| 12 ᠰᠠᠷ᠎ᠠ ᠶᠢᠨ 30 ᠤ ᠡᠳᠦᠷ᠂ 2022— 2023 ᠪᠥᠬᠦ ᠤᠯᠤᠰ ᠤᠨ ᠵᠠᠯᠠᠭᠤᠴᠤᠳ ᠪᠠᠭᠠᠴᠤᠳ ᠤᠨ | ᠬᠡᠭᠡᠷ᠎ᠡ ᠶᠢᠨ ᠴᠡᠨᠡᠯᠡᠯᠲᠡ ᠶᠢᠨ ᠮᠠᠩᠯᠠᠢ ᠰᠢᠯᠭᠠᠷᠠᠭᠤᠯᠬᠤ ᠤᠷᠤᠯᠳᠤᠭᠠᠨ ᠾᠧᠪᠧᠢ ᠶᠢᠨ ᠴᠢᠭᠤᠯᠤᠯᠲᠤ ᠬᠠᠭᠠᠯᠭ᠎ᠠ ᠳᠤ | ᠥᠨᠳᠥᠷᠯᠡᠪᠡ᠃ ᠲᠤᠰ ᠬᠤᠭᠤᠴᠠᠭᠠᠨ ᠤ ᠪᠦᠬᠦ ᠤᠯᠤᠰ ᠤᠨ ᠵᠠᠯᠠᠭᠤᠴᠤᠳ ᠪᠠᠭᠠᠴᠤᠳ ᠤᠨ ᠬᠡᠭᠡᠷ᠎ᠡ ᠶᠢᠨ | ᠴᠡᠨᠡᠯᠡᠯᠲᠡ ᠶᠢᠨ ᠮᠠᠩᠯᠠᠢ ᠰᠢᠯᠭᠠᠷᠠᠭᠤᠯᠬᠤ ᠤᠷᠤᠯᠳᠤᠭᠠᠨ 3 ᠡᠳᠦᠷ ᠶᠠᠪᠤᠭᠳᠠᠵᠤ᠂ ᠪᠦᠬᠦ ᠤᠯᠤᠰ ᠤᠨ ᠡᠯ᠎ᠡ | ᠭᠠᠵᠠᠷ ᠠᠴᠠ ᠢᠷᠡᠭᠰᠡᠨ 40 ᠭᠠᠷᠤᠢ ᠲᠠᠮᠢᠷᠴᠢᠨ ᠤᠷᠤᠯᠳᠤᠭᠠᠨ ᠳᠤ ᠣᠷᠣᠯᠴᠠᠵᠠᠢ᠃ ᠣᠷᠳᠣᠰ ᠬᠤᠲᠠ ᠶᠢᠨ | ᠪᠡᠶ᠎ᠡ ᠶᠢᠨ ᠲᠠᠮᠢᠷ ᠤᠨ ᠠᠵᠢᠯ ᠮᠡᠷᠭᠡᠵᠢᠯ ᠤᠨ ᠳᠤᠮᠳᠠᠳᠤ ᠰᠤᠷᠭᠠᠭᠤᠯᠢ ᠠᠴᠠ 6 ᠬᠥᠮᠥᠨ ᠢ ᠰᠣᠩᠭᠤᠨ ᠲᠣᠮᠢᠯᠠᠵᠤ | ᠥᠪᠡᠷᠲᠡᠭᠡᠨ ᠵᠠᠰᠠᠬᠤ ᠣᠷᠣᠨ ᠢ ᠲᠥᠯᠥᠭᠡᠯᠡᠨ ᠤᠷᠤᠯᠳᠤᠭᠠᠨ ᠳᠤ ᠤᠷᠤᠯᠴᠠᠨ᠂ 2 ᠠᠯᠲᠠᠨ ᠮᠧᠳᠠᠯ᠂ 3 ᠬᠦᠷᠡᠯ | ᠮᠧᠳᠠᠯ ᠣᠯᠣᠭᠰᠠᠨ ᠰᠢᠯᠢᠳᠡᠭ ᠬᠢᠷᠢ ᠪᠦᠲᠦᠮᠵᠢ ᠣᠯᠪᠠ᠃ | | ᠡᠷᠡᠭᠲᠡᠢ ᠶᠢᠨ ᠣᠶᠢᠷ᠎ᠠ ᠵᠠᠢ ᠶᠢᠨ ︵ᠴᠢᠯᠦᠭᠡᠲᠦ ᠮᠡᠷᠭᠡᠵᠢᠯ︶ ᠪᠠ ᠬᠤᠯᠠ ᠵᠠᠢ ᠶᠢᠨ 10 ᠺᠢᠯᠤᠮᠧᠲᠷ | ᠬᠠᠮᠲᠤ ᠪᠠᠷ ᠮᠣᠷᠳᠠᠬᠤ ᠤᠷᠤᠯᠳᠤᠭᠠᠨ ᠳᠤ᠂ ᠲᠠᠮᠢᠷᠴᠢᠨ ᠯᠢᠦ ᠪᠥᠸᠧ ᠺᠠᠢ ᠬᠤᠶᠠᠷ ᠵᠦᠢᠯ ᠤᠨ ᠤᠷᠤᠯᠳᠤᠭᠠᠨ ᠤ | ᠠᠯᠲᠠᠨ ᠮᠧᠳᠠᠯ ᠬᠦᠷᠳᠡᠵᠦ᠂ ᠣᠷᠳᠣᠰ ᠬᠤᠲᠠ ᠪᠦᠬᠦ ᠤᠯᠤᠰ ᠤᠨ ᠭᠡᠭᠡᠷ᠎ᠡ ᠶᠢᠨ ᠴᠡᠨᠡᠯᠡᠯᠳᠡ ᠶᠢᠨ ᠤᠷᠤᠯᠳᠤᠭᠠᠨ ᠳᠤ | ᠠᠯᠲᠠᠨ ᠮᠧᠳᠠᠯ ᠤᠯᠤᠭ᠎ᠠ ᠦᠭᠡᠢ ᠪᠠᠶᠢᠭᠰᠠᠨ ᠲᠡᠦᠬᠡ ᠶᠢ ᠡᠴᠦᠰᠯᠡᠭᠦᠯᠪᠡ᠃ ᠵᠠᠯᠠᠭᠤᠴᠤᠳ ᠤᠨ ᠳᠤᠭᠤᠶᠢᠯᠠᠩ ᠤᠨ | ᠡᠮᠡᠭᠲᠡᠢ ᠶᠢᠨ ᠣᠶᠢᠷ᠎ᠠ ᠵᠠᠢ ᠶᠢᠨ ︵ᠴᠢᠯᠦᠭᠡᠲᠦ ᠮᠡᠷᠭᠡᠵᠢᠯ︶ ᠪᠠ ᠬᠤᠯᠠ ᠵᠠᠢ ᠶᠢᠨ 10 ᠺᠢᠯᠤᠮᠧᠲᠷ ᠬᠠᠮᠲᠤ ᠪᠠᠷ | ᠮᠣᠷᠳᠠᠬᠤ ︵ᠴᠢᠯᠦᠭᠡᠲᠦ ᠮᠡᠷᠭᠡᠵᠢᠯ︶ ᠤᠷᠤᠯᠳᠤᠭᠠᠨ ᠳᠤ᠂ ᠲᠠᠮᠢᠷᠴᠢᠨ ᠶᠢᠩ ᠲᠠᠢ ᠵᠢᠢ ᠪᠣᠯᠣᠨ ᠵᠠᠩ ᠢᠦᠢ ᠵᠢᠶᠧ | ᠲᠤᠰ ᠪᠦᠷᠢ ᠬᠦᠷᠡᠯ ᠮᠧᠳᠠᠯ ᠬᠦᠷᠳᠡᠪᠡ᠃ ᠵᠠᠯᠠᠭᠤᠴᠤᠳ ᠤᠨ ᠳᠤᠭᠤᠶᠢᠯᠠᠩ ᠤᠨ ᠡᠮᠡᠭᠲᠡᠢ ᠶᠢᠨ ᠬᠠᠮᠲᠤ ᠶᠢᠨ | ᠤᠷᠤᠯᠳᠤᠭᠠᠨ ᠳᠤ ᠲᠠᠮᠢᠷᠴᠢᠨ ᠶᠢᠩ ᠲᠠᠢ ᠵᠢᠢ᠂ ᠰᠢᠶᠠ ᠢᠦᠢ ᠳ᠋ᠦᠩ ᠬᠦᠷᠡᠯ ᠮᠧᠳᠠᠯ ᠭᠠᠷᠳᠠᠪᠠ᠃ | |