ᠦᠰᠦᠭ ᠪᠢᠴᠢᠭ ᠤᠨ ᠲᠡᠶᠢᠯᠦᠮᠵᠢ᠄ ᠲᠥᠪ ᠭᠤᠥᠯᠴᠢ ᠥᠨᠳᠥᠷ ᠪᠦᠲᠦᠮᠵᠢᠲᠡᠶ ᠰᠢᠭᠦᠯᠲᠡ — ︽ᠪᠡᠶ᠎ᠡ ᠶᠢᠨ ᠲᠠᠮᠢᠷ ᠤᠨ ᠬᠥᠨᠳᠡᠯᠡᠨ ᠠᠴᠠ ᠲᠠᠰᠤᠯᠬᠤ ᠳᠦᠷᠢᠮ︾ ᠤᠨ ᠲᠠᠶᠢᠯᠤᠮᠵᠢ
ᠨᠡᠶᠢᠲᠡᠯᠡᠭᠰᠡᠨ ᠴᠠᠭ᠄
2023/1/5
    ᠪᠡᠶ᠎ᠡ ᠶᠢᠨ ᠲᠠᠮᠢᠷ ᠤᠨ ᠵᠢᠭᠤᠷᠠᠯᠳᠤᠭᠠᠨ ᠢ ᠰᠢᠢᠳᠪᠦᠷᠢᠯᠡᠬᠦ‍ ᠨᠢᠭᠡ ᠵᠦᠢᠯ ᠤᠨ ᠲᠡᠰᠦᠯᠦᠨ ᠲᠣᠭᠲᠠᠭᠠᠬᠤ ᠠᠷᠭ᠎ᠠ ᠮᠠᠶ᠋ᠢᠭ ᠪᠣᠯᠤᠭᠰᠠᠨ ᠤ ᠬᠤᠪᠢ ᠳᠤ᠂ ᠪᠡᠶ᠎ᠡ ᠶᠢᠨ ᠲᠠᠮᠢᠷ ᠤᠨ ᠬᠥᠨᠳᠡᠯᠡᠨ ᠠᠴᠠ ᠲᠠᠰᠤᠯᠬᠤ ᠳᠦᠷᠢᠮ ᠢ ᠲᠣᠭᠲᠠᠭᠠᠬᠤ ᠳᠠᠭᠠᠨ ᠵᠢᠷᠤᠮ ᠤᠨ ᠲᠥᠪ ᠭᠤᠥᠯᠴᠢ ᠪᠠ ᠥᠨᠳᠥᠷ ᠪᠦᠲᠦᠮᠵᠢᠲᠡᠶ ᠪᠠᠷ ᠰᠢᠭᠦᠬᠦ ᠦᠨᠳᠦᠰᠦᠨ ᠵᠠᠷᠴᠢᠮ ᠢ ᠲᠤᠭᠤᠰᠢᠯᠠᠭᠤᠯᠬᠤ ᠬᠡᠷᠡᠭᠲᠡᠢ᠃ ᠳᠤᠮᠳᠠᠳᠤ ᠤᠯᠤᠰ ᠤᠨ ᠪᠡᠶ᠎ᠡ ᠶᠢᠨ ᠲᠠᠮᠢᠷ ᠤᠨ ᠬᠥᠨᠳᠡᠯᠡᠨ ᠠᠴᠠ ᠲᠠᠰᠤᠯᠬᠤ ᠵᠦᠪᠯᠡᠯ ᠤᠨ ︽ᠪᠡᠶ᠎ᠡ ᠶᠢᠨ ᠲᠠᠮᠢᠷ ᠤᠨ ᠬᠥᠨᠳᠡᠯᠡᠨ ᠠᠴᠠ ᠲᠠᠰᠤᠯᠬᠤ ᠳᠦᠷᠢᠮ︾ ᠨᠢ ᠳᠡᠭᠡᠷ᠎ᠡ ᠳᠤᠷᠠᠳᠤᠭᠰᠠᠨ ᠵᠠᠷᠴᠢᠮ ᠢ ᠨᠡᠯᠢᠶᠡᠳ ᠭᠦᠢᠴᠡᠳ ᠢᠯᠡᠷᠡᠭᠦᠯᠦᠭᠰᠡᠨ ᠪᠠᠶᠢᠨ᠎ᠠ᠃     ᠨᠢᠭᠡ᠂ ᠵᠢᠷᠤᠮ ᠤᠨ ᠲᠥᠪ ᠭᠤᠥᠯᠴᠢ ᠪᠠᠶᠢᠬᠤ ᠵᠠᠷᠴᠢᠮ    ᠡᠩ ᠲᠡᠷᠢᠭᠦᠨ ᠳᠤ᠂ ︽ᠪᠡᠶ᠎ᠡ ᠶᠢᠨ ᠲᠠᠮᠢᠷ ᠤᠨ ᠬᠥᠨᠳᠡᠯᠡᠨ ᠠᠴᠠ ᠲᠠᠰᠤᠯᠬᠤ ᠳᠦᠷᠢᠮ︾ ᠤᠨ ᠲᠠᠪᠤᠳᠤᠭᠠᠷ ᠪᠦᠯᠦᠭ ᠤᠨ ︽ᠰᠢᠭᠦᠯᠲᠡ︾ ᠳᠠᠬᠢ ᠨᠢᠭᠡᠳᠦᠭᠡᠷ ᠵᠦᠢᠯ ᠳᠤ᠄ ︽ᠶᠠᠮᠠᠷᠪᠠ ᠪᠠᠶᠢᠳᠠᠯ ᠤᠨ ᠳᠣᠣᠷ᠎ᠠ᠂ ᠬᠥᠨᠳᠡᠯᠡᠨ ᠠᠴᠠ ᠲᠠᠰᠤᠯᠬᠤ ᠲᠢᠩᠬᠢᠮ ᠴᠥᠮ ᠡᠷᠬᠡ ᠲᠡᠭᠰᠢ ᠲᠥᠪ ᠭᠤᠣᠯᠴᠢ ᠪᠠᠷ ᠠᠵᠢᠯᠯᠠᠵᠤ᠂ ᠬᠤᠶᠠᠷ ᠲᠠᠯ᠎ᠠ ᠶᠢᠨ ᠲᠤᠬᠠᠢ ᠶᠢᠨ ᠬᠥᠮᠥᠨ ᠳᠤ ᠲᠣᠭᠠᠴᠢᠯᠲᠠ ᠬᠢᠬᠦ ᠪᠠ ᠮᠠᠷᠭᠤᠯᠳᠤᠬᠤ ᠵᠦᠢ ᠵᠣᠬᠢᠰᠲᠠᠢ ᠲᠣᠬᠢᠶᠠᠯ ᠣᠯᠭᠤᠬᠤ ᠬᠡᠷᠡᠭᠲᠡᠢ︾ ᠭᠡᠵᠦ ᠲᠣᠭᠲᠠᠭᠠᠵᠠᠢ᠃     ᠡᠨᠡ ᠬᠦ ᠲᠣᠭᠲᠠᠭᠠᠯ ᠢ ᠬᠥᠨᠳᠡᠯᠡᠨ ᠠᠴᠠ ᠲᠠᠰᠤᠯᠬᠤ ᠡᠲᠡᠭᠡᠳ ᠤᠨ ᠬᠢᠨ ᠪᠠᠰᠠ ︽ᠵᠦᠢ ᠶᠣᠰᠣᠨ ᠤ ᠵᠢᠷᠤᠮ︾ ᠤᠨ ᠵᠠᠷᠴᠢᠮ ᠭᠡᠳᠡᠭ᠂ ᠲᠡᠭᠦᠨ ᠤ ᠠᠭᠤᠯᠵᠦ ᠪᠤᠢ ᠤᠳᠬ᠎ᠠ ᠨᠢ᠄ ᠬᠥᠨᠳᠡᠯᠡᠨ ᠠᠴᠠ ᠲᠠᠰᠤᠯᠬᠤ ᠲᠢᠩᠬᠢᠮ ᠨᠢ ᠬᠥᠨᠳᠡᠯᠡᠨ ᠠᠴᠠ ᠲᠠᠰᠤᠯᠬᠤ ᠶᠠᠪᠤᠴᠠ ᠳᠤᠮᠳᠠ ᠶᠠᠮᠠᠷᠪᠠ ᠨᠢᠭᠡ ᠲᠠᠯ᠎ᠠ ᠶᠢᠨ ᠲᠤᠬᠠᠢ ᠶᠢᠨ ᠬᠥᠮᠥᠨ ᠨᠢ ᠴᠥᠮ ᠠᠯᠬᠤᠮ ᠪᠦᠷᠢ ᠶᠢᠨ ᠶᠠᠪᠤᠴᠠ ᠶᠢᠨ ᠠᠬᠢᠴᠠ ᠶᠢᠨ ᠲᠤᠬᠠᠢ ᠮᠡᠳᠡᠭᠳᠡᠯ ᠢ ᠣᠯᠬᠤ ᠶᠢ ᠦᠨᠡᠨ ᠬᠦ ᠪᠠᠲᠤᠯᠠᠬᠤ ᠡᠭᠦᠷᠭᠡ ᠲᠠᠢ︔ ᠬᠤᠶᠠᠷ ᠲᠤ᠂ ᠬᠥᠨᠳᠡᠯᠡᠨ ᠠᠴᠠ ᠲᠠᠰᠤᠯᠬᠤ ᠪᠣᠳᠠᠲᠤ ᠴᠣᠭᠴᠠ ᠶᠢᠨ ᠠᠰᠠᠭᠤᠳᠠᠯ ᠪᠠ ᠵᠢᠷᠤᠮ ᠤᠨ ᠠᠰᠠᠭᠤᠳᠠᠯ ᠤᠨ ᠲᠤᠬᠠᠢ ᠰᠠᠨᠠᠯ ᠢᠶᠠᠨ ᠢᠯᠡᠳᠬᠡᠬᠦ ᠵᠦᠢ ᠵᠣᠬᠢᠰᠲᠠᠢ ᠲᠣᠬᠢᠶᠠᠯ ᠢ ᠤᠯᠤᠨ᠎ᠡ︔ ᠭᠤᠷᠪᠠ ᠳᠤ᠂ ᠨᠦᠭᠦᠭᠡ ᠲᠠᠯ᠎ᠠ ᠶᠢᠨ ᠲᠤᠬᠠᠢ ᠶᠢᠨ ᠬᠥᠮᠥᠨ ᠲᠠᠢ ᠠᠳᠠᠯᠢᠬᠠᠨ ᠠᠳᠠᠯᠢ ᠲᠡᠭᠰᠢ ᠬᠠᠷᠠᠭᠠᠯᠵᠠᠯ ᠢ ᠣᠯᠣᠨ᠎ᠠ᠃     ᠡᠨᠡ ᠬᠦ ᠵᠠᠷᠴᠢᠮ ᠨᠢ ᠤᠯᠠᠨ ᠤᠯᠤᠰ ᠤᠨ ᠬᠥᠨᠳᠡᠯᠡᠨ ᠠᠴᠠ ᠲᠠᠰᠤᠯᠬᠤ ᠶᠢᠨ ᠲᠦᠭᠡᠮᠡᠯ ᠦᠢᠯᠡᠳᠦᠯᠭᠡ ᠶᠢ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠤᠯᠠᠨ ᠤᠯᠤᠰ ᠤᠨ ᠠᠷᠠᠯᠵᠢᠶᠠᠨ ᠤ ᠬᠠᠤᠯᠢ ᠶᠢᠨ ᠵᠦᠪᠯᠡᠯ ᠤᠨ ᠲᠣᠭᠲᠠᠭᠠᠭᠰᠠᠨ ︽ᠤᠯᠠᠨ ᠤᠯᠤᠰ ᠤᠨ ᠬᠤᠳᠠᠯᠳᠤᠭᠠᠨ ᠤ ᠬᠡᠷᠡᠭ ᠢ ᠬᠥᠨᠳᠡᠯᠡᠨ ᠠᠴᠠ ᠲᠠᠰᠤᠯᠬᠤ ᠵᠢᠱᠢᠶ᠎ᠡ ᠦᠵᠡᠭᠦᠯᠬᠦ ᠬᠠᠤᠯᠢ︾᠂ ︽ᠬᠥᠨᠳᠡᠯᠡᠨ ᠠᠴᠠ ᠲᠠᠰᠤᠯᠬᠤ ᠳᠦᠷᠢᠮ︾ ᠳᠤ ᠲᠣᠳᠣᠷᠬᠠᠢ ᠲᠡᠮᠳᠡᠭᠯᠡᠭᠰᠡᠨ ᠵᠠᠷᠴᠢᠮ ᠲᠠᠢ ᠪᠦᠷᠢᠮᠦᠰᠦᠨ ᠠᠳᠠᠯᠢ ᠪᠠᠶᠢᠭ᠎ᠠ ᠶᠢ ᠬᠠᠷᠠᠭᠤᠯᠵᠦ ᠪᠠᠶᠢᠭ᠎ᠠ ᠶᠤᠮ᠃ ᠡᠨᠡ ᠨᠢ ᠬᠥᠨᠳᠡᠯᠡᠨ ᠠᠴᠠ ᠲᠠᠰᠤᠯᠬᠤ ᠲᠢᠩᠬᠢᠮ ᠨᠢ ᠬᠡᠳᠦᠶᠢᠪᠡᠷ ᠬᠥᠨᠳᠡᠯᠡᠨ ᠠᠴᠠ ᠲᠠᠰᠤᠯᠬᠤ ᠵᠢᠷᠤᠮ ᠤᠨ ᠳᠤᠮᠳᠠ ᠨᠡᠯᠢᠶᠡᠳ ᠥᠷᠭᠡᠨ ᠬᠡᠪᠴᠢᠶᠡᠨ ᠤ ᠲᠠᠰᠤᠯᠤᠯᠲᠠ ᠶᠢᠨ ᠡᠷᠬᠡ ᠲᠠᠢ ᠪᠣᠯᠪᠠᠴᠤ ᠲᠤᠰ ᠡᠷᠬᠡ ᠨᠢ ᠵᠦᠢ ᠶᠣᠰᠣᠨ ᠤ ᠵᠢᠷᠤᠮ ᠤᠨ ᠵᠠᠷᠴᠢᠮ ᠳᠤ ᠬᠢᠵᠠᠭᠠᠷᠯᠠᠭᠳᠠᠬᠤ ᠶᠣᠰᠣᠲᠠᠢ ᠭᠡᠳᠡᠭ ᠢ ᠬᠠᠷᠠᠭᠤᠯᠵᠤ ᠪᠠᠶᠢᠨ᠎ᠠ᠃      ᠲᠠᠷᠠᠭᠠᠯᠠᠪᠠᠯ᠂ ᠵᠠᠷᠢᠮ ᠪᠣᠳᠠᠲᠠᠢ ᠠᠰᠠᠭᠤᠳᠠᠯ ᠤᠨ ᠲᠤᠬᠠᠢ ᠲᠣᠭᠲᠠᠭᠠᠯ ᠤᠨ ᠲᠠᠯ᠎ᠠ ᠪᠠᠷ᠂ ᠵᠢᠱᠢᠶᠡᠯᠡᠪᠡᠯ᠂ ᠬᠤᠯᠪᠣᠭᠳᠠᠯ ᠪᠦᠬᠦᠢ ᠡᠯ᠎ᠡ ᠵᠦᠢᠯ ᠤᠨ ᠵᠢᠷᠤᠮ ᠤᠨ ᠠᠯᠬᠤᠮ ᠳᠠᠷᠠᠭ᠎ᠠ ᠶᠢᠨ ᠲᠤᠬᠠᠢ ᠮᠡᠳᠡᠭᠳᠡᠯ ᠪᠠ ᠬᠤᠭᠤᠴᠠᠭ᠎ᠠ ᠬᠢᠵᠠᠭᠠᠷ᠂ ᠭᠤᠶᠤᠴᠢᠯᠠᠭᠳᠠᠭᠴᠢ ᠠᠴᠠ ᠭᠤᠶᠤᠴᠢᠯᠠᠭᠴᠢ ᠶᠢᠨ ᠬᠥᠨᠳᠡᠯᠡᠨ ᠠᠴᠠ ᠲᠠᠰᠤᠯᠤᠭᠤᠯᠬᠤ ᠭᠤᠶᠤᠴᠢᠯᠠᠯ ᠤᠨ ᠲᠤᠬᠠᠢ ᠬᠠᠷᠢᠭᠤ ᠮᠠᠷᠭᠤᠬᠤ᠂ ᠭᠤᠶᠤᠴᠢᠯᠠᠭᠴᠢ ᠠᠴᠠ ᠭᠤᠶᠤᠴᠢᠯᠠᠭᠳᠠᠭᠴᠢ ᠶᠢᠨ ᠬᠥᠨᠳᠡᠯᠡᠨ ᠠᠴᠠ ᠲᠠᠰᠤᠯᠤᠭᠤᠯᠬᠤ ᠭᠤᠶᠤᠴᠢᠯᠠᠯ ᠤᠨ ᠲᠤᠬᠠᠢ ᠬᠠᠷᠢᠭᠤ ᠮᠠᠷᠭᠤᠬᠤ᠂ ᠡᠯ᠎ᠡ ᠲᠠᠯ᠎ᠠ ᠶᠢᠨ ᠲᠤᠬᠠᠢ ᠶᠢᠨ ᠬᠥᠮᠥᠨ ᠳᠤᠮᠳᠠᠳᠤ ᠤᠯᠤᠰ ᠪᠤᠶᠤ ᠭᠠᠳᠠᠭᠠᠳᠤ ᠶᠢᠨ ᠲᠤᠰᠬᠠᠢ ᠮᠡᠷᠭᠡᠵᠢᠯ ᠤᠨ ᠬᠥᠮᠥᠰ ᠢ ᠤᠷᠢᠵᠤ ᠣᠷᠣᠯᠠᠨ ᠬᠥᠨᠳᠡᠯᠡᠨ ᠠᠴᠠ ᠲᠠᠰᠤᠯᠤᠭᠤᠯᠬᠤ᠂ ᠨᠥᠭᠦᠭᠡ ᠲᠠᠯ᠎ᠠ ᠶᠢᠨ ᠲᠤᠬᠠᠢ ᠶᠢᠨ ᠬᠥᠮᠥᠨ ᠤ ᠲᠤᠰᠢᠶᠠᠭᠰᠠᠨ ᠪᠣᠶ ᠪᠦᠬᠦᠢ ᠪᠢᠴᠢᠭ ᠤᠨ ᠰᠠᠨᠠᠯ ᠪᠠ ᠭᠡᠷᠡᠴᠢ ᠪᠠᠷᠢᠮᠲᠠ ᠶᠢᠨ ᠮᠠᠲ᠋ᠧᠷᠢᠶᠠᠯ ᠢ ᠣᠯᠬᠤ᠂ ᠰᠢᠯᠭᠠᠨ ᠲᠣᠭᠲᠠᠭᠠᠬᠤ ᠪᠠᠶᠢᠭᠤᠯᠤᠮᠵᠢ ᠶᠢ ᠰᠣᠩᠭᠤᠬᠤ᠂ ᠲᠢᠩᠬᠢᠮ ᠤᠨ ᠰᠢᠭᠦᠯᠲᠡ ᠳᠤ ᠣᠷᠤᠯᠴᠠᠬᠤ ᠶᠢᠨ ᠬᠠᠮᠲᠤ ᠶᠠᠷᠢᠶᠠᠨ ᠤ ᠰᠠᠨᠠᠯ ᠳᠤᠷᠠᠳᠬᠤ ᠵᠡᠷᠭᠡ ᠠᠰᠠᠭᠤᠳᠠᠯ ᠳᠡᠭᠡᠷ᠎ᠡ᠂ ︽ᠪᠡᠶ᠎ᠡ ᠶᠢᠨ ᠲᠠᠮᠢᠷ ᠤᠨ ᠬᠥᠨᠳᠡᠯᠡᠨ ᠠᠴᠠ ᠲᠠᠰᠤᠯᠬᠤ ᠳᠦᠷᠢᠮ︾ ᠨᠢ ᠴᠥᠮ ᠲᠤᠬᠠᠢ ᠶᠢᠨ ᠬᠥᠮᠥᠨ ᠤ ᠵᠢᠷᠤᠮ ᠤᠨ ᠲᠠᠯ᠎ᠠ ᠪᠠᠷ ᠲᠥᠪ ᠭᠤᠥᠯᠴᠢ ᠪᠠ ᠲᠥᠪ ᠭᠤᠥᠯᠴᠢ ᠬᠠᠷᠠᠭᠠᠯᠵᠠᠯ ᠭᠥᠷᠳᠡᠬᠦ ᠡᠷᠬᠡ ᠶᠢ ᠪᠠᠲᠤᠯᠠᠭᠰᠠᠨ ᠪᠠᠶᠢᠨ᠎ᠠ᠃     ᠡᠴᠦᠰ ᠲᠤ᠂ ᠲᠤᠬᠠᠢ ᠶᠢᠨ ᠬᠥᠮᠥᠨ ᠨᠢ ᠥᠪᠡᠷ ᠤᠨ ᠡᠳ᠋ᠯᠡᠬᠦ ᠪᠡᠶᠡᠲᠦ ᠡᠷᠬᠡ ᠪᠠᠨ ᠰᠢᠢᠳᠪᠦᠷᠢᠯᠡᠬᠦ ᠡᠷᠬᠡ ᠲᠠᠢ ᠪᠠᠶᠢᠳᠠᠭ ᠲᠠᠢ ᠠᠳᠠᠯᠢ ᠪᠠᠷ᠂ ᠲᠤᠬᠠᠢ ᠶᠢᠨ ᠬᠥᠮᠥᠨ ᠨᠢ ᠪᠠᠰᠠ ᠥᠪᠡᠷ ᠤᠨ ᠵᠢᠷᠤᠮ ᠤᠨ ᠡᠷᠬᠡ ᠪᠠᠨ ᠬᠠᠶᠠᠵᠤ ᠪᠣᠯᠣᠨ᠎ᠠ᠃ ︽ᠪᠡᠶ᠎ᠡ ᠶᠢᠨ ᠲᠠᠮᠢᠷ ᠤᠨ ᠬᠥᠨᠳᠡᠯᠡᠨ ᠠᠴᠠ ᠲᠠᠰᠤᠯᠬᠤ ᠳᠦᠷᠢᠮ︾ ᠤᠨ ᠠᠷᠪᠠᠳᠤᠭᠠᠷ ᠵᠦᠢᠯ ᠳᠤ ᠲᠣᠭᠲᠠᠭᠠᠭᠰᠠᠨ  ᠨᠢ᠂ ᠨᠢᠭᠡ ᠲᠠᠯ᠎ᠠ ᠶᠢᠨ ᠲᠤᠬᠠᠢ ᠶᠢᠨ ᠬᠥᠮᠥᠨ ᠵᠢᠴᠢ ᠬᠥᠨᠳᠡᠯᠡᠨ ᠠᠴᠠ ᠲᠠᠰᠤᠯᠬᠤ ᠲᠢᠩᠬᠢᠮ ᠨᠢ ᠴᠥᠮ ᠨᠥᠭᠦᠭᠡ ᠲᠠᠯ᠎ᠠ ᠶᠢᠨ ᠲᠤᠬᠠᠢ ᠶᠢᠨ ᠬᠥᠮᠥᠨ ᠤ ᠵᠢᠷᠤᠮ ᠤᠨ ᠠᠰᠠᠭᠤᠳᠠᠯ ᠤᠨ ᠲᠤᠬᠠᠢ ᠡᠷᠬᠡ ᠪᠠᠨ ᠬᠠᠶᠠᠬᠤ ᠶᠠᠪᠤᠳᠠᠯ ᠳᠤ ᠲᠦᠰᠢᠭᠯᠡᠬᠦ ᠡᠷᠬᠡ ᠲᠠᠢ᠂ ᠡᠭᠦᠨ ᠳᠤ ᠨᠢᠭᠡ ᠲᠠᠯ᠎ᠠ ᠶᠢᠨ ᠲᠤᠬᠠᠢ ᠶᠢᠨ ᠬᠥᠮᠥᠨ ᠨᠢ ᠬᠥᠨᠳᠡᠯᠡᠨ ᠠᠴᠠ ᠲᠠᠰᠤᠯᠬᠤ ᠶᠠᠪᠤᠴᠠ ᠳᠤ ᠲᠤᠳᠠᠬᠤ ᠶᠢ ᠪᠠᠭᠳᠠᠭᠠᠨ᠎ᠠ᠃ ᠡᠨᠡ ᠬᠦ ᠲᠣᠭᠲᠠᠭᠠᠯ ᠨᠢ ᠮᠥᠨ ᠴᠦ ᠵᠢᠷᠤᠮ ᠤᠨ ᠲᠥᠪ ᠭᠤᠣᠯᠴᠢ ᠪᠠᠶᠢᠬᠤ ᠶᠢᠨ ᠨᠢᠭᠡ ᠵᠦᠢᠯ ᠤᠨ ᠢᠯᠡᠷᠡᠯ ᠮᠥᠨ᠃     ᠬᠤᠶᠠᠷ᠂ ᠥᠨᠳᠥᠷ ᠪᠦᠲᠦᠮᠵᠢᠲᠡᠶ ᠪᠠᠷ ᠰᠢᠬᠦᠬᠦ ᠵᠠᠷᠴᠢᠮ     ᠬᠥᠨᠳᠡᠯᠡᠨ ᠠᠴᠠ ᠲᠠᠰᠤᠯᠬᠤ ᠶᠢᠨ ᠬᠥᠭᠡᠭᠡᠴᠡᠯᠳᠦᠬᠦ ᠦᠷᠳᠡᠭ ᠤᠨ ᠨᠢᠭᠡ ᠨᠢ ᠮᠥᠨ ᠴᠦ ᠬᠥᠨᠳᠡᠯᠡᠨ ᠠᠴᠠ ᠲᠠᠰᠤᠯᠬᠤ ᠶᠢᠨ ᠠᠮᠢᠵᠢᠷᠠᠯ ᠤᠨ ᠬᠦᠴᠦᠨ ᠤ ᠨᠢᠭᠡ ᠨᠢ ᠪᠣᠯᠣᠨ᠎ᠠ᠂ ᠲᠡᠷᠡ ᠨᠢ ᠵᠠᠭᠤᠷᠠᠯᠳᠤᠭᠠᠨ ᠢ ᠬᠠᠷᠢᠴᠠᠩᠭᠤᠢ ᠪᠠᠷ ᠲᠦᠷᠭᠡᠨ ᠰᠢᠢᠳᠪᠦᠷᠢᠯᠡᠵᠦ ᠴᠢᠳᠠᠬᠤ ᠳᠤ ᠣᠷᠣᠰᠢᠨ᠎ᠠ᠃ ︽ᠪᠡᠶ᠎ᠡ ᠶᠢᠨ ᠲᠠᠮᠢᠷ ᠤᠨ ᠬᠥᠨᠳᠡᠯᠡᠨ ᠠᠴᠠ ᠲᠠᠰᠤᠯᠬᠤ ᠳᠦᠷᠢᠮ︾ ᠨᠢ ᠡᠨᠡ ᠬᠦ ᠴᠢᠬᠤᠯᠠ ᠵᠠᠷᠴᠢᠮ ᠢ ᠨᠡᠯᠢᠶᠡᠳ ᠰᠠᠶᠢᠨ ᠢᠯᠡᠷᠡᠭᠦᠯᠦᠭᠰᠡᠨ ᠪᠠᠶᠢᠨ᠎ᠠ᠃     ︽ᠪᠡᠶ᠎ᠡ ᠶᠢᠨ ᠲᠠᠮᠢᠷ ᠤᠨ ᠬᠥᠨᠳᠡᠯᠡᠨ ᠠᠴᠠ ᠲᠠᠰᠤᠯᠬᠤ ᠳᠦᠷᠢᠮ︾ ᠳᠤ ᠬᠡᠷᠡᠭᠯᠡᠭᠰᠡᠨ ᠪᠡᠶ᠎ᠡ ᠶᠢᠨ ᠲᠠᠮᠢᠷ ᠤᠨ ᠬᠥᠨᠳᠡᠯᠡᠨ ᠠᠴᠠ ᠲᠠᠰᠤᠯᠬᠤ ᠶᠢᠨ ︽ᠨᠢᠭᠡ ᠯᠡ ᠲᠠᠰᠤᠯᠤᠯᠲᠠ ᠪᠠᠷ ᠳᠠᠭᠤᠰᠬᠠᠬᠤ︾ ᠳᠦᠷᠢᠮ ᠪᠣᠯ ᠪᠡᠶ᠎ᠡ ᠶᠢᠨ ᠲᠠᠮᠢᠷ ᠤᠨ ᠵᠢᠭᠤᠷᠠᠯᠳᠤᠭᠠᠨ ᠢ ᠥᠨᠳᠥᠷ ᠪᠦᠲᠦᠮᠵᠢᠲᠡᠶ ᠪᠠᠷ ᠰᠢᠢᠳᠪᠦᠷᠢᠯᠡᠬᠦ ᠶᠢ ᠪᠠᠲᠤᠯᠠᠬᠤ ᠦᠨᠳᠦᠰᠦᠨ ᠳᠦᠷᠢᠮ ᠮᠥᠨ᠂ ᠪᠡᠶ᠎ᠡ ᠶᠢᠨ ᠲᠠᠮᠢᠷ ᠤᠨ ᠬᠥᠨᠳᠡᠯᠡᠨ ᠠᠴᠠ ᠲᠠᠰᠤᠯᠬᠤ ᠶᠢᠨ ᠥᠨᠳᠥᠷ ᠪᠦᠲᠦᠮᠵᠢᠲᠡᠶ ᠪᠠᠷ ᠰᠢᠭᠦᠬᠦ ᠪᠠ ᠲᠡᠰᠦᠯᠦᠨ ᠲᠣᠭᠲᠠᠭᠠᠬᠤ ᠶᠢᠨ ᠰᠠᠭᠤᠷᠢ ᠮᠥᠨ᠃     ᠥᠨᠳᠥᠷ ᠪᠦᠲᠦᠮᠵᠢᠲᠡᠶ ᠪᠠᠷ ᠰᠢᠭᠦᠬᠦ ᠵᠠᠷᠴᠢᠮ ᠨᠢ ᠮᠠᠰᠢ ᠤᠯᠠᠨ ᠪᠣᠳᠠᠲᠠᠢ ᠠᠰᠠᠭᠤᠳᠠᠯ ᠳᠡᠭᠡᠷ᠎ᠡ ᠲᠤᠰᠬᠠᠭᠳᠠᠭᠰᠠᠨ ᠪᠠᠶᠢᠨ᠎ᠠ᠃ ᠵᠢᠱᠢᠶᠡᠯᠡᠪᠡᠯ᠂ ᠡᠯ᠎ᠡ ᠵᠦᠢᠯ ᠤᠨ ᠬᠥᠨᠳᠡᠯᠡᠨ ᠠᠴᠠ ᠲᠠᠰᠤᠯᠬᠤ ᠪᠢᠴᠢᠭ ᠮᠠᠲ᠋ᠧᠷᠢᠶᠠᠯ ᠢ ᠮᠡᠳᠡᠭᠳᠡᠬᠦ ᠪᠠ ᠬᠦᠷᠭᠡᠬᠦ ᠳᠤ ᠴᠥᠮ ᠡᠯᠧᠺᠲᠷᠣᠨ ᠤ ᠠᠷᠭ᠎ᠠ ᠮᠠᠶ᠋ᠢᠭ᠂ ᠣᠨᠴᠠᠭᠠᠶᠢᠯᠠᠨ ᠡᠯᠧᠺᠲᠷᠣᠨ ᠰᠢᠤᠳᠠᠨ ᠤ ᠠᠷᠭ᠎ᠠ ᠮᠠᠶ᠋ᠢᠭ ᠢ ᠬᠡᠷᠡᠭᠯᠡᠵᠦ ᠪᠣᠯᠣᠨ᠎ᠠ᠃ ᠡᠨᠡ ᠪᠣᠯ ᠣᠶᠢᠷ᠎ᠠ ᠶᠢᠨ ᠵᠢᠯ ᠤᠳ ᠲᠤ ᠳᠡᠯᠡᠬᠡᠢ ᠳᠡᠭᠡᠷ᠎ᠡ ᠬᠠᠮᠤᠭ ᠤᠨ ᠥᠷᠭᠡᠨ ᠳᠡᠯᠭᠡᠷ ᠬᠥᠨᠳᠡᠯᠡᠨ ᠠᠴᠠ ᠲᠠᠰᠤᠯᠤᠭᠤᠯᠵᠤ ᠬᠦᠷᠭᠡᠬᠦ ᠠᠷᠭ᠎ᠠ ᠮᠠᠶ᠋ᠢᠭ ᠢ ᠠᠪᠴᠤ ᠪᠠᠶᠢᠭ᠎ᠠ ᠶᠠᠪᠤᠳᠠᠯ ᠮᠥᠨ᠂ ᠪᠠᠰᠠ ᠴᠤ ᠨᠢᠭᠡ ᠵᠦᠢᠯ ᠤᠨ ᠥᠨᠳᠥᠷ ᠪᠦᠲᠦᠮᠵᠢᠲᠡᠶ ᠪᠠᠷ ᠰᠢᠭᠦᠨ ᠰᠢᠢᠳᠪᠦᠷᠢᠯᠡᠬᠦ ᠠᠷᠭ᠎ᠠ ᠮᠠᠶ᠋ᠢᠭ ᠮᠥᠨ᠃     ᠳᠠᠬᠢᠪᠠᠯ᠂ ᠣᠲᠣ ᠦᠶ᠎ᠡ ᠶᠢᠨ ᠬᠥᠨᠳᠡᠯᠡᠨ ᠠᠴᠠ ᠲᠠᠰᠤᠯᠬᠤ ᠦᠢᠯᠡᠳᠦᠯᠭᠡ ᠶᠢᠨ ᠬᠥᠭᠵᠢᠯᠲᠡ᠂ ᠢᠯᠠᠩᠭᠤᠶ᠎ᠠ ᠣᠶᠢᠷ᠎ᠠ ᠶᠢᠨ ᠵᠢᠯ ᠤᠨ ᠬᠢᠵᠢᠭ ᠤᠨ ᠪᠠᠶᠢᠳᠠᠯ ᠤᠨ ᠬᠥᠨᠳᠡᠯᠡᠨ ᠠᠴᠠ ᠲᠠᠰᠤᠯᠬᠤ ᠠᠵᠢᠯ ᠳᠤ ᠦᠵᠡᠭᠦᠯᠬᠦ ᠨᠥᠯᠥᠭᠡ ᠲᠠᠢ ᠤᠶᠠᠯᠳᠤᠭᠤᠯᠤᠨ᠂ ︽ᠪᠡᠶ᠎ᠡ ᠶᠢᠨ ᠲᠠᠮᠢᠷ ᠤᠨ ᠬᠥᠨᠳᠡᠯᠡᠨ ᠠᠴᠠ ᠲᠠᠰᠤᠯᠬᠤ ᠳᠦᠷᠢᠮ︾ ᠳᠤ ᠲᠢᠩᠬᠢᠮ ᠤᠨ ᠰᠢᠭᠦᠯᠲᠡ ᠶᠢᠨ ᠠᠷᠭ᠎ᠠ ᠮᠠᠶ᠋ᠢᠭ ᠢ ᠬᠥᠨᠳᠡᠯᠡᠨ ᠠᠴᠠ ᠲᠠᠰᠤᠯᠬᠤ ᠲᠢᠩᠬᠢᠮ ᠠᠴᠠ ᠬᠡᠷᠡᠭ ᠤᠨ ᠪᠣᠳᠠᠲᠠᠢ ᠪᠠᠶᠢᠳᠠᠯ ᠢ ᠦᠨᠳᠦᠰᠦᠯᠡᠨ ᠲᠣᠭᠲᠠᠭᠠᠵᠤ ᠪᠣᠯᠣᠨ᠎ᠠ ᠭᠡᠵᠦ ᠲᠣᠭᠲᠠᠭᠠᠵᠠᠢ᠃ ᠦᠢᠯᠡᠳᠦᠯᠭᠡ ᠶᠢᠨ ᠳᠤᠮᠳᠠ᠂ ᠬᠥᠨᠳᠡᠯᠡᠨ ᠠᠴᠠ ᠲᠠᠰᠤᠯᠬᠤ ᠲᠢᠩᠬᠢᠮ ᠨᠢ ᠲᠤᠬᠠᠢ ᠶᠢᠨ ᠲᠠᠯᠠᠪᠤᠷ ᠤᠨ ᠠᠷᠭ᠎ᠠ ᠮᠠᠶ᠋ᠢᠭ ᠢ ᠠᠪᠴᠤ ᠪᠣᠯᠬᠤ ᠮᠥᠷᠲᠡᠭᠡᠨ ᠪᠠᠰᠠ ᠰᠦᠯᠵᠢᠶᠡᠨ ᠳᠡᠭᠡᠷᠡᠬᠢ ᠠᠷᠭ᠎ᠠ ᠮᠠᠶ᠋ᠢᠭ ᠢ ᠠᠪᠴᠤ ᠪᠣᠯᠣᠨ᠎ᠠ᠂ ᠪᠠᠰᠠ ᠬᠤᠯᠢᠮᠠᠭ ᠠᠷᠭ᠎ᠠ ᠮᠠᠶ᠋ᠢᠭ ᠢ ᠠᠪᠴᠤ ᠪᠣᠯᠣᠨ᠎ᠠ᠃ ᠡᠨᠡ ᠨᠢ ᠲᠤᠬᠠᠢ ᠶᠢᠨ ᠬᠥᠮᠥᠨ ᠪᠠ ᠬᠠᠤᠯᠢᠴᠢ ᠶᠢᠨ ᠵᠠᠮ ᠤᠨ ᠵᠠᠷᠤᠳᠠᠯ ᠪᠠ ᠰᠦᠢᠳᠬᠡᠯ ᠢ ᠠᠷᠪᠢᠯᠠᠵᠤ᠂ ᠠᠳᠠᠯᠢ ᠪᠤᠰᠤ ᠬᠤᠲᠠ ᠳᠤ ᠪᠠᠶᠢᠭ᠎ᠠ ᠲᠢᠩᠬᠢᠮ ᠤᠨ ᠰᠢᠭᠦᠯᠲᠡ ᠳᠤ ᠣᠷᠣᠯᠴᠠᠭᠰᠠᠳ ᠤᠨ ᠠᠵᠢᠯ ᠤᠨ ᠲᠣᠬᠢᠷᠠᠭᠤᠯᠤᠯᠲᠠ ᠳᠤ ᠲᠥᠬᠦᠮ ᠦᠵᠡᠭᠦᠯᠦᠭᠰᠡᠨ ᠪᠠᠶᠢᠨ᠎ᠠ᠃ ︽ᠪᠡᠶ᠎ᠡ ᠶᠢᠨ ᠲᠠᠮᠢᠷ ᠤᠨ ᠬᠥᠨᠳᠡᠯᠡᠨ ᠠᠴᠠ ᠲᠠᠰᠤᠯᠬᠤ ᠳᠦᠷᠢᠮ︾ ᠳᠤ ᠪᠠᠰᠠ ᠲᠤᠬᠠᠢ ᠶᠢᠨ ᠬᠥᠮᠥᠨ ᠨᠢ ᠬᠥᠨᠳᠡᠯᠡᠨ ᠠᠴᠠ ᠲᠠᠰᠤᠯᠬᠤ ᠲᠢᠩᠬᠢᠮ ᠢᠶᠠᠷ ᠮᠠᠷᠭᠤᠯᠳᠤᠭᠠᠨ ᠢ ᠪᠢᠴᠢᠭ ᠢᠶᠠᠷ ᠰᠢᠭᠦᠯᠭᠡᠬᠦ ᠪᠠᠷ ᠪᠣᠯᠵᠣᠨ ᠲᠣᠭᠲᠠᠵᠤ ᠪᠣᠯᠣᠨ᠎ᠠ᠂ ᠲᠤᠬᠠᠶᠢᠯᠠᠪᠠᠯ ᠵᠥᠪᠬᠡᠨ ᠲᠤᠬᠠᠢ ᠶᠢᠨ ᠬᠥᠮᠥᠨ ᠤ ᠲᠤᠰᠢᠶᠠᠭᠰᠠᠨ ᠪᠢᠴᠢᠭ ᠤᠨ ᠰᠠᠨᠠᠯ ᠪᠠ ᠭᠡᠷᠡᠴᠢ ᠪᠠᠷᠢᠮᠲᠠ ᠶᠢᠨ ᠮᠠᠲ᠋ᠧᠷᠢᠶᠠᠯ ᠢ ᠦᠨᠳᠦᠰᠦᠯᠡᠨ ᠲᠣᠭᠲᠠᠭᠠᠯᠲᠠ ᠭᠠᠷᠭᠠᠨ᠎ᠠ᠂ ᠡᠨᠡ ᠨᠢ ᠰᠢᠭᠦᠯᠲᠡ ᠶᠢᠨ ᠦᠷ᠎ᠡ ᠪᠦᠲᠦᠮᠵᠢ ᠶᠢ ᠶᠡᠭᠡ ᠪᠠᠷ ᠳᠡᠭᠡᠭᠰᠢᠯᠡᠭᠦᠯᠦᠭᠰᠡᠨ ᠪᠠᠶᠢᠨ᠎ᠠ᠃     ︽ᠪᠡᠶ᠎ᠡ ᠶᠢᠨ ᠲᠠᠮᠢᠷ ᠤᠨ ᠬᠥᠨᠳᠡᠯᠡᠨ ᠠᠴᠠ ᠲᠠᠰᠤᠯᠬᠤ ᠲᠦᠷᠢᠮ︾ ᠤᠨ ᠳᠥᠴᠢᠨ ᠭᠤᠷᠪᠠᠳᠤᠭᠠᠷ ᠵᠦᠢᠯ ᠳᠤ᠄ ᠬᠥᠨᠳᠡᠯᠡᠨ ᠠᠴᠠ ᠲᠠᠰᠤᠯᠬᠤ ᠲᠢᠩᠬᠢᠮ ᠨᠢ ᠲᠤᠬᠠᠢ ᠶᠢᠨ ᠬᠥᠮᠥᠨ ᠤ ᠭᠡᠷᠡᠴᠢ ᠪᠠᠷᠢᠮᠲᠠ ᠲᠤᠰᠢᠶᠠᠬᠤ ᠬᠤᠭᠤᠴᠠᠭ᠎ᠠ ᠶᠢ ᠲᠣᠭᠲᠠᠭᠠᠵᠤ ᠪᠣᠯᠬᠤ ᠪᠥᠭᠡᠳ ᠲᠤᠬᠠᠢ ᠶᠢᠨ ᠬᠥᠮᠥᠨ ᠤ ᠵᠦᠢ ᠶᠣᠰᠣᠨ ᠤ ᠰᠢᠯᠲᠠᠭᠠᠨ ᠢᠶᠠᠷ ᠳᠤᠲᠠᠮᠠᠭ᠂ ᠬᠤᠭᠤᠴᠠᠭ᠎ᠠ ᠬᠡᠲᠦᠷᠡᠭᠦᠯᠦᠨ ᠲᠤᠰᠢᠶᠠᠭᠰᠠᠨ ᠭᠡᠷᠡᠴᠢ ᠪᠠᠷᠢᠮᠲᠠ ᠶᠢ ᠭᠥᠯᠢᠶᠡᠨ ᠠᠪᠬᠤ ᠶᠢ ᠲᠡᠪᠴᠢᠬᠦ ᠡᠷᠬᠡ ᠲᠠᠢ ᠭᠡᠵᠦ ᠲᠣᠭᠲᠠᠭᠠᠵᠠᠢ᠃ ᠡᠨᠡ ᠬᠦ ᠲᠣᠭᠲᠠᠭᠠᠯ ᠨᠢ ᠬᠥᠨᠳᠡᠯᠡᠨ ᠠᠴᠠ ᠲᠠᠰᠤᠯᠬᠤ ᠵᠢᠷᠤᠮ ᠢ ᠵᠣᠷᠢᠭᠤᠳᠠ ᠤᠳᠠᠭᠠᠰᠢᠷᠠᠭᠤᠯᠵᠤ᠂ ︽ᠭᠡᠨᠡᠳᠲᠡ ᠶᠢᠨ ᠳᠠᠭᠠᠷᠢᠯᠲᠠ︾ ᠪᠠᠷ ᠳᠠᠮᠵᠢᠭᠤᠯᠤᠨ ᠲᠢᠩᠬᠢᠮ ᠨᠡᠭᠡᠭᠡᠬᠦ ᠦᠶ᠎ᠡ ᠳᠤ ᠰᠠᠶ᠋ᠢ ᠶᠡᠭᠡ ᠬᠡᠮᠵᠢᠶᠡᠨ ᠤ ᠭᠡᠷᠡᠴᠢ ᠪᠠᠷᠢᠮᠲᠠ ᠲᠤᠰᠢᠶᠠᠵᠤ᠂ ᠨᠦᠬᠦᠭᠡ ᠲᠠᠯ᠎ᠠ ᠶᠢᠨ ᠲᠤᠬᠠᠢ ᠶᠢᠨ ᠬᠥᠮᠥᠨ ᠤ ᠠᠰᠢᠭ ᠲᠤᠰᠠ ᠶᠢ ᠬᠤᠬᠢᠷᠠᠭᠤᠯᠬᠤ ᠶᠢ ᠬᠦᠰᠡᠭᠰᠡᠨ ᠲᠡᠳᠡᠭᠡᠷ ᠮᠠᠭᠤ ᠠᠷᠭ᠎ᠠ ᠬᠢᠳᠡᠯ ᠳᠤ ᠠᠪᠴᠤ ᠬᠡᠯᠡᠪᠡᠯ᠂ ᠨᠢᠭᠡ ᠵᠦᠢᠯ ᠤᠨ ᠪᠦᠲᠦᠮᠵᠢᠲᠡᠶ ᠬᠤᠷᠢᠭᠯᠠᠯᠲᠠ ᠪᠣᠯᠬᠤ ᠶᠤᠮ᠃ ᠬᠤᠭᠤᠴᠠᠭ᠎ᠠ ᠬᠡᠲᠦᠷᠡᠭᠰᠡᠨ ᠭᠡᠷᠡᠴᠢ ᠪᠠᠷᠢᠮᠲᠠ ᠶᠢ ᠭᠥᠯᠢᠶᠡᠨ ᠠᠪᠬᠤ ᠶᠢ ᠲᠡᠪᠴᠢᠬᠦ ᠲᠤᠬᠠᠢ ᠡᠶᠢᠮᠦᠷᠬᠦ ᠲᠣᠭᠲᠠᠭᠠᠯ ᠨᠢ ᠬᠥᠨᠳᠡᠯᠡᠨ ᠠᠴᠠ ᠲᠠᠰᠤᠯᠬᠤ ᠶᠢᠨ ᠥᠨᠳᠥᠷ ᠪᠦᠲᠦᠮᠵᠢᠲᠡᠶ ᠪᠠᠶᠢᠬᠤ ᠳᠠᠪᠠᠭᠤᠯᠢᠭ ᠲᠠᠯ᠎ᠠ ᠶᠢ ᠤᠯᠠᠮ ᠨᠢᠭᠡ ᠠᠯᠬᠤᠮ ᠲᠤᠪᠤᠶᠢᠯᠭᠠᠵᠤ᠂ ᠲᠠᠰᠤᠯᠤᠨ ᠲᠣᠭᠲᠠᠭᠠᠯᠲᠠ ᠳᠠᠬᠢ ᠵᠢᠷᠤᠮ ᠤᠨ ᠲᠥᠪ ᠭᠤᠣᠯᠴᠢ ᠪᠠᠶᠢᠬᠤ ᠵᠠᠷᠴᠢᠮ ᠢ ᠴᠢᠬᠤᠯᠠᠴᠢᠯᠠᠭᠰᠠᠨ ᠪᠠᠶᠢᠨ᠎ᠠ᠃     ︽ᠪᠡᠶ᠎ᠡ  ᠶᠢᠨ  ᠲᠠᠮᠢᠷ ᠤᠨ  ᠬᠥᠨᠳᠡᠯᠡᠨ ᠠᠴᠠ ᠲᠠᠰᠤᠯᠬᠤ ᠳᠦᠷᠢᠮ︾ ᠤᠨ  ᠳᠣᠯᠣᠳᠤᠭᠠᠷ  ᠪᠦᠯᠦᠭ  ᠲᠤ   ︽ᠣᠨᠴᠠᠭᠠᠶ ᠵᠢᠷᠤᠮ︾ ᠢ ᠲᠣᠭᠲᠠᠭᠠᠵᠠᠢ᠃ ᠣᠯᠠᠨ ᠤᠯᠤᠰ ᠤᠨ ᠪᠡᠶ᠎ᠡ ᠶᠢᠨ ᠲᠠᠮᠢᠷ ᠤᠨ ᠬᠥᠨᠳᠡᠯᠡᠨ ᠠᠴᠠ ᠲᠠᠰᠤᠯᠬᠤ ᠬᠤᠷᠢᠶ᠎ᠠ ︵CAS︶ ᠶᠢᠨ ᠦᠢᠯᠡᠳᠦᠯᠭᠡ ᠪᠠᠷ ᠲᠣᠯᠢ ᠪᠣᠯᠭᠠᠵᠤ᠂ ᠳᠤᠮᠳᠠᠳᠤ ᠤᠯᠤᠰ ᠤᠨ ᠪᠡᠶ᠎ᠡ ᠶᠢᠨ ᠲᠠᠮᠢᠷ ᠤᠨ ᠬᠥᠨᠳᠡᠯᠡᠨ ᠠᠴᠠ ᠲᠠᠰᠤᠯᠬᠤ ᠵᠦᠪᠯᠡᠯ ᠠᠴᠠ ᠤᠯᠤᠰ ᠤᠨ ᠳᠣᠲᠣᠭᠠᠳᠤ ᠶᠢᠨ ᠴᠢᠬᠤᠯᠠ ᠶᠡᠭᠡ ᠪᠡᠶ᠎ᠡ ᠶᠢᠨ ᠲᠠᠮᠢᠷ ᠤᠨ ᠤᠷᠤᠯᠳᠤᠭᠠᠨ ᠤ ᠠᠵᠢᠯᠯᠠᠭ᠎ᠠ ᠳᠤ ᠬᠥᠨᠳᠡᠯᠡᠨ ᠠᠴᠠ ᠲᠠᠰᠤᠯᠬᠤ ᠦᠢᠯᠡᠴᠢᠯᠡᠭᠡ ᠬᠠᠩᠭᠠᠵᠤ᠂ ᠣᠨᠴᠠᠭᠠᠶ ᠵᠢᠷᠤᠮ ᠢ ᠬᠡᠷᠡᠭᠯᠡᠬᠦ ᠬᠥᠨᠳᠡᠯᠡᠨ ᠠᠴᠠ ᠲᠠᠰᠤᠯᠬᠤ ᠲᠢᠩᠬᠢᠮ ᠪᠠᠶᠢᠭᠤᠯᠤᠨ᠂ ᠠᠯᠢ ᠣᠯᠠᠨ ᠲᠦᠷᠭᠡᠨ ᠪᠥᠭᠡᠳ ᠥᠨᠳᠥᠷ ᠪᠦᠲᠦᠮᠵᠢᠲᠡᠶ ᠰᠢᠭᠦᠬᠦ ᠠᠷᠭ᠎ᠠ ᠬᠡᠮᠵᠢᠶ᠎ᠡ ᠠᠪᠬᠤ ᠪᠣᠯᠣᠨ᠎ᠠ᠃ ᠵᠢᠱᠢᠶᠡᠯᠡᠪᠡᠯ᠂ ᠬᠥᠨᠳᠡᠯᠡᠨ ᠠᠴᠠ ᠲᠠᠰᠤᠯᠬᠤ ᠲᠢᠩᠬᠢᠮ ᠵᠠᠷᠴᠢᠮ ᠳᠡᠭᠡᠷ᠎ᠡ ᠪᠠᠨ ᠮᠠᠷᠭᠤᠯᠳᠤᠭᠠᠨ ᠢ ᠲᠤᠰᠢᠶᠠᠭᠰᠠᠨ ᠤ ᠳᠠᠷᠠᠭᠠᠬᠢ 24 ᠴᠠᠭ ᠤᠨ ᠳᠣᠲᠣᠷ᠎ᠠ ᠬᠥᠨᠳᠡᠯᠡᠨ ᠠᠴᠠ ᠲᠠᠰᠤᠯᠬᠤ ᠲᠠᠰᠤᠯᠤᠯᠲᠠ ᠭᠠᠷᠭᠠᠵᠤ᠂ ᠤᠷᠤᠯᠳᠤᠭᠠᠨ ᠤ ᠤᠷᠤᠭᠰᠢᠲᠠᠢ ᠶᠠᠪᠤᠭᠳᠠᠬᠤ ᠶᠢ ᠪᠠᠲᠤᠯᠠᠨ᠎ᠠ᠃     ︽ᠪᠡᠶ᠎ᠡ ᠶᠢᠨ ᠲᠠᠮᠢᠷ ᠤᠨ ᠬᠥᠨᠳᠡᠯᠡᠨ ᠠᠴᠠ ᠲᠠᠰᠤᠯᠬᠤ ᠳᠦᠷᠢᠮ︾ ᠨᠢ ᠳᠤᠮᠳᠠᠳᠤ ᠤᠯᠤᠰ ᠤᠨ ᠬᠤᠳᠠᠯᠳᠤᠭᠠᠨ ᠤ ᠶᠠᠪᠤᠳᠠᠯ ᠤᠨ ᠬᠥᠨᠳᠡᠯᠡᠨ ᠠᠴᠠ ᠲᠠᠰᠤᠯᠬᠤ ᠰᠢᠯᠢᠳᠡᠭ ᠤᠯᠠᠮᠵᠢᠯᠠᠯ ᠢ ᠵᠠᠯᠭᠠᠮᠵᠢᠯᠠᠵᠤ᠂ ᠬᠥᠨᠳᠡᠯᠡᠨ ᠠᠴᠠ ᠲᠠᠰᠤᠯᠬᠤ ᠲᠢᠩᠬᠢᠮ ᠡᠶᠡᠳᠡᠭᠦᠯᠬᠦ ᠬᠡᠯᠪᠡᠷᠢ ᠪᠠᠷ ᠪᠡᠶ᠎ᠡ ᠶᠢᠨ ᠲᠠᠮᠢᠷ ᠤᠨ ᠵᠢᠭᠤᠷᠠᠯᠳᠤᠭᠠᠨ ᠢ ᠰᠢᠢᠳᠪᠦᠷᠢᠯᠡᠵᠦ ᠪᠣᠯᠣᠨ᠎ᠠ ᠭᠡᠵᠦ ᠲᠣᠭᠲᠠᠭᠠᠵᠠᠢ᠃ ᠡᠶᠡᠳᠡᠭᠦᠯᠭᠡ ᠨᠢ ᠠᠮᠢᠳᠤᠯᠢᠭ ᠴᠢᠨᠠᠷᠲᠠᠢ ᠪᠠᠶᠢᠵᠤ᠂ ᠬᠤᠶᠠᠷ ᠲᠠᠯ᠎ᠠ ᠶᠢᠨ ᠲᠤᠬᠠᠢ ᠶᠢᠨ ᠬᠥᠮᠥᠨ ᠤ ᠰᠠᠨᠠᠭᠠᠨ ᠳᠤ ᠨᠡᠶᠢᠴᠡᠭᠰᠡᠨ ᠦᠷ᠎ᠡ ᠳ᠋ᠦᠩ ᠢ ᠨᠡᠩ ᠠᠮᠠᠷᠬᠠᠨ ᠣᠯᠳᠠᠭ᠃ ᠬᠥᠨᠳᠡᠯᠡᠨ ᠠᠴᠠ ᠲᠠᠰᠤᠯᠬᠤ ᠲᠢᠩᠬᠢᠮ ᠤᠨ ᠡᠶᠡᠳᠡᠭᠦᠯᠭᠡ ᠪᠠᠷ ᠳᠠᠮᠵᠢᠭᠤᠯᠤᠨ ᠲᠤᠬᠠᠢ ᠶᠢᠨ ᠬᠥᠮᠥᠨ ᠢ ᠡᠶᠡᠳᠡᠬᠦ ᠬᠡᠯᠡᠯᠴᠡᠭᠡᠷ ᠲᠣᠭᠲᠠᠭᠠᠯᠭᠠᠭᠰᠠᠨ ᠪᠠᠶᠢᠪᠠᠯ᠂ ᠶᠡᠷᠦ ᠳᠡᠭᠡᠨ ᠬᠥᠨᠳᠡᠯᠡᠨ ᠠᠴᠠ ᠲᠠᠰᠤᠯᠬᠤ ᠬᠡᠷᠡᠭ ᠤᠨ ᠴᠠᠭ ᠨᠢ ᠪᠣᠭᠤᠨᠢᠰᠬᠠᠳᠠᠭ᠂ ᠤᠴᠢᠷ ᠨᠢ ᠡᠶᠡᠳᠡᠬᠦ ᠬᠡᠯᠡᠯᠴᠡᠭᠡᠷ ᠲᠤ ᠰᠠᠭᠤᠷᠢᠯᠠᠭᠰᠠᠨ ᠲᠣᠭᠲᠠᠭᠠᠯᠲᠠ ᠪᠢᠴᠢᠬᠦ ᠨᠢ ᠡᠶᠡᠳᠡᠬᠦ ᠦᠭᠡᠢ ᠲᠣᠭᠲᠠᠭᠠᠯᠲᠠ ᠶᠢ ᠪᠢᠴᠢᠬᠦ ᠠᠴᠠ ᠬᠤᠯᠠ ᠬᠤᠷᠳᠤᠨ ᠪᠠᠶᠢᠳᠠᠭ᠃
 
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠪᠡᠶ᠎ᠡ ᠶᠢᠨ ᠲᠠᠮᠢᠷ ᠤᠨ ᠲᠤᠪᠴᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18004690号