ᠡᠪ ᠦᠭᠡᠢ ᠲᠡᠭᠡᠰᠦ ᠦᠰᠦᠷᠪᠠᠯ ᠡᠪᠦᠳᠦᠭ ᠪᠠᠨ ᠭᠡᠮᠳᠦᠭᠡᠨ᠎ᠡ
ᠨᠡᠶᠢᠲᠡᠯᠡᠭᠰᠡᠨ ᠴᠠᠭ᠄
2023/1/6
    ᠰᠢᠨᠵᠢᠯᠡᠬᠦ ᠤᠬᠠᠭᠠᠨ ᠤ ᠰᠤᠳᠤᠯᠭᠠᠨ ᠤ ᠢᠯᠡᠷᠡᠭᠦᠯᠦᠭᠰᠡᠨ ᠢᠶᠠᠷ᠂ ᠳᠡᠭᠡᠰᠦ ᠦᠰᠦᠷᠬᠦ ᠦᠶ᠎ᠡ ᠳᠤ᠂ ᠡᠪᠦᠳᠦᠭ ᠤᠨ ᠦᠶ᠎ᠡ ᠳᠡᠭᠡᠰᠦ ᠦᠰᠦᠷᠦᠭᠴᠢ ᠶᠢᠨ ᠪᠡᠶ᠎ᠡ ᠶᠢᠨ ᠬᠦᠨᠳᠦ ᠶᠢᠨ ᠬᠤᠶᠠᠷ ᠠᠴᠠ ᠭᠤᠷᠪᠠᠨ ᠲᠠᠬᠢᠨ ᠬᠦᠨᠳᠦ ᠲᠠᠭᠠᠭᠠᠬᠤ ᠬᠡᠷᠡᠭᠳᠡᠢ ᠲᠤᠯᠠ ᠬᠡᠳᠦᠶ ᠥᠨᠳᠥᠷ ᠦᠰᠦᠷᠬᠦ ᠲᠤᠲᠤᠮ ᠡᠪᠦᠳᠦᠭ ᠤᠨ ᠦᠶ᠎ᠡ ᠶᠢᠨ ᠳᠠᠷᠤᠯᠲᠠ ᠲᠡᠳᠦᠶ ᠶᠡᠭᠡ ᠪᠣᠯᠤᠨ᠎ᠠ᠃ ᠥᠷᠥᠭᠡᠰᠦᠨ ᠬᠥᠯ ᠢᠶᠠᠷ ᠲᠡᠭᠡᠰᠦ ᠦᠰᠦᠷᠬᠦ ᠨᠢ ᠡᠪᠦᠳᠦᠭ ᠲᠤ ᠨᠡᠩ ᠶᠡᠭᠡ ᠲᠠᠷᠤᠯᠳᠠ ᠤᠯᠭᠤᠳᠠᠭ᠃ ᠵᠥᠪ ᠣᠨᠣᠪᠴᠢᠲᠠᠶ ᠳᠡᠭᠡᠰᠦ ᠦᠰᠦᠷᠬᠦ ᠨᠢ ᠪᠡᠶ᠎ᠡ ᠶᠢᠨ ᠡᠷᠡᠭᠦᠯ ᠴᠢᠭᠢᠷᠠᠭ ᠲᠤ ᠠᠰᠢᠭᠲᠠᠶ᠂ ᠭᠡᠪᠡᠴᠦ ᠳᠣᠣᠷᠠᠬᠢ 4 ᠵᠦᠢᠯ ᠤᠨ ᠦᠷᠭᠦᠯᠵᠢ ᠲᠣᠬᠢᠶᠠᠯᠳᠤᠳᠠᠭ ᠪᠤᠷᠤᠭᠤ ᠦᠰᠦᠷᠬᠦ ᠠᠷᠭ᠎ᠠ ᠨᠢ ᠡᠪᠦᠳᠦᠭ ᠤᠨ ᠦᠶ᠎ᠡ ᠶᠢ ᠭᠡᠮᠲᠦᠭᠡᠵᠦ ᠮᠡᠳᠡᠨ᠎ᠡ᠄     ᠪᠤᠷᠤᠭᠤ 1᠄ ᠬᠡᠲᠦ ᠥᠨᠳᠥᠷ ᠦᠰᠦᠷᠬᠦ     ᠬᠡᠲᠦ ᠥᠨᠳᠥᠷ ᠦᠰᠦᠷᠪᠡᠯ᠂ ᠳᠣᠷᠣᠭᠰᠢ ᠪᠠᠭᠤᠬᠤ ᠵᠠᠶ ᠨᠢ ᠣᠷᠳᠣ ᠪᠣᠯᠤᠨ᠎ᠠ᠃ ᠤᠷᠲᠤ ᠬᠤᠭᠤᠴᠠᠭ᠎ᠠ ᠦᠰᠦᠷᠪᠠᠯ ᠭᠠᠵᠠᠷ ᠪᠠᠭᠤᠬᠤ ᠬᠤᠷᠤᠮ ᠤᠨ ᠳᠠᠭᠠᠷᠢᠯᠲᠠ ᠶᠢᠨ ᠬᠦᠴᠦ ᠨᠢ ᠨᠡᠯᠢᠶᠡᠳ ᠶᠡᠭᠡ ᠠᠴᠠ ᠪᠣᠯᠵᠤ ᠱᠠᠭ᠎ᠠ ᠶᠢᠨ ᠦᠶ᠎ᠡ ᠶᠢ ᠭᠡᠮᠲᠦᠭᠡᠵᠦ ᠮᠡᠳᠡᠨ᠎ᠡ᠃     ᠪᠤᠷᠤᠭᠤ 2᠄ ᠬᠤᠶᠠᠷ ᠬᠥᠯ ᠤᠨ ᠬᠦᠴᠦ ᠲᠡᠭᠰᠢ ᠪᠤᠰᠤ     ᠡᠩ ᠤᠨ ᠪᠠᠶᠢᠳᠠᠯ ᠳᠣᠣᠷ᠎ᠠ᠂ ᠳᠡᠭᠡᠰᠦ ᠦᠰᠦᠷᠬᠦ ᠳᠤ ᠬᠤᠶᠠᠷ ᠬᠥᠯ ᠢᠶᠠᠨ ᠵᠢᠭᠳᠡ ᠬᠦᠴᠦᠯᠡᠨ᠎ᠡ᠂ ᠭᠡᠪᠡᠴᠦ ᠵᠠᠷᠢᠮ ᠬᠡᠯᠪᠡᠷᠢ ᠶᠢᠨ ᠳᠡᠭᠡᠰᠦ ᠦᠰᠦᠷᠬᠦ ᠳᠤ ᠬᠦᠴᠦ ᠬᠦᠯᠢᠶᠡᠬᠦ ᠨᠢ ᠲᠡᠭᠰᠢ ᠦᠭᠡᠢ ᠪᠠᠶᠢᠵᠤ ᠮᠡᠳᠡᠨ᠎ᠡ᠃ ᠠᠩᠬ᠎ᠠ ᠰᠤᠷᠴᠤ ᠪᠠᠶᠢᠭ᠎ᠠ ᠬᠥᠮᠦᠰ ᠬᠥᠯ ᠢᠶᠠᠨ ᠨᠡᠶᠢᠯᠡᠭᠦᠯᠦᠨ ᠦᠰᠦᠷᠬᠦ ᠶᠢ ᠰᠠᠨᠠᠭᠤᠯᠤᠶ᠎ᠠ᠂ ᠪᠣᠯᠪᠠᠰᠤᠷᠠᠩᠭᠤᠶ ᠪᠣᠯᠤᠭᠰᠠᠨ ᠤ ᠳᠠᠷᠠᠭ᠎ᠠ ᠰᠠᠶ᠋ᠢ ᠤᠷᠠᠨ ᠦᠰᠦᠷᠦᠯᠲᠡ ᠶᠢᠨ ᠠᠷᠭ᠎ᠠ ᠶᠢ ᠲᠤᠷᠰᠢᠵᠤ ᠦᠵᠡᠭᠡᠷᠡᠶ᠃     ᠪᠤᠷᠤᠭᠤ 3᠄ ᠬᠤᠶᠠᠷ ᠬᠥᠯ ᠢᠶᠠᠨ ᠬᠡᠲᠦ ᠠᠰᠬᠠᠨ ᠪᠣᠯᠭᠠᠬᠤ     ᠬᠤᠶᠠᠷ ᠬᠥᠯ ᠢᠶᠠᠨ ᠬᠡᠲᠦᠷᠬᠡᠶ ᠠᠰᠬᠠᠨ ᠰᠤᠩᠭᠠᠪᠠᠯ ᠮᠥᠨ ᠴᠦ ᠠᠮᠠᠷᠬᠠᠨ ᠭᠡᠮᠲᠦᠵᠦ ᠰᠢᠷᠬᠠᠲᠤᠨ᠎ᠠ᠃ ᠳᠡᠭᠡᠰᠦ ᠦᠰᠦᠷᠬᠦ ᠳᠡᠭᠡᠨ ᠡᠪᠦᠳᠦᠭ ᠤᠨ ᠦᠶ᠎ᠡ ᠶᠢᠨ ᠠᠶᠠᠨᠳᠠᠭᠠᠨ ᠮᠤᠷᠦ᠋ᠢᠬᠤ ᠶᠢ ᠪᠠᠲᠤᠯᠠᠬᠤ ᠬᠡᠷᠡᠭᠲᠡᠶ᠂ ᠵᠣᠷᠢᠭᠤᠳᠠ ᠠᠰᠬᠠᠨ ᠪᠣᠯᠭᠠᠭᠰᠠᠨ ᠤ ᠬᠡᠷᠡᠭ ᠦᠭᠡᠢ᠃     ᠪᠤᠷᠤᠭᠤ 4᠄ ᠬᠡᠳᠦ ᠬᠤᠷᠳᠤᠨ ᠳᠡᠭᠡᠰᠦ ᠦᠰᠦᠷᠬᠦ     ᠵᠠᠷᠢᠮ ᠬᠥᠮᠦᠨ ᠬᠥᠳᠡᠯᠭᠡᠭᠡᠨ ᠬᠢᠬᠦ ᠦᠶ᠎ᠡ ᠳᠤ ᠲᠡᠩᠳᠡᠬᠦᠦ ᠬᠤᠷᠳᠤᠯᠠᠵᠦ᠂ ᠠᠯᠢ ᠲᠦᠷᠭᠡᠨ ᠢᠶᠠᠷ ᠥᠭᠡᠬᠦ ᠪᠠᠭᠤᠷᠠᠭᠤᠯᠬᠤ ᠪᠤᠶᠤ ᠪᠤᠯᠴᠢᠩ ᠢᠶᠠᠨ ᠨᠡᠮᠡᠭᠳᠡᠭᠦᠯᠬᠦ ᠶᠢ ᠬᠦᠰᠡᠳᠡᠭ᠂ ᠡᠨᠡ ᠨᠢ ᠮᠦᠨ ᠠᠮᠠᠷᠬᠠᠨ ᠰᠢᠷᠬᠠᠲᠤᠭᠤᠯᠳᠠᠭ᠃     ᠡᠭᠦᠨ ᠠᠴᠠ ᠭᠠᠳᠠᠨ᠎ᠠ᠂ ᠬᠥᠮᠦᠨ ᠪᠦᠬᠦᠨ ᠴᠥᠮ ᠳᠡᠭᠡᠰᠦ ᠦᠰᠦᠷᠬᠦ ᠳᠤ ᠳᠣᠭᠢᠷᠠᠬᠤ ᠪᠢᠰᠢ᠂ ᠲᠤᠰᠬᠠᠶ ᠮᠡᠷᠭᠡᠵᠢᠯᠲᠡᠨ ᠤ ᠬᠡᠯᠡᠬᠦ ᠪᠠᠷ᠂ ᠵᠢᠷᠦᠬᠡᠨ ᠡᠪᠡᠳᠴᠢᠨ᠂ ᠴᠢᠰᠤᠨ ᠳᠠᠷᠤᠯᠲᠠ ᠥᠨᠳᠥᠷ ᠡᠪᠡᠳᠴᠢᠨ ᠮᠡᠲᠦ ᠶᠢᠨ ᠣᠨᠴᠠᠭᠠᠶ ᠡᠪᠡᠳᠴᠢᠨ ᠲᠠᠢ ᠨᠠᠶᠢᠵᠠ ᠨᠠᠷ ᠡᠮᠴᠢ ᠶᠢᠨ ᠵᠠᠬᠢᠶ᠎ᠠ ᠶᠢ ᠵᠢᠷᠤᠮᠯᠠᠨ᠂ ᠳᠡᠭᠡᠰᠦ ᠦᠰᠦᠷᠬᠦ ᠥᠬᠡᠶ ᠪᠣᠯ ᠬᠠᠮᠤᠭ ᠰᠠᠶᠢᠨ᠃ ᠬᠡᠷᠪᠡ ᠡᠪᠦᠳᠦᠭ ᠤᠨ ᠦᠶ᠎ᠡ ᠭᠡᠮᠲᠦᠵᠦ ᠥᠩᠭᠡᠷᠡᠭᠰᠡᠨ ᠪᠠᠶᠢᠪᠠᠯ᠂ ᠬᠡᠲᠦᠷᠬᠡᠶ ᠤᠷᠲᠤ ᠬᠤᠭᠤᠴᠠᠭ᠎ᠠ ᠦᠰᠦᠷᠬᠦ ᠠᠴᠠ ᠵᠠᠶᠢᠯᠠᠰᠬᠢᠬᠤ ᠬᠡᠷᠡᠭᠳᠡᠢ᠃
 
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠪᠡᠶ᠎ᠡ ᠶᠢᠨ ᠲᠠᠮᠢᠷ ᠤᠨ ᠲᠤᠪᠴᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18004690号