳᠬᠡᠬᠦ | ᠬᠡᠷᠡᠭᠲᠡᠢ: | (ᠨᠢᠭᠡ) ᠪᠡᠶ᠎ᠡ ᠶᠢᠨ ᠲᠠᠮᠢᠷ ᠤᠨ ᠵᠢᠭᠤᠷᠠᠯᠳᠤᠭᠠᠨ ᠢ ᠬᠠᠤᠯᠢ ᠶᠣᠰᠣᠭᠠᠷ ᠰᠢᠢᠳᠪᠦᠷᠢᠯᠡᠨ᠎ᠡ︔ | ︵ᠬᠤᠶᠠᠷ︶ ᠤᠯᠤᠰ ᠣᠷᠣᠨ ᠤ ᠠᠰᠢᠭ ᠲᠤᠰᠠ ᠪᠠ ᠤᠯᠠᠨ ᠨᠡᠶᠢᠲᠡ ᠶᠢᠨ ᠠᠰᠢᠭ ᠲᠤᠰᠠ ᠶᠢ ᠬᠠᠮᠠᠭᠠᠯᠠᠵᠤ᠂ | ᠲᠤᠬᠠᠢ ᠶᠢᠨ ᠬᠥᠮᠥᠨ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠎ᠠ︔ | (ᠭᠤᠷᠪᠠ) ᠠᠷᠢᠭᠤᠨ ᠴᠢᠬᠡᠴᠢ ᠪᠠᠷ ᠵᠠᠰᠠᠭ ᠪᠠᠷᠢᠬᠤ ᠲᠤᠬᠠᠢ ᠲᠣᠭᠲᠠᠭᠠᠯ ᠢ ᠴᠢᠩᠭ᠎ᠠ ᠬᠡᠷᠡᠭᠵᠢᠭᠦᠯᠵᠦ᠂ | ᠲᠤᠬᠠᠶᠢᠯᠠᠭᠰᠠᠨ ᠠᠵᠢᠯ ᠤᠨ ᠶᠣᠰᠣ ᠮᠣᠷᠠᠯ ᠢ ᠬᠢᠴᠢᠶᠡᠩᠭᠦᠶᠢᠯᠡᠨ ᠰᠠᠬᠢᠬᠤ ᠬᠡᠷᠡᠭᠲᠡᠢ︔ | ︵ᠳᠥᠷᠪᠡ︶ ᠤᠬᠠᠮᠰᠠᠷ ᠠᠴᠠ ᠪᠠᠨ ᠬᠢᠨᠠᠯᠲᠠ ᠶᠢ ᠬᠦᠯᠢᠶᠡᠬᠦ︔ | ︵ᠲᠠᠪᠤ︶ ᠤᠷᠢᠭᠳᠠᠬᠤ ᠠᠴᠠ ᠡᠮᠦᠨᠡᠬᠢ ᠪᠣᠯᠪᠠᠰᠤᠷᠠᠯ ᠪᠠ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ | ᠪᠣᠯᠪᠠᠰᠤᠷᠠᠯ ᠳᠤ ᠣᠷᠤᠯᠴᠠᠬᠤ︔ | (ᠵᠢᠷᠭᠤᠭ᠎ᠠ) ᠬᠠᠤᠯᠢ ᠴᠠᠭᠠᠵᠠ᠂ ᠬᠠᠤᠯᠢ ᠲᠣᠭᠲᠠᠭᠠᠯ ᠵᠢᠴᠢ ᠳᠤᠮᠳᠠᠳᠤ ᠤᠯᠤᠰ ᠤᠨ ᠪᠡᠶ᠎ᠡ ᠶᠢᠨ ᠲᠠᠮᠢᠷ ᠤᠨ | ᠬᠥᠨᠳᠡᠯᠡᠨ ᠠᠴᠠ ᠲᠠᠰᠤᠯᠬᠤ ᠵᠦᠪᠯᠡᠯ ᠤᠨ ᠲᠣᠭᠲᠠᠭᠠᠭᠰᠠᠨ ᠬᠥᠨᠳᠡᠯᠡᠨ ᠠᠴᠠ ᠲᠠᠰᠤᠯᠤᠭᠴᠢ ᠶᠢ ᠤᠷᠢᠨ ᠲᠣᠮᠢᠯᠠᠬᠤ | ᠪᠠ ᠬᠠᠮᠢᠶᠠᠷᠬᠤ ᠠᠷᠭ᠎ᠠ ᠳᠤ ᠲᠣᠭᠲᠠᠭᠠᠭᠰᠠᠨ ᠪᠤᠰᠤᠳ ᠡᠭᠦᠷᠭᠡ ᠨᠦᠭᠦᠳ᠃ | ᠠᠷᠪᠠᠨ ᠨᠠᠢᠮᠠᠳᠤᠭᠠᠷ ᠵᠦᠢᠯ ᠬᠥᠨᠳᠡᠯᠡᠨ ᠠᠴᠠ ᠲᠠᠰᠤᠯᠤᠭᠴᠢ ᠶᠢᠨ ᠤᠷᠢᠬᠤ ᠬᠤᠭᠤᠴᠠᠭ᠎ᠠ ᠨᠢ ᠡ᠊ᠩ ᠤᠨ | ᠪᠠᠶᠢᠳᠠᠯ ᠳᠤ ᠲᠦᠷᠪᠡᠨ ᠵᠢᠯ ᠪᠣᠯᠣᠨ᠎ᠠ᠃ ᠪᠡᠶ᠎ᠡ ᠶᠢᠨ ᠲᠠᠮᠢᠷ ᠤᠨ ᠬᠥᠨᠳᠡᠯᠡᠨ ᠠᠴᠠ ᠲᠠᠰᠤᠯᠬᠤ ᠵᠦᠪᠯᠡᠯ ᠨᠢ | ᠬᠥᠨᠳᠡᠯᠡᠨ ᠠᠴᠠ ᠲᠠᠰᠤᠯᠤᠭᠴᠢ ᠶᠢ ᠬᠢᠨᠠᠨ ᠰᠢᠯᠭᠠᠬᠤ ᠶᠢ ᠬᠠᠷᠢᠭᠤᠴᠠᠵᠤ᠂ ᠬᠢᠨᠠᠨ ᠰᠢᠯᠭᠠᠭᠰᠠᠨ ᠦᠷ᠎ᠡ ᠳ᠋ᠦᠩ ᠢᠶᠠᠷ | ᠬᠥᠨᠳᠡᠯᠡᠨ ᠠᠴᠠ ᠲᠠᠰᠤᠯᠤᠭᠴᠢ ᠶᠢ ᠤᠷᠢᠬᠤ ᠪᠠᠨ ᠪᠣᠯᠢᠬᠤ ᠪᠠ ᠦᠷᠭᠦᠯᠵᠢᠯᠡᠨ ᠤᠷᠢᠬᠤ ᠶᠢᠨ ᠦᠨᠳᠦᠰᠦᠯᠡᠯ | ᠪᠤᠯᠭᠠᠨ᠎ᠠ᠃ | ᠠᠷᠪᠠ ᠶᠢᠰᠦᠳᠦᠭᠡᠷ ᠵᠦᠢᠯ ᠬᠥᠨᠳᠡᠯᠡᠨ ᠠᠴᠠ ᠲᠠᠰᠤᠯᠤᠭᠴᠢ ᠶᠢ ᠪᠣᠯᠪᠠᠰᠤᠷᠠᠭᠤᠯᠬᠤ ᠪᠠ ᠬᠢᠨᠠᠨ ᠰᠢᠯᠭᠠᠬᠤ | ᠪᠠᠷᠢᠮᠵᠢᠶ᠎ᠠ ᠶᠢ ᠪᠡᠶ᠎ᠡ ᠶᠢᠨ ᠲᠠᠮᠢᠷ ᠤᠨ ᠬᠥᠨᠳᠡᠯᠡᠨ ᠠᠴᠠ ᠲᠠᠰᠤᠯᠬᠤ ᠵᠦᠪᠯᠡᠯ ᠠᠴᠠ ᠲᠣᠭᠲᠠᠭᠠᠨ᠎ᠠ᠃ | ᠬᠤᠷᠢᠳᠤᠭᠠᠷ ᠵᠦᠢᠯ ᠪᠡᠶ᠎ᠡ ᠶᠢᠨ ᠲᠠᠮᠢᠷ ᠤᠨ ᠬᠥᠨᠳᠡᠯᠡᠨ ᠠᠴᠠ ᠲᠠᠰᠤᠯᠬᠤ ᠵᠦᠪᠯᠡᠯ ᠬᠥᠨᠳᠡᠯᠡᠨ ᠠᠴᠠ | ᠲᠠᠰᠤᠯᠤᠭᠴᠢ ᠶᠢᠨ ᠦᠨᠡᠮᠯᠡᠯ ᠪᠠ ᠬᠥᠨᠳᠡᠯᠡᠨ ᠠᠴᠠ ᠲᠠᠰᠤᠯᠬᠤ ᠰᠦᠯᠳᠡ ᠲᠡᠮᠳᠡᠭ ᠢ ᠰᠦᠢᠳᠬᠡᠯ ᠬᠤᠷᠢᠶᠠᠬᠤ | ᠦᠭᠡᠢ ᠪᠠᠷ ᠨᠢᠭᠡᠳᠦᠯᠲᠡᠢ ᠣᠯᠭᠤᠨ᠎ᠠ᠃ | | ᠳᠥᠷᠪᠡᠳᠦᠭᠡᠷ ᠪᠦᠯᠦᠭ ᠬᠢᠨᠠᠯᠳᠠ ᠬᠠᠮᠢᠶᠠᠷᠤᠯᠳᠠ | | ᠬᠤᠷᠢᠨ ᠨᠢᠭᠡᠳᠦᠭᠡᠷ ᠵᠦᠢᠯ ᠪᠡᠶ᠎ᠡ ᠶᠢᠨ ᠲᠠᠮᠢᠷ ᠤᠨ ᠬᠥᠨᠳᠡᠯᠡᠨ ᠠᠴᠠ ᠲᠠᠰᠤᠯᠬᠤ ᠵᠦᠪᠯᠡᠯ ᠨᠢ ᠬᠢᠨᠠᠭᠴᠢᠳ ᠤᠨ | ᠵᠥᠪᠯᠡᠯ ᠪᠠᠶᠢᠭᠤᠯᠵᠤ᠂ ᠳᠣᠲᠣᠭᠠᠳᠤ ᠶᠢᠨ ᠬᠢᠨᠠᠯᠲᠠ ᠲᠠᠯᠪᠢᠬᠤ ᠳᠦᠷᠢᠮ ᠢ ᠪᠠᠶᠢᠭᠤᠯᠵᠤ᠂ ᠭᠤᠶᠤᠴᠢᠯᠠᠯ ᠢ ᠭᠥᠯᠢᠶᠡᠨ | ᠠᠪᠴᠤ ᠰᠢᠢᠳᠪᠦᠷᠢᠯᠡᠬᠦ᠂ ᠬᠡᠷᠡᠭ ᠰᠢᠢᠳᠪᠦᠷᠢᠯᠡᠬᠦ ᠵᠢᠷᠤᠮ᠂ ᠬᠥᠨᠳᠡᠯᠡᠨ ᠠᠴᠠ ᠲᠠᠰᠤᠯᠤᠭᠴᠢ ᠵᠢᠴᠢ ᠪᠤᠰᠤᠳ | ᠠᠵᠢᠯᠲᠠᠨ ᠤ ᠠᠵᠢᠯᠯᠠᠭ᠎ᠠ ᠵᠡᠷᠭᠡ ᠳᠤ ᠬᠢᠨᠠᠯᠲᠠ ᠲᠠᠯᠪᠢᠬᠤ ᠬᠡᠷᠡᠭᠲᠡᠢ᠂ ᠭᠡᠪᠡᠴᠦ ᠪᠣᠳᠠᠲᠠᠢ ᠬᠡᠷᠡᠭ ᠲᠤ ᠭᠠᠷ ᠳᠦᠷᠦᠵᠦ | ᠪᠣᠯᠬᠤ ᠦᠭᠡᠢ᠃ | ᠬᠤᠷᠢᠨ ᠬᠤᠶᠠᠳᠤᠭᠠᠷ ᠵᠦᠢᠯ ᠬᠥᠨᠳᠡᠯᠡᠨ ᠠᠴᠠ ᠲᠠᠰᠤᠯᠤᠭᠴᠢ ᠳᠤ ᠳᠣᠣᠷ᠎ᠠ ᠵᠢᠭᠰᠠᠭᠠᠭᠰᠠᠨ ᠪᠠᠶᠢᠳᠠᠯ ᠤᠨ | ᠨᠢᠭᠡ ᠨᠢ ᠪᠠᠶᠢᠪᠠᠯ ᠪᠡᠶ᠎ᠡ ᠶᠢᠨ ᠲᠠᠮᠢᠷ ᠤᠨ ᠬᠥᠨᠳᠡᠯᠡᠨ ᠠᠴᠠ ᠲᠠᠰᠤᠯᠬᠤ ᠵᠦᠪᠯᠡᠯ ᠠᠴᠠ ᠤᠷᠢᠬᠤ ᠪᠠᠨ ᠪᠣᠯᠢᠬᠤ | ᠬᠡᠷᠡᠭᠲᠡᠢ: | ︵ᠨᠢᠭᠡ︶ ᠤᠷᠢᠵᠤ ᠬᠡᠷᠡᠭᠯᠡᠬᠦ ᠬᠤᠭᠤᠴᠠᠭᠠᠨ ᠳᠤ ᠠᠵᠢᠯ ᠤᠨ ᠪᠠᠶᠢᠷᠢ ᠶᠢᠨ ᠬᠤᠪᠢᠷᠠᠯᠲᠠ ᠭᠠᠷᠤᠭᠰᠠᠨ ᠪᠤᠶᠤ | ᠪᠤᠰᠤᠳ ᠰᠢᠯᠲᠠᠭᠠᠨ ᠠᠴᠠ ᠪᠣᠯᠵᠤ ᠬᠥᠨᠳᠡᠯᠡᠨ ᠠᠴᠠ ᠲᠠᠰᠤᠯᠤᠭᠴᠢ ᠶᠢᠨ ᠲᠤᠰᠢᠶᠠᠯ ᠬᠠᠷᠢᠭᠤᠴᠠᠯᠭ᠎ᠠ ᠪᠠᠨ | ᠭᠦᠢᠴᠡᠳᠬᠡᠬᠦ ᠦᠭᠡᠢ ᠪᠣᠯᠤᠭᠰᠠᠨ︔ | ︵ᠬᠤᠶᠠᠷ︶ ᠣᠨ ᠤ ᠪᠣᠯᠪᠠᠰᠤᠷᠠᠯ ᠨᠢ ᠲᠣᠭᠲᠠᠭᠰᠠᠨ ᠴᠠᠭ ᠲᠤ ᠦᠯᠦ ᠬᠦᠷᠦᠭᠰᠡᠨ︔ | ︵ᠭᠤᠷᠪᠠ︶ ᠣᠨ ᠤ ᠬᠢᠨᠠᠨ ᠰᠢᠯᠭᠠᠯᠲᠠ ᠳᠤ ᠬᠢᠷᠢ ᠲᠡᠩᠴᠡᠭᠰᠡᠨ ᠦᠭᠡᠢ︔ | ︵ᠳᠥᠷᠪᠡ︶ ᠠᠵᠢᠯᠯᠠᠵᠤ ᠪᠠᠶᠢᠭ᠎ᠠ ᠪᠠᠶᠢᠭᠤᠯᠭ᠎ᠠ ᠠᠴᠠ ᠪᠠᠨ ᠣᠰᠣᠯ ᠲᠡᠮᠳᠡᠭᠯᠡᠯ ᠠᠴᠠ ᠳᠡᠭᠡᠭᠰᠢᠬᠢ | ᠰᠢᠳᠬᠡᠯ ᠣᠯᠣᠭᠰᠠᠨ︔ | ︵ᠲᠠᠪᠤ︶ ᠲᠣᠭᠲᠠᠭᠠᠯ ᠢ ᠵᠥᠷᠢᠴᠡᠵᠦ ᠰᠠᠬᠢᠯᠭ᠎ᠠ ᠪᠠᠲᠤ ᠶᠢ ᠵᠥᠷᠢᠴᠡᠵᠦ ᠬᠠᠤᠯᠢ ᠶᠢ ᠵᠥᠷᠢᠴᠡᠭᠰᠡᠨ ᠠᠴᠠ ᠪᠣᠯᠵᠤ | ᠬᠥᠨᠳᠡᠯᠡᠨ ᠠᠴᠠ ᠲᠠᠰᠤᠯᠤᠭᠴᠢ ᠶᠢᠨ ᠲᠤᠰᠢᠶᠠᠯ ᠬᠠᠷᠢᠭᠤᠴᠠᠯᠭ᠎ᠠ ᠪᠠᠨ ᠦᠷᠭᠦᠯᠵᠢᠯᠡᠨ ᠭᠦᠢᠴᠡᠳᠬᠡᠵᠦ ᠴᠢᠳᠠᠬᠤ | ᠦᠭᠡᠢ ᠪᠣᠯᠤᠭᠰᠠᠨ︔ | ︵ᠵᠢᠷᠭᠤᠭ᠎ᠠ︶ ᠤᠷᠢᠬᠤ ᠪᠠᠨ ᠪᠣᠯᠢᠬᠤ ᠶᠣᠰᠣᠲᠠᠢ ᠪᠤᠰᠤᠳ ᠪᠠᠶᠢᠳᠠᠯ ᠤᠳ᠃ | ᠬᠤᠷᠢᠨ ᠭᠤᠷᠪᠠᠳᠤᠭᠠᠷ ᠵᠦᠢᠯ ᠬᠥᠨᠳᠡᠯᠡᠨ ᠠᠴᠠ ᠲᠠᠰᠤᠯᠤᠭᠴᠢ ᠳᠣᠣᠷ᠎ᠠ ᠵᠢᠭᠰᠠᠭᠠᠭᠰᠠᠨ | ᠠᠵᠢᠯᠯᠠᠭ᠎ᠠ ᠨᠤᠭᠤᠳ ᠢ ᠬᠢᠵᠦ ᠪᠣᠯᠬᠤ ᠦᠭᠡᠢ᠄ | (ᠨᠢᠭᠡ) ᠬᠤᠪᠢ ᠶᠢᠨ ᠨᠠᠶᠢᠷ ᠢᠶᠠᠷ ᠬᠠᠤᠯᠢ ᠴᠠᠭᠠᠵᠠ ᠶᠢ ᠭᠠᠵᠢᠭᠤᠳᠠᠭᠤᠯᠵᠤ᠂ ᠨᠢᠭᠡ ᠡᠲᠡᠭᠡᠳ ᠤᠨ ᠲᠤᠬᠠᠢ ᠶᠢᠨ | ᠬᠥᠮᠥᠨ ᠢ ᠥᠮᠥᠭᠡᠷᠡᠭᠰᠡᠨ︔ | ︵ᠬᠤᠶᠠᠷ︶ ᠡᠷᠬᠡ ᠲᠤᠰᠢᠶᠠᠯ ᠢᠶᠠᠨ ᠳᠤᠷ᠎ᠠ ᠪᠠᠷ ᠢᠶᠠᠨ ᠬᠡᠷᠡᠭᠯᠡᠵᠦ᠂ ᠲᠤᠬᠠᠢ ᠶᠢᠨ ᠬᠥᠮᠥᠨ ᠤ ᠬᠠᠤᠯᠢ ᠶᠣᠰᠣᠨ ᠤ | ᠡᠷᠬᠡ ᠠᠰᠢᠭ ᠲᠤ ᠬᠠᠯᠳᠠᠭᠰᠠᠨ︔ | (ᠭᠤᠷᠪᠠ) ᠡᠷᠬᠡ ᠲᠤᠰᠢᠶᠠᠯ ᠢᠶᠠᠨ ᠠᠰᠢᠭᠯᠠᠨ ᠪᠡᠶ᠎ᠡ ᠳᠡᠭᠡᠨ ᠪᠤᠶᠤ ᠪᠤᠰᠤᠳ ᠲᠤ ᠬᠤᠪᠢ ᠶᠢᠨ ᠠᠰᠢᠭ | ᠣᠯᠭᠤᠬᠤ︔ | ( ᠲᠦᠷᠪᠡ︶ ᠭᠡᠷᠡᠴᠢ ᠪᠠᠷᠢᠮᠲᠠ ᠶᠢ ᠨᠢᠭᠤᠨ ᠳᠠᠯᠳᠠᠯᠠᠬᠤ ᠪᠤᠶᠤ ᠭᠡᠷᠡᠴᠢ ᠪᠠᠷᠢᠮᠲᠠ ᠶᠢ ᠬᠠᠭᠤᠷᠮᠠᠭᠯᠠᠨ | ᠵᠣᠬᠢᠶᠠᠬᠤ︔ | (ᠲᠠᠪᠤ) ᠵᠠᠶᠢᠯᠠᠪᠠᠯ ᠵᠣᠬᠢᠬᠤ ᠪᠣᠳᠠᠲᠤ ᠬᠡᠷᠡᠭ ᠢ ᠵᠣᠷᠢᠭᠤᠳᠠ ᠨᠢᠭᠤᠨ ᠳᠠᠯᠳᠠᠯᠠᠭᠠᠳ ᠬᠦᠨᠳᠦ ᠨᠣᠴᠢᠲᠠᠢ | ᠤᠷᠰᠢᠭ ᠲᠠᠲᠠᠭᠰᠠᠨ︔ | (ᠵᠢᠷᠭᠤᠭ᠎ᠠ) ᠲᠤᠬᠠᠢ ᠶᠢᠨ ᠬᠥᠮᠥᠨ ᠪᠠ ᠲᠡᠭᠦᠨ ᠤ ᠣᠷᠣᠯᠠᠭᠴᠢ ᠲᠠᠢ ᠳᠤᠷ᠎ᠠ ᠪᠠᠷ ᠢᠶᠠᠨ ᠠᠭᠤᠯᠵᠠᠵᠤ᠂ | ᠲᠤᠬᠠᠢ ᠶᠢᠨ ᠬᠥᠮᠥᠨ ᠪᠠ ᠲᠡᠭᠦᠨ ᠤ ᠣᠷᠣᠯᠠᠭᠴᠢ ᠶᠢᠨ ᠳᠠᠶᠢᠯᠠᠯᠭ᠎ᠠ ᠳᠤ ᠣᠷᠣᠯᠴᠠᠨ ᠪᠡᠯᠡᠭ ᠢ ᠨᠢ | ᠭᠥᠯᠢᠶᠡᠨ ᠠᠪᠬᠤ︔ | (ᠲᠤᠯᠤᠭ᠎ᠠ) ᠬᠡᠷᠡᠭ ᠰᠢᠢᠳᠪᠦᠷᠢᠯᠡᠬᠦ ᠶᠢ ᠵᠣᠷᠢᠭᠤᠳᠠ ᠤᠳᠠᠭᠠᠰᠢᠷᠠᠭᠤᠯᠵᠤ᠂ ᠲᠤᠰᠢᠶᠠᠯ ᠬᠠᠷᠢᠭᠤᠴᠠᠯᠭ᠎ᠠ ᠪᠠᠨ | ᠣᠮᠲᠣᠭᠠᠶᠢᠯᠠᠭᠰᠠᠨ︔ | ︵ᠨᠠᠢᠮᠠ︶ ᠬᠡᠷᠡᠭ ᠲᠤ ᠬᠤᠯᠪᠣᠭᠳᠠᠭᠰᠠᠨ ᠤᠯᠤᠰ ᠤᠨ ᠨᠢᠭᠤᠴᠠ᠂ ᠬᠤᠳᠠᠯᠳᠤᠭᠠᠨ ᠤ ᠨᠢᠭᠤᠴᠠ ᠪᠠ ᠬᠤᠪᠢ | ᠬᠥᠮᠥᠨ ᠤ ᠨᠢᠭᠤᠴᠠ ᠶᠢ ᠵᠠᠳᠠᠷᠠᠭᠤᠯᠤᠭᠰᠠᠨ ᠪᠤᠶᠤ ᠬᠡᠷᠡᠭ ᠢ ᠰᠢᠢᠳᠪᠦᠷᠢᠯᠡᠭᠰᠡᠨ ᠪᠠᠶᠢᠳᠠᠯ ᠢ ᠳᠤᠷ᠎ᠠ ᠪᠠᠷ ᠢᠶᠠᠨ | ᠵᠠᠳᠠᠷᠠᠭᠤᠯᠤᠭᠰᠠᠨ︔ | (ᠶᠢᠰᠦ) ᠤᠷᠢᠭᠳᠠᠭᠰᠠᠨ ᠬᠤᠭᠤᠴᠠᠭᠠᠨ ᠳᠠᠭᠠᠨ ᠪᠡᠶ᠎ᠡ ᠶᠢᠨ ᠲᠠᠮᠢᠷ ᠤᠨ ᠬᠥᠨᠳᠡᠯᠡᠨ ᠠᠴᠠ ᠲᠠᠰᠤᠯᠬᠤ | ᠺᠣᠮᠢᠰ ᠤᠨ ᠬᠡᠷᠡᠭ ᠢ ᠭᠥᠯᠢᠶᠡᠨ ᠠᠪᠴᠤ ᠰᠢᠢᠳᠪᠦᠷᠢᠯᠡᠬᠦ ᠣᠷᠣᠯᠠᠭᠴᠢ ᠪᠣᠯᠬᠤ︔ | ︵ᠠᠷᠪᠠ︶ ᠲᠣᠭᠲᠠᠭᠠᠯ ᠢ ᠵᠥᠷᠢᠴᠡᠵᠦ ᠰᠠᠬᠢᠯᠭ᠎ᠠ ᠪᠠᠲᠤ ᠶᠢ ᠵᠥᠷᠢᠴᠡᠵᠦ ᠬᠠᠤᠯᠢ ᠶᠢ ᠵᠥᠷᠢᠴᠡᠭᠰᠡᠨ ᠪᠤᠰᠤᠳ | ᠦᠢᠯᠡ ᠠᠵᠢᠯᠯᠠᠭ᠎ᠠ ᠨᠤᠭᠤᠳ᠃ | ᠬᠥᠨᠳᠡᠯᠡᠨ ᠠᠴᠠ ᠲᠠᠰᠤᠯᠤᠭᠴᠢ ᠳᠤ ᠳᠡᠭᠡᠷ᠎ᠡ ᠳᠤᠷᠠᠳᠤᠭᠰᠠᠨ ᠦᠢᠯᠡ ᠠᠵᠢᠯᠯᠠᠭ᠎ᠠ ᠲᠠᠢ ᠪᠠᠶᠢᠪᠠᠯ᠂ ᠪᠡᠶ᠎ᠡ ᠶᠢᠨ | ᠲᠠᠮᠢᠷ ᠤᠨ ᠬᠥᠨᠳᠡᠯᠡᠨ ᠠᠴᠠ ᠲᠠᠰᠤᠯᠬᠤ ᠵᠦᠪᠯᠡᠯ ᠠᠴᠠ ᠦᠢᠯᠡ ᠪᠠᠶᠢᠳᠠᠯ ᠤᠨ ᠬᠢᠨᠢ ᠬᠦᠨᠳᠦ ᠬᠥᠩᠭᠡᠨ ᠢ ᠦᠵᠡᠵᠦ | ᠪᠠᠶᠢᠭᠠᠳ ᠰᠢᠭᠦᠮᠵᠢᠯᠡᠨ ᠰᠤᠷᠭᠠᠬᠤ᠂ ᠤᠷᠢᠬᠤ ᠪᠠᠨ ᠪᠣᠯᠢᠬᠤ ᠵᠡᠷᠭᠡ ᠪᠠᠷ ᠰᠢᠢᠳᠪᠦᠷᠢᠯᠡᠨ᠎ᠡ︔ ᠳᠡᠭᠡᠷ᠎ᠡ ᠳᠤᠷᠠᠳᠤᠭᠰᠠᠨ | ᠦᠢᠯᠡ ᠠᠵᠢᠯᠯᠠᠭ᠎ᠠ ᠠᠴᠠ ᠪᠣᠯᠵᠤ ᠤᠷᠢᠬᠤ ᠪᠠᠨ ᠪᠣᠯᠢᠭᠰᠠᠨ ᠪᠠᠶᠢᠪᠠᠯ᠂ ᠲᠠᠬᠢᠵᠤ ᠬᠥᠨᠳᠡᠯᠡᠨ ᠠᠴᠠ ᠲᠠᠰᠤᠯᠤᠭᠴᠢ ᠪᠠᠷ | ᠤᠷᠢᠵᠤ ᠪᠣᠯᠬᠤ ᠦᠭᠡᠢ ᠪᠥᠭᠡᠳ ᠬᠤᠯᠪᠣᠭᠳᠠᠯ ᠪᠦᠬᠦᠢ ᠪᠠᠶᠢᠳᠠᠯ ᠢ ᠬᠥᠨᠳᠡᠯᠡᠨ ᠠᠴᠠ ᠲᠠᠰᠤᠯᠤᠭᠴᠢ ᠶᠢᠨ ᠪᠠᠶᠢᠭ᠎ᠠ | ᠨᠢᠭᠡᠴᠢ ᠳᠤ ᠮᠡᠳᠡᠭᠳᠡᠬᠦ ᠬᠡᠷᠡᠭᠲᠡᠢ᠃ ᠶᠠᠯ᠎ᠠ ᠪᠣᠯᠵᠤ ᠪᠦᠷᠢᠯᠳᠦᠭᠰᠡᠨ ᠪᠠᠶᠢᠪᠠᠯ ᠬᠠᠤᠯᠢ ᠶᠣᠰᠣᠭᠠᠷ ᠡᠷᠡᠭᠦᠦ ᠶᠢᠨ | ᠬᠠᠷᠢᠭᠤᠴᠠᠯᠭ᠎ᠠ ᠨᠡᠬᠡᠮᠵᠢᠯᠡᠨ᠎ᠡ᠃ | ᠬᠤᠷᠢᠨ ᠳᠥᠷᠪᠡᠳᠦᠭᠡᠷ ᠵᠦᠢᠯ ᠬᠥᠨᠳᠡᠯᠡᠨ ᠠᠴᠠ ᠲᠠᠰᠤᠯᠬᠤ ᠨᠠᠷᠢᠨ ᠪᠢᠴᠢᠭᠡᠴᠢ ᠵᠡᠷᠭᠡ ᠬᠡᠷᠡᠭ ᠰᠢᠢᠳᠪᠦᠷᠢᠯᠡᠬᠦ | ᠲᠤᠰᠠᠯᠠᠬᠤ ᠠᠵᠢᠯᠲᠠᠨ ᠲᠤᠰᠢᠶᠠᠯ ᠬᠠᠷᠢᠭᠤᠴᠠᠯᠭ᠎ᠠ ᠪᠠᠨ ᠬᠢᠨᠠᠮᠠᠭᠠᠢ ᠭᠦᠢᠴᠡᠳᠬᠡᠵᠦ᠂ ᠠᠵᠢᠯ ᠤᠨ ᠰᠠᠬᠢᠯᠭ᠎ᠠ ᠪᠠᠲᠤ ᠶᠢ | ᠴᠢᠩᠭ᠎ᠠ ᠰᠠᠬᠢᠬᠤ ᠬᠡᠷᠡᠭᠲᠡᠢ᠂ ᠲᠤᠰᠢᠶᠠᠯ ᠬᠠᠷᠢᠭᠤᠴᠠᠯᠭ᠎ᠠ ᠪᠠᠨ ᠤᠮᠳᠤᠭᠠᠶᠢᠯᠠᠬᠤ᠂ ᠨᠢᠭᠡ ᠲᠠᠯ᠎ᠠ ᠶᠢᠨ ᠲᠤᠬᠠᠢ ᠶᠢᠨ | ᠬᠥᠮᠥᠨ ᠢ ᠥᠮᠥᠭᠡᠷᠡᠬᠦ᠂ ᠬᠡᠷᠡᠭ ᠲᠤ ᠬᠤᠯᠪᠣᠭᠳᠠᠭᠰᠠᠨ ᠤᠯᠤᠰ ᠤᠨ ᠨᠢᠭᠤᠴᠠ᠂ ᠬᠤᠳᠠᠯᠳᠤᠭᠠᠨ ᠤ ᠨᠢᠭᠤᠴᠠ ᠪᠠ | ᠬᠤᠪᠢ ᠬᠥᠮᠥᠨ ᠤ ᠨᠢᠭᠤᠴᠠ ᠶᠢ ᠵᠠᠳᠠᠷᠠᠭᠤᠯᠬᠤ ᠪᠤᠶᠤ ᠬᠡᠷᠡᠭ ᠢ ᠰᠢᠢᠳᠪᠦᠷᠢᠯᠡᠭᠰᠡᠨ ᠪᠠᠶᠢᠳᠠᠯ ᠢ ᠳᠤᠷ᠎ᠠ ᠪᠠᠷ ᠢᠶᠠᠨ | ᠵᠠᠳᠠᠷᠠᠭᠤᠯᠬᠤ ᠵᠡᠷᠭᠡ ᠦᠢᠯᠡ ᠠᠵᠢᠯᠯᠠᠭ᠎ᠠ ᠲᠠᠢ ᠪᠠᠶᠢᠵᠤ ᠪᠣᠯᠬᠤ ᠦᠭᠡᠢ᠃ ᠳᠡᠭᠡᠷ᠎ᠡ ᠳᠤᠷᠠᠳᠤᠭᠰᠠᠨ ᠲᠣᠭᠲᠠᠭᠠᠯ ᠢ | ᠵᠥᠷᠢᠴᠡᠭᠰᠡᠨ ᠪᠠᠶᠢᠪᠠᠯ᠂ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠲᠤᠰ ᠳᠦᠷᠢᠮ ᠤᠨ | ᠬᠤᠷᠢᠨ ᠭᠤᠷᠪᠠᠳᠤᠭᠠᠷ ᠵᠦᠢᠯ ᠤᠨ ᠲᠣᠭᠲᠠᠭᠠᠯ ᠶᠣᠰᠣᠭᠠᠷ ᠰᠢᠢᠳᠪᠦᠷᠢᠯᠡᠨ᠎ᠡ᠃ | ᠬᠤᠷᠢᠨ ᠲᠠᠪᠤᠳᠤᠭᠠᠷ ᠵᠦᠢᠯ ᠪᠡᠶ᠎ᠡ ᠶᠢᠨ ᠲᠠᠮᠢᠷ ᠤᠨ ᠬᠥᠨᠳᠡᠯᠡᠨ ᠠᠴᠠ ᠲᠠᠰᠤᠯᠬᠤ ᠵᠦᠪᠯᠡᠯ ᠨᠢ | ᠤᠷᠢᠭᠳᠠᠬᠤ ᠪᠠᠨ ᠪᠤᠯᠢᠭᠰᠠᠨ᠂ ᠠᠵᠢᠯ ᠢᠶᠠᠨ ᠬᠠᠶᠠᠭᠰᠠᠨ ᠵᠢᠴᠢ ᠪᠤᠰᠤᠳ ᠰᠢᠯᠲᠠᠭᠠᠨ ᠠᠴᠠ ᠪᠣᠯᠵᠤ ᠲᠠᠬᠢᠵᠤ | ᠤᠷᠢᠭᠳᠠᠬᠤ ᠪᠠᠨ ᠪᠣᠯᠢᠭᠰᠠᠨ ᠬᠥᠨᠳᠡᠯᠡᠨ ᠠᠴᠠ ᠲᠠᠰᠤᠯᠤᠭᠴᠢ ᠶᠢ ᠬᠥᠨᠳᠡᠯᠡᠨ ᠠᠴᠠ ᠲᠠᠰᠤᠯᠤᠭᠴᠢ ᠶᠢᠨ ᠦᠨᠡᠮᠯᠡᠯ ᠪᠠ | ᠬᠥᠨᠳᠡᠯᠡᠨ ᠠᠴᠠ ᠲᠠᠰᠤᠯᠬᠤ ᠰᠦᠯᠳᠡ ᠲᠡᠮᠳᠡᠭ ᠢ ᠴᠠᠭ ᠲᠤᠬᠠᠢ ᠳᠤᠨᠢ ᠬᠤᠷᠢᠶᠠᠨ ᠠᠪᠬᠤ ᠶᠢᠨ ᠬᠠᠮᠲᠤ ᠵᠠᠷᠯᠠᠨ | ᠨᠡᠶᠢᠲᠡᠯᠡᠬᠦ ᠬᠡᠷᠡᠭᠲᠡᠢ᠃ | | ᠲᠠᠪᠤᠳᠤᠭᠠᠷ ᠪᠦᠯᠦᠭ ᠲᠠᠭᠠᠯᠳᠤᠭᠤᠯᠤᠭᠰᠠᠨ ᠳᠦᠷᠢᠮ | | ᠬᠤᠷᠢᠨ ᠵᠢᠷᠭᠤᠳᠤᠭᠠᠷ ᠵᠦᠢᠯ ᠪᠡᠶ᠎ᠡ ᠶᠢᠨ ᠲᠠᠮᠢᠷ ᠤᠨ ᠬᠥᠨᠳᠡᠯᠡᠨ ᠠᠴᠠ ᠲᠠᠰᠤᠯᠬᠤ ᠵᠦᠪᠯᠡᠯ ᠨᠢ | ᠭᠠᠳᠠᠭᠠᠳᠤ ᠶᠢᠨ ᠪᠡᠶ᠎ᠡ ᠶᠢᠨ ᠲᠠᠮᠢᠷ ᠤᠨ ᠬᠥᠨᠳᠡᠯᠡᠨ ᠠᠴᠠ ᠲᠠᠰᠤᠯᠬᠤ ᠪᠠᠶᠢᠭᠤᠯᠤᠮᠵᠢ ᠪᠠ ᠭᠠᠳᠠᠭᠠᠳᠤ ᠶᠢᠨ ᠪᠡᠶ᠎ᠡ ᠶᠢᠨ | ᠲᠠᠮᠢᠷ ᠤᠨ ᠵᠣᠬᠢᠶᠠᠨ ᠪᠠᠶᠢᠭᠤᠯᠤᠯᠲᠠ ᠯᠤᠭ᠎ᠠ ᠶᠢᠨ ᠨᠡᠪᠲᠡᠷᠡᠯᠴᠡᠭᠡ ᠰᠣᠯᠢᠯᠴᠠᠭ᠎ᠠ ᠪᠠᠨ ᠴᠢᠩᠭᠠᠳᠬᠠᠵᠤ᠂ ᠬᠠᠷᠢᠯᠴᠠᠨ | ᠬᠠᠷᠠᠭᠠᠯᠵᠠᠯ ᠦᠵᠡᠭᠦᠯᠬᠦ ᠵᠠᠷᠴᠢᠮ ᠶᠣᠰᠣᠭᠠᠷ ᠬᠤᠯᠪᠣᠭᠳᠠᠯ ᠪᠦᠬᠦᠢ ᠬᠡᠷᠡᠭ ᠶᠠᠪᠤᠳᠠᠯ ᠢ ᠰᠢᠢᠳᠪᠦᠷᠢᠯᠡᠬᠦ ᠬᠡᠷᠡᠭᠲᠡᠢ᠃ | ᠬᠤᠷᠢᠨ ᠳᠣᠯᠣᠳᠤᠭᠠᠷ ᠵᠦᠢᠯ ᠲᠤᠰ ᠳᠦᠷᠢᠮ ᠢ 2023 ᠣᠨ ᠤ 1 ᠰᠠᠷ᠎ᠠ ᠶᠢᠨ 1 ᠤ ᠡᠳᠦᠷ ᠠᠴᠠ | ᠡᠬᠢᠯᠡᠵᠦ ᠬᠡᠷᠡᠭᠵᠢᠭᠦᠯᠦᠨ᠎ᠡ᠃ |