1. ᠬᠤᠭᠤᠯᠠ ᠢᠳᠡᠭᠰᠡᠨ ᠤ ᠳᠠᠷᠠᠭ᠎ᠠ ᠬᠡᠷᠡᠮ ᠲᠠᠢ ᠨᠠᠭᠠᠯᠳᠣᠵᠦ ᠵᠤᠬᠰᠣᠬᠤ ᠨᠢ᠂ ᠮᠠᠷᠢᠶ᠎ᠠ ᠰᠢᠭᠤᠷᠠᠭᠤᠯᠵᠤ | ᠰᠢᠩᠭᠡᠭᠡᠯᠲᠡ ᠶᠢ ᠰᠠᠶᠢᠵᠢᠷᠠᠭᠤᠯᠤᠨ᠎ᠠ᠃ ᠡᠬᠢᠯᠡᠬᠡᠳ 5 ᠮᠢᠨᠦ᠋ᠲ᠂ ᠤᠳᠠᠭᠠᠨ ᠳᠠᠭᠠᠨ 10 ᠠᠴᠠ 15 ᠮᠢᠨᠦ᠋ᠲ | ᠵᠤᠬᠰᠣᠨ᠎ᠠ᠃ ᠵᠣᠭᠰᠣᠬᠤ ᠳᠠᠭᠠᠨ ᠲᠡᠭᠰᠢ ᠤᠯᠠ ᠲᠠᠢ ᠱᠠᠬᠠᠢ ᠡᠮᠦᠰᠬᠦ ᠶᠢ ᠠᠩᠬᠠᠷᠬᠤ ᠬᠡᠷᠡᠭᠲᠡᠢ᠃ | 2. ᠬᠡᠷᠡᠮ ᠲᠠᠢ ᠨᠠᠭᠠᠯᠳᠣᠵᠦ ᠵᠤᠬᠰᠣᠬᠤ ᠨᠢ ᠨᠢᠷᠣᠭᠤ ᠰᠡᠭᠡᠷ ᠢ ᠠᠮᠠᠷᠠᠭᠤᠯᠳᠠᠭ᠃ ᠪᠡᠭᠡᠵᠢᠩ ᠤᠨ ᠰᠢᠶᠧ ᠾᠧ | ᠡᠮᠨᠡᠯᠭᠡ ᠶᠢᠨ ᠬᠤᠷᠢᠶᠠᠨ ᠤ ᠰᠢᠮ᠎ᠡ ᠲᠡᠵᠢᠭᠡᠯ ᠤᠨ ᠰᠠᠯᠠᠭᠠᠨ ᠤ ᠡᠷᠬᠢᠯᠡᠭᠴᠢ ᠡᠮᠴᠢ ᠴᠧᠨ ᠸᠧᠢ ᠶᠢᠨ | ᠲᠠᠨᠢᠯᠴᠠᠭᠤᠯᠤᠭᠰᠠᠨ ᠢᠶᠠᠷ᠂ ᠬᠡᠷᠡᠮ ᠲᠠᠢ ᠨᠠᠭᠠᠯᠳᠣᠵᠦ ᠵᠣᠭᠰᠣᠪᠠᠯ ᠬᠦᠵᠦᠭᠦᠦ ᠰᠡᠭᠡᠷ ᠪᠣᠯᠣᠨ ᠪᠦᠰᠡᠯᠡᠭᠦᠷ | ᠨᠢᠷᠤᠭᠤ ᠶᠢ ᠭᠦᠢᠴᠡᠳ ᠠᠮᠠᠷᠠᠭᠤᠯᠵᠦ ᠴᠢᠳᠠᠳᠠᠭ ᠶᠤᠮ ᠪᠠᠶᠢᠨ᠎ᠠ᠃ | 3. ᠬᠡᠷᠡᠮ ᠲᠠᠢ ᠨᠠᠭᠠᠯᠳᠣᠵᠦ ᠵᠤᠬᠰᠣᠬᠤ ᠳᠠᠭᠠᠨ᠂ ᠨᠢᠷᠤᠭᠤ ᠪᠠᠨ ᠰᠠᠨᠠᠭᠠᠴᠢᠯᠠᠭ᠎ᠠ ᠠᠴᠠ ᠪᠠᠨ ᠳᠡᠭᠰᠢᠯᠡᠬᠦ | ᠭᠡᠷᠡᠭᠳᠡᠢ᠃ ᠡᠮᠴᠢ ᠶᠢᠨ ᠲᠠᠨᠢᠯᠴᠠᠭᠤᠯᠤᠭᠰᠠᠨ ᠢᠶᠠᠷ᠂ ᠬᠡᠷᠡᠮ ᠲᠠᠢ ᠨᠠᠭᠠᠯᠳᠣᠵᠦ ᠵᠣᠭᠰᠣᠬᠤ ᠦᠶ᠎ᠡ | ᠰᠠᠨᠠᠭᠠᠴᠢᠯᠠᠭ᠎ᠠ ᠠᠴᠠ ᠪᠠᠨ ᠰᠡᠭᠡᠷ ᠢᠶᠠᠨ ᠵᠠᠰᠠᠵᠤ ᠪᠤᠯᠳᠠᠭ᠂ ᠤᠴᠢᠷ ᠨᠢ ᠬᠦᠮᠦᠰ ᠰᠡᠭᠡᠷ ᠨᠢᠷᠤᠭᠤ ᠪᠠᠨ ᠬᠠᠵᠠᠶᠢᠯᠭᠠᠵᠦ | ᠵᠤᠬᠰᠣᠬᠤ ᠳᠣᠷᠠᠳᠠᠢ ᠪᠠᠶᠢᠵᠤ᠂ ᠬᠡᠷᠡᠮ ᠲᠠᠢ ᠨᠠᠭᠠᠯᠳᠣᠵᠦ ᠵᠣᠭᠰᠣᠬᠤ ᠨᠢ ᠰᠡᠭᠡᠷ ᠨᠢᠷᠤᠭᠤ ᠶᠢ ᠵᠣᠬᠢᠬᠤ ᠬᠡᠮᠵᠢᠶ᠎ᠡ ᠪᠠᠷ | ᠳᠡᠭᠰᠢᠯᠡᠬᠦ ᠪᠠ ᠵᠠᠰᠠᠬᠤ ᠦᠢᠯᠡᠳᠦᠯ ᠲᠠᠢ ᠪᠠᠶᠢᠳᠠᠭ ᠶᠤᠮ ᠪᠠᠶᠢᠨ᠎ᠠ᠃ | 4. ᠬᠡᠷᠡᠮ ᠲᠠᠢ ᠨᠠᠭᠠᠯᠳᠣᠵᠦ ᠵᠤᠬᠰᠣᠬᠤ ᠨᠢ ᠪᠥᠭᠲᠥᠷ ᠪᠥᠭᠴᠥᠭᠡᠷ ᠢ ᠵᠠᠰᠠᠨ᠎ᠠ᠃ ᠪᠠᠭ᠎ᠠ ᠰᠠᠭ᠎ᠠ ᠪᠥᠭᠲᠥᠷ ᠢ | ᠬᠡᠷᠡᠮ ᠲᠠᠢ ᠨᠠᠭᠠᠯᠳᠣᠵᠦ ᠵᠤᠬᠰᠣᠭᠠᠳ ᠵᠠᠰᠠᠵᠦ ᠪᠤᠯᠳᠠᠭ ᠮᠦᠷᠳᠡᠬᠡᠨ ᠦᠷ᠎ᠡ ᠳ᠋ᠦᠩ ᠨᠢ ᠨᠡᠯᠢᠶᠡᠳ ᠵᠦᠭᠡᠷ ᠪᠠᠶᠢᠳᠠᠭ | ᠶᠤᠮ᠃ | 5. ᠬᠡᠷᠡᠮ ᠲᠠᠢ ᠨᠠᠭᠠᠯᠳᠣᠵᠦ ᠵᠣᠭᠰᠣᠪᠠᠯ ᠠᠯᠬᠤᠭ᠎ᠠ ᠭᠢᠰᠬᠢᠭᠡ ᠪᠠᠨ ᠵᠠᠰᠠᠵᠦ ᠪᠤᠯᠳᠠᠭ᠃ ᠣᠳᠣᠬᠠᠨ ᠳᠤ | ᠣᠯᠠᠨ ᠬᠦᠮᠦᠰ ᠤᠨ ᠠᠯᠬᠤᠵᠦ ᠬᠢᠰᠬᠢᠬᠦ ᠨᠢ ᠡᠪ ᠦᠬᠡᠢ ᠪᠠᠶᠢᠵᠦ᠂ ᠦᠷᠭᠦᠯᠵᠢ ᠬᠡᠷᠡᠮ ᠲᠠᠢ ᠨᠠᠭᠠᠯᠳᠣᠵᠦ ᠵᠤᠬᠰᠣᠪᠠᠯ | ᠲᠡᠭᠦᠨ ᠢ ᠵᠠᠰᠠᠵᠦ ᠪᠤᠯᠳᠠᠭ ᠶᠤᠮ ᠪᠠᠶᠢᠨ᠎ᠠ᠃ |